ᠤᠯᠠᠭᠠᠨᠳᠤᠯᠤᠭᠠᠢ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠨᠢ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠦᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠨ᠂ ᠨᠠᠮ ᠤᠨ ᠪᠠᠶᠢᠭᠤᠯᠤᠯᠳᠠ ᠶᠢ ᠴᠢᠩᠭ᠎ᠠ ᠠᠳᠬᠤᠵᠤ᠂ ᠶᠠᠳᠠᠭᠤ ᠶᠢ | ᠳᠡᠳᠬᠦᠵᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠲᠡᠭᠡᠳᠤ ᠬᠡᠮᠵᠢᠶ᠎ᠡ ᠪᠠᠷ ᠬᠦᠨᠳᠤᠳᠬᠡᠨ ᠦᠵᠡᠵᠤ᠂ | ᠦᠷᠬᠦᠯᠵᠢᠯᠡᠨ ᠶᠠᠳᠠᠭᠤ ᠠᠴᠠ ᠠᠩᠭᠢᠵᠢᠷᠠᠭᠤᠯᠬᠤ ᠪᠠᠷ ᠶᠡᠷᠦᠩᠬᠡᠢ ᠵᠢᠯᠤᠭᠤᠳᠤᠮᠵᠢ ᠪᠤᠯᠭᠠᠵᠤ᠂ ᠬᠦᠳᠡᠭᠡ ᠲᠤᠰᠬᠤᠨ ᠢ | ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠲᠠᠢ ᠨᠢᠭᠡᠳᠤᠯᠵᠢᠬᠦᠯᠦᠨ᠂ ᠲᠦᠷᠪᠡᠨ ᠰᠢᠨ᠎ᠡ ᠦᠨᠳᠤᠷᠴᠡ ᠶᠢ | ᠨᠡᠭᠡᠭᠡᠵᠤ᠂ ᠠᠵᠠ ᠲᠠᠢ ᠨᠤᠳᠤᠭ ᠤᠯᠠᠭᠠᠨᠳᠤᠯᠤᠭᠠᠢ ᠶᠢᠨ ᠡᠯ᠎ᠡ ᠲᠦᠷᠦᠯ ᠤᠨ ᠠᠵᠢᠯ ᠤᠨ ᠰᠢᠨ᠎ᠡ ᠬᠠᠭᠤᠳᠠᠰᠤ ᠶᠢ | ᠪᠢᠴᠢᠭᠯᠡᠵᠤ ᠪᠤᠢ᠃ | ᠨᠠᠮ ᠤᠨ ᠠᠷᠪᠠ ᠶᠢᠰᠤᠳᠤᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠤ | ᠲᠤᠤᠱᠯᠠᠭᠤᠯᠬᠤ ᠰᠢᠨ᠎ᠡ ᠦᠨᠳᠤᠷᠴᠡ ᠶᠢ ᠨᠡᠭᠡᠭᠡᠪᠡ᠃ | ᠤᠯᠠᠭᠠᠨᠳᠤᠯᠤᠭᠠᠢ ᠪᠠᠯᠭᠠᠰᠤ ᠨᠢ ᠪᠦᠬᠦ ᠺᠠᠳ᠋ᠷ ᠠᠵᠢᠯᠳᠠᠨ ᠢᠶᠠᠨ ᠵᠤᠬᠢᠶᠠᠨ ᠪᠠᠶᠢᠭᠤᠯᠤᠨ᠂ ᠨᠠᠮ ᠤᠨ ᠠᠷᠪᠠ | ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠬᠤ ᠪᠤᠯᠪᠠᠰᠤᠷᠠᠯ ᠤᠨ ᠠᠩᠭᠢ ᠶᠢ ᠡᠷᠬᠢᠯᠡᠵᠤ᠂ ᠠᠩᠬᠢ | ᠡᠬᠢᠯᠡᠬᠦ ᠶᠤᠰᠤᠯᠠᠯ ᠲᠡᠭᠡᠷ᠎ᠡ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠶᠢ ᠤᠷᠢᠵᠤ | ᠬᠢᠴᠢᠶᠡᠯᠯᠡᠭᠡ ᠬᠢᠵᠤ᠂ ᠠᠷᠪᠠ ᠶᠢᠰᠥᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠ ᠰᠢ ᠶᠢᠨ ᠫᠢᠩ ᠤᠨ ᠴᠢᠬᠤᠯᠠ | ᠶᠠᠷᠢᠶᠠᠨ ᠤ ᠳᠠᠶᠢᠯᠤᠮᠵᠢ ᠶᠢ ᠭᠢᠯᠭᠡᠭᠰᠡᠨ ᠪᠠᠶᠢᠨ᠎ᠠ᠃ ᠡᠭᠦᠨ ᠤ ᠰᠠᠭᠤᠷᠢᠨ ᠳᠡᠭᠡᠷ᠎ᠠ᠂ ᠤᠯᠠᠨ ᠵᠦᠢᠯ ᠤᠨ ᠠᠷᠭ᠎ᠠ | ᠬᠡᠯᠪᠡᠷᠢ ᠪᠠᠷ ᠰᠤᠷᠤᠯᠴᠠᠯᠭ᠎ᠠ ᠶᠢ ᠥᠷᠨᠢᠭᠦᠯᠵᠤ᠂ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ | ᠪᠦᠬᠦ ᠲᠠᠯ᠎ᠠ ᠪᠠᠷ ᠬᠦᠨᠵᠡᠭᠡᠢ ᠤᠬᠠᠭᠤᠯᠤᠨ ᠲᠤᠤᠱᠯᠠᠭᠤᠯᠵᠤ᠂ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠭ | ᠰᠠᠨᠠᠭ᠎ᠠ ᠶᠢ ᠠᠯᠪᠠᠨ ᠪᠠᠶᠢᠭᠤᠯᠭ᠎ᠠ᠂ ᠠᠵᠤ ᠠᠬᠤᠶᠢᠯᠠᠯ᠂ ᠪᠠᠶᠢᠭᠤᠯᠭ᠎ᠠ ᠨᠢᠬᠡᠴᠢ᠂ ᠠᠶᠢᠯ ᠡᠷᠦᠬᠡ ᠳᠤ ᠤᠷᠤᠭᠤᠯᠤᠨ᠂ | ᠬᠦᠮᠦᠰ ᠤᠨ ᠰᠡᠳᠬᠢᠯ ᠵᠢᠷᠦᠬᠡᠨ ᠳᠤ ᠬᠠᠳᠠᠩᠰᠢᠭᠤᠯᠵᠤ᠂ ᠪᠦᠬᠦ ᠪᠠᠯᠭᠠᠰᠤ ᠪᠠᠷ ᠢᠶᠠᠨ ᠨᠠᠮ ᠤᠨ ᠠᠷᠪᠠ ᠶᠢᠰᠤᠳᠤᠭᠡᠷ | ᠶᠡᠭᠡ ᠬᠤᠷᠠᠯ ᠤᠨ ᠵᠤᠷᠢᠭ ᠰᠠᠨᠠᠭᠠᠨ ᠤ ᠮᠦᠨ ᠴᠢᠨᠠᠷ᠂ ᠪᠠᠶᠠᠯᠢᠭ ᠠᠭᠤᠯᠭ᠎ᠠ ᠪᠤᠯᠤᠨ ᠦᠨᠳᠤᠰᠤᠨ ᠱᠠᠭᠠᠷᠳᠠᠯᠭ᠎ᠠ ᠶᠢ | ᠦᠨᠡᠨ ᠬᠦ ᠰᠤᠷᠤᠯᠴᠠᠵᠤ᠂ ᠪᠦᠬᠦ ᠲᠠᠯ᠎ᠠ ᠪᠠᠷ ᠤᠶᠢᠯᠠᠭᠠᠨ ᠤᠨᠤᠪᠴᠢᠳᠠᠢ ᠪᠠᠷ ᠡᠵᠡᠮᠰᠢᠵᠤ᠂ ᠤᠨᠤᠯ ᠢ | ᠥᠢᠯᠡᠳᠤᠯᠭᠡ ᠲᠠᠢ ᠪᠠᠨ ᠤᠶᠠᠯᠳᠤᠭᠤᠯᠤᠨ᠂ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠤᠳᠠᠳᠠᠢ ᠠᠵᠢᠯ ᠤᠨ | ᠳᠤᠮᠳᠠ ᠪᠠᠨ ᠨᠠᠶᠢᠳᠠᠪᠤᠷᠢᠵᠢᠭᠤᠯᠤᠭᠰᠠᠨ ᠪᠠᠶᠢᠨ᠎ᠠ᠃ | ᠪᠦᠬᠦ ᠲᠠᠯ᠎ᠠ ᠪᠠᠷ ᠨᠠᠮ ᠢᠶᠠᠨ ᠴᠢᠩᠭ᠎ᠠ ᠵᠠᠰᠠᠬᠤ ᠰᠢᠨ᠎ᠡ ᠦᠨᠳᠤᠷᠴᠡ ᠶᠢ ᠨᠡᠭᠡᠭᠡᠪᠡ᠃ | ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠳᠠ ᠶᠢᠨ ᠶᠡᠷᠦᠩᠭᠡᠢ ᠱᠠᠭᠠᠷᠳᠠᠯᠭ᠎ᠠ ᠶᠤᠰᠤᠭᠠᠷ᠂ ᠨᠠᠮ ᠤᠨ | ᠠᠷᠪᠠ ᠶᠢᠰᠤᠳᠤᠭᠡᠷ ᠶᠡᠭᠡ ᠬᠤᠷᠠᠯ ᠠᠴᠠ ᠦᠨᠳᠤᠰᠤᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠠᠵᠢᠯ ᠳᠤ | ᠤᠯᠭᠤᠭᠰᠠᠨ ᠰᠢᠨ᠎ᠡ ᠡᠭᠦᠷᠭᠡ᠂ ᠰᠢᠨ᠎ᠡ ᠬᠠᠷᠠᠯᠳᠠ ᠲᠠᠢ ᠵᠤᠬᠢᠴᠠᠯᠳᠤᠭᠤᠯᠵᠤ᠂ ᠤᠶᠠᠯᠳᠤᠯ ᠤᠨ ᠴᠡᠭ ᠢ ᠠᠳᠬᠤᠨ᠂ | ᠬᠦᠴᠦᠯᠡᠴᠡ ᠶᠢᠨ ᠴᠡᠭ ᠢ ᠤᠨᠤᠪᠴᠢᠳᠠᠢ ᠡᠷᠢᠵᠤ᠂ ᠵᠠᠩᠬᠢᠯᠠᠭ᠎ᠠ ᠶᠢᠨ ᠴᠡᠭ ᠲᠠᠢ ᠨᠢᠭᠳᠠ ᠤᠶᠠᠯᠳᠤᠭᠤᠯᠤᠨ᠂ | ᠨᠠᠮ ᠤᠨ ᠬᠤᠷᠢᠶᠠᠨ ᠤ ᠲᠤᠰ ᠪᠡᠶ᠎ᠡ ᠶᠢᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠵᠤ᠂ ᠲᠦᠷᠦ ᠪᠠᠷᠢᠬᠤ | ᠴᠢᠳᠠᠪᠤᠷᠢ ᠪᠠ ᠲᠦᠷᠦ ᠪᠠᠷᠢᠬᠤ ᠲᠦᠪᠰᠢᠨ ᠢ ᠰᠠᠶᠢᠳᠤᠷ ᠲᠡᠭᠡᠭᠰᠢᠯᠡᠬᠦᠯᠪᠠ᠃ ᠺᠠᠳ᠋ᠷ ᠤᠨ ᠡ᠊ᠩᠨᠡᠭᠡᠨ ᠤ | ᠬᠠᠮᠢᠶᠠᠷᠤᠯᠳᠠ ᠶᠢ ᠪᠦᠬᠦ ᠲᠠᠯ᠎ᠠ ᠪᠠᠷ ᠴᠢᠩᠭᠠᠳᠬᠠᠵᠤ᠂ ᠺᠠᠳ᠋ᠷ ᠢ ᠪᠠᠷᠢᠮᠵᠢᠶᠠᠵᠢᠭᠤᠯᠦᠨ ᠬᠢᠨᠠᠨ ᠰᠢᠯᠭᠠᠬᠤ | ᠲᠤᠭᠳᠠᠴᠠ ᠶᠢ ᠤᠯᠠᠮ ᠨᠢᠬᠡ ᠠᠯᠬᠤᠮ ᠪᠦᠷᠢᠨᠰᠢᠬᠦᠯᠵᠤ᠂ ᠭᠠᠴᠠᠭ᠎ᠠ ᠲᠤᠰᠬᠤᠨ ᠤ ᠨᠠᠮ ᠤᠨ ᠵᠤᠬᠢᠶᠠᠨ | ᠪᠠᠶᠢᠭᠤᠯᠤᠯᠳᠠ ᠶᠢᠨ ᠴᠤᠭᠴᠠᠯᠠᠯᠳᠠ ᠶᠢ ᠪᠦᠬᠦ ᠲᠠᠯ᠎ᠠ ᠢᠶᠠᠷ ᠴᠢᠩᠭᠠᠳᠬᠠᠵᠤ᠂ ᠪᠠᠬᠢᠯᠡᠯᠳᠡ ᠶᠢᠨ ᠴᠢᠳᠠᠪᠤᠷᠢ ᠶᠢ ᠤᠯᠠᠮ | ᠨᠢᠬᠡ ᠠᠯᠬᠤᠮ ᠴᠢᠩᠭᠠᠷᠠᠭᠤᠯᠪᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠬᠠᠮᠤᠭ ᠤᠨ ᠥᠨᠳᠤᠰᠤᠨ ᠱᠠᠳᠤ᠂ ᠤᠯᠠᠨ | ᠲᠦᠮᠡᠨ ᠤ ᠲᠤᠮᠳᠠ ᠨᠡᠪᠴᠢᠬᠦᠯᠬᠦ ᠶᠢ ᠠᠬᠢᠭᠤᠯᠵᠤ᠂ ᠤᠯᠠᠨ ᠲᠦᠮᠡᠨ ᠤ ᠬᠤᠪᠢ ᠪᠠᠶ᠎ᠡ ᠶᠢᠨ ᠠᠰᠢᠭ ᠲᠤᠰᠠ ᠲᠠᠢ | ᠬᠤᠯᠪᠤᠭᠳᠠᠭᠰᠠᠨ ᠤᠴᠢᠷ ᠶᠠᠪᠤᠳᠠᠯ ᠳᠤ ᠬᠢᠨᠠᠮᠠᠭᠠᠢ ᠬᠠᠨᠳᠤᠵᠤ᠂ ᠠᠰᠠᠭᠤᠳᠠᠯ ᠢ ᠴᠠᠭ ᠳᠠᠷᠤᠢ ᠳᠤ ᠨᠢ | ᠰᠢᠢᠳᠪᠤᠷᠢᠯᠡᠬᠦ ᠶᠢ ᠪᠠᠷᠢᠮᠳᠠᠯᠠᠪᠠ᠃ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠰᠢᠨ᠎ᠡ ᠦᠨᠳᠤᠷᠴᠡ ᠶᠢ | ᠨᠡᠭᠡᠭᠡᠪᠡ᠃ | ᠶᠠᠳᠠᠭᠤ ᠠᠴᠠ ᠠᠩᠬᠢᠵᠢᠷᠠᠭᠤᠯᠬᠤ ᠶᠡᠷᠤᠩᠬᠡᠢ ᠰᠡᠳᠬᠢᠴᠡ ᠶᠢ ᠬᠢᠨᠠᠮᠠᠭᠠᠢ ᠲᠤᠤᠱᠯᠠᠭᠤᠯᠵᠤ᠂ ᠤᠨᠢᠨ | ᠳᠡᠭᠡᠷ᠎ᠠ ᠨᠢ ᠶᠠᠳᠠᠭᠤ ᠶᠢ ᠳᠡᠳᠬᠦᠬᠦ ᠪᠤᠳᠤᠯᠭ᠎ᠠ ᠶᠢ ᠬᠡᠷᠡᠭᠵᠢᠬᠦᠯᠦᠨ᠂ ︽ᠤᠨᠤᠪᠴᠢᠳᠠᠢ ᠶᠢ ᠴᠢᠬᠤᠯᠠᠴᠢᠯᠠᠨ᠂ | ᠲᠤᠳᠠᠭᠳᠠᠯ ᠢ ᠨᠦᠬᠦᠪᠦᠷᠢᠯᠡᠨ᠂ ᠪᠡᠷᠬᠡ ᠶᠢ ᠰᠢᠢᠳᠪᠤᠷᠢᠯᠡᠬᠦ ᠶᠢ ᠠᠬᠢᠭᠤᠯᠬᠤ︾ ᠱᠠᠭᠠᠷᠳᠠᠯᠭ᠎ᠠ ᠶᠤᠰᠤᠭᠠᠷ᠂ ᠶᠠᠳᠠᠭᠤ ᠶᠢ | ᠲᠡᠳᠬᠦᠬᠦ ᠥᠷ᠎ᠠ ᠪᠦᠳᠦᠮᠵᠢ ᠶᠢ ᠤᠯᠠᠮ ᠨᠢᠭᠡ ᠠᠯᠬᠤᠮ ᠲᠡᠭᠡᠭᠰᠢᠯᠡᠬᠦᠯᠪᠠ᠃ ᠡᠭᠦᠨ ᠳᠤ ᠤᠯᠠᠨ ᠲᠦᠮᠡᠨ ᠤ | ᠤᠷᠤᠯᠭ᠎ᠠ ᠶᠢᠨ ᠥᠷᠭᠦᠯᠵᠢ ᠶᠢᠨ ᠨᠡᠮᠡᠭᠳᠡᠯ ᠢ ᠠᠬᠢᠭᠤᠯᠵᠤ᠂ ᠶᠠᠳᠠᠭᠤ ᠶᠢ ᠲᠡᠳᠬᠦᠬᠦ ᠡᠯ᠎ᠡ ᠲᠦᠷᠦᠯ ᠤᠨ ᠲᠦᠷᠦ ᠶᠢᠨ | ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠬᠥᠴᠥᠳᠡᠢ ᠠᠬᠢᠭᠤᠯᠤᠨ᠂ ᠪᠤᠳᠠᠳᠤ ᠦᠷ᠎ᠡ ᠪᠦᠳᠦᠮᠵᠢ ᠶᠢ ᠤᠯᠬᠤ ᠶᠢ | ᠴᠢᠬᠤᠯᠠᠴᠢᠯᠠᠵᠤ᠂ ᠶᠠᠳᠠᠭᠤ ᠶᠢ ᠲᠡᠳᠬᠦᠬᠦ ᠲᠦᠷᠦᠯ ᠵᠦᠢᠯ ᠢ ᠢᠳᠡᠪᠬᠢᠳᠡᠢ ᠡᠷᠢᠯᠬᠢᠯᠡᠨ᠂ ᠰᠠᠭᠤᠷᠢ | ᠲᠦᠬᠦᠭᠡᠷᠦᠮᠵᠢ ᠶᠢᠨ ᠨᠦᠬᠦᠴᠡᠯ ᠢ ᠰᠠᠶᠢᠵᠢᠷᠠᠭᠤᠯᠪᠠ᠃ | ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠠᠬᠢᠭᠤᠯᠬᠤ ᠰᠢᠨ᠎ᠡ | ᠦᠨᠳᠤᠷᠴᠡ ᠶᠢ ᠨᠡᠭᠡᠭᠡᠪᠡ᠃ | ᠠᠵᠤ ᠦᠢᠯᠡᠳᠪᠤᠷᠢ ᠠᠵᠤ ᠠᠬᠤᠢ ᠲᠡᠭᠡᠷ᠎ᠡ ᠰᠢᠪᠳᠤᠯᠤᠯᠳᠠ ᠭᠠᠷᠭᠠᠵᠤ᠂ ᠬᠡᠪᠴᠢᠶᠡᠵᠢᠯ ᠪᠠ ᠪᠦᠳᠦᠮᠵᠢ ᠶᠢᠨ | ᠬᠤᠤᠰ ᠲᠡᠭᠡᠭᠰᠢᠯᠡᠯᠳᠡ ᠶᠢ ᠪᠡᠶᠡᠯᠡᠬᠦᠯᠵᠤ᠂ ᠲᠠᠷᠢᠶᠠᠯᠠᠩ ᠮᠠᠯ ᠠᠵᠤ ᠠᠬᠤᠢ ᠶᠢᠨ ᠪᠦᠳᠤᠮᠵᠢ ᠶᠢᠨ ᠲᠡᠭᠡᠭᠰᠢᠯᠡᠯᠳᠡ | ᠲᠡᠭᠡᠷ᠎ᠡ ᠰᠢᠪᠳᠤᠯᠤᠯᠳᠠ ᠭᠠᠷᠭᠠᠵᠤ᠂ ᠲᠦᠷᠦᠯ ᠲᠡᠮᠳᠡᠭ ᠪᠤᠯᠤᠨ ᠴᠢᠨᠠᠷ ᠤᠨ ᠬᠤᠤᠰ ᠲᠡᠭᠡᠭᠰᠢᠯᠡᠯᠳᠡ ᠶᠢ ᠪᠡᠶᠡᠯᠡᠬᠦᠯᠬᠦ᠂ | ᠰᠤᠶᠤᠯ ᠵᠤᠭᠠᠴᠠᠯ ᠤᠨ ᠠᠭᠤᠰᠤᠯᠴᠠᠯ ᠲᠡᠭᠡᠷ᠎ᠡ ᠰᠢᠪᠳᠤᠯᠤᠯᠳᠠ ᠭᠠᠷᠭᠠᠵᠤ᠂ ᠦᠢᠯᠡᠴᠢᠯᠡᠭᠡ ᠪᠤᠯᠤᠨ ᠴᠢᠨᠠᠷ ᠤᠨ | ᠬᠤᠤᠰ ᠲᠡᠭᠡᠭᠰᠢᠯᠡᠯᠳᠡ ᠶᠢ ᠪᠡᠶᠡᠯᠡᠬᠦᠯᠬᠦ᠂ ᠦᠵᠡᠰᠬᠦᠯᠡᠩᠳᠤ ᠰᠠᠶᠢᠬᠠᠨ ᠬᠦᠳᠡᠭᠡ ᠲᠤᠰᠬᠤᠨ ᠤ ᠪᠦᠳᠦᠭᠡᠨ | ᠪᠠᠶᠢᠭᠤᠯᠤᠯᠳᠠ ᠲᠡᠭᠡᠷ᠎ᠡ ᠰᠢᠪᠳᠤᠯᠤᠯᠳᠠ ᠭᠠᠷᠭᠠᠵᠤ᠂ ᠦᠪᠡᠷᠮᠢᠴᠡ ᠪᠤᠯᠤᠨ ᠲᠠᠪᠠᠭᠤᠯᠢᠭ ᠤᠨ ᠬᠤᠤᠰ | ᠲᠡᠭᠡᠭᠰᠢᠯᠡᠯᠳᠡ ᠶᠢ ᠪᠠᠶᠡᠯᠡᠬᠦᠯᠬᠦ᠂ ᠨᠡᠶᠢᠬᠡᠮ ᠤᠨ ᠦᠢᠯᠡᠴᠢᠯᠡᠭᠡᠨ ᠤ ᠬᠠᠮᠢᠶᠠᠷᠤᠯᠳᠠ ᠲᠡᠭᠡᠷ᠎ᠡ ᠰᠢᠪᠳᠤᠯᠤᠯᠳᠠ ᠭᠠᠷᠭᠠᠵᠤ᠂ | ᠠᠮᠤᠷ ᠲᠦᠪᠰᠢᠨ ᠪᠤᠯᠤᠨ ᠲᠤᠭᠳᠠᠭᠤᠨ ᠤ ᠬᠤᠤᠰ ᠲᠡᠭᠡᠭᠰᠢᠯᠡᠯᠳᠡ ᠶᠢ ᠪᠡᠶᠡᠯᠡᠬᠦᠯᠬᠦ᠂ ᠠᠷᠠᠳ ᠤᠨ ᠠᠮᠢᠳᠤᠷᠠᠯ ᠤᠨ | ᠦᠢᠯᠡᠰ ᠲᠡᠭᠡᠷ᠎ᠡ ᠰᠢᠪᠳᠤᠯᠤᠯᠳᠠ ᠭᠠᠷᠭᠠᠵᠤ᠂ ᠬᠦᠷᠳᠡᠮᠵᠢ ᠶᠢᠨ ᠲᠦᠷᠦᠭᠳᠡᠯ ᠪᠤᠯᠤᠨ ᠵᠢᠷᠭᠠᠯᠳᠤ ᠲᠦᠷᠦᠭᠳᠡᠯ ᠤᠨ | ᠬᠤᠤᠰ ᠲᠡᠭᠡᠭᠰᠢᠯᠡᠯᠳᠡ ᠶᠢ ᠪᠡᠶᠡᠯᠡᠬᠦᠯᠬᠦ ᠪᠠᠷ ᠴᠢᠷᠮᠠᠶᠢᠵᠤ ᠪᠠᠶᠢᠨ᠎ᠠ᠃ | |