ᠮᠠᠨ ᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠲᠤᠪᠴᠢᠶ᠎ᠠ ᠬᠠᠤᠯᠢ ᠶᠢ ᠵᠥᠷᠢᠴᠡᠭᠰᠡᠨ ᠲᠡᠷᠭᠡᠨ ᠵᠤᠭᠰᠤᠭᠠᠯᠲᠠ ᠳᠤ ᠲᠤᠰᠬᠠᠢ ᠲᠥᠷᠤᠯ ᠤᠨ ᠴᠡᠭᠴᠡᠯᠡᠨ ᠵᠠᠰᠠᠯᠲᠠ ᠶᠢᠨ ᠬᠥᠲᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2018-05-30
     ᠪᠠᠯᠭᠠᠰᠤᠨ ᠲᠤᠭᠤᠷᠢᠭ ᠤᠨ ᠲᠡᠷᠭᠡᠨ ᠵᠤᠭᠰᠤᠭᠠᠯᠲᠠ ᠶᠢ ᠨᠠᠩ ᠢᠯᠡᠬᠦᠤ ᠭᠡᠪ ᠵᠢᠷᠤᠮ ᠲᠠᠢ ᠪᠤᠯᠭᠠᠵᠤ᠂ ᠬᠤᠲᠠ ᠶᠢᠨ ᠲᠥᠷᠢ ᠲᠥᠷᠬᠦ ᠶᠢ ᠨᠠᠩ ᠢᠯᠡᠭᠦᠤ ᠭᠤᠶᠤᠵᠢᠭᠤᠯᠬᠤ ᠶᠢᠨ ᠲᠥᠯᠤᠭᠡ᠂  ᠤᠶᠢᠷ᠎ᠠ ᠳᠤ᠂ ᠮᠠᠨ ᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠲᠤᠪᠴᠢᠶ᠎ᠠ ᠭᠠᠯᠠᠭᠤᠲᠤ ᠪᠠᠯᠭᠠᠰᠤᠨ ᠤ ᠭᠡᠪᠴᠢᠶᠡᠨ ᠳᠤ ᠬᠠᠤᠯᠢ ᠶᠢ ᠵᠥᠷᠢᠴᠡᠴᠤ ᠲᠡᠷᠭᠡ ᠬᠥᠰᠭᠡ ᠪᠠᠨ ᠲᠤᠷ᠎ᠠ ᠲᠠᠪᠠ ᠪᠠᠷ ᠵᠤᠭᠰᠤᠭᠠᠭᠰᠠᠨ ᠪᠠᠶᠢᠲᠠᠯ ᠳᠤ ᠨᠢᠭᠡ ᠤᠲᠠᠭᠠᠨ ᠤ ᠲᠤᠰᠬᠠᠢ ᠲᠥᠷᠤᠯ ᠤᠨ ᠴᠡᠭᠴᠡᠯᠡᠨ ᠵᠠᠰᠠᠯᠲᠠ ᠶᠢᠨ ᠬᠥᠲᠡᠯᠭᠡᠭᠡᠨ ᠥᠷᠨᠢᠭᠦᠯᠪᠡ᠃      ᠲᠤᠰ ᠬᠥᠲᠡᠯᠭᠡᠭᠡᠨ ᠨᠢ ᠰᠡᠷᠡᠮᠵᠢᠯᠡᠬᠦᠯᠬᠦ᠂ ᠢᠳᠬᠠᠨ ᠵᠠᠶᠢᠯᠠᠭᠤᠯᠬᠤ᠂ ᠵᠠᠰᠠᠭ ᠵᠠᠬᠢᠷᠭᠠᠨ ᠤ ᠰᠢᠳᠭᠡᠯ ᠥᠭᠬᠦ ᠵᠡᠷᠭᠡ ᠠᠷᠭ᠎ᠠ ᠪᠠᠷᠢᠯ ᠢᠶᠠᠷ ᠶᠠᠪᠤᠭᠲᠠᠵᠤ᠂ ᠲᠡᠷᠭᠡ ᠮᠠᠰᠢᠨ ᠢᠶᠠᠨ ᠲᠡᠷᠭᠡᠨ ᠵᠤᠭᠰᠤᠭᠠᠯ ᠳᠤ ᠥᠯᠤ ᠵᠤᠭᠰᠤᠭᠠᠭᠰᠠᠨ᠂ ᠤᠷᠲᠤ ᠬᠤᠭᠤᠴᠠᠭ᠎ᠠ ᠪᠠᠷ ᠵᠠᠮ ᠤᠨ ᠬᠠᠵᠠᠭᠤ ᠳᠤ ᠵᠤᠭᠰᠤᠭᠠᠭᠰᠠᠨ᠂  ᠰᠤᠬᠤᠷ ᠬᠥᠮᠤᠨ ᠤ ᠵᠠᠮ ᠳᠤ ᠵᠤᠭᠰᠤᠭᠠᠭᠰᠠᠨ᠂ ᠤᠯᠠᠨ ᠨᠡᠶᠢᠲᠡ ᠶᠢᠨ ᠨᠡᠪᠲᠡᠷᠡᠬᠦ ᠵᠠᠮ ᠳᠤ ᠵᠤᠭᠰᠤᠭᠠᠭᠰᠠᠨ ᠵᠡᠷᠭᠡ ᠬᠠᠤᠯᠢ ᠢ ᠵᠥᠷᠢᠴᠡᠴᠤ ᠵᠤᠭᠰᠤᠭᠠᠭᠰᠠᠨ ᠪᠠᠶᠢᠲᠠᠯ ᠳᠤ ᠴᠡᠭᠴᠡᠯᠡᠨ ᠵᠠᠰᠠᠯᠲᠠ ᠬᠢᠭᠰᠡᠨ  ᠪᠠᠶᠢᠨ᠎ᠠ᠃ ᠤᠲᠤᠬᠠᠨ ᠪᠤᠯᠲᠠᠯ᠎ᠠ᠂ ᠨᠡᠶᠢᠲᠡ 40 ᠭᠠᠷᠤᠢ ᠬᠠᠤᠯᠢ ᠬᠡᠷᠡᠭᠵᠢᠬᠦᠯᠤᠭ᠍ᠴᠢᠳ ᠤᠷᠤᠯᠴᠠᠵᠤ᠂ 1036 ᠬᠠᠤᠯᠢ ᠶᠢ ᠵᠥᠷᠢᠴᠡᠵᠤ ᠵᠤᠭᠰᠤᠭᠠᠭᠰᠠᠨ ᠲᠡᠷᠭᠡ ᠶᠢ ᠴᠡᠭᠴᠡᠯᠡᠨ ᠵᠠᠰᠠᠵᠤ᠂ 1012 ᠲᠡᠷᠭᠡᠨ ᠳᠤ ᠵᠠᠰᠠᠭ ᠵᠠᠬᠢᠷᠭᠠᠨ ᠤ ᠰᠢᠳᠭᠡᠯ ᠤᠯᠭᠤᠵᠤ᠂ 20 ᠲᠡᠷᠭᠡ ᠶᠢ ᠢᠳᠬᠠᠨ ᠵᠠᠶᠢᠯᠠᠭᠤᠯᠵᠤ᠂ 5 ᠲᠡᠷᠭᠡ ᠶᠢ ᠴᠢᠷᠤᠨ ᠵᠠᠶᠢᠯᠠᠭᠤᠯᠤᠭᠰᠠᠨ ᠪᠠᠶᠢᠨ᠎ᠠ᠃      ᠲᠠᠷᠠᠭᠠᠴᠢ ᠶᠢᠨ ᠠᠯᠬᠤᠮ ᠳᠤ ᠮᠠᠨ ᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠲᠤᠪᠴᠢᠶ᠎ᠠ ᠨᠢ ᠲᠤᠰ ᠬᠥᠲᠡᠯᠭᠡᠭᠡᠨ ᠢᠶᠠᠷ ᠲᠠᠮᠵᠢᠭᠠᠳ ᠤᠯᠤᠭᠰᠠᠨ ᠬᠢᠷᠢ ᠪᠥᠲᠥᠮᠵᠢ ᠪᠠᠨ ᠤᠯᠠᠮ ᠨᠢᠭᠡ ᠠᠯᠬᠤᠮ ᠪᠠᠬᠢᠵᠢᠬᠦᠯᠵᠤ᠂ ᠲᠡᠷᠭᠡᠨ ᠵᠤᠭᠰᠤᠭᠠᠯ ᠤᠨ ᠬᠠᠮᠢᠶᠠᠷᠤᠯᠲᠠ ᠪᠠᠨ ᠪᠠᠶᠢᠩᠭᠤ ᠶᠢᠨ ᠴᠢᠨᠠᠷᠲᠠᠢ ᠴᠢᠩᠭᠠᠳᠬᠠᠵᠤ᠂ ᠡᠯ᠎ᠡ ᠵᠢᠷᠤᠵᠤ ᠪᠤᠯᠬᠤᠶᠢᠴᠠ ᠵᠡᠭᠡᠯᠢ ᠭᠤᠲᠤᠮᠵᠢ ᠳᠤ ᠲᠡᠷᠭᠡᠨ ᠵᠤᠭᠰᠤᠭᠠᠯ ᠤᠨ ᠪᠠᠶᠢᠷᠢ ᠶᠢ ᠥᠷᠬᠦᠯᠵᠢᠯᠡᠨ ᠨᠡᠮᠡᠨ ᠵᠢᠷᠤᠵᠤ᠂ ᠲᠡᠭᠦᠨᠴᠢᠯᠡᠨ ᠡᠯ᠎ᠡ ᠬᠠᠮᠢᠶ᠎ᠠ  ᠪᠥᠬᠦᠢ ᠪᠠᠶᠢᠭᠤᠯᠭ᠎ᠠ ᠲᠠᠢ ᠬᠠᠮᠲᠤᠷᠠᠨ ᠴᠡᠭᠴᠡᠯᠡᠬᠦ ᠲᠤᠭᠲᠠᠴᠠ ᠶᠢ ᠲᠡᠭᠦᠯᠲᠡᠷᠵᠢᠬᠦᠯᠵᠤ᠂ ᠮᠠᠨ ᠤ ᠬᠤᠰᠢᠭᠤᠨ ᠤ ᠰᠢᠶᠡᠨ ᠤ ᠲᠡᠰ ᠤᠨ ᠪᠤᠯᠪᠠᠰᠤᠨ ᠬᠤᠲᠠ ᠶᠢ ᠡᠭᠦᠲᠤᠨ ᠪᠠᠶᠢᠭᠤᠯᠬᠤ ᠳᠤ ᠬᠤᠪᠢ ᠨᠡᠮᠡᠷᠢ ᠪᠠᠨ ᠦᠵᠡᠬᠦᠯᠬᠦ ᠪᠠᠷ ᠴᠢᠷᠮᠠᠶᠢᠵᠤ ᠪᠠᠶᠢᠨ᠎ᠠ᠃
 
ᠢᠷᠡᠯᠲᠡ᠄ ᠦᠤᠰᠢᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号