ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠭᠢᠯᠡᠭᠴᠢ ᠡᠾᠧ ᠤᠯᠠᠭᠠᠨ ᠮᠠᠨ ᠤ ᠬᠤᠰᠢᠭᠤᠨ ᠤ ᠭᠡᠤᠭᠡᠳ ᠤᠨ ᠴᠡᠴᠡᠷᠯᠢᠭ᠂ ᠪᠠᠭ᠎ᠠ ᠰᠤᠷᠭᠠᠭᠤᠯᠢ ᠶᠢᠨ ᠰᠤᠷᠭᠠᠨ ᠭᠥᠮᠤᠵᠢᠯ ᠤᠨ ᠤᠳᠤᠭᠢ ᠪᠠᠶᠢᠳᠠᠯ ᠳᠤ ᠲᠤᠰᠬᠠᠢ ᠰᠡᠳᠤᠪᠳᠤ ᠪᠠᠶᠢᠴᠠᠭᠠᠨ ᠰᠤᠳᠤᠯᠤᠯᠳᠠ ᠬᠢᠵᠡᠢ
ᠨᠡᠶᠢᠲᠡᠯᠡᠭᠰᠡᠨ ᠴᠠᠭ᠄
2018-05-03
      ᠣᠶᠢᠷ᠎ᠠ ᠶᠢᠨ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠭᠢᠯᠡᠭᠴᠢ ᠡᠾᠧ ᠤᠯᠠᠭᠠᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶᠠᠨ ᠤ ᠰᠤᠷᠭᠠᠨ ᠭᠥᠮᠤᠵᠢᠯ ᠰᠢᠨᠵᠢᠯᠡᠭᠡ ᠮᠡᠷᠭᠡᠵᠢᠯ ᠰᠤᠶᠤᠯ ᠡᠷᠡᠭᠦᠯ ᠬᠠᠮᠠᠭᠠᠯᠠᠯ ᠤᠨ ᠠᠵᠢᠯᠯᠠᠬᠤ ᠵᠥᠪᠯᠠᠯ᠂ ᠬᠤᠰᠢᠭᠤ ᠰᠤᠷᠭᠠᠨ ᠭᠥᠮᠤᠵᠢᠯ ᠤᠨ ᠲᠤᠪᠴᠢᠶᠠᠨ ᠤ ᠬᠤᠯᠪᠤᠭᠳᠠᠯ ᠪᠥᠭᠦᠢ ᠬᠠᠷᠢᠭᠤᠴᠠᠯᠭᠠᠳᠠᠳ ᠪᠤᠯᠤᠨ ᠤᠨᠴᠠ ᠤᠷᠢᠭᠰᠠᠨ ᠭᠡᠰᠡᠭ ᠬᠤᠳᠠ ᠶᠢᠨ ᠠᠷᠠᠳ ᠤᠨ ᠲᠥᠯᠥᠭᠡᠯᠡᠭᠴᠢ᠂ ᠬᠤᠰᠢᠭᠤ ᠠᠷᠠᠳ ᠤᠨ ᠲᠥᠯᠥᠭᠡᠯᠡᠭᠴᠢ ᠶᠢ ᠲᠠᠭᠠᠭᠤᠯᠤᠨ ᠮᠠᠨ ᠤ ᠬᠤᠰᠢᠭᠤᠨ ᠤ ᠭᠡᠤᠭᠡᠳ ᠤᠨ ᠴᠡᠴᠡᠷᠯᠢᠭ᠂ ᠪᠠᠭ᠎ᠠ ᠰᠤᠷᠭᠠᠭᠤᠯᠢ ᠶᠢᠨ ᠰᠤᠷᠭᠠᠨ ᠭᠥᠮᠤᠵᠢᠯ ᠤᠨ ᠤᠳᠤᠭᠢ ᠪᠠᠶᠢᠳᠠᠯ ᠳᠤ ᠲᠤᠰᠬᠠᠢ ᠰᠡᠳᠤᠪᠳᠤ ᠪᠠᠶᠢᠴᠠᠭᠠᠨ ᠰᠤᠳᠤᠯᠤᠯᠳᠠ ᠭᠢᠭᠰᠡᠨ ᠪᠠᠶᠢᠨ᠎ᠠ᠃      ᠪᠠᠶᠢᠴᠠᠭᠠᠨ ᠰᠤᠳᠤᠯᠤᠯᠳᠠ ᠶᠢᠨ ᠲᠤᠭᠤᠶᠢᠯᠠᠩ ᠤᠨ ᠬᠢᠨ᠂ ᠤᠷᠢᠳ ᠬᠤᠵᠢᠳ ᠥᠥᠰᠢᠨᠵᠤᠤ ᠭᠡᠤᠭᠡᠳ ᠤᠨ ᠴᠡᠴᠡᠷᠯᠢᠭ᠂ ᠴᠠᠭᠠᠠᠨᠠᠭᠤᠷ ᠪᠠᠭ᠎ᠠ ᠰᠤᠷᠭᠠᠭᠤᠯᠢ᠂ ᠲᠤᠭ ᠭᠡᠤᠭᠡᠳ ᠤᠨ ᠴᠡᠴᠡᠷᠯᠢᠭ᠂ ᠯᠧ ᠴᠧᠩ ᠭᠡᠤᠭᠡᠳ ᠤᠨ ᠴᠡᠴᠡᠷᠯᠢᠭ᠂ ᠬᠤᠵᠢᠷᠳᠤ ᠭᠤᠤᠯᠳᠠᠯᠭᠠᠳᠤ ᠪᠠᠭ᠎ᠠ ᠰᠤᠷᠭᠠᠭᠤᠯᠢ᠂ ᠤᠯᠠᠭᠠᠠᠳᠤᠯᠤᠭᠠᠢ ᠭᠡᠤᠭᠡᠳ ᠤᠨ ᠴᠡᠴᠡᠷᠯᠢᠭ᠂ ᠤᠷᠢᠳᠤᠪᠠᠶ᠎ᠠ ᠰᠤᠷᠭᠠᠭᠤᠯᠢ᠂ ᠱᠠᠷᠯᠢᠭ ᠪᠠᠭ᠎ᠠ ᠰᠤᠷᠭᠠᠭᠤᠯᠢ᠂ ᠬᠤᠰᠢᠭᠤ ᠮᠤᠩᠭᠤᠯ ᠥᠨᠳᠤᠰᠤᠳᠠᠨ ᠤ ᠲᠤᠷᠰᠢᠯᠳᠠ  ᠶᠢᠨ ᠪᠠᠭ᠎ᠠ ᠰᠤᠷᠭᠠᠭᠤᠯᠢ᠂ ᠬᠤᠰᠢᠭᠤ ᠲᠥᠷᠪᠡᠳᠤᠭᠡᠷ ᠭᠡᠤᠭᠡᠳ ᠤᠨ ᠴᠡᠴᠡᠷᠯᠢᠭ ᠢᠶᠠᠷ ᠭᠥᠷᠴᠤ ᠪᠠᠶᠢᠴᠠᠭᠠᠨ ᠰᠤᠳᠤᠯᠤᠯᠳᠠ ᠬᠢᠬᠦ ᠶᠢᠨ ᠬᠠᠮᠲᠣ ᠡᠯ᠎ᠠ ᠰᠤᠷᠭᠠᠭᠤᠯᠢ ᠶᠢᠨ ᠬᠠᠷᠢᠭᠤᠴᠠᠯᠭᠠᠳᠠᠨ ᠤ ᠬᠠᠷᠢᠭᠤ ᠮᠡᠳᠡᠭᠦᠯᠥᠯᠳᠠ ᠶᠢ ᠰᠣᠨᠣᠰᠴᠤ ᠪᠠᠭᠰᠢ ᠨᠠᠷ ᠤᠨ ᠭᠢᠴᠢᠶᠠᠯ ᠵᠢᠭᠠᠬᠤ ᠲᠤᠬᠠᠢ ᠶᠢᠨ ᠲᠠᠯᠠᠪᠠᠢ ᠪᠠᠷ ᠪᠠᠶᠢᠴᠠᠭᠠᠨ ᠥᠵᠡᠭᠰᠠᠨ ᠪᠠᠶᠢᠨ᠎ᠠ᠃ ᠪᠠᠶᠢᠴᠠᠭᠠᠨ ᠰᠤᠳᠤᠯᠤᠯᠳᠠ ᠶᠢᠨ ᠲᠠᠷᠠᠭ᠎ᠠ᠂ ᠬᠤᠰᠢᠭᠤ ᠰᠤᠷᠭᠠᠨ ᠭᠥᠮᠤᠵᠢᠯ ᠤᠨ ᠲᠤᠪᠴᠢᠶᠠᠨ ᠳᠤ ᠰᠠᠭᠤᠳᠠᠯ ᠤᠨ ᠬᠤᠷᠠᠯ ᠬᠤᠷᠠᠯᠳᠤᠭᠤᠯᠵᠤ᠂ ᠰᠤᠷᠭᠠᠨ ᠭᠥᠮᠤᠵᠢᠯ ᠤᠨ ᠡᠯ᠎ᠠ ᠡᠳᠡᠭᠡᠳ ᠤᠨ ᠬᠢᠨ ᠠᠴᠠ ᠴᠡᠴᠡᠷᠯᠢᠭ ᠪᠠᠭ᠎ᠠ ᠰᠤᠷᠭᠠᠭᠤᠯᠢ ᠶᠢᠨ ᠭᠥᠭᠵᠯᠳᠠ ᠶᠢᠨ ᠲᠤᠬᠠᠢ ᠰᠠᠨᠠᠯ ᠬᠤᠷᠢᠶᠠᠭᠰᠠᠨ ᠪᠠᠶᠢᠨ᠎ᠠ᠃      ᠬᠤᠷᠠᠯ ᠲᠡᠭᠡᠷ᠎ᠡ᠂ ᠡᠾᠧ ᠤᠯᠠᠭᠠᠨ ᠲᠤᠰ ᠤᠳᠠᠭᠠᠨ ᠤ ᠪᠠᠶᠢᠴᠠᠭᠠᠨ ᠰᠤᠳᠤᠯᠤᠯᠳᠠ ᠶᠢᠨ ᠵᠤᠷᠢᠯᠭ᠎ᠠ ᠳᠤ ᠲᠤᠳᠤᠷᠬᠠᠶᠢᠯᠠᠯᠳᠠ ᠭᠢᠵᠤ᠂ ᠬᠤᠰᠢᠭᠤ ᠰᠤᠷᠭᠠᠨ ᠭᠥᠮᠤᠵᠢᠯ ᠤᠨ ᠬᠠᠷᠢᠭᠤᠴᠠᠯᠭᠠᠳᠠᠨ ᠠᠴᠠ ᠮᠠᠨ ᠤ ᠬᠤᠰᠢᠭᠤᠨ ᠤ ᠪᠠᠭ᠎ᠠ ᠰᠤᠷᠭᠠᠭᠤᠯᠢ ᠴᠡᠴᠡᠷᠯᠢᠭ ᠤᠨ ᠭᠥᠭᠵᠢᠯᠳᠠ ᠶᠢᠨ ᠪᠠᠶᠢᠳᠠᠯ ᠳᠤ ᠬᠠᠷᠢᠭᠤ ᠮᠡᠳᠡᠭᠦᠯᠥᠯᠳᠠ ᠬᠢᠭᠰᠡᠨ ᠪᠥᠭᠡᠳ ᠰᠤᠷᠭᠠᠭᠤᠯᠢ ᠶᠢᠨ ᠲᠠᠷᠤᠭ᠎ᠠ᠂ ᠪᠠᠭᠰᠢ ᠨᠠᠷ ᠤᠨ ᠲᠥᠯᠥᠭᠡᠯᠡᠭᠴᠢ᠂ ᠭᠡᠷ ᠤᠨ ᠠᠬᠠᠮᠠᠳ ᠤᠨ ᠲᠥᠯᠥᠭᠡᠯᠡᠭᠴᠢ ᠠᠴᠠ ᠮᠠᠨ ᠤ ᠬᠤᠰᠢᠭᠤᠨ ᠤ ᠴᠡᠴᠡᠷᠯᠢᠭ᠂ ᠪᠠᠭ᠎ᠠ ᠰᠤᠷᠭᠠᠭᠤᠯᠢ ᠶᠢᠨ ᠭᠥᠭᠵᠢᠯᠳᠠ ᠲᠤᠮᠳᠠ ᠤᠷᠤᠰᠢᠵᠤ ᠪᠠᠶᠢᠭ᠎ᠠ ᠠᠰᠠᠭᠤᠳᠠᠯ ᠤᠨ ᠲᠤᠬᠠᠢ ᠰᠤᠯᠢᠯᠴᠠᠭ᠎ᠠ ᠥᠷᠨᠢᠭᠦᠯᠦᠨ ᠤᠯᠠᠨ ᠠᠷᠪᠢᠨ ᠰᠠᠨᠠᠯ ᠰᠠᠨᠠᠭᠤᠯᠭ᠎ᠠ ᠪᠠᠨ ᠳᠡᠪᠰᠢᠬᠦᠯᠦᠭᠰᠡᠨ ᠪᠠᠶᠢᠨ᠎ᠠ᠃      ᠡᠾᠧ ᠤᠯᠠᠭᠠᠨ ᠵᠢᠭᠠᠵᠤ ᠭᠠᠷᠭᠠᠬᠤ ᠳᠤ ᠪᠠᠨ᠂ ᠮᠠᠨ ᠤ ᠬᠤᠰᠢᠭᠤᠨ ᠤ ᠰᠤᠷᠭᠠᠨ ᠭᠥᠮᠤᠵᠢᠯ ᠤᠨ ᠠᠵᠢᠯ ᠳᠤ ᠪᠠᠭᠰᠢ ᠨᠠᠷ ᠭᠥᠷᠤᠯᠴᠠᠭᠦ ᠥᠭᠡᠢ᠂ ᠥᠨᠳᠤᠰᠤᠨ ᠱᠠᠳᠤᠨ ᠤ ᠪᠠᠭᠰᠢ ᠨᠠᠷ ᠤᠨ ᠰᠢᠯᠵᠢᠯᠳᠠ ᠶᠢᠨ ᠴᠢᠨᠠᠷ ᠶᠡᠭᠡ ᠵᠡᠷᠭᠡ ᠠᠰᠠᠭᠤᠳᠠᠯ ᠤᠷᠤᠰᠢᠵᠤ ᠪᠠᠶᠢᠭ᠎ᠠ ᠪᠤᠯᠬᠤᠷ ᠡᠯ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ᠂ ᠲᠡᠭᠡᠳᠤ ᠭᠡᠮᠵᠢᠶ᠎ᠠ ᠪᠠᠷ ᠭᠥᠨᠳᠤᠳᠭᠡᠨ ᠥᠵᠠᠵᠤ ᠭᠥᠨᠵᠡᠭᠡᠢ ᠰᠤᠳᠤᠯᠤᠨ ᠠᠷᠭ᠎ᠠ ᠭᠡᠮᠵᠢᠶ᠎ᠠ ᠠᠪᠴᠤ᠂ ᠨᠠᠶᠢᠭᠡᠮ ᠤᠨ ᠭᠥᠭᠵᠢᠯᠳᠠ ᠪᠤᠯᠤᠨ ᠰᠤᠷᠭᠠᠨ ᠭᠥᠮᠤᠵᠢᠯ ᠳᠤ ᠡᠭᠦᠰᠥᠭᠰᠠᠨ ᠵᠥᠷᠢᠴᠠᠯ ᠢ ᠠᠯᠬᠤᠮ ᠠᠯᠬᠤᠮ ᠢᠶᠠᠷ ᠰᠢᠢᠳᠪᠦᠷᠢᠯᠡᠬᠦ ᠭᠡᠷᠡᠭᠳᠠᠢ᠃ ᠪᠤᠯᠪᠰᠤᠷᠠᠯ  ᠢ ᠴᠢᠩᠭᠠᠳᠬᠠᠬᠤ ᠪᠠᠷ ᠲᠠᠮᠵᠢᠭᠤᠯᠤᠨ᠂ ᠪᠠᠭᠰᠠᠢ ᠶᠢᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠬᠤ ᠭᠡᠷᠡᠭᠳᠠᠢ᠃ ᠪᠥᠭᠦ ᠬᠤᠰᠢᠭᠤᠨ ᠤ ᠪᠥᠭᠦᠯᠢ ᠴᠤᠭᠴᠠ ᠶᠢᠨ ᠰᠤᠷᠭᠠᠨ ᠭᠥᠮᠤᠵᠢᠯ ᠤᠨ ᠭᠢᠷᠢ ᠲᠥᠪᠰᠢᠨ ᠢ ᠤᠯᠠᠮ ᠨᠢᠭᠡ ᠠᠯᠬᠤᠮ ᠲᠡᠭᠡᠭᠰᠢᠯᠡᠭᠦᠯᠵᠤ᠂ ᠤᠶᠢᠷ᠎ᠠ ᠬᠠᠪᠢ ᠶᠢᠨ ᠲᠠᠷᠢᠭᠦᠨ ᠤ ᠭᠠᠵᠠᠷ ᠤᠷᠤᠨ ᠤ ᠰᠤᠷᠭᠠᠭᠤᠯᠢ ᠡᠷᠭᠢᠯᠠᠭᠦ ᠤᠨᠤᠯᠵᠢᠭᠤᠨ ᠢᠶᠠᠷ ᠲᠤᠯᠢ ᠪᠤᠯᠭᠠᠨ᠂ ᠰᠤᠷᠭᠠᠨ ᠭᠥᠮᠤᠵᠢᠯ ᠤᠨ ᠴᠢᠨᠠᠷ ᠴᠢᠨᠰᠠᠭ᠎ᠠ ᠲᠡᠩᠴᠠᠭᠦᠷᠢ ᠥᠭᠡᠢ ᠠᠰᠠᠭᠤᠳᠠᠯ ᠢ ᠵᠤᠭᠢᠰᠳᠠᠢ ᠰᠢᠢᠳᠪᠦᠷᠢᠯᠡᠵᠦ᠂ ᠥᠷᠭᠡᠨ ᠤᠯᠠᠨ ᠠᠷᠠᠳ ᠲᠥᠮᠡᠨ ᠤ ᠬᠠᠨᠤᠮᠵᠢ ᠶᠢᠨ ᠭᠡᠮᠵᠢᠶ᠎ᠠ ᠶᠢ ᠲᠡᠭᠡᠭᠰᠢᠯᠡᠭᠦᠯᠭᠦ ᠭᠡᠷᠡᠭᠳᠠᠢ ᠭᠡᠵᠡᠢ᠃ ᠲᠠᠷᠠ ᠵᠢᠭᠠᠵᠤ ᠭᠠᠷᠭᠠᠬᠤ ᠳᠤ ᠪᠠᠨ᠂ ᠬᠤᠰᠢᠭᠤ ᠠᠷᠠᠳ ᠤᠨ ᠲᠥᠯᠥᠭᠡᠯᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠢᠨᠠᠯᠳᠠ ᠲᠠᠯᠪᠢᠬᠤ ᠥᠢᠯᠡᠳᠤᠯ  ᠢᠶᠠᠨ ᠭᠥᠢᠴᠡᠳ ᠪᠠᠳᠠᠷᠠᠭᠤᠯᠵᠤ᠂ ᠠᠷᠠᠳ ᠤᠨ ᠲᠥᠯᠥᠭᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠨ᠂ ᠬᠠᠮᠳᠤ ᠪᠠᠷ ᠴᠢᠷᠮᠠᠶᠢᠵᠤ᠂ ᠲᠥᠪ᠂ ᠥᠪᠡᠷᠳᠡᠭᠡᠨ ᠵᠠᠰᠠᠬᠤ ᠤᠷᠤᠨ᠂ ᠬᠤᠳᠠ ᠪᠤᠯᠤᠨ ᠬᠤᠰᠢᠭᠤᠨ  ᠤ ᠰᠤᠷᠭᠠᠨ ᠭᠥᠮᠤᠵᠢᠯ ᠤᠨ ᠥᠢᠯᠡᠰ ᠤᠨ ᠭᠥᠭᠵᠢᠯᠳᠠ ᠶᠢᠨ ᠡᠯ᠎ᠠ ᠲᠥᠷᠥᠯ ᠤᠨ ᠠᠵᠢᠯ ᠤᠨ ᠡᠭᠦᠷᠭᠡ ᠶᠢ ᠪᠥᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠰᠤᠷᠭᠠᠨ ᠭᠥᠮᠤᠵᠢᠯ ᠤᠨ ᠠᠵᠢᠯ ᠢ ᠳᠠᠰᠤᠷᠠᠯᠲᠠ ᠥᠭᠡᠢ ᠲᠥᠯᠭᠢᠨ ᠠᠭᠢᠭᠤᠯᠵᠤ᠂ ᠰᠢᠨ᠎ᠠ ᠲᠡᠭᠳᠠᠷ ᠲᠤ ᠭᠠᠷᠭᠠᠬᠤ ᠬᠡᠷᠡᠭᠲᠡᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号