ᠮᠠᠨ ᠤ ᠬᠤᠰᠢᠭᠤ ᠰᠢᠨᠵᠢᠯᠡᠬᠦ ᠣᠬᠠᠭᠠᠨ ᠮᠡᠷᠭᠡᠵᠢᠯ ᠢᠶᠠᠷ ᠮᠠᠯᠴᠢᠳ ᠤᠨ ᠣᠷᠣᠯᠭ᠎ᠠ ᠶᠢ ᠨᠡᠮᠡᠭᠳᠡᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2018-05-04
      ᠮᠠᠨ ᠤ ᠬᠤᠰᠢᠭᠤᠨ ᠤ ᠮᠠᠯᠵᠢᠬᠤ ᠣᠷᠣᠨ ᠨᠢ ᠬᠡᠳᠦᠶᠢᠪᠡᠷ ᠭᠠᠵᠠᠷ ᠨᠣᠳᠤᠭ ᠦᠷᠭᠡᠨ ᠠᠭᠤᠳᠠᠮ ᠪᠣᠯᠪᠠᠴᠣ ᠮᠡᠷᠭᠡᠵᠢᠯ ᠬᠦᠷᠦᠯᠴᠡᠬᠦ ᠦᠬᠡᠢ ᠠᠴᠠ ᠪᠣᠯᠵᠣ ᠳᠠᠷᠢᠶᠠᠯᠠᠩ ᠤᠨ ᠪᠦᠲᠦᠭᠡᠭᠳᠡᠬᠦᠨ ᠨᠢ ᠬᠠᠷᠢᠴᠠᠩᠭᠤᠢ ᠦᠨᠳᠦᠷ ᠣᠨᠠᠯᠳᠠ  ᠳᠤ ᠬᠦᠷᠴᠦ ᠳᠡᠶᠢᠯᠬᠦ ᠦᠬᠡᠢ ᠪᠠᠶᠢᠳᠠᠭ᠃ ᠡᠨᠡᠬᠦ ᠪᠠᠶᠢᠳᠠᠯ ᠳᠤ ᠴᠢᠭᠯᠡᠬᠦᠯᠦᠨ ᠬᠤᠰᠢᠭᠤ ᠰᠢᠨᠵᠢᠯᠡᠬᠦ ᠣᠬᠠᠭᠠᠨ ᠮᠡᠷᠭᠡᠵᠢᠯ ᠤᠨ ᠨᠡᠶᠢᠬᠡᠮᠯᠢᠭ ᠨᠢ ᠢᠳᠡᠪᠬᠢᠲᠡᠢ ᠪᠠᠷ ᠠᠷᠭ᠎ᠠ ᠰᠦᠪᠡᠭᠴᠢᠯᠡᠵᠦ᠂ ᠮᠠᠯᠵᠢᠬᠤ ᠣᠷᠣᠨ ᠳᠤ ᠰᠢᠯᠢᠳᠡᠭ ᠴᠢᠨᠠᠷ  ᠤᠨ ᠬᠦᠷᠦᠩᠬᠡ᠂ ᠰᠢᠨ᠎ᠡ ᠮᠡᠷᠭᠡᠵᠢᠯ᠂ ᠣᠷᠭᠠᠨᠢᠭ ᠪᠣᠷᠳᠣᠭᠤᠷ ᠬᠦᠷᠭᠡᠵᠦ ᠮᠠᠯᠴᠢᠳ ᠤᠨ ᠣᠷᠣᠯᠭ᠎ᠠ ᠶᠢ ᠨᠡᠮᠡᠭᠳᠡᠬᠦᠯᠬᠦ  ᠳᠤ ᠬᠦᠴᠦᠨ ᠨᠡᠮᠡᠷᠢᠯᠡᠵᠦ ᠪᠠᠶᠢᠨ᠎ᠠ᠃      ᠬᠠᠪᠤᠷ ᠤᠨ ᠲᠠᠷᠢᠶᠠᠯᠭ᠎ᠠ ᠭᠥᠷᠴᠤ ᠢᠷᠠᠭᠦ ᠪᠠᠷ᠂ ᠬᠤᠰᠢᠭᠤ ᠰᠢᠨᠵᠢᠯᠡᠬᠦ ᠣᠬᠠᠭᠠᠨ ᠮᠡᠷᠭᠡᠵᠢᠯ ᠤᠨ ᠨᠡᠶᠢᠬᠡᠮᠯᠢᠭ  ᠨᠢ ᠬᠤᠰᠢᠭᠤ ᠳᠡᠷᠢᠶᠠᠯᠠᠩ ᠮᠠᠯ ᠠᠵᠣ ᠠᠬᠤᠢ ᠶᠢᠨ ᠳᠣᠪᠴᠢᠶ᠎ᠠ ᠲᠠᠢ ᠬᠠᠮᠳᠣᠷᠠᠨ ᠦᠦᠰᠢᠨᠵᠣᠣ ᠪᠠᠯᠭᠠᠰᠣᠨ ᠤ ᠪᠦᠷᠢᠲᠦ ᠭᠠᠴᠠᠭᠠᠨ ᠳᠤ ᠲᠤᠰᠬᠠᠶᠢᠯᠠᠨ ᠭᠥᠷᠴᠤ ᠮᠠᠯᠴᠢᠳ ᠲᠤ ᠳᠠᠷᠢᠶᠠᠯᠠᠩ ᠤᠨ ᠮᠡᠷᠭᠡᠵᠢᠯ ᠤᠨ ᠪᠣᠯᠪᠠᠰᠣᠷᠠᠯ ᠭᠥᠷᠳᠡᠭᠡᠭᠰᠠᠨ ᠪᠠᠶᠢᠨ᠎ᠠ᠃ ᠪᠣᠯᠪᠠᠰᠣᠷᠠᠯ ᠳᠤ ᠬᠤᠰᠢᠭᠤ ᠳᠠᠷᠢᠶᠠᠯᠠᠩ ᠮᠠᠯ ᠠᠵᠣ ᠠᠬᠤᠢ ᠶᠢᠨ ᠳᠣᠪᠴᠢᠶᠠᠨ ᠤ ᠮᠡᠷᠭᠡᠵᠢᠯᠳᠡᠨ ᠠᠴᠠ ᠪᠣᠷᠣ ᠴᠠᠷᠭᠠᠰᠣ ᠪᠣᠯᠣᠨ ᠡᠷᠳᠡᠨᠢ ᠰᠢᠰᠢ ᠶᠢ ᠳᠠᠷᠢᠵᠣ ᠠᠷᠠᠴᠢᠯᠠᠬᠤ᠂ ᠣᠨᠠᠯᠳᠠ ᠶᠢ ᠨᠢ ᠳᠡᠭᠡᠭᠰᠢᠯᠡᠬᠦᠯᠦᠨ ᠬᠡᠷᠡᠭᠯᠡᠬᠡᠨ ᠤ ᠦᠷᠳᠡᠭ ᠢ ᠨᠢ ᠦᠨᠳᠦᠷ ᠪᠣᠯᠭᠠᠬᠤ ᠳᠣᠬᠠᠢ ᠮᠡᠷᠭᠡᠵᠢᠯ ᠤᠨ ᠳᠠᠯ᠎ᠠ ᠠᠴᠠ ᠳᠠᠶᠢᠯᠪᠣᠷᠢᠯᠠᠯᠲᠠ ᠬᠢᠵᠡᠢ᠃ ᠪᠣᠯᠪᠠᠰᠣᠷᠠᠯ ᠤᠨ ᠳᠠᠷᠠᠭ᠎ᠠ ᠪᠠᠰᠠ ᠣᠨᠠᠯᠳᠠ ᠰᠠᠶᠢᠨ ᠡᠷᠳᠡᠨᠢ ᠰᠢᠰᠢ ᠶᠢᠨ ᠬᠦᠷᠦᠩᠬᠡ ᠪᠠ ᠬᠤᠯᠢᠮᠠᠭ ᠪᠣᠷᠳᠣᠭᠤᠷ ᠳᠠᠷᠬᠠᠭᠠᠭᠰᠠᠨ ᠪᠠᠶᠢᠨ᠎ᠠ᠃      ᠦᠦᠰᠢᠨᠵᠣᠣ ᠪᠠᠯᠭᠠᠰᠣᠨ ᠤ ᠪᠦᠷᠢᠲᠦ ᠭᠠᠴᠠᠭᠠᠨ ᠤ ᠮᠠᠯᠴᠢᠨ ᠦᠨᠡᠨᠴᠡᠴᠡᠭ ᠬᠡᠯᠡᠬᠦ ᠳᠡᠭᠡᠨ᠄ ︽ᠨᠢᠳᠣᠨᠣᠨ ᠪᠢᠳᠡ ᠡᠩ ᠤᠨ ᠡᠷᠳᠡᠨᠢ ᠰᠢᠰᠢ ᠶᠢᠨ ᠬᠦᠷᠦᠩᠬᠡ ᠲᠠᠷᠢᠵᠡᠢ᠂ ᠢᠩᠬᠢᠬᠡᠳ ᠮᠣ᠋ ᠪᠦᠷᠢ ᠳᠤ 700 ᠠᠴᠠ 800 ᠶᠢᠨ ᠬᠤᠷᠢᠶᠠᠯᠳᠠ ᠲᠠᠢ᠃ ᠡᠨᠡ ᠵᠢᠯ ᠦᠦᠰᠢᠨ ᠬᠤᠰᠢᠭᠤᠨ ᠤ ᠰᠢᠨᠵᠢᠯᠡᠬᠦ ᠣᠬᠠᠭᠠᠨ ᠮᠡᠷᠭᠡᠵᠢᠯ ᠤᠨ ᠨᠡᠶᠢᠬᠡᠮᠯᠢᠭ ᠠᠴᠠ ᠮᠠᠯᠴᠢᠳ ᠤᠨ ᠣᠷᠣᠯᠭ᠎ᠠ ᠶᠢ ᠨᠡᠮᠡᠭᠳᠡᠬᠦᠯᠬᠦ ᠬᠡᠰᠡᠨ ᠡᠬᠦᠳᠡᠨ ᠠᠴᠠ ᠰᠢᠨᠵᠢᠯᠡᠬᠦ ᠣᠬᠠᠭᠠᠨ ᠢᠶᠠᠷ ᠳᠠᠷᠢᠬᠤ ᠠᠷᠭ᠎ᠠ ᠪᠠᠷᠢᠯ ᠢ ᠵᠢᠭᠠᠵᠣ ᠦᠭᠴᠤ ᠦᠨᠳᠦᠷ ᠣᠨᠠᠯᠳᠠ ᠲᠠᠢ ᠡᠷᠳᠡᠨᠢ ᠰᠢᠰᠢ ᠶᠢᠨ ᠬᠦᠷᠦᠩᠬᠡ ᠪᠣᠯᠣᠨ ᠪᠤᠷᠳᠤᠭᠤᠷ ᠢ ᠬᠦᠷᠬᠡᠵᠦ ᠢᠷᠡᠬᠡᠳ ᠪᠠᠰᠠ ᠨᠢᠬᠡ ᠮᠡᠷᠭᠡᠵᠢᠯᠳᠡᠨ ᠢ ᠦᠯᠡᠳᠡᠭᠡᠵᠤ ᠵᠢᠯᠤᠭᠤᠳᠤᠭᠤᠯᠤᠨ ᠲᠠᠷᠢᠬᠤ ᠮᠡᠷᠭᠡᠵᠢᠯ ᠢ ᠰᠠᠶᠢᠵᠢᠷᠠᠭᠤᠯᠬᠤ ᠬᠡᠵᠦ ᠴᠢᠷᠮᠡᠶᠢᠵᠦ ᠪᠠᠶᠢᠨ᠎ᠠ︾ ᠭᠡᠵᠡᠢ᠃      ᠣᠶᠢᠯᠠᠭᠠᠭᠰᠠᠨ ᠢᠶᠠᠷ ᠬᠤᠰᠢᠭᠤ ᠰᠢᠨᠵᠢᠯᠡᠬᠦ ᠣᠬᠠᠭᠠᠨ ᠮᠡᠷᠭᠡᠵᠢᠯ ᠤᠨ ᠨᠡᠶᠢᠬᠡᠮᠯᠢᠭ ᠨᠢ ᠡᠶᠢᠮᠦᠷᠬᠦ ᠪᠣᠳᠠᠳᠠᠢ ᠮᠡᠷᠭᠡᠵᠢᠯ ᠤᠨ ᠪᠣᠯᠪᠠᠨᠰᠣᠷᠠᠯ ᠬᠢᠬᠦ ᠪᠣᠶᠣ ᠠᠬᠤᠢ ᠳᠠᠯᠠᠪᠣᠷ ᠲᠤ ᠵᠢᠭᠠᠨ ᠵᠢᠯᠣᠭᠤᠳᠬᠤ᠂ ᠰᠢᠯᠢᠳᠡᠭ ᠴᠢᠨᠠᠷ ᠤᠨ ᠳᠠᠷᠢᠶᠠᠨ ᠬᠦᠷᠦᠩᠬᠡ᠂ ᠣᠬᠢ ᠪᠣᠷᠳᠣᠭᠤᠷ ᠳᠦᠬᠡᠮᠡᠯᠵᠢᠬᠦᠯᠬᠦ ᠪᠠᠷ ᠳᠠᠮᠵᠢᠨ᠂ 2016 ᠣᠨ ᠳᠤ ᠡᠷᠳᠡᠨᠢ ᠰᠢᠰᠢ ᠶᠢᠨ ᠰᠢᠨᠡᠷᠬᠦᠦ ᠪᠦᠳᠦᠬᠡᠭᠳᠡᠭᠦᠨ ᠳᠠᠷᠢᠬᠤ ᠠᠷᠭ᠎ᠠ᠂ ᠰᠢᠨᠡᠷᠬᠦᠦ ᠪᠣᠷᠳᠣᠭᠤᠷ ᠬᠡᠷᠡᠭᠯᠡᠬᠦ ᠠᠷᠭ᠎ᠠ ᠵᠡᠷᠭᠡ ᠶᠢ ᠳᠦᠬᠡᠮᠡᠯᠵᠢᠬᠦᠯᠬᠦ ᠰᠠᠭᠤᠷᠢᠨ ᠭᠠᠵᠠᠷ ᠪᠠᠶᠢᠭᠤᠯᠵᠤ᠂ 2017 ᠣᠨ ᠳᠤ ᠳᠤᠭ ᠪᠠᠯᠭᠠᠰᠣᠨ ᠤ ᠳᠠᠷᠬᠠᠨᠯᠠᠮᠠ ᠭᠠᠴᠠᠭ᠎ᠠ᠂ ᠬᠤᠸᠠᠳᠣᠯᠣᠭᠠᠢ ᠭᠠᠴᠠᠭ᠎ᠠ ᠵᠡᠷᠭᠡ ᠭᠠᠵᠠᠷ ᠲᠤ 2000 ᠮᠣ᠋ ︽ᠳᠣᠷᠰᠢᠯᠳᠠ ᠶᠢᠨ ᠳᠠᠷᠢᠶ᠎ᠠ︾ ᠳᠠᠷᠢᠭᠠᠳ ᠠᠮᠵᠢᠯᠳᠠ ᠣᠯᠣᠭᠰᠠᠨ  ᠠᠴᠠ ᠡᠨᠡ ᠵᠢᠯ ᠭᠠᠯᠠᠭᠤᠲᠣ ᠪᠠᠯᠭᠠᠰᠣᠨ ᠤ ᠬᠦᠬᠡᠨᠡᠭᠤᠷ ᠭᠠᠴᠠᠭ᠎ᠠ᠂ ᠬᠦᠬᠡᠲᠣᠯᠣᠭᠠᠢ ᠭᠠᠴᠠᠭ᠎ᠠ᠂ ᠰᠠᠷᠠᠭᠤᠯ ᠭᠠᠴᠠᠭᠠᠨ ᠳᠤ ᠡᠶᠢᠮᠦᠷᠬᠦ ︽ᠳᠣᠷᠰᠢᠯᠳᠠ ᠶᠢᠨ ᠳᠠᠷᠢᠶ᠎ᠠ︾ ᠲᠠᠷᠢᠵᠤ᠂ ᠮᠠᠯᠴᠢᠳ ᠤᠨ ᠣᠷᠣᠯᠭ᠎ᠠ ᠶᠢ ᠨᠡᠮᠡᠭᠳᠡᠬᠦᠯᠬᠦ  ᠳᠤ ᠭᠥᠴᠤᠨ ᠨᠠᠮᠠᠷᠢᠯᠠᠵᠤ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号