ᠲᠣᠰᠬᠤᠨ ᠤ ᠠᠷᠠᠳ ᠢ ᠦᠨᠡᠨ ᠬᠦ ᠪᠠᠶᠠᠵᠢᠭᠤᠯᠣᠨ ᠴᠢᠨᠡᠬᠡᠯᠢᠭᠵᠢᠬᠦᠯᠵᠣ ᠣᠷᠣᠯᠭ᠎ᠠ ᠶᠢ ᠨᠡᠮᠡᠭᠳᠡᠬᠦᠯᠬᠦ ᠶᠢᠨ | ᠲᠦᠯᠣᠬᠡ ᠪᠠᠶᠠᠨᠴᠠᠶᠢᠳᠠᠮ ᠲᠣᠰᠬᠤᠨ ᠨᠢ ᠭᠠᠯᠠᠭᠤᠳᠣ ᠪᠠᠯᠭᠠᠰᠣᠨ ᠤ ᠲᠣᠷᠠᠳᠣᠭᠰᠠᠨ ︽ᠵᠠᠰᠠᠭ ᠤᠨ ᠣᠷᠳᠣᠨ | ᠭᠤᠣᠯᠯᠠᠨ ᠣᠳᠣᠷᠢᠳᠴᠣ᠂ ᠬᠤᠷᠰᠢᠶᠠᠵᠢᠯ ᠢᠶᠠᠷ ᠲᠣᠯᠣᠭᠠᠶᠢᠯᠠᠭᠤᠯᠣᠨ᠂ ᠠᠷᠠᠳ ᠣᠯᠠᠨ ᠡᠷᠭᠡ ᠮᠡᠳᠡᠨ ᠰᠠᠶᠢᠨ | ᠲᠣᠷ᠎ᠠ ᠠᠴᠠ ᠪᠠᠨ ᠣᠷᠣᠯᠴᠠᠬᠤ︾ ᠵᠠᠷᠴᠢᠮ ᠢᠶᠠᠷ᠂ ᠢᠳᠡᠰᠢᠨ ᠨᠣᠭᠤᠭ᠎ᠠ ᠲᠠᠷᠢᠬᠤ ᠶᠢ ᠶᠡᠭᠡ ᠪᠠᠷ ᠴᠢᠬᠤᠯᠠᠴᠢᠯᠠᠨ | ᠲᠠᠷᠢᠶᠠᠯᠠᠩ ᠤᠨ ᠲᠣᠮᠣ ᠡᠷᠣᠭᠡ᠂ ᠲᠦᠯᠣᠬᠡᠯᠡᠭᠴᠢ ᠵᠡᠷᠬᠡ ᠶᠢ ᠵᠣᠬᠢᠶᠠᠨ ᠪᠠᠶᠢᠭᠤᠯᠣᠨ ᠲᠡᠮᠡᠭᠡᠳᠣ᠂ ᠪᠣᠭᠤᠳᠣ᠂ ᠡᠵᠡᠨ | ᠬᠤᠷᠤᠭ᠎ᠠ ᠬᠤᠰᠢᠭᠤ ᠵᠡᠷᠭᠡ ᠭᠠᠵᠡᠷ ᠤᠳ ᠢᠶᠠᠷ ᠢᠳᠡᠰᠢᠨ ᠨᠣᠭᠤᠭ᠎ᠠ ᠲᠠᠷᠢᠬᠤ ᠮᠡᠷᠭᠡᠵᠢᠯ ᠢ ᠰᠣᠷᠣᠯᠴᠠᠭᠰᠠᠨ | ᠮᠦᠷᠳᠡᠭᠡᠨ ᠬᠠᠮᠢᠶ᠎ᠠ ᠪᠦᠬᠦᠢ ᠮᠡᠷᠬᠡᠵᠢᠯᠳᠡᠨ ᠢ ᠣᠷᠢᠵᠣ ᠰᠢᠯᠭᠠᠨ ᠪᠠᠶᠢᠴᠠᠭᠠᠵᠣ ᠨᠣᠳᠠᠯᠠᠯᠳᠠ ᠬᠢᠯᠭᠡᠭᠰᠡᠨ ᠪᠠᠶᠢᠨ᠎ᠠ᠃ | ᠨᠢᠳᠤᠨᠤᠨ᠂ ︽ᠲᠦᠪᠯᠡᠷᠡᠬᠦᠯᠣᠨ ᠨᠡᠬᠡᠬᠡᠵᠣ᠂ ᠲᠠᠷᠢᠶᠠᠯᠠᠩ ᠤᠨ ᠲᠣᠮᠣ ᠡᠷᠦᠬᠡ ᠶᠢ ᠪᠦᠳᠣᠭᠡᠨ ᠪᠠᠶᠢᠭᠤᠯᠵᠣ᠂ | ᠰᠠᠷᠠᠪᠴᠢᠨ ᠳᠤ ᠲᠠᠷᠢᠬᠤ ᠪᠠ ᠤᠰᠤᠨ ᠭᠠᠵᠠᠷ ᠲᠠᠷᠢᠬᠤ ᠶᠢ ᠣᠶᠠᠯᠳᠤᠭᠤᠯᠬᠤ︾ ᠵᠠᠷᠴᠢᠮ ᠶᠣᠰᠣᠭᠠᠷ᠂ 100 ᠮᠤ᠋ | ᠰᠠᠷᠠᠪᠴᠢᠨ ᠳᠠᠬᠢ ᠢᠳᠡᠰᠢᠨ ᠨᠤᠭᠤᠭ᠎ᠠ ᠲᠠᠷᠢᠬᠤ ᠰᠠᠭᠤᠷᠢᠨ ᠪᠠ 800 ᠮᠤ᠋ ᠤᠰᠤᠨ ᠭᠠᠵᠡᠷ ᠤᠨ ᠢᠳᠡᠰᠢᠨ | ᠨᠤᠭᠤᠭ᠎ᠠ ᠲᠠᠷᠢᠬᠤ ᠰᠠᠭᠤᠷᠢᠨ᠂ 1200 ᠺᠦᠪ ᠮᠧᠲᠷ ᠤᠨ ᠴᠢᠬᠢ ᠪᠤᠶᠢᠵᠢᠭᠤᠯᠬᠤ ᠲᠣᠣᠷ᠎ᠠ ᠲᠣᠯᠠᠭᠠᠴᠠ ᠲᠠᠢ | ᠬᠠᠳᠠᠭᠠᠯᠠᠮᠵᠢ ᠶᠢᠨ ᠬᠦᠮᠣᠷᠭᠡ ᠶᠢ ᠪᠦᠳᠣᠭᠡᠨ ᠪᠠᠶᠢᠭᠤᠯᠤᠭᠰᠠᠨ ᠪᠠᠶᠢᠨ᠎ᠠ᠃ ᠪᠦᠬᠦ ᠵᠢᠯ ᠤᠨ ᠰᠠᠷᠠᠪᠴᠢᠨ ᠳᠤ | ᠲᠠᠷᠢᠭᠰᠠᠨ ᠱᠤᠪᠬᠤ ᠯᠠᠵᠤᠤ ᠶᠢᠨ ᠶᠡᠷᠣᠩᠬᠡᠢ ᠣᠨᠠᠯᠳᠠ ᠨᠢ 75 ᠲᠦᠮᠡᠨ ᠵᠢᠩ ᠳᠤ ᠬᠦᠷᠴᠣ᠂ ᠪᠤᠷᠤᠯᠠᠭᠤᠯᠭ᠎ᠠ ᠶᠢᠨ | ᠦᠷᠳᠡᠭ ᠨᠢ 45 ᠲᠦᠮᠡᠨ ᠲᠦᠬᠦᠷᠢᠭ ᠲᠤ ᠬᠦᠷᠣᠭ᠍ᠰᠡᠨ ᠪᠠᠶᠢᠨ᠎ᠠ᠃ ᠲᠠᠷᠢᠮᠡᠯ ᠤᠨ ᠡᠷᠣᠭᠡ ᠶᠢᠨ ᠡᠷᠣᠭᠡ ᠪᠦᠷᠢ ᠶᠢᠨ | ᠳᠡᠭᠰᠢᠳᠬᠡᠭᠰᠡᠨ ᠣᠷᠣᠯᠭ᠎ᠠ ᠨᠢ ᠪᠠᠷᠤᠭ 1.7 ᠲᠦᠮᠡᠨ ᠲᠦᠬᠦᠷᠢᠭ ᠲᠤ ᠬᠦᠷᠴᠣ᠂ ᠨᠡᠶᠢᠳᠡ 50 ᠲᠣᠨᠨᠠ ᠢᠯᠡᠬᠦᠣ | ᠢᠳᠡᠰᠢᠨ ᠨᠣᠭᠤᠭ᠎ᠠ ᠪᠣᠷᠣᠯᠠᠭᠤᠯᠵᠣ᠂ ᠲᠣᠰᠬᠤᠨ ᠤ ᠠᠷᠠᠳ ᠤᠨ ᠣᠷᠣᠯᠭ᠎ᠠ ᠶᠢ ᠮᠡᠳᠡᠭᠳᠡᠬᠦ᠋ᠢᠴᠡ | ᠳᠡᠭᠡᠭᠰᠢᠯᠡᠭᠦᠯᠦᠭᠰᠡᠨ ᠪᠠᠶᠢᠨ᠎ᠠ᠃ ᠲᠣᠰᠬᠤᠨ ᠤ ︽ᠬᠤᠶᠠᠷ ᠵᠦᠪᠯᠡᠯ︾ ᠤᠨ ᠬᠠᠮᠲᠤ ᠶᠢᠨ ᠴᠢᠷᠮᠠᠶᠢᠯᠭ᠎ᠠ ᠲᠤᠤᠷ᠎ᠠ | ᠪᠠᠶᠠᠨᠴᠠᠶᠢᠳᠠᠮ ᠲᠤᠰᠬᠤᠨ ᠤ ᠲᠥᠬᠦᠬᠡᠷᠥᠮᠵᠢᠲᠥ ᠲᠠᠷᠢᠶᠠᠯᠠᠩ ᠤᠨ ᠰᠠᠭᠤᠷᠢᠨ ᠤ ᠴᠢᠬᠢ ᠪᠤᠶᠢᠵᠢᠭᠤᠯᠬᠤ᠂ | ᠰᠢᠯᠵᠢᠭᠦᠯᠥᠨ ᠲᠠᠷᠢᠬᠤ᠂ ᠲᠡᠭᠦᠭᠦ᠂ ᠬᠠᠳᠠᠭᠠᠯᠠᠬᠤ᠂ ᠪᠤᠷᠤᠯᠠᠭᠤᠯᠬᠤ ᠠᠵᠣ ᠣᠶᠢᠯᠡᠰ ᠤᠨ ᠬᠦᠭᠵᠢᠯᠳᠡ ᠶᠢᠨ ᠲᠤᠨᠨᠠ | ᠬᠡᠯᠬᠢᠶᠡᠵᠢᠯ ᠠᠩᠬ᠎ᠠ ᠠᠯᠬᠤᠮ ᠪᠦᠷᠢᠯᠳᠥᠭᠰᠠᠨ ᠪᠠᠶᠢᠨ᠎ᠠ᠃ | ᠦᠨᠦ ᠵᠢᠯ᠂ ᠪᠠᠶᠠᠨᠴᠠᠶᠢᠳᠠᠮ ᠲᠣᠰᠬᠤᠨ ᠨᠢ ᠬᠦᠳᠡᠭᠡ ᠲᠣᠰᠬᠤᠨ ᠢ ᠬᠦᠭᠵᠢᠬᠦᠯᠦᠨ ᠮᠠᠨᠳᠤᠭᠤᠯᠬᠤ | ᠪᠠᠶᠢᠯᠳᠣᠬᠤ ᠪᠣᠳᠣᠯᠭ᠎ᠠ ᠶᠢᠨ ᠠᠵᠠ ᠲᠤᠬᠢᠶᠠᠯ ᠢ ᠲᠣᠬᠢᠶᠠᠯᠳᠣᠭᠤᠯᠣᠨ᠂ ᠨᠠᠮ ᠤᠨ ᠡᠬᠦᠷ + ᠬᠤᠷᠰᠢᠶᠠᠵᠢᠯ + | ᠨᠠᠮ ᠤᠨ ᠬᠡᠰᠢᠬᠦᠨ ᠴᠢᠳᠠᠪᠣᠷᠢᠳᠠᠨ ᠤ ᠣᠶᠢᠯᠡᠳᠣᠯ ᠢ ᠬᠦᠢᠴᠡᠳ ᠪᠠᠳᠠᠷᠠᠭᠤᠯᠵᠣ᠂ ᠣᠯᠠᠨ ᠠᠷᠭ᠎ᠠ ᠵᠠᠮ ᠢ | ᠰᠦᠪᠡᠭᠴᠢᠯᠡᠨ 40 ᠲᠦᠮᠡᠨ ᠲᠦᠬᠦᠷᠢᠭ ᠤᠨ 700 ᠺᠦᠸᠡᠳ᠋ ᠮᠧᠲᠷ ᠤᠨ ︽ᠦᠷᠭᠡᠨ ᠬᠠᠷᠠᠭᠠᠳᠣ︾ ᠲᠣᠯᠠᠭᠠᠨ | ᠬᠦᠯᠡᠮᠵᠢ ᠶᠢ ᠪᠠᠶᠢᠭᠤᠯᠤᠨ ᠠᠷᠠᠳ ᠤᠯᠠᠨ ᠤ ᠢᠳᠡᠰᠢᠨ ᠨᠣᠭᠤᠭ᠎ᠠ ᠲᠠᠷᠢᠬᠤ ᠰᠢᠨ᠎ᠡ ᠰᠠᠭᠤᠷᠢᠨ ᠢ ᠬᠠᠩᠭᠠᠵᠣ᠂ | ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠬᠦᠯᠬᠦ ᠳᠤ ᠰᠢᠨ᠎ᠡ ᠵᠠᠮ ᠮᠦᠷ ᠨᠡᠭᠡᠭᠡᠵᠣ ᠦᠭᠭᠦᠭᠰᠡᠨ ᠪᠠᠶᠢᠨ᠎ᠠ᠃ |