ᠵᠢᠯ ᠤᠨ ᠠᠵᠢᠯ ᠬᠠᠪᠤᠷ ᠲᠠᠭᠠᠨ ᠭᠡᠳᠡᠭᠴᠢᠯᠡᠨ ᠬᠠᠪᠤᠷ ᠤᠨ ᠲᠠᠷᠢᠶᠠᠯᠠᠭ᠎ᠠ ᠶᠢᠨ ᠠᠵᠢᠯ ᠨᠢ ᠮᠠᠯᠴᠢᠨ | ᠲᠠᠷᠢᠶᠠᠴᠢᠳ ᠤᠨ ᠨᠢᠭᠡ ᠵᠢᠯ ᠤᠨ ᠤᠯᠵᠠ ᠤᠷᠤᠯᠭ᠎ᠠ ᠲᠠᠢ ᠨᠢᠭᠳᠠ ᠬᠤᠯᠪᠤᠭ᠎ᠠ ᠲᠠᠢ ᠪᠠᠶᠢᠵᠤ᠂ ᠲᠡᠳᠡᠨ ᠤ ᠠᠵᠤ | ᠠᠮᠢᠳᠤᠷᠠᠯ ᠤᠨ ᠴᠢᠬᠤᠯᠠ ᠨᠢᠭᠡ ᠭᠤᠭᠴᠤᠭ᠎ᠠ ᠪᠤᠯᠵᠤ ᠪᠠᠶᠢᠳᠠᠭ᠃ ᠰᠦᠯᠳᠡ ᠰᠤᠮᠤᠨ ᠤ ᠡᠯ᠎ᠡ ᠭᠠᠴᠠᠭ᠎ᠠ | ᠲᠤᠰᠬᠤᠨ ᠤ ᠬᠢᠨ ᠡᠷᠳᠡᠭᠡᠨ ᠠᠴᠠ ᠪᠠᠨ ᠬᠦᠳᠡᠯᠦᠯᠴᠡᠨ ᠲᠠᠷᠢᠶᠠᠯᠠᠩ ᠤᠨ ᠮᠠᠰᠢᠨ ᠢᠶᠠᠨ ᠵᠠᠰᠠᠨ ᠰᠡᠯᠪᠢᠬᠦ᠂ ᠵᠠᠬ᠎ᠠ | ᠲᠡᠯᠭᠡᠬᠦᠷ ᠲᠤ ᠠᠵᠢᠭᠯᠠᠯᠳᠠ ᠬᠢᠬᠦ᠂ ᠰᠢᠭᠡᠭ ᠪᠤᠷᠳᠤᠭᠤᠷ ᠤᠷᠤᠭᠤᠯᠬᠤ᠂ ᠬᠦᠷᠦᠰᠤ ᠰᠢᠷᠤᠢ ᠳᠠᠭᠠᠨ ᠰᠢᠪᠠᠷ | ᠨᠦᠬᠦᠪᠦᠷᠢᠯᠡᠬᠦ᠂ ᠢᠳᠡᠰᠢᠨ ᠨᠤᠭᠤᠭᠠᠨ ᠤ ᠲᠤᠯᠠᠭᠠᠨ ᠬᠦᠯᠡᠮᠵᠢ ᠶᠢᠨ ᠲᠦᠬᠦᠭᠡᠷᠤᠮᠵᠢ ᠬᠤᠳᠠᠯᠳᠤᠨ ᠠᠪᠬᠤ ᠵᠡᠷᠭᠡ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢᠶᠠᠨ ᠰᠠᠶᠢᠳᠤᠷ ᠬᠢᠵᠡᠭᠡᠵᠥ᠂ ᠣᠳᠣᠬᠠᠨ ᠪᠤᠯᠬᠤ ᠳᠤ ᠨᠢᠭᠡᠨᠳᠡ | ᠪᠡᠯᠡᠳᠭᠡᠯ ᠠᠵᠢᠯ ᠢᠶᠠᠨ ᠲᠠᠭᠤᠰᠬᠠᠵᠤ ᠭᠠᠵᠠᠷ ᠬᠠᠭᠠᠯᠪᠦᠷᠢᠯᠠᠵᠤ᠂ ᠰᠤᠶᠤᠭ᠎ᠠ ᠪᠤᠶᠢᠵᠢᠭᠤᠯᠬᠤ ᠵᠡᠷᠭᠡ ᠠᠵᠢᠯ ᠢᠶᠠᠨ | ᠡᠬᠢᠯᠡᠭᠦᠯᠬᠦ ᠪᠠᠷ ᠪᠡᠯᠡᠳᠬᠡᠵᠤ ᠪᠤᠢ᠃ ᠤᠶᠢᠷ᠎ᠠ ᠶᠢᠨ ᠵᠢᠯ ᠳᠤ ᠰᠦᠯᠳᠡ ᠰᠤᠮᠤ ᠨᠢ ︽ᠡᠭᠦᠳᠡ ᠪᠠᠨ ᠬᠠᠭᠠᠵᠤ᠂ | ᠬᠤᠪᠢ ᠪᠠᠨ ᠰᠠᠬᠢᠬᠤ︾ ᠤᠯᠠᠮᠵᠢᠯᠠᠯ ᠢᠶᠠᠨ ᠥᠭᠡᠷᠡᠴᠢᠯᠡᠨ ᠤᠯᠠᠮᠵᠢᠯᠠᠯᠳᠤ ᠮᠠᠯ ᠲᠠᠷᠢᠶᠠᠯᠠᠩ ᠤᠨ ᠠᠵᠤ ᠦᠢᠯᠡᠰ ᠤᠨ | ᠪᠦᠳᠤᠴᠡ ᠳᠤ ᠢᠳᠡᠪᠬᠢᠳᠡᠢ ᠲᠤᠬᠢᠷᠠᠭᠤᠯᠤᠯᠳᠠ ᠬᠢᠵᠤ᠂ ᠳᠠᠩ ᠴᠤᠯᠭᠤᠢ ᠡᠷᠳᠡᠨᠢ ᠰᠢᠰᠢ ᠶᠢᠨ ᠲᠠᠷᠢᠮᠠᠯ ᠢᠶᠠᠷ | ᠭᠤᠤᠯᠯᠠᠵᠤ ᠪᠠᠶᠢᠭᠰᠠᠨ ᠲᠠᠷᠢᠮᠠᠯ ᠤᠨ ᠪᠦᠳᠤᠴᠡ ᠳᠡᠭᠡᠨ ᠲᠤᠬᠢᠷᠠᠭᠤᠯᠤᠯᠳᠠ ᠬᠢᠵᠤ᠂ ᠠᠵᠤ ᠠᠬᠤᠢ ᠶᠢᠨ ᠲᠠᠷᠢᠮᠠᠯ ᠤᠨ | ᠲᠡᠯᠡᠪᠡᠢ ᠶᠢ ᠠᠭᠠᠵᠢᠮ ᠢᠶᠠᠷ ᠦᠷᠭᠡᠳᠭᠡᠨ᠂ ᠭᠠᠵᠠᠷ ᠤᠷᠤᠨ ᠤ ᠪᠠᠨ ᠴᠠᠭ ᠠᠭᠤᠷ᠂ ᠬᠦᠷᠤᠰᠤ ᠰᠢᠷᠤᠢ ᠶᠢᠨ | ᠨᠦᠬᠦᠴᠡᠯ ᠢᠶᠠᠨ ᠦᠨᠳᠤᠰᠤᠯᠡᠨ ᠵᠢᠮᠢᠰ᠂ ᠢᠳᠡᠰᠢᠨ ᠨᠤᠭᠤᠭ᠎ᠠ᠂ ᠬᠤᠯᠢᠮᠠᠭ ᠠᠮᠤ ᠪᠤᠳᠠᠭᠠᠨ ᠤ ᠲᠦᠷᠤᠯ ᠢ ᠲᠤᠷᠰᠢᠨ | ᠲᠠᠷᠢᠭᠠᠳ ᠮᠠᠯᠴᠢᠨ ᠲᠠᠷᠢᠶᠠᠴᠢᠳ ᠤᠨ ᠤᠷᠤᠯᠭ᠎ᠠ ᠶᠢ ᠢᠯᠡᠳᠳᠡ ᠨᠡᠮᠡᠭᠳᠡᠭᠦᠯᠦᠭᠰᠡᠨ ᠪᠠᠶᠢᠨ᠎ᠠ᠃ ᠨᠡᠩ ᠴᠤ | ᠵᠠᠬᠢᠶᠠᠯᠠᠭ᠎ᠠ ᠶᠢᠨ ᠲᠠᠷᠢᠶᠠᠯᠠᠩ᠂ ᠡᠯᠧᠺᠲᠷᠣᠨ ᠬᠤᠳᠠᠯᠳᠤᠭ᠎ᠠ ᠵᠡᠷᠭᠡ ᠤᠳᠤᠬᠢᠴᠢᠯᠠᠭᠰᠠᠨ ᠡᠵᠡᠩᠨᠡᠨ ᠪᠤᠷᠤᠯᠠᠭᠤᠯᠬᠤ | ᠠᠷᠭ᠎ᠠ ᠵᠠᠮ᠂ ᠲᠦᠭᠦᠮ ᠲᠦᠳᠡ ᠨᠦᠬᠦᠴᠡᠯ ᠢ ᠭᠦᠢᠴᠡᠳ ᠠᠰᠢᠭᠯᠠᠨ ᠬᠦᠢᠳᠡᠨ ᠬᠦᠮᠤᠷᠭᠡ᠂ ᠭᠤᠯᠢᠷ ᠤᠨ | ᠦᠢᠯᠡᠳᠪᠦᠷᠢ ᠵᠡᠷᠭᠡ ᠶᠢ ᠡᠭᠦᠰᠭᠡᠨ ᠪᠠᠶᠢᠭᠤᠯᠵᠤ᠂ ᠲᠠᠷᠢᠬᠤ᠂ ᠦᠢᠯᠡᠳᠪᠦᠷᠢᠯᠡᠬᠦ᠂ ᠬᠠᠳᠠᠭᠠᠯᠠᠬᠤ᠂ ᠪᠤᠯᠪᠠᠰᠤᠷᠠᠭᠤᠯᠬᠤ | ᠂ ᠪᠤᠷᠤᠯᠠᠭᠤᠯᠬᠤ ᠢᠵᠢ ᠪᠥᠷᠢᠳᠥᠭᠰᠡᠨ ᠬᠡᠯᠬᠢᠶᠡᠵᠢᠯ ᠢᠶᠠᠨ ᠵᠤᠬᠢᠰᠲᠠᠢ ᠲᠤᠬᠢᠷᠠᠭᠤᠯᠤᠨ ᠤᠷᠤᠯᠭ᠎ᠠ ᠪᠠᠨ | ᠨᠡᠮᠡᠭᠳᠡᠭᠦᠯᠦᠭᠰᠡᠨ ᠪᠠᠶᠢᠨ᠎ᠠ᠃ ᠡᠭᠦᠨ ᠳᠤ᠂ ᠴᠠᠮᠬᠠᠭ ᠭᠠᠴᠠᠭ᠎ᠠ ᠨᠢ ᠯᠠᠵᠤᠤ ᠶᠢᠨ ᠲᠠᠷᠢᠮᠠᠯ ᠤᠨ ᠠᠵᠤ ᠦᠢᠯᠡᠰ ᠢ | ᠡᠷᠬᠢᠯᠡᠨ ᠠᠮᠵᠢᠯᠳᠠ ᠤᠯᠵᠤ᠂ ᠡᠨᠡ ᠵᠢᠯ ᠪᠠᠰᠠ 50 ᠭᠠᠷᠤᠢ ᠢᠳᠡᠰᠢᠨ ᠨᠤᠭᠤᠭᠠᠨ ᠤ ᠲᠤᠯᠠᠭᠠᠨ ᠬᠦᠯᠡᠮᠵᠢ ᠶᠢ | ᠰᠢᠨ᠎ᠡ ᠪᠠᠷ ᠨᠡᠮᠡᠭᠳᠡᠭᠦᠯᠤᠨ᠂ ᠲᠦᠷᠤᠯ ᠵᠦᠢᠯ ᠤᠨ ᠪᠡᠯᠡ ᠤᠷᠤᠭᠤᠯᠤᠯᠳᠠ ᠶᠢ ᠨᠡᠮᠡᠭᠳᠡᠭᠦᠯᠤᠨ ᠮᠠᠯᠴᠢᠨ | ᠲᠠᠷᠢᠶᠠᠴᠢᠳ ᠲᠤ ᠦᠨ᠎ᠡ ᠲᠦᠯᠦᠪᠦᠷᠢ ᠦᠭᠡᠢ ᠪᠠᠷ ᠲᠦᠬᠦᠭᠡᠷᠤᠮᠵᠢ ᠪᠡ ᠮᠡᠷᠭᠡᠵᠢᠯ ᠢ ᠬᠠᠩᠭᠠᠵᠤ ᠲᠡᠳᠡᠨ ᠤ | ᠢᠳᠡᠪᠬᠢᠵᠢᠯ ᠢ ᠲᠠᠶᠢᠴᠢᠯᠠᠭᠰᠠᠨ ᠪᠠᠶᠢᠨ᠎ᠠ᠃ |