ᠰᠢ ᠶᠢᠨ ᠫᠢᠩ ᠡᠨᠡᠳᠬᠡᠭ ᠤᠨ ᠶᠡᠷᠤᠩᠬᠡᠢ ᠰᠠᠶᠢᠳ ᠮᠦᠸᠧᠳᠢ ᠲᠠᠢ ᠦᠬᠠᠨ ᠳᠤ ᠠᠯᠪᠠᠨ ᠶᠤᠰᠤᠨ ᠤ ᠪᠤᠰᠤ ᠠᠭᠤᠯᠵᠠᠯᠳᠡ ᠬᠢᠪᠡ
ᠨᠡᠶᠢᠲᠡᠯᠡᠭᠰᠡᠨ ᠴᠠᠭ᠄
2018-05-03
     ᠤᠯᠤᠰ ᠤᠨ ᠲᠡᠷᠢᠬᠦᠯᠡᠭᠴᠢ ᠰᠢ ᠶᠢᠨ ᠫᠢᠩ 27 ᠤ ᠡᠳᠤᠷ ᠪᠤᠯᠤᠨ 28 ᠤ ᠡᠳᠤᠷ ᠦᠬᠠᠨ ᠤ ᠳ᠋ᠦᠩ ᠬᠤ᠋ ᠪᠠᠭᠤᠳᠠᠯ ᠳᠤ ᠡᠨᠡᠳᠬᠡᠭ ᠤᠨ ᠶᠡᠷᠤᠩᠬᠡᠢ ᠰᠠᠶᠢᠳ ᠮᠦᠸᠧᠳᠢ ᠲᠠᠢ ᠠᠯᠪᠠᠨ ᠶᠤᠰᠤᠨ ᠤ ᠪᠤᠰᠤ ᠠᠭᠤᠯᠵᠠᠯᠳᠡ ᠬᠢᠪᠡ᠃      4 ᠰᠠᠷ᠎ᠠ ᠶᠢᠨ ᠳ᠋ᠦᠩ ᠬᠤ᠋ ᠳᠤ ᠠᠭᠤᠯᠠ ᠨᠢᠷᠤᠭᠤᠳ ᠨᠢ ᠬᠦᠭᠡᠷᠡᠵᠤ᠂ ᠤᠨᠢᠶᠠᠷ ᠲᠤᠶᠠᠭ᠎ᠠ ᠨᠢ ᠲᠠᠯᠠᠢ ᠮᠡᠳᠤ ᠬᠠᠷᠠᠭᠳᠠᠨ᠎ᠠ᠃ ᠬᠤᠶᠠᠷ ᠤᠯᠤᠰ ᠤᠨ ᠤᠳᠤᠷᠢᠳᠬᠤ ᠬᠦᠮᠥᠨ ᠠᠶᠠᠳᠠᠢ ᠲᠠᠭᠠᠳᠠᠢ ᠨᠦᠬᠦᠷᠰᠡᠭ ᠰᠠᠶᠢᠬᠠᠨ ᠪᠠᠶᠢᠳᠠᠯ ᠲᠤᠮᠳᠠ ᠲᠤᠮᠳᠠᠳᠤ ᠡᠨᠡᠳᠬᠡᠭ ᠤᠨ ᠬᠠᠷᠢᠯᠴᠠᠭ᠎ᠠ ᠵᠢᠴᠢ ᠬᠠᠮᠳᠤᠪᠡᠷ ᠠᠩᠬᠠᠷᠴᠦ ᠪᠠᠶᠢᠭ᠎ᠠ ᠴᠢᠬᠤᠯᠠ ᠶᠡᠭᠡ ᠲᠡᠯᠡᠬᠡᠢ ᠶᠢᠨ ᠠᠰᠠᠭᠤᠳᠠᠯ ᠤᠨ ᠲᠤᠬᠠᠢ ᠰᠠᠨᠠᠯ ᠢᠶᠠᠨ ᠪᠦᠬᠦ ᠲᠠᠯ᠎ᠠ ᠪᠠᠷ ᠬᠦᠨᠵᠡᠬᠡᠢ ᠰᠤᠯᠢᠯᠴᠠᠯ᠎ᠠ᠃ ᠰᠢ ᠶᠢᠨ ᠫᠢᠩ᠂ ᠦᠩᠬᠡᠷᠡᠭᠰᠡᠡ 3 ᠵᠢᠯ ᠳᠤ ᠪᠢ ᠶᠡᠷᠤᠩᠬᠡᠢ ᠰᠠᠶᠢᠳ ᠠᠪᠤᠭᠠᠢ ᠲᠠᠢ ᠬᠠᠷᠢᠯᠴᠠᠨ ᠠᠶᠢᠯᠴᠢᠯᠠᠭᠰᠠᠠ ᠪᠦᠭᠡᠳ ᠤᠯᠠᠨ ᠲᠠᠯ᠎ᠠ ᠶᠢᠨ ᠲᠠᠯᠠᠪᠤᠷ ᠲᠤ ᠤᠯᠠᠨ ᠤᠳᠠᠭ᠎ᠠ ᠠᠭᠤᠯᠵᠠᠵᠥ᠂ ᠮᠠᠰᠢ ᠤᠯᠠᠨ ᠴᠢᠬᠤᠯᠠ ᠬᠠᠮᠳᠤ ᠶᠢᠨ ᠲᠠᠨᠢᠯᠳᠠ ᠲᠠᠢ ᠪᠤᠯᠵᠤ᠂ ᠬᠠᠮᠳᠤᠪᠡᠷ ᠲᠤᠮᠳᠠᠳᠤ ᠡᠨᠡᠳᠬᠡᠭ ᠤᠨ ᠬᠠᠷᠢᠯᠴᠠᠭ᠎ᠠ ᠶᠢᠨ ᠰᠠᠶᠢᠨ ᠰᠠᠶᠢᠬᠠᠨ ᠬᠦᠭᠵᠢᠯᠳᠡ ᠶᠢᠨ ᠬᠠᠨᠳᠤᠰᠢ ᠪᠠᠨ ᠪᠠᠳᠤᠯᠠᠬᠤ ᠶᠢ ᠬᠦᠳᠦᠯᠥᠨ ᠲᠠᠭᠠᠭᠤᠯᠪᠠ᠃ ᠬᠤᠶᠠᠷ ᠲᠠᠯ᠎ᠠ ᠪᠠᠷ ᠢᠶᠠᠨ ᠨᠡᠩ ᠨᠢᠬᠳᠠ ᠬᠦᠭᠵᠢᠯᠳᠡ ᠶᠢᠨ ᠬᠠᠨᠢᠳᠠᠨ ᠤ ᠬᠠᠷᠢᠯᠴᠠᠭ᠎ᠠ ᠶᠢ ᠪᠠᠶᠢᠭᠤᠯᠵᠥ᠂ ᠡᠯ᠎ᠡ ᠬᠦᠷᠢᠶᠡᠨ ᠤ ᠰᠤᠯᠢᠯᠴᠠᠭ᠎ᠠ ᠬᠠᠮᠳᠤᠷᠠᠯᠴᠠᠭ᠎ᠠ ᠢᠳᠡᠪᠬᠢ ᠠᠬᠢᠴᠠ ᠲᠠᠢ ᠪᠤᠯᠵᠥ᠂ ᠬᠤᠶᠠᠷ ᠲᠠᠯ᠎ᠠ ᠶᠢᠨ ᠬᠠᠷᠢᠯᠴᠠᠭ᠎ᠠ ᠶᠠᠭ ᠦᠨᠳᠤᠷ ᠲᠦᠪᠰᠢᠨ ᠢᠶᠠᠷ ᠬᠦᠭᠵᠢᠵᠥ ᠪᠠᠶᠢᠨ᠎ᠠ ᠬᠡᠵᠥ ᠵᠢᠭᠠᠵᠥ ᠭᠠᠷᠭᠠᠵᠠᠢ᠃      ᠰᠢ ᠶᠢᠨ ᠫᠢᠩ᠂ ᠤᠳᠤᠬᠠᠨ ᠳᠤ ᠲᠡᠯᠡᠬᠡᠢ ᠶᠢᠨ ᠪᠠᠶᠢᠳᠠᠯ ᠬᠤᠪᠢᠰᠤᠯᠳᠠ ᠲᠤᠬᠢᠷᠠᠭᠤᠯᠤᠯᠳᠠ ᠶᠢᠨ ᠵᠠᠩᠬᠢᠯᠠᠭ᠎ᠠ ᠶᠢᠨ ᠬᠤᠭᠤᠴᠠᠭ᠎ᠠ ᠳᠤ ᠤᠷᠤᠰᠢᠵᠥ᠂ ᠡᠯ᠎ᠡ ᠤᠯᠤᠰ ᠤᠨ ᠬᠠᠷᠢᠯᠴᠠᠭ᠎ᠠ ᠪᠠ ᠲᠦᠰᠢᠭᠯᠡᠯᠴᠡᠭᠡ ᠡᠳᠤᠷ ᠢᠷᠡᠬᠦᠶ᠎ᠡ ᠬᠦᠨᠵᠡᠬᠡᠶᠢᠷᠡᠵᠥ᠂ ᠡᠩᠬᠡ ᠲᠠᠶᠢᠪᠤᠩ ᠬᠦᠭᠵᠢᠯᠳᠡ ᠶᠢᠨ ᠶᠡᠭᠡ ᠬᠠᠨᠳᠤᠰᠢ ᠨᠢ ᠬᠤᠷᠢᠬᠯᠠᠬᠳᠠᠰᠢ ᠦᠭᠡᠢ ᠤᠷᠤᠰᠬᠠᠯ ᠪᠤᠯᠪᠠ᠃ ᠲᠤᠮᠳᠠᠳᠤ ᠡᠨᠡᠳᠬᠡᠭ ᠬᠤᠶᠠᠷ ᠲᠤᠮᠤ ᠬᠦᠭᠵᠢᠵᠥ ᠪᠠᠶᠢᠭ᠎ᠠ ᠤᠯᠤᠰ ᠪᠠ 10 ᠳ᠋ᠦᠩᠰᠢᠭᠤᠷ ᠠᠴᠠ ᠲᠡᠭᠡᠭᠰᠢ ᠬᠦᠮᠥᠨ ᠠᠮᠠ ᠲᠠᠢ ᠰᠢᠨ᠎ᠡ ᠪᠠᠷ ᠮᠠᠨᠳᠤᠭᠰᠠᠠ ᠵᠠᠬ᠎ᠠ ᠲᠡᠯᠬᠡᠬᠦᠷ ᠤᠨ ᠠᠵᠥ ᠠᠬᠤᠢ ᠶᠢᠨ ᠴᠤᠭᠴᠠ ᠪᠤᠯᠤᠭᠰᠠᠠ ᠤ ᠬᠤᠪᠢ ᠳᠤ᠂ ᠪᠦᠷ ᠲᠡᠯᠡᠬᠡᠢ ᠶᠢᠨ ᠠᠵᠥ ᠠᠬᠤᠢ ᠶᠢᠨ ᠨᠡᠮᠡᠭᠳᠡᠯ ᠤᠨ ᠴᠢᠬᠤᠯᠠ ᠬᠦᠳᠡᠯᠬᠡᠬᠦᠷ ᠪᠤᠯᠤᠨ᠎ᠡ᠂ ᠪᠦᠷ ᠲᠡᠯᠡᠬᠡᠢ ᠶᠢᠨ ᠤᠯᠠᠨ ᠲᠦᠢᠯᠵᠢᠯᠳᠠ᠂ ᠠᠵᠥ ᠠᠬᠤᠢ ᠶᠢᠨ ᠲᠡᠯᠡᠬᠡᠶᠢᠵᠢᠯᠳᠡ ᠶᠢ ᠠᠬᠢᠭᠤᠯᠬᠤ ᠭᠤᠤᠯ ᠬᠦᠴᠦᠨ ᠪᠤᠯᠤᠨ᠎ᠡ᠃ ᠲᠤᠮᠳᠠᠳᠤ ᠡᠨᠡᠳᠬᠡᠭ ᠤᠨ ᠰᠠᠶᠢᠨ ᠰᠠᠶᠢᠬᠠᠨ ᠬᠠᠷᠢᠯᠴᠠᠭ᠎ᠠ ᠪᠤᠯ ᠲᠡᠯᠡᠬᠡᠢ ᠶᠢᠨ ᠲᠤᠭᠳᠠᠭᠤᠨ ᠪᠠᠶᠢᠳᠠᠯ ᠢ ᠬᠠᠮᠠᠭᠠᠯᠠᠬᠤ ᠴᠢᠬᠤᠯᠠ ᠢᠳᠡᠪᠬᠢ ᠬᠦᠴᠦᠨ ᠵᠦᠢᠯ ᠮᠥᠨ᠂ ᠪᠦᠬᠦ ᠬᠦᠮᠥᠨ ᠲᠦᠷᠦᠯᠬᠢᠳᠡᠨ ᠤ ᠬᠦᠭᠵᠢᠯᠳᠡ ᠲᠠᠪᠰᠢᠯᠳᠠ ᠶᠢ ᠠᠬᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠨᠢᠬᠡᠨᠳᠡ ᠰᠢᠨ᠎ᠡ ᠴᠠᠭ ᠦᠶ᠎ᠡ ᠳᠤ ᠤᠷᠤᠵᠥ᠂ ᠶᠡᠷᠤᠩᠬᠡᠢ ᠰᠠᠶᠢᠳ ᠠᠪᠤᠭᠠᠢ ᠴᠦ ︽ᠰᠢᠨ᠎ᠡ ᠡᠨᠡᠳᠬᠡᠭ︾ ᠤᠨ ᠬᠠᠷᠠᠯᠳᠡ ᠶᠢ ᠲᠤᠷᠠᠳᠪᠠ᠃ ᠬᠦᠭᠵᠢᠯᠳᠡ ᠮᠠᠨᠳᠤᠯᠳᠠ ᠶᠢᠨ ᠵᠠᠮ ᠳᠤ ᠲᠤᠮᠳᠠᠳᠤ ᠡᠨᠡᠳᠬᠡᠭ ᠬᠤᠶᠠᠷ ᠤᠯᠤᠰ ᠲᠤ ᠠᠳᠠᠯᠢᠪᠳᠤᠷ ᠡᠬᠦᠷᠬᠡ ᠲᠤᠯᠭᠠᠷᠠᠵᠥ ᠪᠠᠶᠢᠨ᠎ᠠ᠃ ᠪᠢᠳᠡ ᠬᠦᠭᠵᠢᠯᠳᠡ ᠳᠤ ᠠᠩᠬᠠᠷᠤᠯ ᠢᠶᠠᠨ ᠲᠦᠪᠯᠡᠷᠡᠬᠦᠯᠵᠥ᠂ ᠬᠠᠷᠢᠯᠴᠠᠨ ᠠᠰᠢᠬᠳᠠᠢ ᠬᠠᠮᠳᠤᠷᠠᠯᠴᠠᠭ᠎ᠠ ᠪᠠᠨ ᠬᠦᠨᠵᠡᠬᠡᠶᠢᠷᠡᠬᠦᠯᠵᠥ᠂ ᠦᠨᠳᠦᠰᠦᠳᠡᠨ ᠤ ᠰᠡᠷᠬᠦᠨ ᠮᠠᠨᠳᠤᠯᠳᠠ ᠪᠠᠨ ᠬᠠᠮᠳᠤᠪᠡᠷ ᠪᠡᠶᠡᠯᠡᠬᠦᠯᠵᠥ᠂ ᠯᠠᠪᠳᠠᠭᠤᠨ ᠲᠤᠭᠳᠠᠭᠤᠨ ᠬᠦᠭᠵᠢᠨ ᠴᠡᠴᠡᠭᠯᠡᠭᠰᠡᠨ 21 ᠳ᠋ᠤᠬᠡᠷ ᠵᠠᠭᠤᠨ ᠤ ᠠᠽᠢᠶ᠎ᠠ ᠲᠢᠪ ᠢ ᠬᠠᠮᠳᠤᠪᠡᠷ ᠪᠠᠶᠢᠭᠤᠯᠵᠥ᠂ ᠬᠠᠮᠳᠤᠪᠡᠷ ᠲᠡᠯᠡᠬᠡᠢ ᠶᠢᠨ ᠡᠩᠬᠡ ᠲᠠᠶᠢᠪᠤᠩ ᠪᠠ ᠬᠦᠭᠵᠢᠯᠳᠡ ᠳᠤ ᠢᠳᠡᠪᠬᠢ ᠬᠤᠪᠢ ᠨᠡᠮᠡᠷᠢ ᠦᠵᠡᠬᠦᠯᠤᠶ᠎ᠡ ᠬᠡᠵᠥ ᠴᠢᠬᠤᠯᠠᠴᠢᠯᠠᠪᠠ᠃      ᠰᠢ ᠶᠢᠨ ᠫᠢᠩ᠂ ᠳᠤᠮᠳᠠᠳᠤ ᠡᠨᠡᠳᠭᠡᠭ ᠤᠨ ᠬᠠᠷᠢᠯᠴᠠᠭ᠎ᠠ ᠲᠤᠭᠳᠠᠭᠤᠨ ᠬᠦᠭᠵᠢᠯᠳᠠ ᠲᠠᠢ ᠪᠠᠶᠢᠬᠤ ᠳᠤ ᠢᠳᠡᠬᠡᠯᠴᠡᠭᠡ ᠪᠤᠯ ᠰᠠᠭᠤᠷᠢ ᠪᠤᠯᠤᠨ᠎ᠠ᠃ ᠪᠠᠶᠢᠯᠳᠤᠬᠤ ᠪᠤᠳᠤᠯᠭ᠎ᠠ ᠶᠢᠨ ᠲᠠᠯ᠎ᠠ ᠪᠠᠷ ᠳᠤᠮᠳᠠᠳᠤ ᠡᠨᠡᠳᠭᠡᠭ ᠤᠨ ᠬᠠᠷᠢᠯᠴᠠᠭ᠎ᠠ ᠶᠢ ᠡᠵᠡᠮᠳᠡᠵᠤ ᠣᠶᠢᠯᠠᠭᠠᠯᠴᠠᠭ᠎ᠠ ᠪᠤᠯᠤᠨ ᠢᠳᠡᠬᠡᠯᠴᠡᠭᠡ ᠪᠠᠨ ᠲᠠᠰᠤᠷᠠᠯᠳᠠ ᠦᠬᠡᠢ ᠨᠡᠮᠡᠭᠳᠡᠬᠦᠯᠤᠨ᠂ ᠬᠤᠶᠠᠷ ᠤᠯᠤᠰ ᠤᠨ ᠡᠯ᠎ᠠ ᠡᠳᠡᠬᠡᠳ ᠪᠤᠯᠤᠨ ᠬᠤᠶᠠᠷ ᠤᠯᠤᠰ ᠤᠨ ᠠᠷᠠᠳ ᠲᠦᠮᠡᠨ ᠤ ᠣᠶᠢᠯᠠᠭᠠᠯᠴᠠᠭ᠎ᠠ ᠶᠢ ᠨᠡᠮᠡᠭᠳᠡᠬᠦᠯᠵᠤ᠂ ᠨᠦᠬᠦᠷᠰᠡᠭ ᠬᠠᠶᠢᠷ᠎ᠠ ᠰᠡᠳᠬᠢᠯᠬᠡ ᠲᠠᠢ ᠪᠤᠯᠬᠤ ᠶᠢ ᠠᠬᠢᠭᠤᠯᠤᠶ᠎ᠠ᠃ 3 ᠵᠠᠩᠬᠢᠯᠠᠭ᠎ᠠ ᠶᠢ ᠰᠠᠶᠢᠳᠤᠷ ᠡᠵᠡᠮᠳᠡᠶ᠎ᠡ᠄ ᠨᠢᠬᠡᠳᠤᠭᠡᠷ ᠲᠤ᠂ ᠳᠤᠮᠳᠠᠳᠤ ᠡᠨᠡᠳᠭᠡᠭ ᠨᠦᠬᠦᠷᠰᠡᠭ ᠬᠦᠷᠰᠢ᠂ ᠰᠠᠶᠢᠨ ᠨᠠᠶᠢᠵᠢ ᠪᠠᠶᠢᠪᠠᠯ ᠵᠤᠬᠢᠨ᠎ᠠ᠂ ᠨᠦᠬᠦᠬᠡ ᠡᠳᠡᠬᠡᠳ ᠢᠶᠠᠨ ᠲᠡᠯᠡᠬᠡᠢ ᠶᠢᠨ ᠬᠦᠴᠤᠨ ᠤ ᠬᠠᠷᠢᠴᠠᠭᠤᠯᠤᠯ ᠬᠤᠪᠢᠷᠠᠯᠳᠠ ᠳᠠᠬᠢ ᠢᠳᠡᠪᠬᠢ ᠡᠯᠧᠮᠧᠨ᠋ᠲ ᠢᠶᠠᠷ ᠦᠵᠡᠵᠤ᠂ ᠲᠤᠰ ᠪᠠᠶ᠎ᠠ ᠶᠢᠨ ᠬᠦᠭᠵᠢᠯᠳᠠ ᠶᠢᠨ ᠬᠦᠰᠡᠯ ᠵᠡᠬᠦᠳᠤ ᠪᠠᠨ ᠲᠡᠷᠬᠡᠯᠰᠢᠬᠦᠯᠬᠦ ᠬᠠᠮᠳᠤᠷᠠᠯᠴᠠᠭᠠᠨ ᠤ ᠬᠠᠨᠢᠳᠠᠨ ᠪᠤᠯᠭᠠᠶ᠎ᠠ᠃ ᠬᠤᠶᠠᠳᠤᠭᠠᠷ ᠲᠤ᠂ ᠳᠤᠮᠳᠠᠳᠤ ᠡᠨᠡᠳᠭᠡᠭ ᠬᠤᠶᠠᠷ ᠤᠯᠤᠰ ᠤᠨ ᠬᠦᠴᠦᠷᠭᠡᠭᠵᠢᠨ ᠪᠤᠵᠠᠭᠠᠶᠢᠷᠠᠬᠤ ᠪᠤᠯ ᠶᠡᠭᠡ ᠬᠠᠨᠳᠤᠰᠢ ᠪᠤᠯᠤᠨ᠎ᠠ᠂ ᠨᠦᠬᠦᠬᠡ ᠡᠳᠡᠬᠡᠳ ᠲᠡᠭᠡᠨ ᠠᠪᠴᠤ ᠬᠡᠯᠡᠪᠡᠯ ᠴᠢᠬᠤᠯᠠ ᠠᠵᠠ ᠲᠤᠬᠢᠶᠠᠯ ᠪᠤᠯᠤᠨ᠎ᠠ᠃ ᠭᠤᠷᠪᠠᠳᠤᠭᠠᠷ ᠲᠤ᠂ ᠳᠤᠮᠳᠠᠳᠤ ᠡᠨᠡᠳᠭᠡᠭ ᠪᠦᠷ ᠪᠠᠶ᠎ᠠ ᠪᠠᠨ ᠲᠠᠭᠠᠭᠠᠵᠤ ᠡᠵᠡᠨ ᠮᠡᠳᠡᠬᠦ ᠭᠠᠳᠠᠭᠠᠳᠤ ᠬᠠᠷᠢᠯᠴᠠᠭᠠᠨ ᠤ ᠲᠦᠷᠤ ᠶᠢᠨ ᠪᠤᠳᠤᠯᠭ᠎ᠠ ᠶᠢ ᠭᠡᠷᠡᠭᠵᠢᠬᠦᠯᠵᠤ ᠪᠤᠢ᠂ ᠢᠳᠡᠪᠬᠢᠳᠠᠢ᠂ ᠨᠡᠬᠡᠬᠡᠯᠳᠠᠳᠠᠢ᠂ ᠪᠠᠭᠳᠠᠭᠠᠮᠵᠢᠳᠠᠢ ᠤᠪᠤᠷ ᠢᠶᠠᠷ ᠨᠦᠬᠦᠬᠡ ᠡᠳᠡᠬᠡᠳ ᠤᠨ ᠢᠶᠠᠨ ᠰᠠᠨᠠᠭ᠎ᠠ ᠶᠢ ᠵᠦᠪ ᠢᠶᠠᠷ ᠵᠠᠳᠠᠯᠤᠨ ᠰᠢᠨᠵᠢᠯᠡᠶ᠎ᠡ᠃ ᠳᠤᠮᠳᠠᠳᠤ ᠡᠨᠡᠳᠬᠡᠭ ᠬᠤᠶᠠᠷ ᠤᠯᠤᠰ ᠤᠨ ᠲᠡᠯᠡᠬᠡᠢ ᠶᠢᠨ ᠭᠡᠷᠡᠭ ᠶᠠᠪᠤᠳᠠᠯ ᠳᠠᠬᠢ ᠮᠠᠰᠢ ᠤᠯᠠᠨ ᠤᠶᠢᠯᠠᠭᠠᠭᠳᠠᠬᠤᠨ ᠠᠳᠠᠯᠢᠪᠳᠤᠷ ᠪᠠᠶᠢᠭ᠎ᠠ ᠶᠤᠮ᠃ ᠳᠤᠮᠳᠠᠳᠤ ᠤᠯᠤᠰ ᠤᠨ ᠬᠢᠨ ᠶᠡᠭᠡ ᠤᠯᠤᠰ ᠤᠨ ᠬᠤᠭᠤᠷᠤᠨᠳᠤᠬᠢ ᠬᠠᠷᠢᠯᠴᠠᠭ᠎ᠠ ᠶᠢ ᠰᠢᠢᠳᠪᠤᠷᠢᠯᠡᠬᠦ ᠳᠤ ᠪᠠᠶᠢᠯᠳᠤᠬᠤ ᠪᠤᠳᠤᠯᠭ᠎ᠠ ᠶᠢᠨ ᠲᠠᠯ᠎ᠠ ᠪᠠᠷ ᠡᠵᠡᠨ ᠮᠡᠳᠡᠬᠦ ᠶᠢ ᠪᠠᠷᠢᠮᠳᠠᠯᠠᠵᠤ᠂ ᠮᠦᠷᠬᠦᠯᠳᠤᠬᠦ ᠦᠬᠡᠢ ᠡᠰᠡᠷᠬᠦᠴᠡᠯᠳᠤᠬᠦ ᠦᠬᠡᠢ ᠪᠠᠶᠢᠬᠤ ᠶᠢ ᠪᠠᠷᠢᠮᠳᠠᠯᠠᠵᠤ᠂ ᠬᠠᠷᠢᠯᠴᠠᠨ ᠬᠦᠨᠳᠤᠳᠬᠡᠬᠦ᠂ ᠡᠷᠬᠡ ᠲᠡᠭᠰᠢ ᠲᠦᠪ ᠭᠤᠤᠯᠴᠢ᠂ ᠬᠠᠮᠳᠤᠷᠠᠯᠴᠠᠭ᠎ᠠ ᠬᠢᠵᠤ ᠬᠠᠮᠳᠤᠪᠡᠷ ᠠᠰᠢᠬ ᠬᠦᠷᠳᠡᠬᠦ ᠰᠢᠨ᠎ᠠ ᠬᠡᠯᠪᠡᠷᠢ ᠶᠢᠨ ᠤᠯᠤᠰ ᠤᠨ ᠬᠤᠭᠤᠷᠤᠨᠳᠤᠬᠢ ᠬᠠᠷᠢᠯᠴᠠᠭ᠎ᠠ ᠶᠢ ᠪᠠᠶᠢᠭᠤᠯᠤᠨ ᠠᠬᠢᠭᠤᠯᠬᠤ ᠶᠢ ᠪᠠᠷᠢᠮᠳᠠᠯᠠᠨ᠎ᠠ᠃ ᠡᠨᠡ ᠨᠢ ᠳᠤᠮᠳᠠᠳᠤ ᠡᠨᠡᠳᠬᠡᠭ ᠬᠤᠶᠠᠷ ᠤᠯᠤᠰ ᠤᠨ ᠲᠡᠭᠡᠷ᠎ᠠ ᠵᠠᠭᠤᠨ ᠤ ᠲᠠᠪᠢᠭᠠᠳ ᠤᠨ ᠤ ᠦᠶ᠎ᠠ ᠳᠤ ᠬᠠᠮᠳᠤᠪᠡᠷ ᠰᠠᠨᠠᠭᠠᠴᠢᠯᠠᠬᠰᠠᠨ ᠨᠠᠶᠢᠷᠠᠮᠳᠠᠯ ᠢᠶᠠᠷ ᠵᠡᠷᠬᠡᠴᠡᠨ ᠤᠷᠤᠰᠢᠬᠤ ᠲᠠᠪᠤᠨ ᠵᠠᠷᠴᠢᠮ ᠲᠠᠢ ᠤᠳᠤᠮ ᠤᠬᠰᠠᠭ᠎ᠠ ᠨᠢᠬᠡᠳᠠᠢ ᠶᠤᠮ ᠬᠡᠵᠠᠢ᠃      ᠰᠢ ᠶᠢᠨ ᠫᠢᠩ᠂ ᠲᠠᠷᠠᠭᠠᠴᠢ ᠶᠢᠨ ᠱᠠᠳᠤᠨ ᠳᠤ ᠳᠤᠮᠳᠠᠳᠤ ᠡᠨᠡᠳᠭᠡᠭ ᠬᠤᠶᠠᠷ ᠤᠯᠤᠰ ᠢᠶᠠᠷ ᠢᠶᠠᠨ ᠬᠤᠶᠠᠷ ᠤᠯᠤᠰ ᠤᠨ ᠪᠦᠬᠦ ᠲᠠᠯ᠎ᠠ ᠶᠢᠨ ᠬᠠᠮᠳᠤᠷᠠᠯᠴᠠᠭᠠᠨ ᠤ ᠲᠦᠯᠤᠪᠵᠢᠬᠦᠯᠬᠡ ᠶᠢ ᠰᠠᠶᠢᠳᠤᠷ ᠬᠢᠶ᠎ᠡ᠃ ᠨᠡᠩ ᠨᠢᠬᠳᠠ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠲᠠᠢ ᠪᠤᠯᠵᠤ᠂ ᠬᠤᠶᠠᠷ ᠲᠠᠯ᠎ᠠ ᠶᠢᠨ ᠠᠩᠬᠠᠷᠴᠦ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠤᠬᠠᠢ ᠴᠠᠬ ᠲᠤᠬᠠᠢ ᠳᠤᠨᠢ ᠵᠦᠪᠳᠡᠯᠴᠡᠭᠡ ᠬᠢᠵᠤ᠂ ᠬᠤᠶᠠᠷ ᠤᠯᠤᠰ ᠤᠨ ᠬᠠᠷᠢᠯᠴᠠᠭ᠎ᠠ ᠶᠢᠨ ᠬᠦᠭᠵᠢᠯᠳᠠ ᠶᠢᠨ ᠶᠡᠭᠡ ᠴᠢᠭᠯᠡᠯ ᠢ ᠪᠠᠳᠤ ᠡᠵᠡᠮᠳᠡᠨ᠂ ᠬᠡᠯᠡᠯᠴᠡᠭᠡ ᠬᠢᠬᠦ ᠲᠤᠭᠳᠠᠴᠠ ᠶᠢᠨ ᠪᠦᠳᠤᠮᠵᠢᠳᠠᠢ ᠠᠵᠢᠯᠯᠠᠭ᠎ᠠ ᠶᠢ ᠪᠠᠳᠤᠯᠠᠶ᠎ᠠ︔ ᠨᠡᠩ ᠭᠦᠨᠵᠡᠭᠡᠢ ᠪᠤᠲᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠦᠷᠨᠢᠭᠦᠯᠤᠶ᠎ᠡ︔ ᠨᠡᠩ ᠦᠷᠭᠡᠨ ᠳᠡᠯᠭᠡᠷ ᠰᠤᠶᠤᠯ ᠢᠷᠭᠡᠨᠰᠢᠯ ᠤᠨ ᠰᠤᠯᠢᠯᠴᠠᠭ᠎ᠠ ᠶᠢ ᠠᠬᠢᠭᠤᠯᠤᠶ᠎ᠠ︔ ᠨᠡᠩ ᠪᠤᠯᠪᠠᠰᠤᠷᠠᠩᠭᠤᠢ ᠠᠷᠭ᠎ᠠ ᠪᠠᠷ ᠵᠦᠷᠢᠯᠳᠦᠭᠡᠨ ᠲᠠᠢ ᠠᠰᠠᠭᠤᠳᠠᠯ ᠢ ᠰᠠᠶᠢᠳᠤᠷ ᠰᠢᠢᠳᠪᠦᠷᠢᠯᠡᠶ᠎ᠡ︔ ᠲᠡᠯᠡᠬᠡᠢ ᠶᠢᠨ ᠪᠡ ᠭᠠᠵᠠᠷ ᠤᠷᠤᠨ ᠤ ᠬᠡᠷᠡᠭ ᠶᠠᠪᠤᠳᠠᠯ ᠳᠠᠬᠢ ᠵᠤᠬᠢᠴᠠᠭᠤᠯᠭ᠎ᠠ ᠪᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠷᠤᠨ ᠪᠦᠰᠡ ᠶᠢᠨ ᠠᠵᠤ ᠠᠬᠤᠢ ᠶᠢᠨ ᠨᠢᠭᠡ ᠴᠤᠬᠴᠠᠵᠢᠯᠲᠠ ᠪᠠ ᠬᠤᠯᠪᠤᠯᠳᠤᠵᠤ ᠨᠡᠪᠲᠡᠷᠡᠯᠴᠡᠭᠰᠡᠨ ᠪᠦᠲᠦᠭᠡᠨ ᠪᠠᠶᠢᠭᠤᠯᠤᠯᠲᠠ ᠶᠢ ᠳᠠᠶᠢᠴᠢᠯᠠᠶ᠎ᠠ ᠃ ᠬᠤᠶᠠᠷ ᠲᠠᠯ᠎ᠠ ᠪᠠᠷ ᠢᠶᠠᠨ ᠬᠠᠮᠲᠤᠪᠡᠷ ᠵᠦᠪᠳᠡᠯᠴᠡᠵᠦ ᠬᠠᠮᠲᠤᠪᠡᠷ ᠪᠠᠶᠢᠭᠤᠯᠵᠤ ᠬᠠᠮᠲᠤᠪᠡᠷ ᠡᠳ᠋ᠯᠡᠬᠦ ᠪᠦᠬᠦ ᠪᠦᠮᠪᠦᠷᠴᠡᠭ ᠤᠨ ᠵᠠᠰᠠᠯᠲᠠ ᠶᠢᠨ ᠦᠵᠡᠯᠲᠡ ᠶᠢ ᠪᠠᠷᠢᠮᠲᠠᠯᠠᠨ᠂ ᠨᠡᠭᠡᠭᠡᠯᠲᠡᠲᠤ ᠬᠡᠯᠪᠡᠷᠢ ᠶᠢᠨ ᠳᠡᠯᠡᠬᠡᠢ ᠶᠢᠨ ᠠᠵᠤ ᠠᠬᠤᠢ ᠶᠢ ᠪᠠᠶᠢᠭᠤᠯᠬᠤ ᠶᠢ ᠠᠬᠢᠭᠤᠯᠵᠤ᠂ ᠤᠯᠠᠨ ᠲᠠᠯᠠᠲᠤ ᠠᠷᠠᠯᠵᠢᠶ᠎ᠠ ᠶᠢᠨ ᠪᠠᠶᠢᠭᠤᠯᠤᠮᠵᠢ ᠶᠢ ᠳᠡᠮᠵᠢᠵᠦ᠂ ᠨᠡᠩ ᠢᠳᠡᠪᠬᠢᠲᠡᠢ ᠤᠯᠠᠨ ᠤᠯᠤᠰ ᠤᠨ ᠬᠠᠮᠲᠤᠷᠠᠯᠴᠠᠭ᠎ᠠ ᠶᠢ ᠦᠷᠨᠢᠭᠦᠯᠵᠦ᠂ ᠪᠦᠬᠦ ᠪᠦᠮᠪᠦᠷᠴᠡᠭ ᠤᠨ ᠴᠢᠨᠠᠷᠲᠠᠢ ᠦᠷᠢᠰᠦᠯᠳᠦᠭᠡᠨ ᠢ ᠬᠠᠮᠲᠤᠪᠡᠷ ᠠᠷᠭᠠᠴᠠᠶ᠎ᠠ᠃ ᠳᠤᠮᠳᠠᠳᠤ ᠤᠯᠤᠰ ᠳᠤᠷᠠᠲᠠᠶ᠎ᠠ ᠡᠨᠡᠳᠬᠡᠭ ᠤᠨ ᠬᠢᠨ ᠲᠠᠢ ᠬᠠᠮᠲᠤᠪᠡᠷ ᠴᠢᠷᠮᠠᠶᠢᠵᠤ᠂ ᠯᠠᠪᠳᠠᠭᠤᠨ ᠳᠤᠬᠲᠠᠭᠤᠨ ᠬᠦᠭᠵᠢᠨ ᠴᠡᠴᠡᠭᠯᠡᠭᠰᠡᠨ 21 ᠳ᠋ᠤᠭᠡᠷ ᠵᠠᠭᠤᠨ ᠤ ᠠᠽᠢᠶ᠎ᠠ ᠲᠢᠪ ᠢ ᠪᠠᠶᠢᠭᠤᠯᠵᠤ᠂ ᠲᠡᠯᠡᠬᠡᠢ ᠶᠢᠨ ᠡᠮᠬᠢ ᠲᠢᠭᠯᠢᠮ ᠤᠨ ᠨᠡᠩ ᠲᠦᠪ ᠭᠤᠤᠯᠴᠢ ᠵᠦᠢ ᠵᠤᠬᠢᠰᠲᠠᠢ ᠴᠢᠭᠯᠡᠯ ᠢᠶᠠᠷ ᠬᠦᠭᠵᠢᠬᠦ ᠶᠢ ᠠᠬᠢᠭᠤᠯᠤᠶ᠎ᠠ ᠬᠡᠵᠥ ᠴᠢᠬᠤᠯᠠᠴᠢᠯᠠᠪᠠ᠃      ᠮᠥᠸᠧᠳᠢ᠂ ᠲᠡᠷᠢᠭᠦᠯᠡᠭᠴᠢ ᠰᠢ ᠶᠢᠨ ᠫᠢᠩ ᠨᠠᠮᠠᠶᠢ ᠦᠬᠠᠨ ᠳᠤ ᠤᠷᠢᠪᠠ᠃ ᠬᠤᠶᠠᠷ ᠡᠳᠦᠷ ᠤᠨ ᠲᠤᠷᠰᠢ᠂ ᠪᠢ ᠲᠡᠷᠢᠭᠦᠯᠡᠭᠴᠢ ᠰᠢ ᠶᠢᠨ ᠫᠢᠩ ᠲᠠᠢ ᠦᠨᠡᠨᠴᠢ ᠰᠡᠳᠭᠢᠯᠭᠡ ᠪᠠᠷ ᠭᠦᠨᠵᠡᠭᠡᠢ ᠰᠤᠯᠢᠯᠴᠠᠭ᠎ᠠ ᠬᠢᠵᠤ᠂ ᠪᠠᠰᠠ ᠦᠨᠢ ᠤᠳᠠᠭᠠᠨ ᠲᠡᠤᠬᠡ ᠲᠠᠢ ᠦᠷᠭᠡᠨ ᠳᠡᠯᠭᠡᠷ ᠵᠢᠩ ᠴᠦ᠋ ᠶᠢᠨ ᠰᠤᠶᠤᠯ ᠢ ᠤᠶᠢᠯᠠᠭᠠᠵᠠᠢ᠂ ᠪᠢ ᠲᠡᠷᠢᠭᠦᠯᠡᠭᠴᠢ ᠰᠢ ᠶᠢᠨ ᠫᠢᠩ ᠤᠨ ᠡᠨᠡᠳᠬᠡᠭ ᠳᠤᠮᠳᠠᠳᠤ ᠶᠢᠨ ᠬᠠᠷᠢᠯᠴᠠᠭ᠎ᠠ ᠶᠢ ᠬᠦᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠪᠠ ᠪᠡᠶᠡᠴᠢᠯᠡᠨ ᠤᠷᠤᠯᠴᠠᠵᠤ ᠬᠦᠳᠦᠯᠥᠨ ᠳᠠᠭᠠᠭᠤᠯᠤᠬᠰᠠᠨ ᠢ ᠴᠢᠨᠠᠭᠰᠢᠲᠠ ᠤᠶᠢᠯᠠᠭᠠᠵᠤ ᠮᠡᠳᠡᠪᠡ᠃ ᠡᠨᠡᠳᠬᠡᠭ ᠪᠠ ᠳᠤᠮᠳᠠᠳᠤ ᠤᠯᠤᠰ ᠪᠦᠷ ᠡᠷᠲᠡᠨ ᠤ ᠪᠤᠯᠪᠠᠰᠤᠨ ᠤᠯᠤᠰ ᠪᠤᠯᠤᠨ᠎ᠠ᠂ ᠬᠤᠶᠠᠷ ᠤᠯᠤᠰ ᠬᠠᠷᠢᠯᠴᠠᠨ ᠴᠢᠬᠤᠯᠠ ᠬᠦᠷᠰᠢ ᠪᠤᠯᠤᠨ᠎ᠠ᠂ ᠡᠷᠬᠡᠪᠰᠢ ᠶᠠᠷᠢᠯᠴᠠᠭ᠎ᠠ᠂ ᠰᠤᠯᠢᠯᠴᠠᠭ᠎ᠠ᠂ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠠᠶᠢᠷᠠᠮᠳᠠᠯ ᠢᠶᠠᠷ ᠵᠡᠷᠭᠡᠴᠡᠨ ᠤᠷᠤᠰᠢᠵᠤ᠂ ᠦᠶ᠎ᠡ ᠶᠢᠨ ᠦᠶ᠎ᠡ ᠳᠡᠭᠡᠨ ᠨᠦᠬᠦᠷᠰᠡᠭ ᠶᠠᠪᠤᠯᠴᠠᠶ᠎ᠠ᠃ ᠪᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠰᠢᠨ᠎ᠡ ᠴᠠᠬ ᠦᠶ᠎ᠡ ᠳᠤ ᠤᠷᠤᠬᠰᠠᠨ ᠢ ᠳᠡᠭᠡᠳᠦ ᠬᠡᠮᠵᠢᠶ᠎ᠡ ᠪᠠᠷ ᠠᠩᠬᠠᠷᠴᠤ᠂ ᠡᠨᠡᠳᠬᠡᠭ ᠪᠠᠰᠠ ᠦᠪᠡᠷ ᠤᠨ ᠢᠶᠠᠨ ︽ᠰᠢᠨ᠎ᠡ ᠡᠨᠡᠳᠬᠡᠭ︾ ᠤᠨ ᠬᠠᠷᠠᠯᠲᠠ ᠲᠠᠢ ᠪᠤᠯᠵᠠᠢ᠃ ᠪᠢ ᠲᠡᠷᠢᠬᠦᠯᠡᠭᠴᠢ ᠰᠢ ᠶᠢᠨ ᠫᠢᠩ ᠤᠨ ᠵᠢᠭᠠᠵᠤ ᠭᠠᠷᠭᠠᠬᠰᠡᠨ᠂ 26 ᠳ᠋ᠦᠡᠭᠰᠢᠭᠤᠷ ᠬᠦᠮᠦᠨ ᠠᠮᠠ ᠲᠠᠢ ᠬᠤᠶᠠᠷ ᠬᠠᠮᠤᠭ ᠤᠨ ᠶᠡᠭᠡ ᠬᠦᠭᠵᠢᠵᠤ ᠪᠠᠶᠢᠭ᠎ᠠ ᠤᠯᠤᠰ᠂ ᠬᠤᠶᠠᠷ ᠮᠤᠨᠳᠠᠭ ᠶᠡᠭᠡ ᠰᠢᠨ᠎ᠡ ᠪᠠᠷ ᠮᠠᠨᠳᠤᠬᠰᠡᠨ ᠵᠠᠬ᠎ᠠ ᠲᠡᠯᠬᠡᠬᠦᠷ ᠤᠨ ᠠᠵᠤ ᠠᠬᠤᠢ ᠶᠢᠨ ᠴᠤᠬᠴᠠ ᠪᠤᠯᠤᠬᠰᠡᠨ ᠤ ᠬᠤᠪᠢ ᠳᠤ ᠡᠨᠡᠳᠭᠡᠭ ᠲᠤᠮᠳᠠᠳᠤ ᠪᠤᠯ ᠲᠡᠯᠡᠭᠡᠢ ᠶᠢᠨ ᠲᠤᠬᠲᠠᠭᠤᠨ ᠡᠯᠧᠮᠧᠨ᠋ᠲ ᠪᠤᠯᠤᠨ᠎ᠠ᠂ ᠬᠤᠶᠠᠷ ᠤᠯᠤᠰ ᠤᠨ ᠬᠦᠭᠵᠢᠯᠲᠠ ᠨᠢ ᠲᠡᠯᠡᠭᠡᠢ ᠳᠤ ᠴᠢᠬᠤᠯᠠ ᠨᠦᠯᠦᠭᠡ ᠲᠠᠢ᠂ ᠦᠷᠭᠡᠨ ᠤᠯᠠᠨ ᠬᠦᠭᠵᠢᠵᠤ ᠪᠠᠶᠢᠭ᠎ᠠ ᠤᠯᠤᠰ ᠲᠤ ᠴᠤ ᠢᠳᠡᠪᠬᠢ ᠠᠴᠢ ᠬᠤᠯᠪᠤᠬᠳᠠᠯ ᠲᠠᠢ ᠶᠤᠮ ᠬᠡᠳᠡᠭ ᠢ ᠪᠦᠷᠢᠮᠦᠰᠤᠨ ᠵᠦᠪᠰᠢᠶᠡᠷᠡᠵᠦ ᠪᠠᠶᠢᠨ᠎ᠠ᠃ 21 ᠳ᠋ᠤᠭᠡᠷ ᠵᠠᠭᠤᠨ ᠳᠤ᠂ ᠡᠨᠡᠳᠭᠡᠭ ᠲᠤᠮᠲᠠᠳᠤ ᠭᠠᠷ ᠬᠤᠯᠪᠤᠯᠴᠠᠨ ᠡᠩᠭᠡ ᠲᠠᠶᠢᠪᠤᠩ᠂ ᠲᠤᠬᠲᠠᠭᠤᠨ ᠪᠠᠶᠢᠳᠠᠯ ᠪᠠ ᠬᠦᠭᠵᠢᠨ ᠴᠡᠴᠡᠭᠯᠡᠭᠰᠡᠨ ᠠᠽᠢᠶ᠎ᠡ ᠲᠢᠪ ᠪᠤᠯᠤᠨ ᠲᠡᠯᠡᠭᠡᠢ ᠶᠢᠷᠳᠢᠨᠴᠤ ᠶᠢᠨ ᠲᠦᠯᠦᠭᠡ ᠨᠡᠩ ᠶᠡᠭᠡ ᠬᠤᠪᠢ ᠨᠡᠮᠡᠷᠢ ᠦᠵᠡᠬᠦᠯᠤᠶ᠎ᠡ᠃ ᠪᠢ ᠡᠨᠡᠳᠭᠡᠭ ᠲᠤᠮᠲᠠᠳᠤ ᠶᠢᠨ ᠲᠡᠭᠡᠲᠤ ᠲᠠᠪᠬᠤᠷᠭ᠎ᠠ ᠶᠢᠨ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠬᠢᠬᠦ ᠶᠢ ᠪᠠᠷᠢᠮᠳᠠᠯᠠᠬᠤ ᠶᠢ ᠵᠦᠪᠰᠢᠶᠠᠷᠠᠵᠤ ᠪᠠᠶᠢᠨ᠎ᠡ᠃ ᠪᠢᠲᠠ ᠡᠨᠡᠳᠭᠡᠭ ᠲᠤᠮᠲᠠᠳᠤ ᠶᠢᠨ ᠬᠠᠷᠢᠯᠴᠠᠭ᠎ᠠ ᠶᠢ ᠬᠦᠭᠵᠢᠭᠦᠯᠬᠦ ᠳᠤ ᠬᠠᠮᠳᠤ ᠶᠢᠨ ᠤᠶᠢᠯᠠᠭᠠᠬᠳᠠᠬᠤᠨ᠂ ᠬᠠᠮᠳᠤ ᠶᠢᠨ ᠵᠤᠷᠢᠭ᠂ ᠬᠠᠮᠲᠤ ᠶᠢᠨ ᠬᠦᠰᠡᠯ ᠲᠠᠢ ᠶᠤᠮ᠂ ᠬᠤᠶᠠᠷ ᠲᠠᠯ᠎ᠡ ᠪᠠᠷ ᠢᠶᠠᠨ ᠦᠢᠷᠠᠳᠤᠯᠴᠠᠭ᠎ᠠ ᠪᠠᠨ ᠴᠢᠩᠭᠠᠳᠬᠠᠨ᠂ ᠬᠠᠮᠳᠤᠷᠠᠯᠴᠠᠭ᠎ᠠ ᠪᠠᠨ ᠴᠢᠩᠭᠠᠳᠬᠠᠵᠤ᠂ ᠦᠢᠯᠡᠭᠠᠯᠴᠠᠭ᠎ᠠ ᠪᠡ ᠢᠳᠡᠭᠡᠯᠴᠡᠭᠡ ᠪᠠᠨ ᠨᠡᠮᠡᠭᠳᠡᠬᠦᠯᠵᠤ᠂ ᠵᠦᠷᠢᠯᠳᠦᠭᠡᠨ ᠢᠶᠠᠨ ᠡᠪᠲᠠᠢ ᠰᠢᠢᠳᠪᠤᠷᠢᠯᠡᠵᠥ ᠬᠠᠮᠢᠶᠠᠷᠤᠨ ᠡᠵᠡᠮᠳᠡᠵᠤ᠂ ᠠᠷᠠᠳ ᠤᠨ ᠬᠤᠭᠤᠷᠤᠨᠳᠤᠬᠢ ᠨᠦᠬᠦᠷᠯᠡᠯ ᠢ ᠠᠬᠢᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠶᠢ ᠰᠢᠨ᠎ᠡ ᠲᠦᠪᠰᠢᠨ ᠳᠤ ᠬᠦᠷᠳᠡᠯ᠎ᠡ ᠲᠡᠭᠡᠭᠰᠢᠯᠡᠬᠦᠯᠤᠶ᠎ᠡ᠃ ᠡᠨᠡᠳᠭᠡᠭ ᠤᠨ ᠬᠢᠨ ᠪᠠᠶ᠎ᠡ ᠪᠠᠨ ᠲᠠᠭᠠᠭᠠᠬᠰᠡᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠤᠳᠤᠯᠭ᠎ᠠ ᠶᠢ ᠡᠷᠡᠰ ᠪᠠᠲᠤ ᠭᠡᠷᠡᠭᠵᠢᠭᠦᠯᠵᠤ᠂ ᠲᠡᠯᠡᠭᠡᠶᠢᠵᠢᠯᠲᠠ ᠶᠢ ᠲᠡᠮᠵᠢᠵᠤ᠂ ᠤᠯᠠᠨ ᠲᠠᠯᠠᠲᠤ ᠰᠢᠰᠲ᠋ᠧᠮ ᠢ ᠬᠠᠮᠠᠭᠠᠯᠠᠬᠤ ᠶᠢ ᠲᠡᠮᠵᠢᠵᠤ᠂ ᠤᠯᠠᠨ ᠤᠯᠤᠰ ᠤᠨ ᠬᠠᠷᠢᠯᠴᠠᠭ᠎ᠠ ᠶᠢᠨ ᠠᠷᠠᠳᠴᠢᠯᠠᠯᠲᠠ ᠶᠢ ᠲᠡᠮᠵᠢᠨ᠎ᠡ᠃ ᠡᠨᠡᠳᠭᠡᠭ ᠤᠨ ᠬᠢᠨ ᠲᠤᠷᠠᠲᠠᠶ᠎ᠡ ᠲᠤᠮᠳᠠᠳᠤ ᠤᠯᠤᠰ ᠤᠨ ᠬᠢᠨ ᠲᠠᠢ ᠦᠷᠭᠡᠨ ᠤᠯᠡᠨ ᠬᠦᠭᠵᠢᠵᠤ ᠪᠠᠶᠢᠭ᠎ᠠ ᠤᠯᠤᠰ ᠤᠨ ᠬᠠᠮᠲᠤ ᠶᠢᠨ ᠠᠰᠢᠭ ᠲᠤᠰᠠ ᠶᠢ ᠭᠠᠷ ᠬᠤᠯᠪᠤᠯᠴᠠᠨ ᠠᠬᠢᠭᠤᠯᠤᠨ᠎ᠡ ᠬᠡᠵᠤ ᠢᠯᠡᠳᠭᠡᠵᠠᠢ᠃      ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠨᠠᠮ ᠤᠨ ᠲᠦᠪ ᠬᠤᠷᠢᠶᠠᠨ ᠤ ᠠᠯᠪᠠᠨ ᠲᠢᠩᠭᠢᠮ ᠤᠨ ᠡᠷᠬᠢᠯᠡᠭᠴᠢ ᠳ᠋ᠢᠩ ᠰᠢᠤᠸᠠᠢ ᠰᠢᠶᠠᠩ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠬᠦᠨ᠂ ᠲᠦᠪ ᠤᠨ ᠭᠠᠳᠠᠭᠠᠳᠤ ᠶᠠᠪᠤᠳᠠᠯ ᠤᠨ ᠠᠵᠢᠯ ᠤᠨ ᠵᠦᠪᠯᠡᠯ ᠤᠨ ᠠᠯᠪᠠᠨ ᠭᠡᠷ ᠤᠨ ᠡᠷᠬᠢᠯᠡᠭᠴᠢ ᠶᠠᠩ ᠵᠢᠶᠧ ᡂᠢ᠂ ᠲᠦᠷᠦ ᠶᠢᠨ ᠶᠠᠪᠤᠳᠠᠯ ᠤᠨ ᠬᠡᠰᠢᠬᠦᠨ ᠪᠦᠭᠡᠳ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠸᠠᠩ ᠢ ᠨᠠᠷ ᠲᠡᠭᠡᠷᠡᠬᠢ ᠠᠵᠢᠯᠯᠠᠭ᠎ᠠ ᠳᠤ ᠤᠷᠤᠯᠴᠠᠵᠠᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号