ᠬᠤᠰᠢᠭᠤ ᠠᠷᠠᠳ ᠤᠨ ᠵᠠᠰᠠᠭ ᠤᠨ ᠤᠷᠳᠤᠨ ᠤ 2018 ᠤᠨ ᠤ ᠲᠦᠷᠪᠡᠳᠤᠭᠡᠷ ᠤᠳᠠᠭᠠᠨ ᠤ ᠪᠠᠶᠢᠩᠭᠤ ᠶᠢᠨ ᠠᠵᠢᠯ  ᠤᠨ ᠬᠤᠷᠠᠯ ᠬᠤᠷᠠᠯᠳᠣᠭᠰᠠᠨ ᠪᠠᠶᠢᠨ᠎ᠠ
ᠨᠡᠶᠢᠲᠡᠯᠡᠭᠰᠡᠨ ᠴᠠᠭ᠄
2018-05-03
      ᠣᠶᠢᠷ᠎ᠠ ᠶᠢᠨ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠲᠠᠷᠤᠭ᠎ᠠ ᠴᠢᠶᠤᠤ ᠶᠦᠨ ᠯᠢ ᠬᠤᠰᠢᠭᠤ ᠵᠠᠰᠠᠭ ᠤᠨ ᠤᠷᠳᠤᠨ ᠤ 2018 ᠤᠨ ᠤ ᠲᠦᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠭᠤᠷᠪᠠᠨ ᠶᠡᠭᠡ ᠪᠠᠬᠢᠯᠡᠯᠳᠡ ᠶᠢ ᠰᠢᠪᠳᠤᠯᠬᠤ ᠲᠠᠶᠢᠯᠠᠯᠳᠤᠭᠠᠨ ᠤ ᠠᠬᠢᠴᠨ ᠶᠢᠨ ᠬᠠᠷᠢᠭᠤ ᠮᠡᠳᠡᠭᠦᠯᠦᠯᠳᠠ ᠶᠢ ᠰᠤᠨᠤᠰᠴᠤ᠂ ᠤᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠳᠤ ᠪᠠᠨ ᠪᠠᠶᠢᠷᠢᠯᠠᠭᠤᠯᠤᠯᠳᠠ ᠬᠢᠭᠰᠡᠨ ᠪᠠᠶᠢᠨ᠎ᠠ᠃ ᠬᠤᠰᠢᠭᠤ ᠤᠳᠤᠷᠢᠳᠤᠯᠭ᠎ᠠ ᠴᠢᠶᠤᠤ ᠠᠢ ᠫᠢᠩ᠂ ᠵᠠᠩ ᡁᠢ ᠰᠢᠦ᠋ᠩ᠂ ᠹᠧᠩ ᡁᠢ ᠮᠢᠩ᠂ ᠭᠤᠤ ᠬᠤ᠋᠂ ᠵᠸᠤ ᠱᠤᠸᠠᠢ᠂ ᠪᠠᠶᠠᠨᠴᠡᠩᠭᠡᠯ᠂ ᠪᠠᠶᠠᠨᠴᠢᠮᠡᠭ᠂ ᠯᠢ ᠵᠢᠶᠠᠨ ᠱᠢ ᠵᠢᠴᠢ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ᠂ ᠬᠦᠭᠵᠢᠭᠦᠯᠦᠯᠳᠡ ᠦᠭᠡᠷᠡᠴᠢᠯᠡᠯᠳᠠ ᠶᠢᠨ ᠲᠤᠪᠴᠢᠶ᠎ᠠ᠂ ᠲᠤᠭ᠎ᠠ ᠪᠦᠷᠢᠳᠭᠡᠯ ᠤᠨ ᠲᠤᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃      ᠬᠤᠷᠠᠯ ᠲᠡᠭᠡᠷ᠎ᠡ᠂ ᠬᠤᠰᠢᠭᠤ ᠡᠳ᠋ ᠤᠨ ᠵᠠᠰᠠᠭ ᠤᠨ ᠲᠤᠪᠴᠢᠶ᠎ᠠ᠂ ᠶᠠᠳᠠᠭᠤ ᠶᠢ ᠲᠡᠳᠭᠦᠨ ᠨᠡᠭᠡᠭᠡᠯᠳᠡ ᠬᠢᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠪ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠪᠴᠢᠶ᠎ᠠ ᠶᠢᠨ ᠬᠠᠷᠢᠭᠤᠴᠠᠯᠭᠠᠳᠠᠨ ᠠᠴᠠ ᠲᠤᠰ ᠲᠤᠰ ᠵᠠᠰᠠᠭ ᠤᠨ ᠤᠷᠳᠤᠨ ᠤ ᠦᠷᠢ ᠰᠢᠷᠢ ᠶᠢ ᠢᠯᠭᠠᠷᠠᠭᠤᠯᠬᠤ᠂ ᠤᠨᠤᠪᠴᠢᠳᠠᠢ ᠪᠠᠷ ᠶᠠᠳᠠᠭᠤ ᠶᠢ ᠲᠡᠳᠬᠦᠬᠦ᠂ ᠪᠤᠬᠢᠷᠳᠤᠯ ᠢ ᠰᠡᠷᠬᠡᠶᠢᠯᠡᠨ ᠵᠠᠰᠠᠬᠤ ᠵᠡᠷᠭᠡ ᠠᠵᠢᠯ ᠢᠶᠠᠨ ᠬᠠᠷᠢᠭᠤ ᠮᠡᠳᠡᠭᠦᠯᠪᠡ᠃      ᠬᠤᠷᠠᠯ ᠠᠴᠠ ᠵᠢᠭᠠᠬᠤ ᠳᠤ ᠪᠠᠨ᠂ ᠭᠤᠷᠪᠠᠨ ᠶᠡᠭᠡ ᠪᠠᠬᠢᠯᠡᠯᠳᠠ ᠶᠢ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠬᠦ ᠨᠢ ᠤᠳᠤᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠨ ᠶᠡᠭᠡ ᠤᠯᠤᠰ ᠲᠦᠷᠤ ᠶᠢᠨ ᠡᠭᠦᠷᠭᠡ ᠪᠠ ᠭᠤᠤᠯᠳᠠᠯᠭ᠎ᠠ ᠲᠠᠢ ᠠᠵᠢᠯ ᠪᠠᠶᠢᠵᠤ᠂ ᠪᠦᠬᠦ ᠬᠤᠰᠢᠭᠤ ᠪᠠᠷ ᠢᠶᠠᠨ ᠲᠡᠭᠡᠳᠤ ᠭᠡᠮᠵᠢᠶ᠎ᠡ ᠪᠠᠷ ᠴᠢᠬᠤᠯᠠᠴᠢᠯᠠᠨ ᠦᠵᠡᠵᠤ᠂ ᠡᠯ᠎ᠡ ᠰᠠᠯᠠᠭ᠎ᠠ ᠮᠦᠴᠢᠷ ᠬᠦᠴᠤ ᠪᠠᠨ ᠬᠠᠮᠳᠤᠳᠬᠠᠨ ᠬᠠᠮᠵᠢᠯᠴᠠᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠠᠵᠢᠯ ᠤᠨ ᠪᠠᠶᠢᠷᠢᠯᠠᠭᠤᠯᠤᠯᠳᠠ ᠪᠠ ᠡᠯ᠎ᠡ ᠲᠦᠷᠦᠯ ᠤᠨ ᠠᠵᠢᠯ ᠤᠨ ᠲᠦᠰᠦᠯ ᠶᠤᠰᠤᠭᠠᠷ ᠠᠵᠢᠯ ᠢᠶᠠᠨ ᠨᠡᠶᠢᠳᠠᠪᠤᠷᠢᠵᠢᠭᠤᠯᠵᠤ᠂ ᠪᠦᠬᠦ ᠵᠢᠯ ᠤᠨ ᠠᠵᠢᠯ ᠤᠨ ᠡᠭᠦᠷᠭᠡ ᠪᠠᠨ ᠲᠤᠭᠳᠠᠭᠰᠠᠨ ᠬᠤᠭᠤᠴᠠᠭᠠᠨ ᠳᠤ ᠪᠠᠨ ᠦᠨᠳᠦᠷ ᠪᠦᠳᠦᠮᠵᠢ ᠲᠠᠢ ᠪᠡᠶᠡᠯᠡᠬᠦᠯᠬᠦ ᠶᠢ ᠪᠠᠳᠤᠯᠠᠬᠤ ᠭᠡᠷᠡᠭᠳᠡᠢ ᠭᠡᠪᠡ᠃      ᠬᠤᠷᠠᠯ ᠠᠴᠠ ᠴᠢᠬᠤᠯᠠᠴᠢᠯᠠᠬᠤ ᠳᠤ ᠪᠠᠨ᠂ ᠡᠯ᠎ᠡ ᠭᠠᠵᠠᠷ ᠤᠷᠤᠨ᠂ ᠡᠯ᠎ᠡ ᠪᠠᠶᠢᠭᠤᠯᠭ᠎ᠠ ᠨᠢᠭᠡᠴᠢ ᠠᠵᠢᠯ ᠤᠨ ᠲᠤᠯᠭᠠᠮ᠎ᠠ ᠲᠦᠷᠦᠭᠳᠡᠯ ᠪᠠ ᠬᠠᠷᠢᠭᠤᠴᠠᠯᠭᠠᠳᠤ ᠰᠡᠳᠬᠢᠯᠭᠡ ᠪᠠᠨ ᠦᠨᠡᠨᠬᠦ ᠴᠢᠩᠭᠠᠳᠬᠠᠨ᠂ ᠢᠨᠵᠧᠨᠧᠷᠢᠩ ᠤᠨ ᠳ᠋ᠦᠩᠨᠡᠨ ᠪᠤᠳᠤᠬᠤ ᠬᠢᠨᠠᠨ ᠪᠤᠳᠤᠯᠳᠠ ᠶᠢᠨ ᠠᠬᠢᠴᠠ ᠪᠠᠨ ᠲᠦᠷᠭᠡᠳᠭᠡᠨ᠂ ᠰᠤᠯᠨ ᠡᠳ᠋ ᠬᠦᠷᠦᠩᠭᠡ ᠶᠢ ᠢᠯᠭᠠᠷᠠᠭᠤᠯᠬᠤ ᠲᠦᠰᠦᠪ ᠤᠨ ᠲᠤᠬᠢᠷᠠᠭᠤᠯᠤᠯᠳᠠ ᠵᠡᠷᠭᠡ ᠠᠷᠭ᠎ᠠ ᠪᠠᠷᠢᠯ ᠢ ᠶᠡᠷᠦᠩᠭᠡᠶᠢᠯᠡᠨ ᠭᠡᠷᠡᠭᠯᠡᠵᠤ᠂ ᠡᠳ᠋ ᠬᠦᠷᠦᠩᠭᠡ ᠶᠢ ᠭᠡᠷᠡᠴᠢ ᠪᠠᠳᠤᠯᠠᠪᠤᠷᠢ ᠪᠤᠯᠭᠠᠬᠤ ᠵᠡᠷᠭᠡ ᠠᠷᠭ᠎ᠠ ᠬᠡᠯᠪᠡᠷᠢ ᠪᠠᠷ ᠵᠠᠰᠠᠭ ᠤᠨ ᠤᠷᠳᠤᠨ ᠤ ᠦᠷᠢ ᠰᠢᠷᠢ ᠶᠢ ᠴᠠᠭ ᠤᠨ ᠲᠠᠷᠠᠭᠠᠯᠠᠯ ᠢᠶᠠᠷ ᠰᠢᠢᠳᠪᠦᠷᠢᠯᠡᠬᠦ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠬᠤ ᠭᠡᠷᠡᠭᠳᠡᠢ᠂ ᠤᠨᠤᠪᠴᠢᠳᠠᠢ ᠪᠠᠷ ᠶᠠᠳᠠᠭᠤ ᠶᠢ ᠲᠡᠳᠬᠦᠬᠦ ᠠᠵᠢᠯ ᠤᠨ ᠶᠡᠭᠡ ᠪᠠᠶᠢᠴᠠᠭᠠᠯᠳᠠ ᠶᠡᠭᠡ ᠴᠡᠭᠴᠡᠯᠡᠯᠲᠡ ᠶᠢᠨ ᠠᠵᠢᠯ ᠢ ᠨᠠᠷᠢᠨ ᠬᠢᠨᠠᠮᠠᠭᠠᠢ ᠰᠠᠶᠢᠳᠤᠷ ᠬᠢᠵᠤ᠂ ︽ᠵᠠᠭᠤᠨ ᠠᠵᠤ ᠠᠬᠤᠶᠢᠯᠠᠯ ᠵᠠᠭᠤᠨ ᠲᠤᠰᠬᠤᠨ ᠢ ᠲᠤᠰᠠᠯᠠᠬᠤ︾ ᠠᠵᠢᠯ ᠢ ᠳᠦᠯᠬᠢᠨ ᠠᠬᠢᠭᠤᠯᠵᠤ᠂ ᠠᠵᠢᠯ ᠦᠢᠯᠡᠰ ᠢᠶᠠᠷ ᠲᠡᠳᠬᠦᠨ ᠲᠡᠮᠵᠢᠬᠦ ᠠᠵᠢᠯ ᠢ ᠰᠠᠶᠢᠳᠤᠷ ᠬᠢᠵᠤ᠂ ᠤᠨᠤᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠤᠨ ᠪᠠᠬᠢᠯᠡᠯᠳᠠ ᠰᠢᠪᠳᠤᠯᠬᠤ ᠠᠵᠢᠯ ᠤᠨ ᠢᠯᠠᠯᠳᠠ ᠶᠢ ᠲᠡᠮᠡᠴᠨᠨ ᠤᠯᠬᠤ ᠭᠡᠷᠡᠭᠳᠡᠢ᠃ ︽ᠬᠦᠭᠡᠮᠳᠦᠭ ᠠᠭᠤᠯᠨ ᠴᠡᠩᠭᠡᠭ ᠤᠰᠤ ᠪᠤᠯ ᠲᠠᠷᠤᠢ ᠠᠯᠳᠠ ᠮᠦᠩᠭᠦᠨ ᠠᠭᠤᠯᠨ ᠮᠦᠨ︾ ᠭᠡᠬᠦ ᠤᠨᠤᠯᠵᠢᠭᠤᠨ ᠢ ᠦᠢᠯᠡᠳᠦᠯᠭᠡᠵᠢᠭᠦᠯᠦᠨ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠢᠨᠠᠨ ᠪᠠᠶᠢᠴᠠᠭᠠᠯᠳᠠ ᠪᠠ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠶᠡᠭᠡ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠤ᠂ ᠵᠢᠯ ᠤᠨ ᠭᠤᠤᠯᠳᠠᠯᠭ᠎ᠠ ᠲᠠᠢ ᠪᠤᠬᠢᠷᠳᠤᠯ ᠢ ᠰᠡᠷᠬᠡᠶᠢᠯᠡᠨ ᠵᠠᠰᠠᠬᠤ ᠪᠠ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠡᠭᠦᠷᠭᠡ ᠶᠢ ᠲᠤᠪᠤᠶᠢᠯᠭᠠᠨ ᠠᠳᠬᠤᠵᠤ᠂ ᠪᠦᠬᠦ ᠬᠦᠴᠦᠨ ᠢᠶᠠᠨ ᠲᠦᠪᠯᠡᠷᠡᠭᠦᠯᠦᠨ ᠪᠤᠬᠢᠷᠳᠤᠯ ᠢ ᠰᠡᠷᠬᠡᠶᠢᠯᠡᠨ ᠵᠠᠰᠠᠬᠤ ᠠᠵᠢᠯ ᠢ ᠰᠡᠶᠢᠳᠤᠷ ᠬᠢᠬᠦ ᠭᠡᠷᠡᠭᠳᠡᠢ ᠭᠡᠪᠡ᠃      ᠬᠤᠷᠠᠯ ᠠᠴᠠ ᠱᠠᠭᠠᠷᠳᠠᠬᠤ ᠳᠤ ᠪᠠᠨ᠂ ᠡᠯ᠎ᠡ ᠱᠠᠳᠤᠨ ᠤ ᠤᠳᠤᠷᠢᠳᠬᠤ ᠺᠠᠳ᠋ᠷ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠬᠠᠷᠠᠯᠳᠠ ᠪᠠᠨ ᠴᠢᠩᠭ᠎ᠠ ᠠᠩᠬᠠᠷᠬᠤ ᠶᠢ ᠪᠠᠷᠢᠮᠳᠠᠯᠠᠵᠤ᠂ ᠠᠵᠢᠯ ᠤᠨ ᠡᠭᠦᠷᠭᠡ ᠪᠠᠨ ᠲᠠᠶᠢᠴᠢᠯᠠᠨ ᠨᠠᠶᠢᠳᠠᠪᠤᠷᠢᠵᠢᠭᠤᠯᠵᠤ᠂ ᠱᠠᠭᠠᠷᠳᠠᠨ ᠪᠠᠶᠢᠴᠠᠭᠠᠬᠤ ᠪᠠᠨ ᠴᠢᠩᠭᠠᠳᠬᠠᠨ᠂ ᠭᠤᠷᠪᠠᠨ ᠶᠡᠭᠡ ᠪᠠᠬᠢᠯᠡᠯᠳᠠ ᠰᠢᠪᠳᠤᠯᠬᠤ ᠲᠠᠶᠢᠯᠠᠯᠳᠤᠭᠠᠨ ᠤ ᠡᠯ᠎ᠡ ᠲᠦᠷᠦᠯ ᠤᠨ ᠠᠵᠢᠯ ᠢᠶᠠᠨ ᠪᠤᠳᠠᠳᠠᠢ ᠲᠡᠭᠡᠷ᠎ᠡ ᠨᠠᠶᠢᠳᠠᠪᠤᠷᠢᠵᠢᠭᠤᠯᠵᠤ᠂ ᠪᠤᠳᠠᠳᠤ ᠦᠷ᠎ᠠ ᠪᠦᠳᠦᠮᠵᠢ ᠤᠯᠬᠤ ᠭᠡᠷᠡᠭᠳᠡᠢ ᠭᠡᠪᠡ᠃      ᠬᠤᠷᠠᠯ ᠠᠴᠠ ︽2018 ᠤᠨ ᠤ ᠦᠤᠰᠢᠨ ᠬᠤᠰᠢᠭᠤᠨ ᠤ ᠪᠠᠭᠰᠢ ᠶᠢ ᠢᠯᠨ ᠪᠠᠷ ᠰᠢᠯᠭᠠᠨ ᠡᠯᠰᠡᠬᠦ ᠠᠵᠢᠯ ᠤᠨ ᠲᠦᠰᠦᠯ︾ ᠢ ᠰᠤᠳᠤᠯᠤᠨ ᠬᠢᠨᠠᠨ ᠶᠠᠷᠢᠯᠴᠠᠵᠤ᠂ ᠢᠯᠨ ᠲᠤᠳᠤ᠂ ᠲᠦᠪ ᠭᠤᠤᠯᠴᠢ᠂ ᠡᠷᠭᠡ ᠲᠡᠭᠰᠢ ᠵᠠᠷᠴᠢᠮ ᠢᠶᠠᠷ ᠲᠡᠭᠡᠳᠤ ᠭᠡᠪ ᠴᠢᠨᠠᠷ ᠲᠠᠢ ᠦᠨᠳᠤᠷ ᠬᠢᠷᠢ ᠲᠦᠪᠰᠢᠨ ᠲᠠᠢ ᠪᠠᠭᠰᠢᠨᠠᠷ ᠢ ᠡᠯᠰᠡᠵᠤ᠂ ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠦᠨ᠂ ᠪᠦᠬᠦ ᠬᠤᠰᠢᠭᠤᠨ ᠤ ᠰᠤᠷᠭᠠᠨ ᠬᠦᠮᠦᠵᠢᠯ ᠤᠨ ᠦᠢᠯᠡᠰ ᠤᠨ ᠨᠡᠩ ᠰᠠᠶᠢᠨ ᠬᠦᠭᠵᠢᠯᠳᠠ ᠶᠢ ᠠᠬᠢᠭᠤᠯᠬᠤ ᠭᠡᠷᠡᠭᠳᠡᠢ ᠭᠡᠪᠡ᠃ ᠬᠤᠷᠠᠯ ᠠᠴᠠ ᠪᠠᠰᠠ ᠪᠤᠰᠤᠳ ᠵᠦᠪᠯᠡᠬᠦ ᠵᠦᠢᠯ ᠢ ᠵᠦᠪᠯᠡᠪᠡ᠃
 
ᠢᠷᠡᠯᠲᠡ᠄ ︽ᠨᠣᠮᠢᠨ ᠳᠠᠩᠰᠤᠭ ᠦᠣᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号