ᠰᠦᠯᠳᠡ ᠰᠤᠮᠤᠨ ᠤ ᠶᠡᠷᠤᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶ᠎ᠠ ᠤᠷᠴᠢᠨ ᠲᠤᠭᠤᠷᠢᠨ ᠤ ᠠᠷᠢᠭᠤᠨ ᠴᠡᠪᠡᠷ ᠢ ᠵᠠᠰᠠᠨ ᠴᠡᠭᠴᠡᠯᠡᠭᠦ ᠠᠵᠢᠯ ᠢ ᠰᠠᠶᠢᠳᠤᠷ ᠠᠳᠬᠤᠵᠤ ᠪᠤᠢ
ᠨᠡᠶᠢᠲᠡᠯᠡᠭᠰᠡᠨ ᠴᠠᠭ᠄
2018-05-04
      ᠰᠦᠯᠳᠡ ᠰᠤᠮᠤᠨ ᠤ ᠶᠡᠷᠤᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶ᠎ᠠ ᠨᠢ ᠨᠠᠮ ᠤᠨ ᠠᠷᠪᠡ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠠᠵᠤ ᠦᠢᠯᠡᠰ ᠨᠢ ᠴᠡᠴᠡᠭᠯᠡᠨ ᠬᠦᠭᠵᠢᠭᠰᠡᠨ᠂ ᠠᠮᠢ ᠠᠬᠤᠢ ᠨᠢ ᠲᠤᠬᠢᠷᠠᠮᠵᠢᠳᠠᠢ᠂ ᠨᠤᠳᠤᠭ ᠤᠨ ᠵᠠᠩᠰᠢᠯ ᠪᠤᠯᠪᠠᠰᠤᠨ᠂ ᠵᠠᠰᠠᠯᠳᠠ ᠨᠢ ᠪᠦᠳᠤᠮᠵᠢᠳᠡᠢ᠂ ᠠᠮᠢᠳᠤᠷᠠᠯ ᠪᠠᠶᠠᠨ ᠴᠢᠨᠡᠭᠡᠯᠢᠭ ᠪᠠᠶᠢᠬᠤ︾ ᠶᠡᠷᠤᠩᠬᠡᠢ ᠱᠠᠭᠠᠷᠳᠠᠯᠭ᠎ᠠ ᠶᠤᠰᠤᠭᠠᠷ ᠤᠷᠴᠢᠨ ᠲᠤᠭᠤᠷᠢᠨ ᠤ ᠠᠷᠢᠭᠤᠨ ᠴᠡᠪᠡᠷ ᠤᠨ ᠴᠡᠭᠴᠡᠯᠡᠯᠳᠡ ᠶᠢ ᠰᠠᠶᠢᠳᠤᠷ ᠠᠳᠬᠤᠵᠤ᠂ ᠤᠯᠠᠨ ᠲᠦᠮᠡᠨ ᠤ ᠤᠷᠤᠰᠢᠨ ᠰᠠᠭᠤᠬᠤ ᠤᠷᠴᠢᠨ ᠲᠤᠭᠤᠷᠢᠨ ᠤ ᠰᠠᠶᠢᠵᠢᠷᠠᠭᠤᠯᠤᠯᠳᠠ ᠶᠢ ᠲᠦᠯᠬᠢᠨ ᠠᠬᠢᠭᠤᠯᠵᠤ ᠪᠤᠢ᠃      ᠤᠶᠢᠷ᠎ᠠ ᠶᠢᠨ ᠡᠳᠤᠷ᠂ ᠰᠦᠯᠳᠡ ᠰᠤᠮᠤᠨ ᠤ ᠶᠡᠷᠤᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶ᠎ᠠ ᠨᠢ ᠪᠦᠬᠦ ᠰᠤᠮᠤᠨ ᠤ ᠬᠡᠪᠴᠢᠶᠡᠨ ᠳᠤ ᠤᠷᠴᠢᠨ ᠲᠤᠭᠤᠷᠢᠨ ᠤ ᠠᠷᠢᠭᠤᠨ ᠴᠡᠪᠡᠷ ᠢ ᠵᠠᠰᠠᠨ ᠴᠡᠭᠴᠡᠯᠡᠭᠦ ᠠᠵᠢᠯᠯᠠᠭ᠎ᠠ ᠶᠢ ᠢᠳᠡᠪᠬᠢᠳᠡᠢ ᠦᠷᠨᠢᠭᠦᠯᠤᠨ᠂ ᠲᠠᠶᠢᠴᠢᠯᠠᠯᠳᠠ ᠶᠢᠨ ᠬᠤᠷᠠᠯ ᠬᠤᠷᠠᠯᠳᠤᠭᠤᠯᠤᠨ ᠠᠵᠢᠯ ᠳᠠᠭᠠᠨ ᠲᠤᠬᠢᠷᠠᠭᠤᠯᠤᠯᠳᠡ ᠬᠢᠵᠤ ᠂ ᠤᠷᠴᠢᠨ ᠲᠤᠭᠤᠷᠢᠨ ᠤ ᠠᠷᠢᠭᠤᠨ ᠴᠡᠪᠡᠷ ᠤᠨ ᠲᠤᠰᠬᠠᠢ ᠠᠵᠢᠯᠳᠠᠨ᠂ ᠺᠠᠳ᠋ᠷ ᠠᠵᠢᠯᠳᠠᠳ ᠵᠢᠴᠢ ᠮᠠᠯᠴᠢᠨ ᠲᠠᠷᠢᠶᠠᠴᠢᠨ ᠰᠠᠶᠢᠨ ᠲᠤᠷᠠᠴᠤᠤᠯ ᠤᠨ ᠡᠩᠨᠡᠭᠡ ᠶᠢ ᠢᠳᠡᠪᠬᠢᠳᠡᠢ ᠵᠤᠬᠢᠶᠠᠨ ᠪᠠᠶᠢᠭᠤᠯᠵᠤ ᠭᠠᠴᠠᠭ᠎ᠠ ᠲᠤᠰᠬᠤᠨ ᠤ ᠤᠷᠴᠢᠨ ᠲᠤᠭᠤᠷᠢᠨ᠂ ᠵᠡᠭᠡᠯᠢ ᠭᠤᠳᠤᠮᠵᠢ ᠶᠢᠨ ᠠᠷᠢᠭᠤᠨ ᠴᠡᠪᠡᠷ ᠵᠢᠴᠢ ᠵᠠᠮ ᠲᠠᠡᠭᠤ ᠬᠤᠭ ᠨᠤᠪᠰᠢ ᠶᠢ ᠲᠦᠪᠯᠡᠷᠡᠭᠦᠯᠤᠨ ᠰᠢᠢᠳᠪᠦᠷᠢᠯᠡᠵᠤ᠂ ᠵᠡᠬᠡᠯᠢ ᠭᠤᠳᠤᠮᠵᠢ᠂ ᠬᠦᠳᠡᠭᠡ ᠲᠤᠰᠬᠤᠨ ᠤ ᠠᠷᠢᠭᠤᠨ ᠴᠡᠪᠡᠷ ᠢ ᠪᠠᠳᠤᠯᠠᠭᠰᠠᠨ ᠪᠠᠶᠢᠨ᠎ᠠ᠃      ᠲᠤᠰ ᠠᠵᠢᠯᠯᠠᠭᠠᠨ ᠳᠤ ᠺᠠᠳ᠋ᠷ ᠠᠵᠢᠯᠳᠠᠳ ᠵᠠᠮ ᠤᠨ ᠬᠠᠵᠠᠭᠤ ᠶᠢᠨ ᠬᠠᠶᠠᠭᠳᠠᠮᠠᠯ ᠬᠤᠭ᠂ ᠪᠠᠷᠢᠯᠭ᠎ᠠ ᠶᠢᠨ ᠬᠤᠭ ᠨᠤᠪᠰᠢ ᠪᠠ ᠠᠮᠢᠳᠤᠷᠠᠯ ᠤᠨ ᠬᠤᠭ ᠨᠤᠪᠰᠢ ᠶᠢ ᠲᠦᠪᠯᠡᠷᠡᠭᠦᠯᠤᠨ ᠰᠢᠢᠳᠪᠦᠷᠢᠯᠡᠵᠤ᠂ ᠶᠠᠪᠤᠭᠤᠯ ᠠᠷᠠᠯᠵᠢᠶᠡᠴᠢᠨ ᠤ ᠠᠵᠢᠯᠯᠠᠭ᠎ᠠ ᠶᠢ ᠴᠡᠭᠴᠡᠯᠡᠨ᠂ ᠵᠠᠮ ᠤᠨ ᠬᠠᠵᠠᠭᠤ ᠶᠢᠨ ᠬᠤᠭ ᠤᠨ ᠰᠠᠪᠠ ᠶᠢ ᠨᠡᠮᠡᠵᠤ ᠲᠤᠬᠢᠷᠠᠭᠤᠯᠤᠬᠰᠠᠨ ᠪᠠ ᠰᠤᠷᠳᠠᠯ ᠤᠬᠠᠭᠤᠯᠭ᠎ᠠ ᠶᠢᠨ ᠠᠵᠢᠯ ᠢ ᠴᠢᠩᠭᠠᠳᠬᠠᠨ ᠠᠷᠠᠳ ᠤᠯᠠᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠦᠵᠡᠯ ᠤᠬᠠᠮᠰᠠᠷ ᠢ ᠨᠡᠮᠡᠭᠳᠡᠭᠦᠯᠦᠭᠰᠡᠨ ᠪᠠᠶᠢᠨ᠎ᠠ᠃ ᠤᠶᠢᠯᠠᠭᠠᠬᠰᠠᠨ ᠢᠶᠠᠷ ᠲᠤᠰ ᠤᠳᠠᠭᠠᠨ ᠤ ᠠᠵᠢᠯᠯᠠᠭᠠᠨ ᠳᠤ ᠱᠠᠷᠯᠢᠭ ᠭᠠᠴᠠᠭᠠᠨ ᠤ ᠮᠠᠯᠴᠢᠨ ᠲᠠᠷᠢᠶᠠᠴᠢᠨ ᠰᠠᠶᠢᠨ ᠲᠤᠷᠠᠴᠤᠤᠯ ᠤᠨ ᠡᠩᠨᠡᠭᠡ ᠨᠤᠳᠤᠭ ᠤᠰᠤ ᠡᠭᠡ ᠪᠠᠶᠢᠭᠠᠯᠢ ᠪᠠᠨ ᠬᠠᠶᠢᠷᠠᠯᠠᠨ ᠬᠠᠮᠠᠭᠠᠯᠠᠬᠤ ᠪᠤᠯᠪᠠᠰᠤᠨ ᠰᠠᠶᠢᠨ ᠵᠠᠩᠰᠢᠯ ᠢᠶᠠᠨ ᠪᠠᠳᠠᠷᠠᠭᠤᠯᠤᠬᠰᠠᠨ ᠪᠠ ᠤᠯᠠᠨ ᠲᠥᠮᠡᠨ ᠤ ᠠᠵᠢᠯᠯᠠᠭ᠎ᠠ ᠲᠤᠮᠳᠠ ᠢᠳᠡᠪᠬᠢᠯᠠᠨ ᠤᠷᠤᠯᠴᠠᠬᠤ ᠳᠤ ᠲᠠᠶᠢᠴᠢᠯᠠᠬᠤ ᠤᠶᠢᠯᠡᠳᠦᠯ ᠦᠵᠡᠭᠦᠯᠦᠭᠰᠡᠨ ᠪᠠᠶᠢᠨ᠎ᠠ᠃
 
ᠢᠷᠡᠯᠲᠡ᠄ ᠰᠦᠯᠳᠡ ᠰᠤᠮᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号