ᠪᠦᠬᠦ ᠬᠤᠰᠢᠭᠤᠨ ᠤ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠪᠠᠶᠢᠷᠢᠯᠠᠭᠤᠯᠤᠨ ᠠᠬᠢᠭᠤᠯᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-05-30
     ᠣᠶᠢᠷ᠎ᠠ ᠳᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠤᠷᠭᠠᠯᠲᠤ ᠪᠦᠬᠦ ᠬᠤᠰᠢᠭᠤᠨ ᠤ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠪᠠᠶᠢᠷᠢᠯᠠᠭᠤᠯᠤᠨ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠪᠣᠭᠤᠮᠲᠠ ᠰᠢᠪᠲᠤᠯᠬᠤ ᠠᠵᠢᠯ ᠢ ᠪᠠᠶᠢᠷᠢᠯᠠᠭᠤᠯᠤᠨ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠪᠣᠭᠤᠮᠲᠠ ᠰᠢᠪᠲᠤᠯᠬᠤ ᠠᠵᠢᠯ ᠢ ᠪᠠᠶᠢᠷᠢᠯᠠᠭᠤᠯᠤᠨ ᠲᠣᠬᠢᠷᠠᠭᠤᠯᠪᠠ᠃ ᠡᠯ᠎ᠡ ᠰᠤᠮᠤ ᠪᠠᠯᠭᠠᠰᠤᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ᠂ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠢᠴᠢ ᠬᠤᠰᠢᠭᠤ ᠲᠣᠭᠲᠠᠭᠤᠨ ᠢ ᠪᠠᠲᠤᠯᠠᠬᠤ᠂ ᠵᠠᠬᠢᠳᠠᠯ ᠰᠤᠷᠪᠤᠯᠵᠢᠯᠠᠭ᠎ᠠ ᠶᠢᠨ ᠭᠤᠣᠯ ᠪᠣᠯᠬᠤ ᠪᠦᠷᠢᠯᠳᠦᠬᠦᠨ ᠪᠠᠶᠢᠭᠤᠯᠭ᠎ᠠ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠰᠢᠭᠤ ᠵᠠᠬᠢᠳᠠᠯ ᠰᠤᠷᠪᠤᠯᠵᠢᠯᠠᠭ᠎ᠠ ᠶᠢᠨ ᠠᠯᠪᠠᠨ ᠭᠡᠷ ᠤᠨ ᠬᠠᠷᠢᠭᠤᠴᠠᠯᠭᠠᠲᠠᠨ ᠠᠴᠠ 1  ᠠᠴᠠ 5 ᠳ᠋ᠤᠭᠠᠷ ᠰᠠᠷ᠎ᠠ ᠶᠢᠨ ᠪᠦᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠥᠷᠨᠢᠭᠦᠯᠦᠭᠳᠡᠭᠰᠡᠨ ᠪᠠᠶᠢᠳᠠᠯ ᠢ ᠨᠡᠶᠢᠲᠡᠯᠡᠵᠦ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠤᠷᠭᠠᠯᠲᠤ ᠣᠷᠣᠨ᠂ ᠬᠤᠲᠠ ᠶᠢᠨ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠪᠣᠭᠤᠮᠲᠠ ᠰᠢᠪᠲᠤᠯᠬᠤ ᠠᠵᠢᠯ ᠢ ᠪᠠᠶᠢᠷᠢᠯᠠᠭᠤᠯᠤᠨ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ᠮᠠᠨ ᠤ ᠬᠤᠰᠢᠭᠤᠨ ᠤ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠪᠣᠭᠤᠮᠲᠠ ᠰᠢᠪᠲᠤᠯᠬᠤ ᠠᠵᠢᠯ ᠳᠤ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠪᠡ᠃      ᠰᠤᠷᠭᠠᠯᠲᠤ ᠴᠢᠬᠤᠯᠠᠴᠢᠯᠠᠬᠤ ᠳᠠᠭᠠᠨ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠲᠤᠰᠬᠠᠢ ᠲᠥᠷᠥᠯ ᠤᠨ ᠠᠵᠢᠯ ᠢ ᠴᠢᠬᠤᠯᠠᠴᠢᠯᠠᠨ ᠦᠵᠡᠵᠦ᠂ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠲᠤᠰ ᠤᠳᠠᠭᠠᠨ ᠤ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠤᠨ ᠪᠠᠶᠢᠷᠢᠯᠠᠭᠤᠯᠤᠯᠲᠠ ᠪᠣᠯᠣᠨ ᠱᠠᠭᠠᠷᠳᠠᠯᠭ᠎ᠠ ᠲᠠᠢ ᠨᠢᠭᠡᠳᠬᠡᠵᠦ᠂ ᠮᠠᠰᠢ ᠲᠦᠷᠭᠡᠨ ᠪᠠᠶᠢᠷᠢᠯᠠᠭᠤᠯᠤᠯᠲᠠ ᠬᠢᠵᠦ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ ᠴᠠᠭ ᠬᠤᠭᠤᠴᠠᠭᠠᠨ ᠤ ᠱᠠᠭᠠᠷᠳᠠᠯᠭ᠎ᠠ ᠲᠠᠢ ᠬᠠᠷᠭᠤᠭᠤᠯᠤᠨ ᠵᠥᠷᠢᠴᠡᠯ ᠵᠢᠭᠤᠷᠠᠯᠳᠤᠭᠠᠨ ᠢ ᠪᠠᠶᠢᠴᠠᠭᠠᠬᠤ᠂ ᠳᠠᠩᠰᠠ ᠪᠠᠶᠢᠭᠤᠯᠬᠤ᠂ ᠰᠢᠢᠳᠪᠦᠷᠢᠯᠡᠬᠦ ᠠᠵᠢᠯ ᠢ ᠦᠨᠡᠨᠬᠦ ᠯᠠᠪᠳᠠᠭᠤᠨ ᠪᠠᠲᠤᠲᠠᠢ ᠰᠠᠶᠢᠨ ᠬᠢᠬᠦ ᠬᠡᠷᠡᠭᠲᠡᠢ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠨ ᠮᠠᠨ ᠤ ᠬᠤᠰᠢᠭᠤᠨ ᠤ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠦᠬᠦ ᠲᠠᠯ᠎ᠠ ᠪᠠᠷ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号