ᠡᠶ᠎ᠡ ᠨᠠᠶᠢᠷ ᠦᠨᠳᠤᠰᠤᠳᠠᠨ ᠨᠦᠭᠦᠳ ᠤᠨ ᠬᠠᠶᠢᠷ᠎ᠠ ᠶᠢ ᠪᠠᠳᠤᠵᠢᠭᠤᠯᠵᠤ ᠨᠤᠮ ᠪᠢᠴᠢᠭ ᠲᠤᠮᠳᠠᠳᠤ ᠶᠢᠨ ᠬᠦᠰᠡᠯ ᠵᠠᠭᠦᠳᠦ ᠶᠢ ᠤᠮᠳᠠᠯᠠᠨᠠᠮ
ᠨᠡᠶᠢᠲᠡᠯᠡᠭᠰᠡᠨ ᠴᠠᠭ᠄
2018-05-29
     ᠡᠶ᠎ᠡ ᠨᠠᠶᠢᠷ ᠦᠨᠳᠤᠰᠤᠳᠠᠨ ᠨᠦᠭᠦᠳ ᠤᠨ ᠬᠠᠶᠢᠷ᠎ᠠ ᠶᠢ ᠪᠠᠳᠤᠵᠢᠭᠤᠯᠵᠤ      ᠨᠤᠮ  ᠪᠢᠴᠢᠭ  ᠲᠤᠮᠳᠠᠳᠤ   ᠶᠢᠨ  ᠬᠦᠰᠡᠯ  ᠵᠠᠭᠦᠳᠦ   ᠶᠢ  ᠤᠮᠳᠠᠯᠠᠨᠠᠮ           — ᠤᠷᠳᠤᠰ ᠬᠤᠳᠠ ᠶᠢᠨ ᠭᠤᠷᠪᠠᠳᠠᠭᠢ ᠤᠳᠠᠭᠠᠨ ᠤ ︽ᠪᠢᠯᠢᠭ ᠤᠨ ᠰᠠᠩ —                ᠨᠤᠮ  ᠲᠠᠢ  ᠮᠤᠩᠭᠤᠯ︾  ᠰᠢᠷᠢᠰ  ᠠᠵᠢᠯᠯᠠᠭ᠎ᠠ ᠠᠮᠵᠢᠯᠳᠠ ᠲᠠᠢ ᠶᠠᠪᠤᠬᠳᠠᠪᠠ
     ᠵᠢᠯ ᠪᠤᠯᠭᠠᠨ ᠤ ᠪᠢᠯᠢᠭ ᠤᠨ ᠤᠯᠠᠷᠢᠯ ᠤᠨ 4 ᠰᠠᠷ᠎ᠠ ᠶᠢᠨ 13 ᠤ ᠡᠳᠦᠷ ᠶᠠᠪᠤᠬᠳᠠᠳᠠᠭ ︽ᠪᠢᠯᠢᠭ ᠤᠨ ᠰᠠᠩ — ᠨᠤᠮ ᠲᠠᠢ ᠮᠤᠩᠭᠤᠯ︾ ᠰᠢᠷᠢᠰ ᠠᠵᠢᠯᠯᠠᠭ᠎ᠠ ᠨᠢ ᠵᠤᠷᠰᠢᠯ ᠶᠤᠰᠤᠭᠠᠷ ᠤᠯᠠᠭᠠᠨᠲᠤᠯᠤᠭᠠᠢ ᠪᠠᠯᠭᠠᠰᠤᠨ ᠤ ᠨᠣᠮ ᠤᠨ ᠪᠤᠶᠠᠨᠲᠦ ᠰᠣᠶᠣᠯᠵᠢᠭᠰᠠᠨ ᠡᠷᠦᠬᠡ ᠠᠯᠲᠠᠨᠪᠢᠯᠢᠭ᠌ ᠤᠨ ᠬᠢᠨ ᠳᠤ ᠶᠠᠪᠤᠬᠳᠠᠵᠤ᠂ 5 ᠰᠠᠷ᠎ᠠ ᠶᠢᠨ 27 ᠤ ᠦᠷᠯᠦᠬᠡ ᠡᠷᠳᠡ ᠬᠤᠯᠠ ᠤᠶᠢᠷ᠎ᠠ ᠠᠴᠠ ᠢᠷᠡᠭᠰᠡᠨ ᠭᠡᠤᠭᠡᠳ ᠪᠠᠭᠠᠴᠤᠳ᠂ ᠨᠠᠰᠤᠳᠠᠨ ᠲᠤᠮᠤᠭᠠᠳᠠᠳ ᠵᠢᠴᠢ ᠨᠤᠳᠤᠭ ᠤᠰᠤᠨ ᠤ ᠤᠯᠠᠨ ᠲᠠᠶᠠᠭᠠᠷ ᠢᠶᠠᠨ ᠨᠤᠮ ᠤᠨ ᠤᠪᠤᠭᠠᠨ ᠳᠠᠭᠠᠨ ᠭᠠᠷᠴᠦ᠂ ᠨᠤᠮ ᠤᠨ ᠴᠠᠭᠠᠨ ᠪᠤᠶᠠᠨ ᠭᠦᠷᠳᠡᠭᠦ ᠪᠠᠷ ᠶᠠᠭᠠᠷᠠᠯᠴᠠᠨ᠎ᠠ᠃      ᠲᠤᠰ ᠤᠳᠠᠭᠠᠨ ᠤ ︽ᠡᠶ᠎ᠡ ᠨᠠᠶᠢᠷ ᠦᠨᠳᠤᠰᠤᠳᠠᠨ ᠨᠦᠭᠦᠳ ᠤᠨ ᠬᠠᠶᠢᠷ᠎ᠠ ᠶᠢ ᠪᠠᠳᠤᠵᠢᠭᠤᠯᠵᠤ ᠨᠤᠮ ᠪᠢᠴᠢᠭ ᠲᠤᠮᠳᠠᠳᠤ ᠶᠢᠨ ᠬᠦᠰᠡᠯ ᠵᠠᠭᠦᠳᠦ ᠶᠢ ᠤᠮᠳᠠᠯᠠᠨᠠᠮ︾ ᠭᠤᠤᠯ ᠰᠡᠲᠦᠪᠲᠦ ᠠᠵᠢᠯᠯᠠᠭ᠎ᠠ ᠶᠢ ᠤᠷᠳᠤᠰ ᠬᠤᠳᠠ ᠶᠢᠨ ᠦᠨᠳᠤᠰᠤᠳᠡᠨ ᠤ ᠭᠡᠷᠡᠭ ᠡᠷᠬᠢᠯᠡᠭᠦ ᠵᠦᠪᠯᠠᠯ᠂ ᠦᠤᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠭᠤᠤᠯᠯᠠᠨ ᠡᠷᠬᠢᠯᠡᠵᠦ᠂ ᠤᠯᠠᠭᠠᠨᠳᠤᠯᠤᠭᠠᠢ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠦᠦᠰᠢᠨ ᠬᠤᠰᠢᠭᠤᠨ ᠤ ᠦᠨᠳᠤᠰᠤᠳᠡᠨ ᠱᠠᠰᠢᠨ ᠰᠤᠷᠳᠠᠬᠤᠨ ᠤ ᠭᠡᠷᠡᠭ ᠡᠷᠬᠢᠯᠡᠭᠦ ᠲᠤᠪᠴᠢᠶ᠎ᠠ᠂ ᠦᠦᠰᠢᠨ ᠬᠤᠰᠢᠭᠤᠨ ᠤ ᠰᠤᠶᠤᠯ ᠷᠠᠳᠢᠣ᠋ ᠺᠢᠨᠣ᠋ ᠲᠧᠯᠸᠢᠰ ᠤᠨ ᠲᠤᠪᠴᠢᠶ᠎ᠠ᠂ ᠦᠦᠰᠢᠨ ᠬᠤᠰᠢᠭᠤᠨ ᠤ ᠵᠢᠭᠤᠯᠴᠢᠯᠠᠯ ᠤᠨ ᠤᠶᠢᠯᠡᠰ ᠤᠨ ᠤᠶᠢᠯᠡᠴᠢᠯᠡᠭᠡᠨ ᠤ ᠲᠦᠪ᠂ ᠦᠦᠰᠢᠨ ᠬᠤᠰᠢᠭᠤᠨ ᠤ ᠪᠠᠶ᠎ᠠ ᠲᠠᠮᠢᠷ ᠤᠨ ᠤᠶᠢᠯᠡᠰ ᠤᠨ ᠭᠦᠭᠵᠢᠭᠦᠯᠦᠯᠳᠡ ᠶᠢᠨ ᠲᠦᠪ ᠳᠠᠭᠠᠭᠠᠴᠢᠯᠠᠨ ᠡᠷᠬᠢᠯᠡᠪᠠ᠃ ᠤᠷᠳᠤᠰ ᠬᠤᠳᠠ ᠶᠢᠨ ᠦᠨᠳᠤᠰᠤᠳᠡᠨ ᠤ ᠭᠡᠷᠡᠭ ᠡᠷᠬᠢᠯᠡᠭᠦ ᠵᠦᠪᠯᠠᠯ ᠤᠨ ᠨᠠᠮ ᠤᠨ ᠳᠣᠭᠤᠶᠢᠯᠠᠩ ᠤᠨ ᠭᠡᠰᠢᠬᠦᠨ ᠳᠡᠳ᠋ ᠡᠷᠬᠢᠯᠡᠭᠴᠢ ᠱᠠᠰᠢᠨ ᠰᠣᠷᠲᠠᠬᠤᠨ ᠤ ᠭᠡᠷᠡᠭ ᠡᠷᠬᠢᠯᠡᠭᠦ ᠲᠣᠪᠴᠢᠶᠠᠨ ᠤ ᠳᠠᠷᠤᠭ᠎ᠠ ᠭᠡᠷᠡᠯᠳᠠᠯᠠᠢ᠂ ᠬᠤᠰᠢᠭᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠡᠳ᠋ ᠤᠨ ᠵᠠᠰᠠᠭ ᠤᠨ ᠲᠤᠪᠴᠢᠶᠠᠨ ᠤ ᠳᠠᠷᠤᠭ᠎ᠠ ᠪᠠᠶᠠᠨᠴᠡᠩᠬᠡᠯ ᠵᠢᠴᠢ ᠥᠪᠦᠷ ᠮᠣᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ᠂ ᠥᠪᠦᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠬᠠᠷᠢᠭᠤᠴᠠᠯᠭᠠᠲᠠᠨ᠂ ᠬᠤᠰᠢᠭᠤ ᠪᠠᠯᠭᠠᠰᠣᠨ ᠤ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠠᠵᠢᠯᠯᠠᠭᠠᠨ ᠳᠤ ᠤᠷᠤᠯᠴᠠᠪᠠ᠃      ᠠᠵᠢᠯᠯᠠᠭᠠᠨ ᠳᠤ ᠨᠤᠮ ᠤᠨ ᠤᠪᠤᠭᠠᠨ ᠲᠠᠬᠢᠯᠭ᠎ᠠ᠂ ᠨᠤᠮ ᠤᠨ ᠲᠠᠬᠢᠯᠭ᠎ᠠ᠂ ᠨᠤᠮ ᠭᠦᠷᠭᠡᠭᠦ ᠠᠵᠢᠯᠯᠠᠭ᠎ᠠ᠂ ︽ᠭᠤᠷᠪᠠᠳᠠᠭᠢ ᠬᠤᠭᠤᠴᠠᠭᠠᠨ ᠤ ᠲᠤᠮᠳᠠᠳᠤ ᠤᠯᠤᠰ ᠤᠨ ︿ᠲᠡᠭᠷᠢ ᠬᠤᠨᠳᠠᠭᠠᠲᠤ﹀ ᠲᠠᠭᠤᠤ ᠰᠢᠯᠦᠭ ᠤᠨ ᠤᠷᠤᠯᠳᠤᠭᠠᠨ ᠤ ᠰᠤᠩᠭᠤᠮᠠᠯ︾᠂  ︽ᠪᠠᠭ᠋ᠠᠷᠤᠯᠳᠤ ᠤᠩᠰᠢᠯᠭ᠎ᠠ ᠠᠮᠢᠳᠤᠷᠠᠯ ᠢ ᠨᠦᠯᠦᠭᠡᠯᠡᠨ᠎ᠠ︾ ᠭᠡᠭᠦ ᠰᠢᠨ᠎ᠠ ᠨᠤᠮ ᠤᠨ ᠲᠠᠷᠬᠠᠭᠠᠯᠳᠠ ᠶᠢᠨ ᠶᠤᠰᠤᠯᠠᠯ᠂ ᠰᠤᠶᠤᠯ ᠢᠶᠠᠷ ᠠᠷᠠᠳ ᠢ ᠬᠠᠷᠠᠭᠠᠯᠵᠠᠬᠤ ᠭᠦᠳᠡᠭᠡ ᠪᠠᠭᠤᠬᠤ ᠠᠵᠢᠯᠯᠠᠭ᠎ᠠ᠂ ᠡᠷ᠎ᠠ ᠶᠢᠨ ᠭᠤᠷᠪᠠᠨ ᠨᠠᠭᠠᠳᠤᠮ ᠵᠡᠷᠭᠡ ᠰᠢᠷᠢᠰ ᠠᠵᠢᠯᠯᠠᠭ᠎ᠠ ᠶᠢ ᠦᠷᠨᠢᠭᠦᠯᠵᠦ᠂ ᠮᠠᠯᠴᠢᠨ ᠲᠠᠷᠢᠶᠠᠴᠢᠳ ᠤᠨ ᠤᠶᠤᠨ ᠤ ᠰᠤᠶᠤᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠬᠵᠢᠭᠤᠯᠵᠤ᠂ ᠮᠠᠯᠴᠢᠨ ᠲᠠᠷᠢᠶᠠᠴᠢᠨ ᠤ ᠰᠠᠶᠢᠨ ᠰᠠᠶᠢᠬᠠᠨ ᠠᠮᠢᠳᠤᠷᠠᠯ ᠤᠨ ᠭᠦᠰᠡᠯ ᠱᠠᠭᠠᠷᠳᠠᠯᠭ᠎ᠠ ᠶᠢ ᠬᠠᠩᠭᠠᠬᠰᠠᠨ ᠪᠠᠶᠢᠨ᠎ᠠ᠃
 
ᠢᠷᠡᠯᠲᠡ᠄ ᠤᠯᠠᠭᠠᠨᠳᠤᠯᠤᠭᠠᠢ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号