ᠤᠷᠳᠤᠰ ᠬᠤᠲᠠ ᠶᠢᠨ ᠪᠦᠬᠦ ᠤᠯᠤᠰ ᠤᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠲᠠᠪᠤᠷᠢᠵᠢᠭᠤᠯᠬᠤ ᠵᠢᠴᠢ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠪᠤᠯᠤᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠵᠤ ᠪᠠᠶᠢᠴᠠᠭᠠᠬᠤ ᠶᠢ ᠤᠭᠲᠤᠬᠤ ᠲᠧᠯᠸᠢᠰ ᠳ᠋ᠢᠶᠡᠩᠬᠤᠸᠠ ᠬᠤᠷᠠᠯ ᠬᠤᠷᠠᠯᠳᠤᠵᠤ ᠮᠠᠨ ᠤ ᠬᠤᠰᠢᠭᠤ ᠸᠢᠳᠢᠤ᠋ ᠬᠤᠷᠠᠯ ᠤᠨ ᠬᠡᠯᠪᠡᠷᠢ ᠪᠠᠷ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2018-05-30
      5 ᠰᠠᠷ᠎ᠠ ᠶᠢᠨ 25 ᠤ ᠡᠳᠤᠷ᠂ ᠤᠷᠳᠤᠰ ᠬᠤᠲᠠ ᠶᠢᠨ ᠪᠦᠬᠦ ᠤᠯᠤᠰ ᠤᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠲᠠᠪᠤᠷᠢᠵᠢᠭᠤᠯᠬᠤ ᠵᠢᠴᠢ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠪᠤᠯᠤᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠵᠤ ᠪᠠᠶᠢᠴᠠᠭᠠᠬᠤ ᠶᠢ ᠤᠭᠲᠤᠬᠤ ᠲᠧᠯᠸᠢᠰ ᠳ᠋ᠢᠶᠡᠩᠬᠤᠸᠠ ᠬᠤᠷᠠᠯ ᠬᠤᠷᠠᠯᠳᠤᠵᠤ ᠮᠠᠨ ᠤ ᠬᠤᠰᠢᠭᠤ ᠸᠢᠳᠢᠤ᠋ ᠬᠤᠷᠠᠯ ᠤᠨ ᠬᠡᠯᠪᠡᠷᠢ ᠪᠠᠷ ᠬᠤᠷᠠᠯ ᠳᠤ ᠤᠷᠤᠯᠴᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠤᠷᠭᠠᠯᠲᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ ᠰᠠᠬᠢᠯᠭ᠎ᠠ ᠪᠠᠲᠦ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠯᠠᠨ ᠲᠢᠶᠡᠨ᠂ ᠬᠤᠰᠢᠭᠤ ᠳᠡᠳ᠋ ᠳᠠᠷᠤᠭ᠎ᠠ ᠵᠸᠦ ᠱᠤᠸᠠᠢ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ  ᠳᠤ ᠬᠤᠷᠠᠯ ᠳᠤ ᠤᠷᠤᠯᠴᠠᠪᠠ᠃      ᠬᠤᠷᠠᠯ ᠠᠴᠠ ᠴᠢᠬᠤᠯᠠᠴᠢᠯᠠᠬᠤ ᠳᠤ ᠪᠠᠨ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠪᠤᠯᠤᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠵᠤ ᠪᠠᠶᠢᠴᠠᠭᠠᠬᠤ ᠠᠵᠢᠯ ᠪᠤᠯ ᠨᠠᠮ ᠤᠨ ᠲᠦᠪ ᠬᠤᠷᠢᠶᠠᠨ ᠤ ᠴᠢᠬᠤᠯᠠ ᠶᠡᠭᠡ  ᠰᠢᠢᠳᠪᠤᠷᠢᠲᠤ ᠪᠠᠶᠢᠷᠢᠯᠠᠭᠤᠯᠤᠯᠲᠠ ᠪᠠᠶᠢᠵᠤ᠂ ᠡᠷᠬᠡᠪᠰᠢ ᠤᠯᠤᠰ ᠲᠦᠷᠦ ᠶᠢᠨ ᠦᠨᠳᠦᠷᠴᠡ ᠠᠴᠠ ᠲᠡᠭᠦᠨ ᠤ ᠴᠢᠬᠤᠯᠠ ᠴᠢᠨᠠᠷ ᠢ ᠬᠦᠢᠴᠡᠳ ᠲᠠᠨᠢᠬᠤ ᠬᠡᠷᠡᠭᠲᠡᠢ᠃ ᠪᠠᠶᠢᠴᠠᠭᠠᠯᠲᠠ ᠶᠢ ᠤᠭᠲᠤᠬᠤ ᠠᠵᠢᠯ ᠢ ᠰᠠᠶᠢᠲᠤᠷ ᠬᠢᠬᠦ ᠶᠢᠨ ᠬᠠᠷᠢᠭᠤᠴᠠᠯᠭᠠᠲᠦ ᠰᠡᠳᠬᠢᠯᠭᠡ ᠪᠤᠯᠤᠨ ᠪᠠᠴᠢᠮ ᠲᠤᠯᠭᠠᠮ᠎ᠠ ᠰᠡᠳᠬᠢᠯᠭᠡ ᠶᠢ ᠴᠢᠩᠭᠠᠳᠬᠠᠨ᠂ ᠠᠵᠢᠯ ᠤᠨ  ᠲᠤᠤᠱᠯᠠᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ 《 ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠲᠤᠤᠱᠯᠠᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠪᠠᠨ ᠲᠤᠲᠤᠷᠬᠠᠶᠢᠯᠠᠨ᠂ ᠴᠡᠭᠴᠡᠯᠡᠨ ᠰᠠᠶᠢᠵᠢᠷᠠᠭᠤᠯᠬᠤ ᠶᠢ ᠲᠤᠤᠱᠯᠠᠭᠤᠯᠬᠤ ᠶᠢ ᠠᠳᠬᠤᠵᠤ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠭᠰᠡᠨ ᠦᠭᠡᠢ ᠠᠯᠪᠠᠨ ᠪᠠᠶᠢᠭᠤᠯᠭ᠎ᠠ ᠶᠢᠨ ᠠᠵᠢᠯᠲᠠᠨ ᠢ ᠬᠠᠤᠯᠢ ᠲᠦᠷᠢᠮ ᠶᠤᠰᠤᠭᠠᠷ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠮᠠᠯᠵᠢᠬᠤ ᠲᠠᠷᠢᠶᠠᠯᠠᠬᠤ ᠤᠷᠤᠨ ᠤ ᠰᠠᠭᠤᠷᠢᠰᠢᠨ ᠠᠮᠢᠳᠤᠷᠠᠬᠤ ᠤᠷᠴᠢᠨ ᠲᠤᠭᠤᠷᠢᠨ ᠢ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ᠂ ᠱᠠᠲᠦ ᠦᠶ᠎ᠡ᠂ ᠠᠯᠬᠤᠮ ᠳᠠᠷᠠᠭ᠎ᠠ ᠬᠤᠪᠢᠶᠠᠵᠤ᠂ ᠤᠷᠴᠢᠨ ᠲᠤᠭᠤᠷᠢᠨ ᠢ ᠴᠡᠭᠴᠡᠯᠡᠨ ᠰᠠᠶᠢᠵᠢᠷᠠᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠰᠠᠶᠢᠲᠤᠷ ᠬᠢᠬᠦ ᠬᠡᠷᠡᠭᠲᠡᠢ᠃ ᠤᠯᠠᠨ ᠲᠦᠮᠡᠨ ᠤ ᠬᠠᠮᠤᠭ ᠠᠴᠠ ᠬᠠᠯᠠᠮᠵᠢᠯᠠᠵᠤ ᠪᠠᠶᠢᠭ᠎ᠠ᠂ ᠪᠤᠲᠠᠲᠠᠢ ᠤᠷᠤᠰᠢᠵᠤ ᠪᠠᠶᠢᠭ᠎ᠠ ᠳᠤᠪᠤᠶᠢᠮ᠎ᠠ ᠠᠰᠠᠭᠤᠳᠠᠯ ᠢ ᠰᠠᠶᠢᠲᠤᠷ ᠰᠢᠢᠳᠪᠤᠷᠢᠯᠡᠬᠦ ᠬᠡᠷᠡᠭᠲᠡᠢ᠃ ᠭᠠᠵᠠᠷ ᠰᠢᠷᠤᠢ ᠶᠢᠨ ᠴᠡᠭᠴᠡᠯᠡᠨ ᠰᠠᠶᠢᠵᠢᠷᠠᠭᠤᠯᠤᠯᠲᠠ ᠶᠢᠨ ᠬᠢᠨᠠᠯᠲᠠ ᠪᠠᠶᠢᠴᠠᠭᠠᠯᠲᠠ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠡᠯ᠎ᠡ ᠲᠠᠯ᠎ᠠ ᠶᠢᠨ ᠠᠰᠠᠭᠤᠳᠠᠯ ᠢ ᠴᠠᠭ ᠳᠤᠬᠠᠢ ᠳᠤᠨᠢ ᠱᠠᠭᠠᠷᠳᠠᠯᠭ᠎ᠠ ᠶᠤᠰᠤᠭᠠᠷ ᠪᠡᠶᠡᠯᠡᠬᠦᠯᠬᠦ ᠶᠢ ᠪᠠᠲᠤᠯᠠᠬᠤ ᠬᠡᠷᠡᠭᠲᠡᠢ ᠬᠡᠪᠡ᠃      ᠬᠤᠷᠠᠯ ᠠᠴᠠ ᠱᠠᠭᠠᠷᠳᠠᠬᠤ ᠳᠤ ᠪᠠᠨ᠂ ᠡᠯ᠎ᠡ ᠬᠤᠰᠢᠭᠤ ᠲᠤᠭᠤᠷᠢᠭ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠨ ᠦᠵᠡᠵᠤ᠂ ᠭᠠᠵᠠᠷ ᠤᠷᠤᠨ ᠳᠤᠨᠢ ᠲᠤᠬᠢᠷᠠᠭᠤᠯᠤᠨ ᠬᠤᠭ ᠨᠤᠪᠰᠢ ᠪᠤᠯᠤᠨ ᠪᠤᠵᠠᠷ ᠤᠰᠤ ᠰᠢᠢᠳᠪᠤᠷᠢᠯᠡᠬᠦ ᠶᠢ ᠠᠬᠢᠭᠤᠯᠬᠤ ᠬᠡᠷᠡᠭᠲᠡᠢ᠃ ᠡᠰᠢ ᠰᠦᠷᠡᠯ ᠢ ᠡᠷᠤᠢ ᠬᠤᠷᠤᠢ ᠦᠭᠡᠢ ᠬᠠᠶᠠᠵᠤ ᠲᠠᠯᠪᠢᠬᠤ᠂ ᠬᠢᠮᠢ ᠶᠢᠨ ᠪᠤᠷᠳᠤᠭᠤᠷ᠂ ᠲᠠᠷᠢᠶᠠᠨ ᠡᠮ ᠵᠡᠷᠭᠡ ᠶᠢᠨ ᠪᠤᠬᠢᠷᠳᠤᠯ ᠤᠨ ᠠᠰᠠᠭᠤᠳᠠᠯ ᠢ ᠪᠦᠬᠦ ᠬᠦᠴᠦᠨ ᠢᠶᠠᠷ ᠰᠢᠢᠳᠪᠤᠷᠢᠯᠡᠬᠦ ᠬᠡᠷᠡᠭᠲᠡᠢ᠃ ᠤᠯᠠᠨ ᠲᠠᠯ᠎ᠠ ᠠᠴᠠ ᠪᠡᠯᠡ ᠮᠦᠩᠬᠦ ᠴᠤᠭᠯᠠᠭᠤᠯᠵᠤ ᠂ ᠮᠠᠯᠴᠢᠨ ᠲᠠᠷᠢᠶᠠᠴᠢᠨ ᠢ ᠳᠠᠶᠢᠴᠢᠯᠠᠨ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠵᠠᠰᠠᠨ ᠴᠡᠭᠴᠡᠯᠡᠯᠲᠡ ᠶᠢᠨ ᠠᠵᠢᠯ ᠳᠤ ᠤᠷᠤᠯᠴᠠᠭᠤᠯᠬᠤ ᠬᠡᠷᠡᠭᠲᠡᠢ᠃ ᠡᠯ᠎ᠡ ᠬᠤᠰᠢᠭᠤ ᠲᠤᠭᠤᠷᠢᠭ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠠᠰᠠᠭᠤᠳᠠᠯ ᠤᠨ ᠤᠳᠤᠷᠢᠳᠤᠮᠵᠢ ᠪᠠᠨ ᠲᠤᠪᠤᠶᠢᠯᠭᠠᠵᠤ᠂  ᠴᠡᠭᠴᠡᠯᠡᠨ ᠰᠠᠶᠢᠵᠢᠷᠠᠭᠤᠯᠬᠤ ᠬᠦᠴᠦᠯᠡᠴᠡ ᠪᠠᠨ ᠨᠡᠮᠡᠭᠳᠡᠭᠦᠯᠦᠨ᠂ ᠪᠤᠲᠠᠲᠠᠢ ᠦᠷ᠎ᠡ ᠪᠦᠲᠦᠮᠵᠢ ᠪᠠᠷ ᠢᠶᠠᠨ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠳᠤᠭᠤᠶᠢᠯᠠᠩ ᠪᠤᠯᠤᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠵᠤ ᠪᠠᠶᠢᠴᠠᠭᠠᠬᠤ ᠶᠢ ᠤᠭᠲᠤᠬᠤ ᠬᠡᠷᠡᠭᠲᠡᠢ ᠬᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号