ᠨᠣᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠪᠠᠨ ᠴᠢᠩᠭᠠᠳᠬᠠᠵᠤ ᠬᠠᠣᠯᠢ ᠪᠣᠰᠤ ᠪᠠᠷ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠲᠣᠬᠠᠢ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2018-05-29
ᠡᠯ᠎ᠡ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ︶ ᠤᠨ ᠬᠠᠮᠢᠶᠠᠷᠤᠯᠲᠠ ᠶᠢᠨ ᠵᠦᠪᠯᠡᠯ᠂ ᠡᠯ᠎ᠡ ᠰᠣᠮᠣ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠵᠢᠴᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠄      ᠣᠷᠴᠢᠮ ᠤᠨ ᠵᠢᠯ ᠠᠴᠠ ᠮᠠᠨ ᠤ ᠬᠤᠰᠢᠭᠤᠨ ᠤ ᠣᠳᠣᠬᠢᠴᠢᠯᠠᠭᠰᠠᠨ ᠮᠠᠯ ᠲᠠᠷᠢᠶᠠᠯᠠᠩ ᠠᠵᠤ ᠠᠬᠤᠢ ᠶᠢᠨ ᠳᠠᠰᠤᠷᠠᠯᠲᠠ ᠦᠭᠡᠢ ᠬᠦᠭᠵᠢᠬᠦ ᠶᠢ ᠳᠠᠭᠠᠯᠳᠤᠨ ᠭᠡᠰᠡᠭ ᠭᠠᠵᠠᠷ ᠣᠷᠣᠨ ᠪᠠᠶᠢᠭᠤᠯᠭ᠎ᠠ ᠨᠢᠭᠡᠴᠢ ᠪᠣᠯᠣᠨ ᠬᠤᠪᠢ ᠬᠦᠮᠦᠨ ᠵᠦᠪᠰᠢᠶᠡᠷᠡᠭᠦᠯᠦᠭᠰᠡᠨ ᠦᠭᠡᠢ ᠪᠠᠶᠢᠳᠠᠯ ᠳᠣᠣᠷ᠎ᠠ ᠲᠣᠷ᠎ᠠ ᠪᠠᠷ ᠢᠶᠠᠨ ᠠᠲᠠᠷ ᠬᠠᠭᠠᠯᠪᠤᠷᠢᠯᠠᠭᠰᠠᠨ ᠠᠴᠠ ᠮᠠᠨ ᠤ ᠬᠤᠰᠢᠭᠤᠨ ᠤ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠠᠳᠠᠯᠢ ᠪᠣᠰᠤ ᠬᠡᠮᠵᠢᠶ᠎ᠡ ᠪᠠᠷ ᠡᠪᠳᠡᠪᠡ᠃ ᠡᠶᠢᠮᠦᠷᠬᠦ ᠬᠠᠤᠯᠢ ᠵᠦᠷᠢᠴᠡᠭᠰᠡᠨ ᠦᠢᠯᠡ ᠠᠵᠢᠯᠯᠠᠭ᠎ᠠ ᠳᠤ ᠴᠢᠭᠯᠡᠬᠦᠯᠦᠨ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠬᠠᠤᠯᠢ ᠶᠣᠰᠤ ᠪᠠᠷ ᠴᠤᠬᠢᠯᠲᠠ ᠥᠭᠪᠡ᠄ ᠰᠢᠷᠬᠤᠰᠤᠨ ᠪᠠᠯᠭᠠᠰᠤᠨ ᠤ ᠰᠢᠷᠬᠤᠰᠤ ᠲᠣᠰᠬᠤᠨ ᠤ ᠱᠢ ᠤᠪᠤᠭᠲᠤ 53.78 ᠮᠦ ᠪᠡᠯᠴᠢᠭᠡᠷ ᠢ ᠵᠦᠪᠰᠢᠶᠡᠷᠡᠭᠦᠯᠦᠭᠰᠡᠨ ᠦᠭᠡᠢ ᠪᠠᠷ ᠬᠠᠤᠯᠢ ᠪᠣᠰᠤ ᠪᠠᠷ ᠬᠠᠭᠠᠯᠪᠤᠷᠢᠯᠠᠭᠰᠠᠨ ᠠᠴᠠ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠭᠰᠡᠨ ᠶᠠᠯ᠎ᠠ ᠪᠠᠷ ᠲᠠᠪᠤᠨ ᠰᠠᠷ᠎ᠠ ᠬᠤᠷᠢᠵᠤ ᠬᠦᠳᠡᠯᠮᠦᠷᠢᠯᠡᠬᠦᠯᠬᠦ ᠪᠠᠷ ᠰᠢᠢᠳᠬᠡᠵᠦ ᠨᠢᠭᠡ ᠵᠢᠯ ᠠᠯᠭᠤᠷᠯᠠᠭᠤᠯᠬᠤ ᠶᠢᠨ ᠬᠠᠮᠲᠤ 2000 ᠲᠥᠬᠦᠷᠢᠭ ᠢᠶᠠᠷ ᠲᠣᠷᠭᠠᠪᠠ᠃ ᠹᠦ᠋ ᠤᠪᠤᠭᠲᠤ 100 .07 ᠮᠦ ᠪᠡᠯᠴᠢᠭᠡᠷ ᠢ ᠵᠦᠪᠰᠢᠶᠡᠷᠡᠭᠦᠯᠦᠭᠰᠡᠨ ᠦᠭᠡᠢ ᠪᠠᠷ ᠬᠠᠤᠯᠢ ᠪᠣᠰᠤ ᠪᠠᠷ ᠬᠠᠭᠠᠯᠪᠤᠷᠢᠯᠠᠵᠤ ᠵᠠᠭᠠᠯᠳᠤᠭᠳᠠᠭᠴᠢ ᠶᠠᠯ᠎ᠠ ᠬᠢᠭᠰᠡᠨ ᠤ ᠳᠠᠷᠠᠭ᠎ᠠ ᠲᠠᠷᠣᠢ ᠲᠦᠷᠭᠡᠨ ᠤᠷᠭᠤᠮᠠᠯ ᠤᠨ ᠪᠦᠷᠬᠦᠴᠡ ᠶᠢ ᠰᠡᠷᠬᠦᠭᠡᠭᠰᠡᠨ ᠠᠴᠠ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠭᠰᠡᠨ ᠶᠠᠯ᠎ᠠ ᠪᠠᠷ ᠨᠢᠭᠡ ᠵᠢᠯ ᠪᠦᠭᠡᠳ ᠵᠢᠷᠭᠤᠭᠠᠨ ᠰᠠᠷ᠎ᠠ ᠶᠢᠨ ᠬᠤᠭᠤᠴᠠᠭ᠎ᠠ ᠲᠠᠢ ᠬᠤᠷᠢᠬᠤ ᠶᠠᠯ᠎ᠠ ᠪᠠᠷ ᠰᠢᠢᠳᠬᠡᠵᠦ ᠬᠤᠶᠠᠷ ᠵᠢᠯ ᠠᠯᠭᠤᠷᠯᠠᠭᠤᠯᠬᠤ ᠶᠢᠨ ᠬᠠᠮᠲᠤ 6000 ᠲᠥᠭᠦᠷᠢᠭ ᠢᠶᠠᠷ ᠲᠣᠷᠭᠠᠪᠠ᠃ ᠭᠠᠯᠠᠭᠤᠲᠤ ᠪᠠᠯᠭᠠᠰᠤᠨ ᠤ ᠷᠠᠰᠢᠶᠠᠨ ᠲᠣᠬᠤᠢ ᠲᠣᠰᠬᠤᠨ ᠤ ᠯᠢᠦ ᠤᠪᠤᠭᠲᠤ 53.81 ᠮᠦ ᠪᠡᠯᠴᠢᠭᠡᠷ ᠢ ᠵᠦᠪᠰᠢᠶᠡᠷᠡᠭᠦᠯᠦᠭᠰᠡᠨ ᠦᠭᠡᠢ ᠪᠠᠷ ᠬᠠᠤᠯᠢ ᠪᠣᠰᠤ ᠪᠠᠷ ᠬᠠᠭᠠᠯᠪᠤᠷᠢᠯᠠᠭᠰᠠᠨ ᠠᠴᠠ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠭᠰᠡᠨ ᠶᠠᠯ᠎ᠠ ᠪᠠᠷ ᠵᠢᠷᠭᠤᠭᠠᠨ ᠰᠠᠷ᠎ᠠ ᠬᠤᠭᠤᠴᠠᠭ᠎ᠠ ᠲᠠᠢ ᠬᠤᠷᠢᠬᠤ ᠪᠠᠷ ᠰᠢᠢᠳᠬᠡᠵᠦ ᠨᠢᠭᠡ ᠵᠢᠯ ᠠᠯᠭᠤᠷᠯᠠᠭᠤᠯᠬᠤ ᠶᠢᠨ ᠬᠠᠮᠲᠤ 2000 ᠲᠥᠭᠦᠷᠢᠭ ᠢᠶᠠᠷ ᠲᠣᠷᠭᠠᠪᠠ᠃ ᠰᠠᠰᠠ ᠶᠢᠨ ᠴᠠᠶᠢᠳᠠᠮ ᠲᠣᠰᠬᠤᠨ ᠤ ᠸᠠᠩ ᠤᠪᠤᠭᠲᠤ 37.13 ᠮᠦ ᠪᠡᠯᠴᠢᠭᠡᠷ ᠢ ᠵᠦᠪᠰᠢᠶᠡᠷᠡᠭᠦᠯᠦᠭᠰᠡᠨ ᠦᠭᠡᠢ ᠪᠠᠷ ᠬᠠᠤᠯᠢ ᠪᠣᠰᠤ ᠪᠠᠷ ᠬᠠᠭᠠᠯᠪᠤᠷᠢᠯᠠᠭᠰᠠᠨ ᠠᠴᠠ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠭᠰᠡᠨ ᠶᠠᠯ᠎ᠠ ᠪᠠᠷ ᠬᠤᠶᠠᠷ ᠰᠠᠷ᠎ᠠ ᠬᠤᠷᠢᠵᠤ ᠬᠦᠳᠡᠯᠮᠦᠷᠢᠯᠡᠬᠦᠯᠬᠦ ᠪᠠᠷ ᠰᠢᠢᠳᠬᠡᠬᠦ ᠶᠢᠨ ᠬᠠᠮᠲᠤ 3500 ᠲᠥᠭᠦᠷᠢᠭ ᠢᠶᠠᠷ ᠲᠣᠷᠭᠠᠪᠠ᠃      ᠨᠣᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠦᠨᠡᠨᠬᠦ ᠬᠠᠮᠠᠭᠠᠯᠠᠨ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠵᠦ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠥᠪᠦᠷ ᠮᠣᠩᠭᠤᠯ ᠤᠨ ᠥᠪᠡᠷᠳᠡᠭᠡᠨ ᠵᠠᠰᠠᠬᠤ ᠤᠷᠤᠨ ᠤ ᠨᠣᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠳᠦᠷᠢᠮ ᠢ ᠦᠨᠳᠦᠰᠦᠯᠡᠵᠦ᠂ ᠲᠣᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠤ ᠪᠠᠷ ᠭᠦᠢᠴᠡᠳᠬᠡᠨ᠂ ᠨᠤᠲᠤᠭ ᠪᠡᠯᠴᠢᠭᠡᠷ ᠤᠨ ᠬᠠᠤᠯᠢ ᠶᠢ ᠬᠡᠷᠡᠭᠵᠢᠬᠦᠯᠬᠦ ᠶᠢ ᠴᠢᠩᠭᠠᠳᠬᠠᠬᠤ ᠶᠢᠨ ᠲᠣᠰᠠᠳᠠ ᠡᠳᠦᠭᠡ ᠬᠠᠤᠯᠢ ᠪᠤᠰᠤ ᠪᠠᠷ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠲᠤᠬᠠᠢ ᠬᠤᠯᠪᠤᠭᠳᠠᠯ ᠪᠦᠬᠦᠢ ᠬᠡᠷᠡᠭ ᠤᠴᠢᠷ ᠢ ᠳᠣᠣᠷᠠᠬᠢ ᠮᠡᠲᠦ ᠮᠡᠳᠡᠭᠳᠡᠶ᠎ᠡ᠃      ᠨᠢᠭᠡ᠂ ᠬᠠᠤᠯᠢ ᠪᠤᠰᠤ ᠪᠠᠷ ᠠᠲᠠᠷ ᠬᠠᠭᠠᠯᠪᠤᠷᠢᠯᠠᠵᠤ ᠨᠤᠲᠤᠭ ᠪᠡᠯᠴᠢᠭᠡᠷ ᠢ ᠡᠪᠳᠡᠭᠰᠡᠨ ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠬᠦᠨ᠎ᠡ᠃ ︽ᠥᠪᠦᠷ ᠮᠣᠩᠭᠤᠯ ᠤᠨ ᠥᠪᠡᠷᠳᠡᠭᠡᠨ ᠵᠠᠰᠠᠬᠤ ᠤᠷᠤᠨ ᠤ ᠦᠨᠳᠦᠰᠦᠨ ᠨᠣᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ︾ ᠶᠢᠨ ᠲᠣᠭᠲᠠᠭᠠᠯ ᠶᠣᠰᠤᠭᠠᠷ ᠦᠨᠳᠦᠰᠦᠨ ᠨᠣᠲᠤᠭ ᠪᠡᠯᠴᠢᠭᠡᠷ ᠢ 20 ᠮᠦ ᠠᠴᠠ ᠳᠣᠷᠣᠭᠰᠢ ᠬᠠᠣᠯᠢ ᠪᠤᠰᠤ ᠪᠠᠷ ᠬᠠᠭᠠᠯᠪᠤᠷᠢᠯᠠᠪᠠᠯ 5000 ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠷᠣᠭᠰᠢ ᠲᠣᠷᠭᠠᠨ᠎ᠠ᠃ 20 ᠮᠦ ᠠᠴᠠ ᠳᠡᠭᠡᠭᠰᠢ ᠬᠠᠭᠠᠯᠪᠤᠷᠢᠯᠠᠵᠤ ᠡᠷᠡᠭᠦᠦ ᠶᠢᠨ ᠬᠠᠷᠢᠭᠤᠴᠠᠯᠭ᠎ᠠ ᠪᠣᠯᠪᠠᠯ ᠬᠠᠤᠯᠢ ᠴᠠᠭᠠᠵᠠ ᠶᠢᠨ ᠪᠠᠶᠢᠭᠤᠯᠭ᠎ᠠ ᠳᠤ ᠳᠣᠰᠢᠶᠠᠨ ᠰᠢᠢᠳᠪᠦᠷᠢᠯᠡᠭᠦᠯᠵᠦ 5 ᠵᠢᠯ ᠠᠴᠠ ᠳᠣᠷᠣᠭᠰᠢ ᠬᠤᠭᠤᠴᠠᠭ᠎ᠠ ᠲᠠᠢ ᠬᠤᠷᠢᠬᠤ ᠪᠣᠶᠣ ᠬᠤᠷᠢᠵᠤ ᠬᠦᠳᠡᠯᠮᠦᠷᠢᠯᠡᠬᠦᠯᠬᠦ ᠪᠠᠷ ᠰᠢᠢᠳᠬᠡᠬᠦ ᠶᠢᠨ ᠬᠠᠮᠲᠦ ᠵᠣᠭᠤᠰ ᠲᠣᠷᠭᠠᠬᠤ ᠡᠰᠡᠬᠦᠯ᠎ᠡ ᠵᠣᠭᠤᠰ ᠲᠣᠷᠭᠠᠵᠤ ᠰᠢᠢᠳᠬᠡᠨ᠎ᠡ᠃ ᠡᠬᠦᠨ ᠤ ᠬᠠᠮᠲᠤ ᠲᠣᠬᠠᠢ ᠶᠢᠨ ᠬᠦᠮᠦᠨ  ᠨᠢ ᠡᠷᠬᠡᠪᠰᠢ ᠳᠤᠭᠲᠠᠭᠰᠠᠨ ᠬᠤᠭᠤᠴᠠᠭᠠᠨ ᠳᠤ ᠤᠷᠭᠤᠮᠠᠯ ᠤᠨ ᠪᠦᠷᠬᠦᠴᠡ ᠶᠢ ᠰᠡᠷᠭᠦᠭᠡᠭᠰᠡᠨ ᠪᠠᠶᠢᠬᠤ ᠬᠡᠷᠡᠭᠲᠡᠢ᠃      ᠬᠤᠶᠠᠷ᠂ ᠬᠠᠤᠯᠢ ᠪᠤᠰᠤ ᠪᠠᠷ ᠨᠤᠲᠤᠭ ᠪᠡᠯᠴᠢᠭᠡᠷ ᠢ ᠡᠵᠡᠯᠡᠬᠦ ᠪᠠ ᠨᠤᠲᠤᠭ ᠪᠡᠯᠴᠢᠭᠡᠷ ᠤᠨ ᠬᠡᠷᠡᠭᠯᠡᠯᠲᠡ ᠶᠢ ᠥᠭᠡᠷᠡᠴᠢᠯᠡᠬᠦ ᠶᠢ ᠴᠠᠭᠠᠵᠠᠯᠠᠨ᠎ᠠ᠃ ᠨᠤᠲᠤᠭ ᠪᠡᠯᠴᠢᠭᠡᠷ ᠳᠡᠭᠡᠷ᠎ᠡ ᠵᠦᠪᠰᠢᠶᠡᠷᠡᠯ ᠦᠭᠡᠢ ᠪᠠᠷ ᠮᠠᠩᠬ᠎ᠠ ᠮᠠᠯᠲᠠᠬᠤ᠂ ᠰᠢᠷᠦᠢ ᠠᠪᠬᠤ᠂ ᠭᠠᠵᠠᠷ ᠲᠡᠭᠰᠢᠯᠡᠬᠦ ᠵᠡᠷᠭᠡ ᠦᠨᠳᠦᠰᠦᠨ ᠨᠤᠲᠤᠭ ᠪᠡᠯᠴᠢᠭᠡᠷ ᠤᠨ ᠬᠡᠷᠡᠭᠯᠡᠯᠲᠡ ᠶᠢ ᠲᠣᠷ᠎ᠠ ᠪᠠᠷ ᠢᠶᠠᠨ ᠥᠭᠡᠷᠡᠴᠢᠯᠡᠭᠰᠡᠳ ᠢ ︽ᠥᠪᠦᠷ ᠮᠣᠩᠭᠤᠯ ᠤᠨ ᠥᠪᠡᠷᠳᠡᠭᠡᠨ ᠵᠠᠰᠠᠬᠤ ᠤᠷᠤᠨ ᠤ ᠦᠨᠳᠦᠰᠦᠨ ᠨᠣᠲᠤᠭ ᠪᠡᠯᠴᠢᠭᠡᠷ  ᠤᠨ ᠬᠠᠮᠠᠭᠠᠯᠠᠯᠲᠠ ᠶᠢᠨ ᠳᠦᠷᠢᠮ︾ ᠤᠨ ᠲᠣᠭᠲᠠᠭᠠᠯ ᠶᠣᠰᠤᠭᠠᠷ ᠮᠦ ᠪᠦᠷᠢ ᠶᠢ 1000 ᠲᠥᠭᠦᠷᠢᠭ ᠠᠴᠠ ᠳᠡᠭᠡᠭᠰᠢ 5000 ᠲᠥᠭᠦᠷᠢᠭ ᠠᠴᠠ ᠳᠣᠷᠣᠭᠰᠢ ᠵᠣᠭᠤᠰ ᠲᠣᠷᠭᠠᠨ᠎ᠠ᠃ ᠲᠣᠷ᠎ᠠ ᠪᠠᠷ ᠢᠶᠠᠨ ᠵᠢᠭᠠᠰᠤᠨ ᠴᠥᠬᠦᠷᠦᠮ᠂ ᠰᠤᠪᠠᠭ ᠭᠤᠤ ᠮᠠᠯᠲᠠᠭᠰᠠᠳ ᠢ ᠮᠦ ᠪᠦᠷᠢ 5000 ᠲᠥᠭᠦᠷᠢᠭ  ᠠᠴᠠ ᠳᠡᠭᠡᠭᠰᠢ 1 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ ᠪᠠᠶᠢᠳᠠᠯ ᠬᠦᠨᠳᠦ ᠨᠣᠴᠢᠲᠠᠢ ᠶᠢ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠬᠦᠦ ᠶᠢᠨ ᠬᠠᠤᠯᠢ︾ ᠶᠢᠨ ᠬᠠᠮᠢᠶ᠎ᠠ ᠪᠦᠬᠦᠢ ᠳᠣᠭᠲᠠᠭᠠᠯ ᠶᠣᠰᠤᠭᠠᠷ ᠬᠠᠤᠯᠢ ᠴᠠᠭᠠᠵᠠ ᠶᠢᠨ ᠪᠠᠶᠢᠭᠤᠯᠭ᠎ᠠ ᠳᠤ ᠲᠣᠰᠢᠶᠠᠨ ᠰᠢᠢᠳᠬᠡᠭᠦᠯᠦᠨ᠎ᠡ᠃      ᠭᠤᠷᠪᠠ᠂ ᠬᠤᠯᠪᠤᠭᠳᠠᠯ ᠪᠦᠬᠦᠢ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠥᠭᠰᠡᠨ ᠦᠭᠡᠢ ᠪᠠᠷ ᠨᠤᠳᠤᠭ ᠪᠡᠯᠴᠢᠭᠡᠷ ᠤᠨ ᠬᠠᠮᠠᠭᠠᠯᠠᠯᠳᠠ᠂ ᠪᠥᠳᠥᠭᠡᠨ ᠪᠠᠶᠢᠭᠤᠯᠤᠯᠳᠠ᠂ ᠲᠥᠯᠥᠪᠵᠢᠭᠦᠯᠭᠡ ᠶᠢᠨ ᠲᠦᠷᠥ ᠶᠢᠨ ᠪᠣᠳᠣᠯᠭ᠎ᠠ ᠳᠦᠷᠢᠮ ᠲᠣᠭᠲᠠᠭᠠᠯ ᠢ ᠵᠦᠷᠢᠴᠡᠨ ᠡᠪᠡᠰᠤ ᠪᠠ ᠲᠡᠵᠢᠭᠡᠯ ᠤᠨ ᠲᠠᠷᠢᠮᠠᠯ ᠢ ᠲᠠᠷᠢᠵᠤ ᠨᠤᠳᠤᠭ ᠪᠡᠯᠴᠢᠭᠡᠷ ᠤᠨ ᠡᠯᠡᠰᠦᠷᠬᠡᠭᠵᠢᠯᠳᠡ ᠪᠠ ᠬᠥᠷᠥᠰᠥ ᠰᠢᠷᠣᠢ ᠶᠢᠨ ᠬᠥᠨᠳᠦ ᠨᠣᠴᠢᠳᠠᠢ ᠤᠷᠤᠰᠬᠠᠭᠳᠠᠯ ᠢ ᠪᠤᠢ ᠪᠤᠯᠭᠠᠭᠰᠠᠨ ᠠᠵᠢᠯᠯᠠᠭ᠎ᠠ  ᠶᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠣᠯᠤᠰ ᠤᠨ ᠨᠤᠳᠤᠭ ᠪᠡᠯᠴᠢᠭᠡᠷ ᠤᠨ ᠬᠠᠤᠯᠢ︾ ︽ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠨᠤᠳᠤᠭ ᠪᠡᠯᠴᠢᠭᠡᠷ ᠤᠨ ᠬᠠᠮᠢᠶᠠᠷᠤᠯᠳᠠ ᠶᠢᠨ ᠳᠥᠷᠢᠮ︾ ︽ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠥᠨᠳᠥᠰᠥᠨ ᠨᠤᠳᠤᠭ ᠪᠡᠯᠴᠢᠭᠡᠷ ᠤᠨ ᠬᠠᠮᠠᠭᠠᠯᠠᠯᠲᠠ ᠶᠢᠨ ᠳᠥᠷᠢᠮ︾ ᠤᠨ ᠬᠤᠯᠪᠤᠭᠳᠠᠯ ᠪᠦᠬᠦᠢ ᠲᠣᠭᠳᠠᠭᠠᠯ ᠶᠤᠰᠤᠭᠠᠷ ᠰᠢᠢᠳᠬᠡᠨ᠎ᠡ᠃ ᠨᠤᠳᠤᠭ ᠪᠡᠯᠴᠢᠭᠡᠷ ᠢ ᠨᠢᠭᠡᠨᠳᠡ ᠬᠠᠭᠠᠯᠪᠤᠷᠢᠯᠠᠭᠰᠠᠨ ᠪᠠ ᠨᠤᠳᠤᠭ ᠪᠡᠯᠴᠢᠭᠡᠷ ᠤᠨ ᠣᠳᠣᠬᠢ ᠪᠠᠶᠢᠳᠠᠯ ᠢ ᠥᠭᠡᠷᠡᠴᠢᠯᠡᠭᠰᠡᠨ ᠲᠤᠬᠠᠢ ᠶᠢᠨ ᠬᠥᠮᠥᠨ ᠲᠤᠭᠳᠠᠭᠰᠠᠨ ᠬᠤᠭᠤᠴᠠᠭᠠᠨ ᠳᠤ ᠤᠷᠭᠤᠮᠠᠯ ᠤᠨ ᠬᠤᠴᠢᠯᠭ᠎ᠠ ᠶᠢ ᠡᠷᠬᠡᠪᠰᠢ ᠰᠡᠷᠬᠦᠭᠡᠵᠦ᠂ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠦᠯᠦᠨ᠎ᠡ᠃     ᠳᠥᠷᠪᠡ᠂ ᠨᠤᠳᠤᠭ ᠪᠡᠯᠴᠢᠭᠡᠷ ᠪᠤᠯ ᠬᠠᠮᠳᠤ ᠶᠢᠨ ᠥᠮᠴᠢᠯᠡᠯ ᠳᠡᠭᠡᠨ ᠪᠠᠭᠳᠠᠵᠤ᠂ ᠡᠯ᠎ᠡ ᠭᠠᠴᠠᠭ᠎ᠠ ᠲᠣᠰᠬᠤᠨ  ᠨᠢ ᠲᠤᠰ ᠬᠠᠮᠳᠤ ᠶᠢᠨ ᠵᠣᠬᠢᠶᠠᠨ ᠪᠠᠶᠢᠭᠤᠯᠤᠯᠳᠠ ᠶᠢᠨ ᠲᠣᠳᠤᠷ᠎ᠠ ᠬᠠᠤᠯᠢ ᠪᠤᠰᠤ ᠪᠠᠷ ᠬᠠᠭᠠᠯᠪᠤᠷᠢᠯᠠᠬᠤ᠂ ᠬᠤᠳᠳᠤᠭ ᠥᠷᠥᠮᠳᠡᠬᠦ᠂ ᠨᠤᠳᠤᠭ ᠪᠡᠯᠴᠢᠭᠡᠷ ᠢ ᠡᠪᠳᠡᠬᠦ᠂ ᠨᠤᠳᠤᠭ ᠪᠡᠯᠴᠢᠭᠡᠷ ᠤᠨ ᠬᠡᠷᠡᠭᠯᠡᠯᠳᠡ ᠶᠢ ᠥᠭᠡᠷᠡᠴᠢᠯᠡᠬᠦ ᠬᠠᠮᠢᠶᠠᠷᠤᠯᠳᠠ ᠪᠠ ᠡᠳᠦᠷ ᠳᠣᠳᠣᠮ ᠤᠨ ᠲᠣᠭᠤᠷᠢᠨ ᠪᠠᠶᠢᠴᠠᠭᠠᠯᠳᠠ ᠪᠠᠨ ᠥᠨᠡᠨ ᠬᠦ ᠴᠢᠩᠭᠠᠳᠬᠠᠵᠤ᠂ ᠬᠠᠤᠯᠢ ᠪᠤᠰᠤ ᠪᠠᠷ ᠨᠤᠳᠤᠭ ᠪᠡᠯᠴᠢᠭᠡᠷ ᠢ ᠬᠠᠭᠠᠯᠪᠤᠷᠢᠯᠠᠬᠤ᠂ ᠬᠤᠳᠳᠤᠭ ᠥᠷᠥᠮᠳᠡᠬᠦ᠂ ᠰᠢᠷᠣᠢ ᠮᠠᠯᠳᠠᠬᠤ᠂ ᠭᠠᠵᠠᠷ ᠳᠡᠭᠰᠢᠯᠡᠬᠦ᠂ ᠨᠤᠳᠤᠭ ᠪᠡᠯᠴᠢᠭᠡᠷ ᠤᠨ ᠣᠳᠣᠬᠢ ᠪᠠᠶᠢᠳᠠᠯ ᠢ ᠥᠭᠡᠷᠡᠴᠢᠯᠡᠭᠰᠡᠨ ᠢ ᠢᠯᠡᠷᠡᠭᠦᠯᠪᠡᠯ ᠲᠡᠷᠡ ᠳᠠᠷᠤᠢ ᠳᠤᠨᠢ ᠪᠠᠯᠭᠠᠰᠤᠨ ᠤ ᠠᠷᠠᠳ  ᠤᠨ ᠵᠠᠰᠠᠭ ᠤᠨ ᠣᠷᠳᠣᠨ ᠪᠤᠶᠤ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠳᠤ ᠮᠡᠳᠡᠭᠦᠯᠥᠨ᠎ᠡ᠃ ᠮᠡᠳᠡᠵᠤ ᠪᠠᠶᠢᠭᠠᠳ ᠥᠯᠥ ᠮᠡᠳᠡᠭᠦᠯᠬᠦ᠂ ᠨᠢᠭᠤᠨ ᠳᠠᠯᠳᠠᠯᠠᠭᠠᠳ ᠥᠯᠥ ᠮᠡᠳᠡᠭᠦᠯᠥᠭᠰᠡᠳ ᠢ ᠬᠠᠷᠢᠭᠤᠴᠠᠯᠭ᠎ᠠ ᠪᠠᠨ ᠠᠯᠳᠠᠵᠤ ᠳᠤᠰᠢᠶᠠᠯ ᠢᠶᠠᠨ ᠭᠤᠳᠤᠭᠠᠭᠰᠠᠨ ᠢᠶᠠᠷ ᠬᠠᠷᠢᠭᠤᠴᠠᠯᠭ᠎ᠠ ᠴᠢᠩᠭ᠎ᠠ ᠨᠡᠬᠡᠮᠵᠢᠯᠡᠨ᠎ᠡ᠃      ᠲᠠᠪᠤ᠂ ᠨᠤᠳᠤᠭ ᠪᠡᠯᠴᠢᠭᠡᠷ ᠤᠨ ᠬᠠᠤᠯᠢ ᠬᠡᠷᠡᠭᠵᠢᠭᠦᠯᠥᠯᠳᠡ ᠬᠢᠨᠠᠯᠳᠠ ᠲᠠᠯᠪᠢᠬᠤ ᠡᠷᠴᠢᠮ ᠢ ᠴᠢᠩᠭᠠᠯᠠᠵᠤ᠂ ᠨᠤᠳᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠳᠠ ᠶᠢᠨ ᠲᠤᠯᠭᠠᠷᠠᠵᠤ ᠪᠠᠶᠢᠭ᠎ᠠ ᠳᠣᠪᠣᠶᠢᠮ᠎ᠠ ᠠᠰᠠᠭᠤᠳᠠᠯ ᠢ ᠭᠥᠴᠥ ᠲᠠᠯᠪᠢᠨ ᠰᠢᠢᠳᠪᠤᠷᠢᠯᠡᠵᠤ᠂ ᠨᠤᠳᠤᠭ ᠪᠡᠯᠴᠢᠭᠡᠷ ᠤᠨ ᠡᠬᠢ ᠪᠠᠶᠠᠯᠢᠭ ᠢ ᠡᠪᠳᠡᠨ ᠬᠠᠤᠯᠢ ᠵᠥᠷᠢᠴᠡᠭᠰᠡᠨ ᠠᠵᠢᠯᠯᠠᠭ᠎ᠠ ᠳᠤ ᠬᠦᠴᠦᠲᠦ ᠴᠣᠬᠢᠯᠲᠠ ᠥᠭᠬᠦ ᠴᠢᠩᠭ᠎ᠠ ᠪᠠᠶᠢᠳᠠᠯ ᠢ ᠢᠮᠠᠭᠳᠠ ᠪᠠᠳᠤᠯᠠᠨ ᠨᠤᠳᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ᠵᠠᠯᠭᠠᠯᠳᠤᠭᠰᠠᠨ ᠲᠣᠭᠲᠠᠯᠴᠠᠭ᠎ᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠤ᠂ ᠶᠠᠯ᠎ᠠ ᠬᠢᠭᠰᠡᠨ ᠰᠡᠵᠢᠭᠯᠡᠯᠳᠡᠢ ᠬᠡᠷᠡᠭ ᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠴᠠᠭ ᠲᠤᠬᠠᠢ ᠳᠤᠨᠢ ᠰᠢᠯᠵᠢᠭᠦᠯᠥᠨ ᠬᠦᠷᠭᠡᠵᠤ᠂ ᠨᠤᠳᠤᠭ ᠪᠡᠯᠴᠢᠭᠡᠷ ᠤᠨ ᠡᠬᠢ ᠪᠠᠶᠠᠯᠢᠭ ᠢ ᠡᠪᠳᠡᠨ ᠬᠠᠤᠯᠢ ᠠᠴᠠ ᠵᠥᠷᠢᠴᠡᠭᠰᠡᠨ ᠶᠠᠯᠠᠳᠤ ᠠᠵᠢᠯᠯᠠᠭ᠎ᠠ ᠳᠤ ᠬᠠᠮᠳᠤ ᠪᠠᠷ ᠴᠣᠬᠢᠯᠳᠠ ᠥᠭᠭᠦᠨ ᠨᠤᠳᠤᠭ ᠪᠡᠯᠴᠢᠭᠡᠷ ᠤᠨ ᠡᠬᠢ ᠪᠠᠶᠠᠯᠢᠭ ᠪᠠ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠬᠦᠳᠡᠭᠡ ᠲᠤᠰᠬᠤᠨ ᠢ ᠬᠦᠭᠵᠢᠭᠦᠯᠥᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ᠂ ᠨᠣᠮᠢᠨ ᠲᠠᠩᠰᠤᠭ ᠥᠥᠰᠢᠨ ᠢ ᠪᠥᠳᠦᠭᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠪᠠᠨ ᠥᠵᠡᠭᠦᠯᠬᠦ ᠬᠡᠷᠡᠭᠳᠡᠢ᠃      ᠵᠢᠷᠭᠤᠭ᠎ᠠ᠂ ᠨᠡᠶᠢᠬᠡᠮ ᠤᠨ ᠡᠯ᠎ᠡ ᠡᠳᠡᠭᠡᠳ ᠤᠨ ᠬᠢᠨ ᠤ ᠨᠤᠳᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠠᠪᠤᠭᠰᠠᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠵᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠢᠯᠡᠴᠢᠯᠡᠨ ᠮᠡᠳᠡᠭᠦᠯᠥᠭᠴᠢ ᠶᠢᠨ ᠮᠡᠳᠡᠭᠡ ᠵᠠᠩᠬᠢ ᠶᠢ ᠴᠢᠩᠭ᠎ᠠ ᠬᠠᠮᠠᠭᠠᠯᠠᠬᠤ ᠬᠡᠷᠡᠭᠲᠡᠢ᠃ ᠢᠯᠡᠴᠢᠯᠡᠨ ᠮᠡᠳᠡᠭᠦᠯᠬᠦ ᠤᠳᠠᠰᠤ᠄ 0477 —— 7593092᠃       ᠣᠨᠴᠠᠭᠠᠶᠢᠯᠠᠨ ᠮᠡᠳᠡᠭᠳᠡᠪᠡ᠃                                       ᠥᠥᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                                       2018 ᠣᠨ ᠤ 5 ᠰᠠᠷ᠎ᠠ ᠶᠢᠨ 8 ᠤ ᠡᠳᠦᠷ
 
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号