ᠯᠢᠦ ᠰᠢᠶᠠᠩ᠄ ᠵᠤᠯ ᠵᠢᠷᠭᠠᠯᠳᠤ ᠠᠮᠢᠳᠤᠷᠡᠯ ᠢ ᠪᠤᠯ ᠲᠡᠮᠡᠴᠡᠵᠤ ᠪᠠᠶᠢᠭᠠᠳ ᠤᠯᠳᠠᠭ ᠰᠠᠨ
ᠨᠡᠶᠢᠲᠡᠯᠡᠭᠰᠡᠨ ᠴᠠᠭ᠄
2018-05-30
     ︽ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠶᠢᠨ ᠨᠢᠭᠡ ᠭᠡᠰᠢᠭᠦᠨ᠂ ᠨᠢᠭᠡᠳᠤᠭᠡᠷ ᠱᠦᠵᠢ ᠪᠤᠯᠤᠬᠰᠡᠨ ᠤ ᠬᠤᠪᠢ ᠳᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠡ ᠰᠢᠪᠳᠤᠯᠬᠤ ᠲᠠᠶᠢᠯᠠᠯᠳᠤᠭᠠᠨ ᠤ ᠠᠭᠤᠤ ᠶᠡᠭᠡ ᠲᠡᠮᠡᠴᠡᠯ ᠤᠨ ᠲᠤᠮᠳᠡ ᠤᠷᠤᠯᠴᠠᠬᠰᠡᠨ ᠳᠤ ᠪᠠᠨ ᠰᠡᠳᠭᠢᠯ ᠦᠨᠳᠦᠷ ᠮᠦᠷᠳᠡᠭᠡᠨ ᠢᠷᠠᠭᠤ ᠠᠯᠳᠠᠷ ᠲᠠᠢ ᠰᠠᠨᠠᠭᠳᠠᠵᠤ ᠪᠠᠶᠢᠨ᠎ᠠ᠂ ᠮᠦᠨ ᠴᠤ ᠬᠠᠷᠢᠭᠤᠴᠠᠯᠭ᠎ᠠ ᠭᠦᠨᠳᠤ︾ ᠭᠡᠵᠤ ᠪᠠᠶᠠᠨᠭᠤᠤᠯ ᠭᠠᠴᠠᠭᠠᠨ ᠤ ᠨᠢᠭᠡᠳᠤᠭᠡᠷ ᠱᠦᠵᠢ ᠯᠢᠦ ᠰᠢᠶᠠᠩ ᠭᠡᠯᠡᠨ᠎ᠡ᠃      2017 ᠤᠨ ᠤ 12 ᠰᠠᠷ᠎ᠡ ᠶᠢᠨ 3 ᠤ ᠡᠳᠦᠷ᠂ ᠯᠢᠦ ᠰᠢᠶᠠᠩ ᠤᠨ ᠠᠵᠢᠯᠯᠠᠵᠤ ᠪᠠᠶᠢᠭ᠎ᠠ ᠪᠠᠶᠢᠭᠤᠯᠭ᠎ᠠ ᠤᠷᠳᠤᠰ ᠤᠨ ᠡᠳᠦᠷ ᠤᠨ ᠰᠤᠨᠢᠨ ᠤ ᠬᠤᠷᠢᠶ᠎ᠡ ᠶᠢᠨ ᠲᠤᠮᠢᠯᠠᠭ᠎ᠠ ᠪᠠᠷ ᠲᠡᠷᠡ ᠮᠠᠨᠢ ᠦᠤᠰᠢᠨ ᠬᠤᠰᠢᠭᠤᠨ ᠤ ᠪᠠᠶᠠᠨᠭᠤᠤᠯ ᠭᠠᠴᠠᠭᠠᠨ ᠤ ᠨᠢᠭᠡᠳᠤᠭᠡᠷ ᠱᠦᠵᠢ ᠪᠠᠷ ᠲᠤᠮᠢᠯᠠᠬᠳᠠᠬᠰᠡᠨ ᠠᠴᠠ ᠨᠠᠭᠠᠰᠢ᠂ ᠭᠠᠴᠠᠭᠠᠨ ᠳᠤ ᠭᠦᠨᠵᠡᠭᠡᠶᠢᠷᠡᠨ ᠤᠨᠤᠪᠴᠢᠳᠡᠢ ᠴᠢᠭᠯᠡᠯ ᠢᠶᠠᠨ ᠡᠷᠢᠵᠤ᠂ ᠵᠤᠷᠢᠬᠳᠡᠢ ᠠᠵᠢᠯᠯᠠᠬᠤ ᠪᠠᠷ ᠴᠢᠷᠮᠠᠶᠢᠨ ᠡᠭᠢᠯᠡᠭᠰᠡᠨ ᠪᠢᠯᠡ᠃ ᠲᠡᠷᠡᠪᠡᠷ ᠪᠠᠶᠠᠨᠭᠤᠤᠯ ᠭᠠᠴᠠᠭᠠᠨ ᠳᠤ ᠭᠦᠷᠦᠭᠰᠡᠨ ᠤ ᠲᠠᠷᠠᠭᠠᠭᠢ ᠨᠢᠭᠡᠳᠤᠭᠡᠷ ᠤᠴᠢᠷ ᠪᠤᠯ ᠲᠠᠷᠤᠢ ᠡᠷᠦᠭᠡ ᠲᠠᠷᠠᠭᠠᠯᠡᠨ ᠭᠠᠴᠠᠭᠠᠨ ᠤ ᠠᠷᠠᠳ ᠤᠨ ᠪᠠᠶᠢᠳᠡᠯ ᠢ ᠤᠢᠢᠯᠠᠭᠠᠵᠤ᠂ ᠶᠠᠳᠠᠭᠤ ᠠᠴᠠ ᠠᠩᠭᠢᠵᠢᠷᠠᠭᠤᠯᠬᠤ ᠡᠷᠦᠭᠡ ᠶᠢᠨ ᠪᠠᠶ᠎ᠡ ᠲᠡᠭᠡᠷ᠎ᠡ ᠭᠤᠤᠯ ᠭᠦᠴᠦ ᠪᠠᠨ ᠲᠡᠯᠪᠢᠵᠤ᠂ ᠠᠵᠢᠯ ᠤᠨ ᠲᠡᠩᠰᠡ ᠪᠠᠶᠢᠭᠤᠯᠵᠤ᠂ ᠡᠷᠦᠭᠡ ᠨᠢᠭᠡᠪᠤᠷᠢ ᠳᠤ ᠲᠠᠭᠠᠭᠠᠴᠢᠯᠡᠨ ᠲᠡᠳᠭᠦᠭᠦ ᠬᠠᠷᠢᠭᠤᠴᠠᠯᠭᠠᠳᠤ ᠭᠦᠮᠦᠨ ᠲᠠᠢ ᠪᠠᠶᠢᠬᠤ ᠶᠢ ᠪᠠᠳᠤᠯᠡᠵᠤ ᠴᠢᠳᠠᠵᠡᠢ᠃ ᠭᠠᠴᠠᠭᠠᠨ ᠤ ᠪᠠᠶᠢᠳᠡᠯ ᠢ ᠤᠢᠢᠯᠠᠭᠠᠬᠰᠡᠨ ᠤ ᠰᠡᠭᠦᠯᠡᠷ᠂ ᠤᠯᠠᠩᠭᠢ ᠮᠠᠯᠴᠢᠨ ᠲᠡᠷᠢᠶᠡᠴᠢᠳ ᠤᠨ ᠶᠠᠳᠠᠭᠤᠷᠠᠬᠰᠡᠨ ᠭᠦᠨ ᠰᠢᠯᠳᠠᠭᠠᠨ ᠢ ᠰᠡᠷᠡᠵᠤ ᠮᠡᠳᠡᠵᠤ ᠤᠨᠤᠪᠴᠢᠳᠡᠢ ᠶᠠᠳᠠᠭᠤ ᠶᠢ ᠲᠡᠳᠭᠦᠭᠦ ᠠᠷᠭ᠎ᠠ ᠵᠠᠮ ᠢᠶᠠᠨ ᠤᠯᠤᠬᠰᠡᠨ ᠪᠦᠭᠡᠳ ᠦᠷᠭᠦᠯᠵᠢ ᠭᠠᠴᠠᠭᠠᠨ ᠤ ᠮᠠᠯᠴᠢᠳ ᠲᠠᠢ ᠰᠡᠳᠭᠢᠯ ᠢᠶᠠᠨ ᠲᠡᠯᠭᠡᠵᠤ ᠵᠤᠭᠤᠬᠳᠠᠭᠠᠳ ᠳᠡᠳᠡᠨ ᠤ ᠬᠦᠷᠢᠶᠡᠯᠡᠯ ᠢ ᠤᠯᠤᠬᠰᠠᠨ ᠪᠠᠶᠢᠨ᠎ᠠ᠃      ᠮᠠᠯᠴᠢᠨ ᠪᠠᠷᠢᠨᠳᠠᠭ ᠪᠤᠯ ᠪᠠᠶᠠᠨᠭᠤᠤᠯ ᠭᠠᠴᠠᠭᠠᠨ ᠤ ᠮᠠᠯᠴᠢᠨ᠃ ᠡᠴᠢᠭᠡ ᠪᠤᠯᠤᠨ ᠲᠡᠭᠦᠤ ᠲᠠᠢ ᠪᠠᠨ ᠠᠮᠢᠳᠤᠷᠡᠵᠤ ᠪᠤᠢ᠂ ᠲᠡᠭᠦᠦ ᠨᠢ ᠭᠡᠷ ᠪᠦᠯᠢ ᠪᠤᠯᠤᠬᠰᠡᠨ ᠤ ᠲᠡᠷᠠᠭ᠎ᠠ᠂ ᠡᠴᠢᠭᠡ ᠨᠢ ᠴᠤᠷ ᠤᠨ ᠭᠠᠭᠴᠡ ᠪᠠᠶᠢᠰᠢᠩ ᠢᠶᠠᠨ ᠲᠡᠭᠦᠦ ᠳᠤ ᠨᠢ ᠦᠭᠭᠦᠭᠰᠡᠨ ᠤ ᠲᠠᠷᠬ ᠎ᠠ ᠦᠪᠡᠷ ᠢᠶᠠᠨ ᠡᠪᠡᠰᠤ ᠪᠡᠯᠴᠢᠭᠡᠷ ᠢᠶᠠᠨ ᠲᠦᠷᠢᠶᠡᠰᠦᠯᠡᠨ ᠲᠡᠵᠢᠭᠡᠨ ᠦᠷᠡᠵᠢᠭᠦᠯᠭᠦ ᠠᠵᠢᠯ ᠭᠢᠵᠤ᠂ ᠪᠠᠷᠢᠨᠳᠠᠭ ᠠᠮᠢᠳᠤᠷᠡᠯ ᠤᠨ ᠡᠷᠭᠡ ᠪᠠᠷ ᠭᠠᠳᠠᠬᠰᠢ ᠭᠠᠷᠴᠤ ᠭᠦᠯᠦᠰᠦᠨ ᠠᠵᠢᠯ ᠭᠢᠭᠰᠡᠨ ᠪᠤᠯᠪᠠᠴᠤ ᠠᠮᠢᠳᠤᠷᠡᠯ ᠨᠢ ᠮᠦᠨ ᠴᠤ ᠭᠠᠷ ᠮᠡᠭᠦᠰ ᠭᠠᠨᠵᠤᠭ᠎ᠠ ᠲᠡᠳᠠᠭᠤ ᠪᠠᠶᠢᠯ᠎ᠡ᠃ 2016 ᠤᠨ ᠳᠤ᠂ ᠲᠡᠷᠡ ᠲᠠᠩᠰᠡᠯᠠᠵᠤ ᠺᠠᠷᠲᠯᠠᠬᠰᠡᠨ ᠶᠠᠳᠠᠭᠤ ᠭᠦᠴᠢᠷᠳᠡᠯᠳᠡᠢ ᠡᠷᠦᠭᠡ ᠪᠠᠷ ᠲᠤᠬᠳᠠᠭᠠᠬᠳᠠᠪᠡ᠂ ᠤᠷᠳᠤᠰ ᠤᠨ ᠡᠳᠦᠷ ᠤᠨ ᠰᠤᠨᠢᠨ ᠤ ᠬᠤᠷᠢᠶ᠎ᠡ ᠲᠡᠭᠦᠨ ᠤ ᠪᠠᠶᠢᠳᠡᠯ ᠳᠤ ᠴᠢᠭᠯᠡᠭᠦᠯᠦᠨ᠂ ᠲᠡᠭᠦᠨ ᠤ ᠨᠢᠳᠤᠨ ᠡᠮᠦᠨᠡᠭᠢ ᠬᠠᠮᠤᠭ ᠤᠨ ᠭᠦᠴᠢᠷᠳᠡᠯ ᠲᠠᠢ ᠠᠰᠠᠭᠤᠳᠡᠯ ᠠᠴᠠ ᠨᠢ ᠭᠠᠷᠳᠡᠨ᠂ ᠬᠤᠯᠪᠤᠬᠳᠡᠯ ᠪᠦᠭᠦᠢ ᠰᠠᠯᠠᠭ᠎ᠠ ᠮᠦᠴᠢᠷ ᠲᠠᠢ ᠵᠤᠭᠢᠴᠠᠭᠤᠯᠦᠨ 65 ᠲᠡᠭᠰᠢ ᠲᠦᠷᠪᠡᠯᠵᠢᠨ ᠮᠧᠲᠷ ᠤᠨ ᠰᠢᠨ᠎ᠡ ᠪᠠᠶᠢᠰᠢᠩ ᠪᠠᠷᠢᠵᠤ ᠦᠭᠭᠦᠭᠰᠡᠨ ᠪᠦᠭᠡᠳ ᠬᠤᠨᠢ ᠪᠡ ᠦᠭᠡᠷ ᠬᠤᠳᠠᠯᠳᠤᠨ ᠠᠪᠴᠤ ᠦᠭᠭᠦᠨ᠂ ᠲᠡᠭᠦᠨ ᠤ ᠲᠤᠬᠳᠠᠪᠤᠷᠢᠳᠡᠢ ᠶᠠᠳᠠᠭᠤ ᠠᠴᠠ ᠠᠩᠭᠢᠵᠢᠷᠡᠨ ᠴᠢᠨᠡᠭᠡᠯᠢᠭᠵᠢᠯ ᠤᠨ ᠵᠠᠮ ᠢᠶᠠᠷ ᠵᠠᠮᠨᠠᠬᠤ ᠶᠢ ᠭᠦᠳᠦᠯᠦᠨ ᠲᠠᠭᠠᠭᠤᠯᠤᠬᠰᠡᠨ ᠪᠢᠯᠡ᠂ ᠤᠳᠤᠬᠠᠨ ᠳᠤ ᠲᠡᠭᠦᠨ ᠤ ᠢᠮᠠᠭ᠎ᠠ ᠨᠢ 50 ᠭᠠᠷᠤᠢ ᠲᠤᠯᠤᠭᠠᠢ᠂ ᠦᠭᠡᠷ ᠨᠢ 3 ᠲᠤᠯᠤᠭᠠᠢ ᠪᠤᠯᠵᠤ᠂ ᠶᠠᠳᠠᠭᠤ ᠠᠴᠠ ᠠᠩᠭᠢᠵᠢᠷᠠᠬᠰᠡᠨ ᠪᠠᠷᠢᠨᠳᠠᠭ ᠦᠪᠡᠷ ᠢᠶᠠᠨ ᠲᠷᠠᠺᠲ᠋ᠤᠷ ᠬᠤᠳᠠᠯᠳᠤᠨ ᠠᠪᠴᠤ᠂ ᠦᠪᠡᠷ ᠤᠨ ᠭᠦᠴᠦ ᠪᠠᠷ ᠢᠶᠠᠨ ᠲᠡᠭᠵᠢᠷᠡᠭᠦ ᠰᠦᠰᠦ ᠵᠤᠷᠢᠭ ᠲᠠᠢ ᠪᠤᠯᠵᠤ ᠤᠷᠮᠠᠳᠠᠶᠢᠬᠠᠨ ᠠᠵᠢᠯᠯᠠᠨ᠎ᠡ᠃      ᠯᠢᠦ ᠰᠢᠶᠠᠩ ᠭᠠᠴᠠᠭᠠᠨ ᠤ ᠬᠠᠮᠲᠦ ᠶᠢᠨ ᠠᠵᠤ ᠠᠬᠤᠢ ᠶᠢᠨ ᠲᠦᠷᠦᠯ ᠵᠦᠢᠯ ᠳᠤ 3 ᠤᠳᠠᠭ᠎ᠠ ᠪᠠᠶᠢᠴᠠᠭᠠᠨ ᠰᠤᠳᠤᠯᠤᠯᠲᠠ ᠬᠢᠵᠦ᠂ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ ᠳᠤ 5 ᠤᠳᠠᠭ᠎ᠠ ᠪᠠᠶᠢᠴᠠᠭᠠᠨ ᠰᠤᠳᠤᠯᠤᠯᠲᠠ ᠬᠢᠵᠦ᠂ ᠨᠡᠭᠡᠭᠡᠯᠲᠡ ᠬᠢᠵᠦ ᠪᠤᠯᠬᠤ ᠵᠤᠭᠠᠴᠠᠯ ᠤᠨ ᠡᠬᠢ ᠪᠠᠶᠠᠯᠢᠭ ᠲᠤ 2 ᠤᠳᠠᠭ᠎ᠠ ᠪᠠᠶᠢᠴᠠᠭᠠᠨ ᠰᠤᠳᠤᠯᠤᠯᠲᠠ ᠬᠢᠵᠦ᠂ ᠷᠠᠰᠢᠶᠠᠨ ᠤᠰᠤᠨ ᠤ ᠦᠢᠯᠡᠳᠪᠦᠷᠢ ᠳᠤ 1 ᠤᠳᠠᠭ᠎ᠠ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ᠃ ᠬᠦᠨᠵᠡᠭᠡᠢ ᠪᠠᠶᠢᠴᠠᠭᠠᠨ ᠰᠤᠳᠤᠯᠤᠯᠲᠠ ᠬᠢᠬᠦ ᠪᠠᠷ ᠲᠠᠮᠵᠢᠭᠠᠳ ᠪᠠᠶᠠᠨᠭᠤᠤᠯ ᠭᠠᠴᠠᠭ᠎ᠠ ᠨᠢ ᠤᠯᠠᠮᠵᠢᠯᠠᠯᠲᠦ ᠠᠵᠤ ᠦᠢᠯᠡᠰ ᠢᠶᠠᠨ ᠦᠷᠬᠦᠯᠵᠢᠯᠡᠨ ᠬᠦᠭᠵᠢᠭᠦᠯᠵᠤ ᠪᠤᠵᠠᠭᠠᠢᠢᠷᠠᠭᠤᠯᠬᠤ ᠶᠤᠰᠤᠲᠠᠢ ᠭᠡᠵᠦ ᠯᠢᠦ ᠰᠢᠶᠠᠩ ᠦᠵᠡᠪᠡ᠃      ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠪᠤᠯᠤᠨ ᠭᠠᠴᠠᠭᠠᠨ ᠤ ᠡᠬᠦᠷ ᠵᠦᠪᠯᠡᠯ ᠤᠨ ᠬᠢᠨ ᠤ ᠤᠯᠠᠨ ᠤᠳᠠᠭ᠎ᠠ ᠶᠢᠨ ᠪᠠᠶᠢᠴᠠᠭᠠᠨ ᠰᠤᠳᠤᠯᠤᠯᠲᠠ ᠪᠠᠷ ᠲᠠᠮᠵᠢᠨ ᠪᠠᠶᠠᠨᠭᠤᠤᠯ ᠭᠠᠴᠠᠭᠠᠨ ᠤ ᠪᠠᠶᠢᠭᠠᠯᠢ ᠶᠢᠨ ᠡᠬᠢ ᠪᠠᠶᠠᠯᠢᠭ ᠪᠤᠯᠤᠨ ᠦᠨᠳᠦᠰᠦᠲᠡᠨ ᠤ ᠰᠤᠶᠤᠯ ᠳᠤ ᠰᠠᠭᠤᠷᠢᠯᠠᠨ᠂ ᠪᠦᠬᠦ ᠤᠷᠤᠨ ᠲᠤᠭᠤᠷᠢᠭ ᠤᠨ ᠵᠤᠭᠠᠴᠠᠯ ᠢ ᠬᠦᠴᠦᠳᠠᠢ ᠬᠦᠭᠵᠢᠬᠦᠯᠬᠦ ᠲᠦᠯᠦᠪᠯᠡᠭᠡ ᠶᠢ ᠲᠤᠬᠳᠠᠭᠠᠬᠰᠠᠨ ᠪᠠᠶᠢᠨ᠎ᠠ᠃ ︽ᠭᠠᠴᠠᠭᠠᠨ ᠤ ᠶᠡᠭᠡ ᠪᠠᠭ᠎ᠠ ᠬᠤᠪᠢᠷᠠᠯᠲᠠ ᠶᠢ ᠨᠢᠲᠦ ᠪᠠᠷ ᠢᠶᠠᠨ ᠦᠵᠡᠵᠦ ᠪᠡᠶ᠎ᠡ ᠪᠠᠷ ᠢᠶᠠᠨ ᠦᠡᠭᠭᠡᠷᠡᠬᠦᠯᠬᠦ ᠪᠦᠷᠢ ᠲᠤᠩ ᠪᠠᠶᠠᠷ ᠵᠢᠷᠭᠠᠯ ᠲᠠᠢ ᠰᠠᠨᠠᠬᠳᠠᠳᠠᠭ᠃ ᠵᠤᠯ ᠵᠢᠷᠭᠠᠯᠲᠦ ᠠᠮᠢᠳᠤᠷᠠᠯ ᠢ ᠪᠤᠯ ᠲᠡᠮᠡᠴᠡᠨ ᠪᠠᠶᠢᠵᠤ ᠤᠯᠳᠠᠭ ᠰᠠᠨ᠃ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠨᠢ ᠦᠨᠡᠨ ᠬᠦ ᠮᠠᠯᠴᠢᠨ ᠲᠠᠷᠢᠶᠠᠴᠢᠨ ᠤ ᠰᠡᠳᠬᠢᠯ ᠤᠨ ᠲᠤᠳᠤᠨᠤ ᠬᠦᠮᠦᠨ ᠪᠤᠯᠵᠤ᠂ ᠠᠷᠢᠭᠤᠨ ᠬᠦᠳᠡᠯᠮᠦᠷᠢ ᠤᠶᠤᠨ ᠤᠬᠠᠭᠠᠨ ᠢᠶᠠᠷ ᠢᠶᠠᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠬᠤᠪᠢ ᠨᠡᠮᠡᠷᠢ ᠪᠠᠨ ᠦᠵᠡᠬᠦᠯᠬᠦ ᠪᠠᠷ ᠴᠢᠷᠮᠠᠶᠢᠨ᠎ᠠ︾ ᠭᠡᠵᠦ ᠯᠢᠦ ᠰᠢᠶᠠᠩ ᠪᠤᠳᠤᠯ ᠲᠦᠷᠦᠭᠳᠡᠯ ᠢᠶᠠᠨ ᠶᠠᠷᠢᠵᠦ ᠪᠠᠶᠢᠯ᠎ᠠ᠃
 
ᠢᠷᠡᠯᠲᠡ᠄ ᠤᠷᠳᠤᠰ ᠮᠤᠩᠭᠤᠯ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号