| | | | ᠪᠦᠬᠦ ᠬᠤᠰᠢᠭᠤᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠪᠠ ᠬᠦᠭᠵᠢᠯᠲᠡ ᠶᠢᠨ | ᠬᠡᠯᠪᠡᠷᠢ ᠶᠢᠨ ᠬᠤᠪᠢᠷᠠᠯᠲᠠ᠂ ᠠᠵᠤ ᠠᠬᠤᠢ ᠶᠢᠨ ᠦᠨᠳᠦᠷ ᠴᠢᠨᠰᠠᠭᠠᠲᠦ ᠬᠦᠭᠵᠢᠯᠲᠡ ᠶᠢ ᠲᠦᠯᠬᠢᠨ ᠠᠬᠢᠭᠤᠯᠬᠤ ᠶᠢᠨ | ᠲᠥᠯᠥᠭᠡ 5 ᠰᠠᠷ᠎ᠠ ᠶᠢᠨ 15 ᠤ ᠡᠳᠦᠷ ᠠᠴᠠ 20 ᠤ ᠡᠳᠦᠷ᠂ ᠬᠤᠲᠠ ᠶᠢᠨ ᠤᠯᠤᠰ ᠲᠦᠷᠥ ᠶᠢᠨ ᠵᠦᠪᠯᠡᠯᠭᠡᠨ ᠤ | ᠳᠡᠳ᠋ ᠲᠡᠷᠢᠭᠦᠯᠡᠭᠴᠢ ᠬᠤᠰᠢᠭᠤ ᠨᠠᠮ ᠤᠨ ᠬᠤᠷᠢᠶᠠᠨ ᠤ ᠱᠦᠵᠢ ᠵᠢᠷᠭᠠᠯᠲᠦ ᠨᠠᠷ ᠬᠤᠳᠠᠯᠳᠤᠭᠠᠴᠢᠨ ᠤᠷᠢᠬᠤ ᠪᠠᠷ ᠰᠢ | ᠠᠨ᠂ ᠨᠠᠨᠵᠢᠩ᠂ ᠱᠠᠩᠬᠠᠢ ᠵᠡᠷᠭᠡ ᠭᠠᠵᠠᠷ ᠲᠤ ᠬᠦᠷᠴᠦ ᠪᠠᠶᠢᠴᠠᠭᠠᠨ ᠰᠢᠨᠵᠢᠯᠡᠯᠲᠡ ᠬᠢᠪᠡ᠃ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠬᠦᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ ᠠᠯᠪᠠᠨ ᠭᠡᠷ ᠤᠨ ᠡᠷᠬᠢᠯᠡᠭᠴᠢ ᠵᠣᠣ ᠶᠦᠩ ᠹᠧᠩ ᠵᠢᠴᠢ | ᠰᠣᠪᠣᠷᠭ᠎ᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠨᠠᠷᠢᠨᠭᠤᠣᠯ ᠠᠵᠤ ᠦᠢᠯᠡᠳᠪᠦᠷᠢ ᠶᠢᠨ ᠬᠦᠷᠢᠶᠡᠯᠡᠩ᠂ | ᠬᠤᠰᠢᠭᠤ ᠠᠵᠤ ᠠᠬᠤᠢ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠤᠢ ᠰᠢᠭᠤᠢ ᠶᠢᠨ ᠲᠤᠪᠴᠢᠶ᠎ᠠ ᠵᠡᠷᠭᠡ | ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠪᠠᠷᠠᠳᠠᠨ ᠪᠠᠶᠢᠴᠠᠭᠠᠨ ᠰᠢᠨᠵᠢᠯᠡᠯᠲᠡ ᠬᠢᠪᠡ᠃ | ᠪᠠᠶᠢᠴᠠᠭᠠᠨ ᠰᠢᠨᠵᠢᠯᠡᠯᠲᠡ ᠶᠢᠨ ᠪᠥᠯᠬᠦᠮ ᠤᠨ ᠬᠢᠨ ᠤᠷᠢᠳ ᠬᠤᠵᠢᠳ ᠱᠠᠨᠰᠢ ᠶᠢᠨ ᠬᠠᠢ ᠲᠢᠶᠡᠨ ᠡᠮ | ᠦᠢᠯᠡᠳᠪᠦᠷᠢᠯᠡᠬᠦ ᠬᠢᠵᠠᠭᠠᠷᠲᠦ ᠺᠤᠮᠫᠠᠨᠢ᠂ ᠨᠠᠨᠵᠢᠩ ᠤᠨ ᠬᠢᠮᠢ ᠶᠢᠨ ᠰᠢᠷᠬᠡᠭ ᠤᠨ ᠬᠤᠪᠢ ᠣᠷᠤᠭᠤᠯᠤᠭᠰᠠᠨ | ᠬᠢᠵᠠᠭᠠᠷᠲᠤ ᠺᠣᠮᠫᠠᠨᠢ᠂ ᠱᠠᠩ ᠱᠢ ᠪᠡᠯᠡ ᠴᠤᠭᠯᠠᠭᠤᠯᠤᠭᠰᠠᠨ ᠲᠦᠷᠢᠶᠡᠰᠦᠯᠡᠯ ᠤᠨ ᠬᠢᠵᠠᠭᠠᠷᠲᠦ ᠺᠤᠮᠫᠠᠨᠢ᠂ ᠪᠣᠤ ᠲᠠᠢ | ᠯᠥᠩ ᠰᠢᠨ᠎ᠡ ᠮᠡᠲ᠋ᠧᠷᠢᠶᠠᠯ ᠤᠨ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠳᠤ | ᠬᠦᠷᠴᠦ ᠡᠯ᠎ᠡ ᠠᠵᠤ ᠠᠬᠤᠶᠢᠯᠠᠯ ᠤᠨ ᠲᠥᠯᠥᠪᠵᠢᠭᠦᠯᠬᠡ ᠪᠠᠶᠢᠷᠢᠰᠢᠭᠤᠯᠤᠯᠲᠠ᠂ ᠬᠦᠭᠵᠢᠯᠲᠡ ᠶᠢᠨ ᠪᠠᠶᠢᠳᠠᠯ ᠪᠣᠯᠣᠨ | ᠡᠵᠡᠩᠨᠡᠯᠲᠡ ᠬᠠᠮᠢᠶᠠᠷᠤᠯᠲᠠ ᠶᠢᠨ ᠬᠡᠯᠪᠡᠷᠢ ᠶᠢ ᠭᠦᠨᠵᠡᠬᠡᠢ ᠤᠶᠢᠯᠠᠭᠠᠬᠤ ᠶᠢᠨ ᠬᠠᠮᠲᠤ ᠬᠠᠮᠢᠶ᠎ᠠ ᠪᠦᠬᠦᠢ ᠠᠵᠤ | ᠠᠬᠤᠶᠢᠯᠠᠯ ᠤᠨ ᠬᠠᠷᠢᠭᠤᠴᠠᠯᠭᠠᠲᠠᠨ ᠲᠠᠢ ᠲᠣᠰ ᠲᠣᠰ ᠶᠠᠷᠢᠯᠴᠠᠭ᠎ᠠ ᠥᠷᠨᠢᠭᠦᠯᠪᠡ᠃ | ᠪᠠᠶᠢᠴᠠᠭᠠᠨ ᠰᠢᠨᠵᠢᠯᠡᠯᠲᠡ ᠶᠢᠨ ᠬᠤᠭᠤᠴᠠᠭᠠᠨ ᠳᠤ᠂ ᠪᠠᠶᠢᠴᠠᠭᠠᠨ ᠰᠢᠨᠵᠢᠯᠡᠯᠲᠡ ᠶᠢᠨ ᠪᠥᠯᠬᠦᠮ ᠱᠠᠨᠰᠢ ᠶᠢᠨ | ᠬᠠᠢ ᠲᠢᠶᠡᠨ ᠡᠮ ᠦᠢᠯᠡᠳᠪᠦᠷᠢᠯᠡᠬᠦ ᠬᠢᠵᠠᠭᠠᠷᠲᠦ ᠺᠤᠮᠫᠠᠨᠢ ᠶᠢᠨ ᠬᠠᠷᠢᠭᠤᠴᠠᠯᠭᠠᠲᠠᠨ ᠲᠠᠢ ᠴᠢᠴᠠᠷᠭᠠᠨ᠎ᠠ ᠶᠢᠨ | ᠰᠤᠶᠤᠭᠠᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠵᠢᠴᠢ ᠠᠵᠤ ᠦᠢᠯᠡᠰᠵᠢᠭᠰᠡᠨ ᠨᠡᠭᠡᠭᠡᠨ | ᠬᠦᠭᠵᠢᠬᠦᠯᠬᠦ ᠲᠦᠷᠦᠯ ᠵᠦᠢᠯ ᠢ ᠳᠠᠭᠠᠯᠳᠤᠭᠤᠯᠤᠨ ᠠᠬᠢᠭᠤᠯᠬᠤ ᠬᠡᠷᠡᠭ ᠤᠴᠢᠷ ᠢ ᠨᠠᠷᠢᠨ ᠶᠠᠷᠢᠯᠴᠠᠪᠠ᠃ ᠲᠣᠰ | ᠲᠦᠷᠦᠯ ᠵᠦᠢᠯ ᠢ ᠲᠦᠯᠬᠢᠨ ᠠᠬᠢᠭᠤᠯᠬᠤ ᠨᠢ ᠪᠦᠬᠦ ᠬᠤᠰᠢᠭᠤᠨ ᠤ ᠮᠠᠯ ᠲᠠᠷᠢᠶᠠᠯᠠᠩ ᠤᠨ ᠠᠵᠤ ᠦᠢᠯᠡᠰ ᠤᠨ | ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠬᠤ᠂ ᠪᠠᠶᠢᠯᠳᠤᠬᠤ ᠪᠤᠳᠣᠯᠭ᠎ᠠ ᠶᠢᠨ ᠴᠢᠨᠠᠷᠲᠠᠢ ᠰᠢᠨ᠎ᠡ ᠪᠠᠷ | ᠬᠦᠭᠵᠢᠭᠰᠡᠨ ᠠᠵᠤ ᠦᠢᠯᠡᠰ ᠢ ᠬᠦᠭᠵᠢᠬᠦᠯᠬᠦ ᠳᠤ ᠴᠢᠬᠤᠯᠠ ᠳᠠᠭᠤᠷᠢᠶᠠᠯ ᠦᠵᠡᠬᠦᠯᠦᠨ ᠳᠠᠶᠢᠴᠢᠯᠠᠬᠤ ᠠᠴᠢ | ᠬᠤᠯᠪᠤᠭᠳᠠᠯ ᠲᠠᠢ᠃ ᠨᠠᠨᠵᠢᠩ ᠤᠨ ᠬᠢᠮᠢ ᠶᠢᠨ ᠰᠢᠷᠬᠡᠭ ᠤᠨ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠂ ᠱᠠᠩ | ᠱᠢ ᠪᠡᠯᠡ ᠴᠤᠭᠯᠠᠭᠤᠯᠤᠭᠰᠠᠨ ᠲᠦᠷᠢᠶᠡᠰᠦᠯᠡᠯ ᠤᠨ ᠬᠢᠵᠠᠭᠠᠷᠲᠦ ᠺᠤᠮᠫᠠᠨᠢ᠂ ᠪᠣᠤ ᠲᠠᠢ ᠯᠥᠩ ᠰᠢᠨ᠎ᠡ ᠮᠡᠲ᠋ᠧᠷᠢᠶᠠᠯ ᠤᠨ | ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠲᠠᠢ ᠶᠠᠷᠢᠯᠴᠠᠬᠤ ᠳᠠᠭᠠᠨ ᠵᠢᠷᠭᠠᠯᠲᠤ ᠮᠠᠨ ᠤ | ᠬᠤᠰᠢᠭᠤᠨ ᠤ ᠪᠡᠯᠡ ᠣᠷᠤᠭᠤᠯᠤᠯᠲᠠ ᠶᠢᠨ ᠲᠦᠷᠥ ᠶᠢᠨ ᠪᠣᠳᠣᠯᠭ᠎ᠠ᠂ ᠪᠡᠯᠡ ᠣᠷᠤᠭᠤᠯᠤᠯᠲᠠ ᠶᠢᠨ ᠣᠷᠴᠢᠨ | ᠲᠣᠭᠤᠷᠢᠨ᠂ ᠡᠬᠢ ᠪᠠᠶᠠᠯᠢᠭ ᠤᠨ ᠳᠠᠪᠠᠭᠤᠯᠢᠭ ᠪᠣᠯᠤᠨ ᠠᠵᠤ ᠦᠢᠯᠡᠰ ᠤᠨ ᠲᠥᠯᠦᠪᠵᠢᠭᠦᠯᠭᠡ ᠶᠢ ᠨᠠᠷᠢᠨ | ᠲᠠᠨᠢᠯᠴᠠᠭᠤᠯᠪᠠ᠃ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠴᠦᠮ ᠦᠦᠰᠢᠨ ᠬᠤᠰᠢᠭᠤᠨ ᠤ ᠨᠡᠯᠢᠶᠡᠳ | ᠰᠠᠶᠢᠨ ᠪᠡᠯᠡ ᠣᠷᠣᠭᠤᠯᠤᠯᠲᠠ ᠶᠢᠨ ᠬᠦᠭᠵᠢᠯᠲᠡ ᠶᠢᠨ ᠬᠡᠲᠦ ᠲᠥᠯᠥᠪ ᠲᠤ ᠳᠤᠷ᠎ᠠ ᠰᠣᠨᠢᠷᠬᠠᠯ ᠲᠠᠢ ᠪᠠᠶᠢᠵᠣ᠂ | ᠮᠠᠨ ᠤ ᠬᠤᠰᠢᠭᠤᠨ ᠳᠤ ᠢᠷᠡᠵᠦ ᠲᠣᠬᠠᠢ ᠶᠢᠨ ᠭᠠᠵᠠᠷ ᠲᠤ ᠨᠢ ᠪᠠᠶᠢᠴᠠᠭᠠᠯᠲᠠ ᠬᠢᠬᠦ ᠪᠠᠨ ᠢᠯᠡᠷᠬᠡᠶᠢᠯᠡᠵᠦ᠂ ᠳᠠᠷᠠᠭ᠎ᠠ | ᠠᠯᠬᠤᠮ ᠤᠨ ᠬᠠᠮᠲᠤᠷᠠᠯᠴᠠᠭ᠎ᠠ ᠳᠤ ᠰᠠᠭᠤᠷᠢ ᠲᠠᠯᠪᠢᠭᠰᠠᠨ ᠪᠠᠶᠢᠨ᠎ᠠ᠃ ᠡᠬᠦᠨ ᠠᠴᠠ ᠭᠠᠳᠠᠨ᠎ᠠ᠂ ᠪᠠᠶᠢᠴᠠᠭᠠᠨ | ᠰᠢᠨᠵᠢᠯᠡᠯᠲᠡ ᠶᠢᠨ ᠪᠥᠯᠬᠦᠮ ᠤᠨ ᠬᠢᠨ ︽ᠠᠯᠲᠠ ᠮᠥᠩᠬᠦᠨ ᠠᠭᠤᠯᠠ︾ ᠶᠢᠨ ᠤᠨᠤᠯ ᠤᠨ ᠡᠭᠦᠰᠦᠯ ᠤᠨ ᠭᠠᠵᠠᠷ | ᠪᠣᠯᠬᠤ ᠵᠧᠵᠢᠶᠠᠩ ᠤᠨ ᠠᠨ ᠵᠢᠢ ᠢᠦᠢ ᠲᠣᠰᠬᠤᠨ ᠳᠤ ᠬᠦᠷᠴᠦ ᠲᠣᠭᠤᠷᠢᠨ ᠰᠣᠷᠣᠯᠴᠠᠨ ︽ᠴᠡᠩᠬᠡᠭ ᠤᠰᠤ | ᠬᠦᠬᠡᠮᠳᠦᠭ ᠠᠭᠤᠯᠠ︾ ᠶᠢᠨ ᠬᠥᠭᠵᠢᠯᠲᠡ ᠶᠢᠨ ᠵᠠᠮ ᠢ ᠲᠣᠬᠠᠢ ᠶᠢᠨ ᠭᠠᠵᠠᠷ ᠲᠤ ᠨᠢ ᠣᠴᠢᠨ ᠮᠡᠳᠡᠷᠡᠵᠦ ᠨᠡᠩ | ᠦᠵᠡᠰᠬᠦᠯᠡᠩᠲᠦ ᠰᠠᠶᠢᠬᠠᠨ ᠨᠣᠮᠢᠨ ᠲᠠᠩᠰᠤᠭ ᠦᠦᠰᠢᠨ ᠢ ᠪᠦᠲᠦᠭᠡᠨ ᠪᠠᠶᠢᠭᠤᠯᠬᠤ ᠠᠭᠤᠯᠤᠭᠳᠠᠬᠤᠨ᠂ ᠠᠷᠭ᠎ᠠ | ᠵᠠᠮ ᠪᠣᠯᠣᠨ ᠠᠷᠭ᠎ᠠ ᠪᠠᠷᠢᠯ ᠢ ᠪᠠᠶᠠᠯᠢᠭᠵᠢᠭᠤᠯᠬᠤ ᠳᠤ ᠲᠣᠯᠢ ᠪᠣᠯᠭᠠᠬᠤ ᠴᠢᠬᠤᠯᠠ ᠠᠭᠤᠯᠭ᠎ᠠ ᠲᠠᠢ᠃ | ᠪᠠᠶᠢᠴᠠᠭᠠᠨ ᠰᠢᠨᠵᠢᠯᠡᠯᠲᠡ ᠲᠡᠭᠦᠰᠦᠭᠰᠡᠨ ᠤ ᠳᠠᠷᠠᠭ᠎ᠠ ᠵᠢᠷᠭᠠᠯᠲᠤ ᠢᠯᠡᠷᠬᠡᠶᠢᠯᠡᠬᠦ ᠳᠡᠭᠡᠨ᠂ ᠦᠦᠰᠢᠨ ᠬᠤᠰᠢᠭᠤ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ | ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠥᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ | ᠨᠠᠮ ᠤᠨ ᠬᠤᠷᠢᠶ᠎ᠠ ᠪᠣᠯᠣᠨ ᠡᠯ᠎ᠡ ᠱᠠᠳᠣᠨ ᠤ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠣᠣᠱᠯᠠᠭᠤᠯᠣᠨ ᠨᠠᠶᠢᠲᠠᠪᠤᠷᠢᠵᠢᠭᠤᠯᠵᠤ᠂ ᠳᠣᠭᠲᠠᠭᠤᠨ ᠤ ᠳᠣᠮᠳᠠ | ᠣᠷᠣᠭᠰᠢᠯᠠᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠨ᠂ ᠰᠢᠨ᠎ᠡ ᠬᠦᠭᠵᠢᠯᠲᠡ ᠶᠢᠨ ᠤᠶᠢᠯᠠᠭᠠᠭᠳᠠᠬᠤᠨ ᠢ | ᠪᠠᠲᠤ ᠪᠤᠢ ᠪᠤᠯᠭᠠᠵᠤ᠂ ᠦᠨᠳᠦᠷ ᠴᠢᠨᠰᠠᠭᠠᠲᠦ ᠬᠦᠭᠵᠢᠯᠲᠡ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ | ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠵᠤ᠂ ᠶᠠᠰᠤ | ᠴᠢᠨᠠᠷ ᠤᠨ ᠬᠤᠪᠢᠰᠤᠯᠲᠠ᠂ ᠦᠷ᠎ᠡ ᠪᠦᠲᠦᠮᠵᠢ ᠶᠢᠨ ᠬᠤᠪᠢᠰᠤᠯᠲᠠ᠂ ᠬᠥᠳᠡᠯᠭᠡᠭᠴᠢ ᠬᠦᠴᠦᠨ ᠤ ᠬᠤᠪᠢᠰᠤᠯᠲᠠ ᠶᠢ | ᠬᠦᠴᠦᠯᠡᠨ ᠠᠬᠢᠭᠤᠯᠵᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠤᠨ ᠪᠦᠲᠦᠭᠡᠨ ᠪᠠᠶᠢᠭᠤᠯᠣᠯᠲᠠ ᠶᠢ | ᠠᠬᠢᠭᠤᠯᠤᠭᠰᠠᠨ ᠪᠠᠶᠢᠨ᠎ᠠ ᠭᠡᠵᠡᠢ᠃ ᠵᠢᠷᠭᠠᠯᠲᠤ ᠱᠠᠭᠠᠷᠳᠠᠬᠤ ᠳᠠᠭᠠᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ | ᠥᠪᠡᠷ ᠤᠨ ᠳᠠᠪᠠᠭᠤᠯᠢᠭ ᠤᠨᠴᠠᠯᠢᠭ ᠪᠣᠯᠣᠨ ᠠᠵᠤ ᠦᠢᠯᠡᠰ ᠤᠨ ᠪᠠᠶᠢᠷᠢ ᠳᠣᠭᠲᠠᠭᠠᠯᠲᠠ ᠲᠠᠢ ᠪᠠᠨ ᠤᠶᠠᠯᠳᠤᠭᠤᠯᠵᠤ | ᠬᠤᠳᠠᠯᠳᠤᠭᠠᠴᠢᠨ ᠰᠤᠩᠭᠤᠬᠤ ᠶᠢ ᠴᠢᠬᠤᠯᠠᠴᠢᠯᠠᠨ ᠲᠦᠷᠦᠯ ᠵᠦᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠠᠵᠤ | ᠦᠢᠯᠡᠰ ᠤᠨ ᠢᠵᠢ ᠪᠦᠷᠢᠳᠦᠯ ᠢ ᠴᠢᠩᠭᠠᠳᠬᠠᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠦᠭᠵᠢᠭᠰᠡᠨ | ᠠᠵᠤ ᠦᠢᠯᠡᠰ ᠢ ᠳᠣᠪᠣᠶᠢᠯᠭᠠᠨ ᠬᠥᠭᠵᠢᠬᠦᠯᠵᠦ᠂ ᠰᠢᠨ᠎ᠡ ᠬᠦᠭᠵᠢᠯᠲᠡ ᠶᠢᠨ ᠴᠡᠭ ᠢ ᠢᠳᠡᠪᠬᠢᠲᠡᠢ ᠪᠤᠢ ᠪᠣᠯᠭᠠᠵᠤ | ᠮᠠᠨ ᠤ ᠬᠤᠰᠢᠭᠤᠨ ᠤ ᠠᠵᠤ ᠠᠬᠤᠢ ᠶᠢᠨ ᠬᠦᠭᠵᠢᠯᠲᠡ ᠶᠢ ᠦᠨᠳᠦᠷ ᠴᠢᠨᠰᠠᠭᠠᠲᠦ ᠬᠦᠭᠵᠢᠯᠲᠡ ᠲᠡᠶᠢᠰᠢ | ᠬᠤᠪᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠪᠡ᠃ |