ᠥᠪᠡᠷᠳᠡᠭᠡᠨ ᠵᠠᠰᠠᠬᠤ ᠤᠷᠤᠨ ᠤ ᠥᠨᠳᠥᠰᠥᠲᠡᠨ ᠱᠠᠰᠢᠨ ᠰᠤᠷᠲᠠᠬᠤᠨ ᠤ ᠵᠥᠪᠯᠡᠯ ᠤᠨ ᠤᠳᠤᠷᠢᠳᠤᠯᠭ᠎ᠠ ᠯᠢ ᠭᠥᠸᠧ ᠴᠧᠩ ᠨᠠᠷ ᠮᠠᠨ ᠤ ᠬᠤᠰᠢᠭᠤᠨ ᠳᠤ ᠢᠷᠡᠵᠥ ᠴᠥᠭᠡᠨ ᠲᠤᠭᠠᠲᠤ ᠥᠨᠳᠥᠰᠥᠲᠡᠨ ᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2018-05-03
      ᠣᠶᠢᠷ᠎ᠠ ᠶᠢᠨ ᠡᠳᠦᠷ᠂ ᠤᠳᠤᠬᠠᠨ ᠤ ᠪᠥᠬᠦ ᠤᠷᠤᠨ ᠤ ᠴᠥᠭᠡᠨ ᠲᠤᠭᠠᠲᠤ ᠥᠨᠳᠥᠰᠥᠲᠡᠨ ᠤ ᠴᠤᠭᠯᠠᠷᠠᠨ ᠰᠠᠭᠤᠷᠢᠰᠢᠭᠰᠠᠨ ᠭᠠᠵᠠᠷ ᠤᠷᠤᠨ ᠤ ᠬᠥᠭᠵᠢᠯᠲᠡ ᠶᠢᠨ ᠤᠳᠤᠬᠢ ᠪᠠᠶᠢᠳᠠᠯ᠂ ᠵᠦᠷᠢᠶ᠎ᠠ ᠲᠠᠢ ᠪᠠᠷ ᠲᠡᠮᠵᠢᠬᠦ ᠲᠥᠷᠥ ᠶᠢᠨ ᠪᠤᠳᠤᠯᠭ᠎ᠠ ᠶᠢ ᠲᠠᠰᠤᠷᠠᠯᠲᠠ ᠥᠭᠡᠢ ᠲᠡᠭᠦᠯᠳᠡᠷᠵᠢᠭᠦᠯᠬᠦ ᠶᠢ ᠬᠥᠨᠵᠡᠭᠡᠢ ᠣᠶᠢᠯᠠᠭᠠᠬᠤ ᠶᠢᠨ ᠲᠥᠯᠥᠭᠡ᠂ ᠥᠪᠡᠷᠳᠡᠭᠡᠨ ᠵᠠᠰᠠᠬᠤ ᠤᠷᠤᠨ ᠤ ᠥᠨᠳᠥᠰᠥᠲᠡᠨ ᠱᠠᠰᠢᠨ ᠰᠤᠷᠲᠠᠬᠤᠨ ᠤ ᠵᠥᠪᠯᠡᠯ ᠤᠨ ᠲᠡᠳ᠋ ᠡᠷᠬᠢᠯᠡᠭᠴᠢ ᠯᠢ ᠭᠥᠸᠧ ᠴᠧᠩ ᠨᠠᠷ ᠮᠠᠨ ᠤ ᠬᠤᠰᠢᠭᠤᠨ ᠳᠤ ᠢᠷᠡᠵᠥ ᠪᠠᠶᠢᠴᠠᠭᠠᠨ ᠰᠤᠳᠤᠯᠪᠠ᠃      ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠰᠢᠭᠤᠨ ᠤ ᠴᠥᠭᠡᠨ ᠲᠤᠭᠠᠲᠤ ᠥᠨᠳᠥᠰᠥᠲᠡᠨ ᠴᠤᠭᠯᠠᠷᠠᠨ ᠰᠠᠭᠤᠷᠢᠰᠢᠭᠰᠠᠨ ᠭᠠᠵᠠᠷ ᠤᠷᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠤᠳᠤᠬᠢ ᠪᠠᠶᠢᠳᠠᠯ᠂ ᠬᠥᠭᠵᠢᠯᠲᠡ ᠶᠢᠨ ᠲᠠᠪᠠᠭᠤᠯᠢᠭ ᠪᠠ ᠬᠥᠭᠵᠢᠯᠲᠡ ᠶᠢᠨ ᠰᠡᠳᠬᠢᠮᠵᠢ ᠵᠢᠴᠢ ᠴᠥᠭᠡᠨ ᠲᠤᠭᠠᠲᠤ ᠥᠨᠳᠥᠰᠥᠲᠡᠨ ᠤ ᠤᠯᠠᠨ ᠲᠥᠮᠡᠨ ᠤ ᠥᠢᠯᠡᠳᠪᠥᠷᠢᠯᠡᠯ ᠠᠮᠢᠳᠤᠷᠠᠯ ᠵᠢᠴᠢ ᠰᠢᠨ᠎ᠡ ᠶᠢ ᠡᠭᠦᠳᠥᠨ ᠥᠢᠯᠡᠰ ᠪᠤᠰᠬᠠᠵᠤ ᠪᠠᠶᠢᠭ᠎ᠠ ᠵᠡᠷᠭᠡ ᠪᠠᠶᠢᠳᠠᠯ ᠢᠶᠠᠷ ᠭᠤᠤᠯᠳᠠᠯᠭ᠎ᠠ ᠪᠤᠯᠭᠠᠵᠤ᠂ ᠲᠤᠬᠠᠢ ᠶᠢᠨ ᠭᠠᠵᠠᠷ ᠲᠤ ᠨᠢ ᠰᠢᠨᠵᠢᠯᠡᠨ ᠪᠠᠶᠢᠴᠠᠭᠠᠬᠤ᠂ ᠮᠡᠳᠡᠭᠦᠯᠥᠯᠲᠡ ᠶᠢ ᠰᠤᠨᠤᠰᠬᠤ᠂ ᠰᠠᠭᠤᠳᠠᠯ ᠤᠨ ᠬᠤᠷᠠᠯ ᠬᠤᠷᠠᠯᠳᠤᠬᠤ ᠵᠡᠷᠭᠡ ᠠᠷᠭ᠎ᠠ ᠮᠠᠶ᠋ᠢᠭ ᠢᠶᠠᠷ ᠲᠠᠮᠵᠢᠵᠤ᠂ ᠤᠷᠢᠳ ᠬᠤᠵᠢᠳ ᠮᠠᠯᠵᠢᠬᠤ ᠳ᠋ᠠᠵᠠᠢ ᠥᠥᠰᠢᠨᠵᠤᠤ᠂ ᠰᠥᠯᠲᠡ ᠰᠤᠮᠤᠨ ᠤ ᠲᠤᠭᠤᠷᠢᠮ ᠭᠠᠴᠠᠭ᠎ᠠ᠂ ᠥᠥᠰᠢᠨ ᠬᠤᠰᠢᠭᠤᠨ ᠤ ᠰᠤᠶᠤᠯ ᠤᠨ ᠪᠥᠲᠥᠭᠡᠯᠳᠠ ᠠᠵᠤ ᠥᠢᠯᠡᠰ ᠤᠨ ᠬᠥᠷᠢᠶᠡᠯᠡᠩ ᠪᠠ ᠶᠡᠭᠡ ᠰᠤᠷᠭᠠᠭᠤᠯᠢ ᠶᠢᠨ ᠥᠢᠯᠡᠰ ᠪᠤᠰᠬᠠᠬᠤ ᠬᠥᠷᠢᠶᠡᠯᠡᠩ ᠵᠡᠷᠭᠡ ᠭᠠᠵᠠᠷ ᠲᠤ ᠪᠠᠶᠢᠴᠠᠭᠠᠨ ᠰᠤᠳᠤᠯᠤᠯᠲᠠ ᠬᠢᠭᠰᠡᠨ ᠮᠥᠷᠲᠡᠭᠡᠨ ᠬᠤᠰᠢᠭᠤ ᠵᠠᠰᠠᠭ ᠵᠠᠬᠢᠷᠠᠭᠠᠨ ᠤ ᠥᠢᠯᠡᠴᠢᠯᠡᠭᠡᠨ ᠤ ᠲᠥᠪ ᠲᠤ ᠮᠡᠳᠡᠭᠦᠯᠥᠯᠲᠡ ᠶᠢᠨ ᠬᠤᠷᠠᠯ ᠬᠤᠷᠠᠯᠳᠤᠪᠠ᠃ ᠬᠤᠲᠠ ᠶᠢᠨ ᠥᠨᠳᠥᠰᠥᠲᠡᠨ ᠱᠠᠰᠢᠨ ᠰᠤᠷᠲᠠᠬᠤᠨ ᠤ ᠵᠥᠪᠯᠡᠯ ᠤᠨ ᠡᠷᠬᠢᠯᠡᠭᠴᠢ ᠯᠧᠢ ᠰᠡᠷᠡᠩ ᠪᠠᠷᠠᠳᠠᠨ ᠪᠠᠶᠢᠴᠠᠭᠠᠨ ᠰᠤᠳᠤᠯᠤᠯᠲᠠ ᠬᠢᠵᠤ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠥᠮᠡᠯ ᠹᠷᠥᠨᠲ ᠤᠨ ᠲᠠᠷᠤᠭ᠎ᠠ ᠠᠯᠲᠠᠨᠲᠤᠶᠠᠭ᠎ᠠ᠂ ᠵᠠᠰᠠᠭ ᠤᠨ ᠤᠷᠳᠤᠨ ᠤ ᠲᠡᠳ᠋ ᠬᠤᠰᠢᠭᠤ ᠲᠠᠷᠤᠭ᠎ᠠ᠂ ᠡᠳ᠋ ᠤᠨ ᠵᠠᠰᠠᠭ ᠤᠨ ᠲᠤᠪᠴᠢᠶᠠᠨ ᠲᠠᠷᠤᠭ᠎ᠠ ᠪᠠᠶᠠᠨᠴᠡᠩᠭᠡᠯ᠂ ᠬᠤᠰᠢᠭᠤ ᠥᠨᠳᠥᠰᠥᠲᠡᠨ ᠱᠠᠰᠢᠨ ᠰᠤᠷᠲᠠᠬᠤᠨ ᠤ ᠲᠤᠪᠴᠢᠶ᠎ᠠ ᠪᠠ ᠰᠤᠮᠤ ᠪᠠᠯᠭᠠᠰᠤᠨ ᠤ ᠭᠤᠤᠯ ᠬᠠᠷᠢᠭᠤᠴᠠᠯᠭᠠᠲᠠᠨ ᠵᠢᠴᠢ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠥᠬᠦᠢ ᠰᠠᠯᠠᠭ᠎ᠠ ᠮᠥᠴᠢᠷ ᠤᠨ ᠬᠠᠮᠢᠶ᠎ᠠ ᠪᠥᠬᠦᠢ ᠬᠠᠷᠢᠭᠤᠴᠠᠯᠭᠠᠲᠠᠨ ᠪᠠᠷᠠᠲᠠᠬᠰᠠᠨ ᠪᠠ ᠮᠡᠳᠡᠭᠦᠯᠥᠯᠲᠡ ᠶᠢᠨ ᠬᠤᠷᠠᠯ ᠳᠤ ᠤᠷᠤᠯᠴᠠᠪᠠ᠃      ᠬᠤᠷᠠᠯ ᠲᠡᠭᠡᠷ᠎ᠡ᠂ ᠪᠠᠶᠠᠨᠴᠡᠩᠭᠡᠯ ᠮᠠᠨ ᠤ ᠬᠤᠰᠢᠭᠤᠨ ᠤ ᠥᠨᠳᠥᠰᠥᠲᠡᠨ ᠱᠠᠰᠢᠨ ᠰᠤᠷᠳᠠᠬᠤᠨ ᠤ ᠠᠵᠢᠯ ᠳᠤ ᠪᠥᠬᠦᠯᠢ ᠴᠤᠭᠴᠠ ᠶᠢᠨ ᠲᠠᠯ᠎ᠠ ᠠᠴᠠ ᠮᠡᠳᠡᠭᠦᠯᠥᠯᠲᠡ ᠬᠢᠵᠥ᠂ ᠡᠯ᠎ᠡ ᠬᠤᠯᠪᠤᠭᠳᠠᠯ ᠪᠥᠬᠦᠢ ᠰᠠᠯᠠᠭ᠎ᠠ ᠮᠥᠴᠢᠷ ᠠᠴᠠ ᠨᠥᠬᠦᠪᠥᠷᠢᠯᠡᠨ ᠮᠡᠳᠡᠭᠦᠯᠥᠯᠲᠡ ᠬᠢᠭᠰᠡᠨ ᠪᠠᠶᠢᠨ᠎ᠠ᠃ ᠬᠤᠷᠠᠯ ᠳᠤ ᠤᠷᠤᠯᠴᠠᠭᠰᠠᠳ ᠮᠠᠨ ᠤ ᠬᠤᠰᠢᠭᠤᠨ ᠤ ᠪᠤᠲᠠᠳᠤ ᠪᠠᠶᠢᠳᠠᠯ ᠢ ᠥᠨᠳᠥᠰᠥᠯᠡᠨ᠂ ᠠᠰᠠᠭᠤᠳᠠᠯ ᠢᠶᠠᠷ ᠵᠢᠯᠤᠭᠤᠳᠤᠮᠵᠢ ᠪᠤᠯᠭᠠᠵᠤ᠂ ᠥᠨᠳᠥᠰᠥᠲᠡᠨ ᠱᠠᠰᠢᠨ ᠰᠤᠷᠳᠠᠬᠤᠨ ᠤ ᠠᠵᠢᠯ ᠳᠤ ᠤᠷᠤᠰᠢᠵᠤ ᠪᠠᠶᠢᠭ᠎ᠠ ᠠᠰᠠᠭᠤᠳᠠᠯ ᠳᠤ ᠲᠤᠲᠤᠷᠬᠠᠶᠢᠯᠠᠯᠲᠠ ᠬᠢᠭᠰᠡᠨ ᠮᠥᠷᠲᠡᠭᠡᠨ ᠥᠨᠳᠥᠰᠥᠲᠡᠨ ᠤ ᠭᠠᠵᠠᠷ ᠤᠷᠤᠨ ᠤ ᠬᠥᠭᠵᠢᠯᠲᠡ ᠶᠢ ᠲᠡᠮᠵᠢᠬᠦ ᠲᠥᠷᠥ ᠶᠢᠨ ᠪᠤᠳᠤᠯᠭ᠎ᠠ ᠶᠢ ᠲᠡᠭᠦᠯᠳᠡᠷᠵᠢᠭᠦᠯᠬᠦ ᠳᠤ ᠠᠷᠭ᠎ᠠ ᠪᠤᠳᠤᠯᠭ᠎ᠠ ᠪᠠ ᠰᠠᠨᠠᠭᠤᠯᠭ᠎ᠠ ᠲᠡᠪᠰᠢᠭᠦᠯᠪᠡ᠃      ᠯᠢ ᠭᠥᠸᠧ ᠴᠧᠩ ᠨᠠᠷ ᠢᠯᠡᠷᠬᠡᠶᠢᠯᠡᠬᠦ ᠳᠤ ᠪᠠᠨ᠂ ᠥᠥᠰᠢᠨ ᠬᠤᠰᠢᠭᠤᠨ ᠤ ᠠᠵᠤ ᠠᠬᠤᠢ ᠨᠠᠶᠢᠭᠡᠮ ᠤᠨ ᠬᠥᠭᠵᠢᠯᠲᠡ ᠲᠥᠷᠭᠡᠨ ᠪᠠᠶᠢᠵᠤ᠂ ᠥᠨᠳᠥᠰᠥᠲᠡᠨ ᠤ ᠰᠤᠶᠤᠯ ᠤᠨ ᠠᠵᠢᠯ ᠢ ᠤᠷᠤᠭᠰᠢᠲᠠᠢ ᠬᠥᠭᠵᠢᠭᠦᠯᠵᠥ᠂ ᠢᠯᠡᠳᠳᠡ ᠪᠥᠲᠥᠮᠵᠢ ᠤᠯᠪᠠ᠃ ᠥᠪᠡᠷᠳᠡᠭᠡᠨ ᠵᠠᠰᠠᠬᠤ ᠤᠷᠤᠨ ᠠᠴᠠ ᠴᠠᠭ ᠤᠨ ᠪᠠᠶᠢᠳᠠᠯ ᠤᠨ ᠬᠤᠪᠢᠷᠠᠯᠲᠠ ᠪᠠ ᠬᠥᠴᠢᠷ ᠪᠡᠷᠭᠡᠰᠢᠶᠡᠯ ᠲᠠᠢ ᠠᠰᠠᠭᠤᠳᠠᠯ ᠢ ᠥᠨᠳᠥᠰᠥᠯᠡᠨ ᠬᠥᠭᠵᠢᠯᠲᠡ ᠶᠢᠨ ᠬᠤᠯᠪᠤᠬᠳᠠᠯ ᠪᠥᠬᠦᠢ ᠲᠥᠷᠥ ᠶᠢᠨ ᠪᠤᠳᠤᠯᠭ᠎ᠠ ᠶᠢ ᠲᠠᠰᠤᠷᠠᠯᠲᠠ ᠥᠭᠡᠢ ᠲᠥᠷᠭᠡᠳᠭᠡᠨ ᠲᠡᠭᠦᠯᠳᠡᠷᠵᠢᠭᠦᠯᠵᠥ᠂ ᠲᠡᠳᠬᠦᠬᠦ ᠲᠥᠷᠥ ᠶᠢᠨ ᠪᠤᠳᠤᠯᠭ᠎ᠠ ᠶᠢ ᠬᠡᠷᠡᠭᠵᠢᠭᠦᠯᠬᠦ ᠰᠠᠨᠠᠯ ᠨᠢ ᠥᠨᠳᠥᠰᠥᠨ ᠱᠠᠲᠤ ᠪᠤᠯᠤᠨ ᠪᠤᠲᠠᠲᠠᠢ ᠳᠤ ᠲᠤᠬᠢᠷᠠᠵᠤ᠂ ᠤᠯᠠᠮ ᠥᠢᠯᠡᠳᠤᠯᠭᠡᠳᠤ ᠴᠢᠨᠠᠷ ᠲᠠᠢ ᠪᠤᠯᠪᠠ ᠭᠡᠪᠡ᠃
 
ᠢᠷᠡᠯᠲᠡ᠄ ︽ᠨᠣᠮᠢᠨ ᠳᠠᠩᠰᠤᠭ ᠦᠣᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号