ᠮᠠᠨ ᠤ ᠬᠤᠰᠢᠭᠤᠨ ᠤ ᠡᠯ᠎ᠡ ᠰᠤᠮᠤ ᠪᠠᠯᠭᠠᠰᠤ ᠡᠯ᠎ᠡ ᠰᠠᠯᠠᠭ᠎ᠠ ᠮᠦᠴᠢᠷ ᠨᠠᠮ ᠤᠨ ᠡᠳᠦᠷ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2018-05-04
     ᠨᠢᠳᠤᠨᠤᠨ ᠠᠴᠠ ᠡᠬᠢᠯᠡᠨ ᠬᠤᠰᠢᠭᠤ ᠵᠤᠬᠢᠶᠠᠨ ᠪᠠᠶᠢᠭᠤᠯᠬᠤ ᠭᠡᠯᠳᠡᠰ ᠨᠢ ᠰᠠᠷ᠎ᠠ ᠪᠦᠷᠢ ᠶᠢᠨ 25 ᠤ ᠡᠳᠦᠷ ᠢ ︽ᠨᠠᠮ ᠤᠨ ᠠᠵᠢᠯᠯᠠᠭᠠᠨ ᠤ ᠡᠳᠦᠷ︾ ᠢᠶᠠᠷ ᠲᠤᠭᠳᠠᠭᠠᠨ᠂ ᠡᠯ᠎ᠡ ᠰᠤᠮᠤ ᠪᠠᠯᠭᠠᠰᠤ ᠡᠯ᠎ᠡ ᠪᠠᠶᠢᠭᠤᠯᠭ᠎ᠠ ᠨᠢᠭᠡᠴᠢ ᠭᠡᠯᠪᠡᠷᠢ ᠮᠠᠶ᠋ᠢᠭ ᠨᠢ ᠤᠯᠠᠨ ᠶᠠᠩᠵᠤ ᠶᠢᠨ ᠨᠠᠮ ᠤᠨ ᠠᠵᠢᠯᠯᠠᠭ᠎ᠠ ᠦᠷᠨᠢᠭᠦᠯᠦᠭᠰᠡᠭᠡᠷ ᠢᠷᠡᠪᠡ᠃      4 ᠰᠠᠷ᠎ᠠ ᠶᠢᠨ 25 ᠤ ᠨᠠᠮ ᠤᠨ ᠠᠵᠢᠯᠯᠠᠭᠠᠨ ᠤ ᠡᠳᠤᠷ ᠬᠦᠷᠴᠤ ᠢᠷᠡᠬᠦ ᠲᠠᠰᠢᠷᠠᠮ ᠳᠤ ᠡᠯ᠎ᠡ ᠰᠤᠮᠤ ᠪᠠᠯᠭᠠᠰᠤ᠂ ᠡᠯ᠎ᠡ ᠪᠠᠶᠢᠭᠤᠯᠭ᠎ᠠ ᠨᠢᠭᠡᠴᠢ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠭᠤᠯᠤᠨ᠂ ᠰᠢᠨ᠎ᠡ ᠰᠡᠪᠡᠭᠦᠨ ᠠᠭᠤᠯᠭ᠎ᠠ ᠪᠦᠬᠦᠢ ᠨᠠᠮ ᠤᠨ ᠠᠵᠢᠯᠯᠠᠭᠠᠨ ᠤ ᠡᠳᠤᠷ ᠤᠨ ᠠᠵᠢᠯᠯᠠᠭ᠎ᠠ ᠦᠷᠨᠢᠬᠦᠯᠵᠤ ᠡᠬᠢᠯᠡᠭᠰᠡᠨ ᠪᠠᠶᠢᠨ᠎ᠠ᠃ ᠡᠭᠦᠨ ᠳᠤ ᠨᠠᠮ ᠤᠨ ᠬᠤᠷᠢᠶᠠᠨ ᠤ ᠤᠬᠠᠭᠤᠯᠬᠤ ᠭᠡᠯᠳᠡᠰ ᠨᠢ ᠬᠤᠷᠠᠬᠤ ᠨᠡᠶᠢᠭᠡᠮ ᠲᠤᠭᠤᠷᠢᠭ ᠲᠠᠢ ᠬᠠᠮᠳᠤᠪᠠᠷ ᠨᠠᠮ ᠤᠨ ᠭᠡᠰᠢᠭᠦᠳ ᠢᠶᠠᠨ ᠵᠤᠬᠢᠶᠠᠨ ᠪᠠᠶᠢᠭᠤᠯᠤᠨ ᠰᠤᠶᠤᠯ ᠤᠨ ᠪᠦᠳᠦᠭᠡᠯᠳᠡ ᠠᠵᠤ ᠦᠢᠯᠡᠰ ᠤᠨ ᠬᠦᠷᠢᠶᠡᠯᠡᠩ ᠳᠤ ︽ᠰᠦᠷᠡᠭᠡᠢ ᠪᠠᠶᠢᠨ᠎ᠠ᠂ ᠮᠢᠨᠤ ᠡᠭᠡ ᠤᠯᠤᠰ︾ ᠭᠡᠬᠦ ᠤᠯᠤᠰ ᠢᠶᠠᠨ ᠬᠠᠶᠢᠷᠠᠯᠠᠬᠤ ᠬᠦᠮᠦᠵᠢᠯ ᠤᠨ ᠺᠢᠨᠣ᠋ ᠶᠢ ᠰᠤᠨᠢᠷᠬᠠᠨ ᠦᠵᠡᠵᠤ᠂ ᠨᠠᠮ ᠤᠨ ᠭᠡᠰᠢᠭᠦᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠨᠡᠮᠡᠭᠳᠡᠭᠦᠯᠦᠭᠰᠡᠨ ᠪᠠᠶᠢᠨ᠎ᠠ᠃ ᠬᠤᠰᠢᠭᠤ ᠡᠮᠡᠭᠳᠡᠶᠢᠴᠤᠳ ᠤᠨ ᠬᠤᠯᠪᠤᠭᠠᠳᠤ ᠬᠤᠷᠠᠯ ᠨᠢ ︽ᠣᠨᠣᠪᠴᠢᠳᠠᠢ ᠪᠠᠷ ᠶᠠᠳᠠᠭᠤ ᠶᠢ ᠲᠡᠳᠭᠦᠨ ᠬᠠᠯᠠᠮᠵᠢᠯᠠᠯ ᠬᠦᠷᠭᠡᠵᠤ᠂ ᠦᠨᠡᠨᠴᠢ ᠬᠠᠶᠢᠷ᠎ᠠ ᠪᠠᠷ ᠠᠷᠠᠳ ᠤᠨ ᠰᠡᠳᠬᠢᠯ ᠢ ᠲᠤᠯᠠᠭᠠᠴᠠᠭᠤᠯᠤᠶ᠎ᠠ︾ ᠭᠡᠬᠦ ᠰᠡᠳᠤᠪᠳᠤ ᠠᠵᠢᠯᠯᠠᠭ᠎ᠠ ᠦᠷᠨᠢᠭᠦᠯᠵᠤ᠂ ᠶᠠᠳᠠᠭᠤ ᠭᠦᠴᠢᠷᠳᠡᠯᠳᠡᠢ ᠠᠶᠢᠯ ᠡᠷᠦᠭᠡ ᠳᠤ ᠬᠦᠨᠵᠡᠭᠡᠶᠢᠷᠡᠨ ᠠᠵᠤ ᠠᠮᠢᠳᠤᠷᠠᠯ ᠤᠨ ᠪᠠᠶᠢᠳᠠᠯ ᠢ ᠨᠢ ᠤᠶᠢᠯᠠᠭᠠᠵᠤ᠂ 20 ᠤᠭᠤᠳᠠ ᠬᠢᠮᠢ ᠶᠢᠨ ᠪᠤᠷᠳᠤᠭᠤᠷ ᠬᠦᠷᠭᠡᠨ ᠬᠠᠪᠤᠷ ᠤᠨ ᠲᠠᠷᠢᠶᠠᠯᠠᠭ᠎ᠠ ᠶᠢᠨ ᠠᠵᠢᠯ ᠳᠤ ᠲᠤᠰᠠᠯᠠᠮᠵᠢ ᠦᠵᠡᠭᠦᠯᠦᠭᠰᠡᠨ ᠪᠠᠶᠢᠨ᠎ᠠ᠃ ᠲᠤᠭ ᠪᠠᠯᠭᠠᠰᠤ ᠨᠢ ᠨᠠᠮ ᠤᠨ ᠭᠡᠰᠢᠭᠦᠳ ᠢᠶᠠᠨ ᠵᠤᠬᠢᠶᠠᠨ ᠪᠠᠶᠢᠭᠤᠯᠤᠨ ︽ᠰᠦᠯᠵᠢᠶᠠᠨ ᠤ ᠠᠮᠤᠷ ᠲᠦᠪᠰᠢᠨ ᠪᠠ ᠴᠢᠮᠡᠭᠡ ᠵᠠᠩᠬᠢᠴᠢᠯᠠᠯᠳᠠ ᠶᠢᠨ ᠠᠵᠢᠯ︾ ᠤᠨ ᠲᠤᠬᠠᠢ ᠲᠤᠰᠬᠠᠢ ᠰᠤᠷᠤᠯᠴᠠᠯᠭ᠎ᠠ ᠬᠢᠭᠰᠡᠨ ᠪᠠ ᠡᠯ᠎ᠡ ᠭᠠᠴᠠᠭ᠎ᠠ ᠲᠤᠰᠬᠤᠨ ᠪᠤᠳᠠᠳᠤ ᠪᠠᠶᠢᠳᠠᠯ ᠠᠴᠠ ᠪᠠᠨ ᠡᠭᠦᠰᠦᠨ ᠲᠤᠰᠬᠠᠢ ᠴᠡᠪᠡᠷᠯᠡᠭᠡ ᠶᠢᠨ ᠠᠵᠢᠯᠯᠠᠭ᠎ᠠ᠂ ︽ᠬᠤᠶᠡᠷ ᠬᠤᠷᠠᠯ ᠤᠨ ᠰᠤᠷᠤᠯᠴᠠᠯᠭ᠎ᠠ︾᠂ ᠠᠯᠪᠠᠨ ᠵᠢᠷᠤᠮ ᠤᠨ ᠤᠶᠢᠵᠢᠭᠤᠯᠭ᠎ᠠ ᠶᠢᠨ ᠠᠵᠢᠯᠯᠠᠭ᠎ᠠ ᠦᠷᠨᠢᠭᠦᠯᠦᠭᠰᠡᠨ ᠪᠠᠶᠢᠨ᠎ᠠ᠃ ᠤᠯᠠᠭᠠᠨᠳᠤᠯᠤᠭᠠᠢ ᠪᠠᠯᠭᠠᠰᠤ ᠨᠠᠮ ᠤᠨ ᠭᠡᠰᠢᠭᠦᠳ ᠢᠶᠠᠨ ᠵᠤᠬᠢᠶᠠᠨ ᠪᠠᠶᠢᠭᠤᠯᠤᠨ 20 ᠺᠢᠯᠦᠮᠧᠲᠷ ᠲᠤᠭᠤᠢ ᠪᠠᠷ ᠠᠶᠠᠯᠠᠨ ᠷᠠᠰᠢᠶᠠᠨ ᠤᠰᠤᠨ ᠳᠤ ᠬᠦᠷᠴᠤ ᠤᠶᠢᠵᠢᠭᠤᠯᠭ᠎ᠠ ᠬᠢᠨ᠂ ᠰᠢ ᠶᠢᠨ ᠫᠢᠩ ᠶᠡᠷᠦᠩᠭᠡᠢ ᠱᠦᠵᠢ ᠶᠢᠨ ︽ᠬᠦᠭᠡᠮᠳᠦᠭ ᠠᠭᠤᠯᠨ ᠴᠡᠩᠭᠡᠭ ᠤᠰᠤ ᠪᠤᠯ ᠲᠠᠷᠤᠢ ᠠᠯᠳᠠ ᠮᠦᠩᠭᠦᠨ ᠠᠭᠤᠯᠨ ᠮᠦᠨ︾ ᠭᠡᠬᠦ ᠣᠶᠢᠯᠭᠠᠭᠳᠠᠬᠤᠨ ᠢ ᠪᠤᠳᠠᠳᠠᠢ ᠲᠡᠭᠡᠷ᠎ᠡ ᠦᠢᠯᠡᠳᠦᠯᠭᠡᠵᠢᠭᠦᠯᠦᠭᠰᠡᠨ ᠪᠠᠶᠢᠨ᠎ᠠ᠃ ᠰᠢᠷᠬᠤᠰᠤᠨ ᠪᠠᠯᠭᠠᠰᠤᠨ ᠤ ᠡᠯ᠎ᠡ ᠭᠠᠴᠠᠭ᠎ᠠ ᠲᠤᠰᠬᠤᠨ ᠨᠢ ᠶᠠᠳᠠᠭᠤ ᠬᠦᠴᠢᠷᠳᠡᠯᠳᠡᠢ ᠡᠷᠦᠭᠡ ᠶᠢ ᠲᠤᠬᠤᠨᠢᠭᠤᠯᠬᠤ᠂ ᠲᠦᠪ ᠤᠨ ᠬᠤᠶᠠᠷ ᠬᠤᠷᠠᠯ ᠢ ᠰᠤᠷᠤᠯᠴᠠᠬᠤ᠂ ᠬᠦᠳᠡᠭᠡ ᠨᠤᠳᠤᠭ ᠤᠨ ᠪᠤᠯᠪᠠᠰᠤᠨ ᠰᠤᠷᠳᠠᠯ ᠤᠨ ᠠᠵᠢᠯᠯᠠᠭ᠎ᠠ ᠶᠢᠨ ᠰᠤᠷᠤᠯᠴᠠᠯᠭ᠎ᠠ ᠬᠢᠬᠦ ᠵᠡᠷᠭᠡ ᠠᠵᠢᠯᠯᠠᠭ᠎ᠠ ᠦᠷᠨᠢᠭᠦᠯᠦᠭᠰᠡᠨ ᠪᠠᠶᠢᠨ᠎ᠠ᠃ ᠭᠠᠯᠠᠭᠤᠳᠤ ᠪᠠᠯᠭᠠᠰᠤᠨ ᠤ ᠲᠤᠭᠤᠶᠢᠯᠠᠩ ᠨᠡᠶᠢᠭᠡᠮ ᠲᠤᠭᠤᠷᠢᠭ ᠨᠠᠮ ᠤᠨ ᠭᠡᠰᠢᠭᠦᠳ ᠢᠶᠠᠨ ᠵᠤᠬᠢᠶᠠᠨ ᠪᠠᠶᠢᠭᠤᠯᠵᠤ᠂ ᠰᠢᠨᠡᠯᠠᠮ᠎ᠠ ᠶᠢᠨ ᠬᠠᠭᠤᠴᠢᠨ ᠪᠠᠭᠤᠷᠢ ᠵᠡᠷᠭᠡ ᠡᠭᠡ ᠤᠷᠤᠨᠴᠢ ᠦᠵᠡᠯ ᠤᠨ ᠬᠦᠮᠦᠵᠢᠯ ᠤᠨ ᠰᠠᠭᠤᠷᠢᠨ ᠳᠤ ᠬᠦᠷᠴᠤ ᠲᠤᠭᠤᠷᠢᠨ ᠰᠤᠷᠤᠯᠴᠠᠭᠰᠠᠨ ᠪᠠᠶᠢᠨ᠎ᠠ᠃ ᠬᠤᠰᠢᠭᠤ ᠡᠪᠯᠡᠯ ᠤᠨ ᠬᠤᠷᠢᠶ᠎ᠠ ᠨᠢ ︽ᠲᠡᠯᠡᠭᠡᠢ ᠶᠢᠨ ᠨᠤᠮ ᠣᠩᠰᠢᠬᠤ ᠡᠳᠣᠷ︾ ᠢ ᠲᠤᠬᠢᠶᠠᠯᠳᠤᠭᠤᠯᠤᠨ ᠨᠠᠮ ᠤᠨ ᠬᠡᠰᠢᠭᠦᠳ ᠢᠶᠠᠨ ᠵᠣᠬᠢᠶᠠᠨ ᠪᠠᠶᠢᠭᠤᠯᠵᠤ ᠂ ︽ᠨᠣᠮ ᠣᠩᠰᠢᠨ ᠣᠢ ᠪᠢᠯᠢᠭ ᠢᠶᠠᠨ ᠬᠤᠷᠴᠠᠯᠠᠵᠣ᠂ ᠭᠠᠯ ᠵᠠᠯᠠᠭᠤ ᠨᠠᠰᠣ ᠪᠠᠨ ᠨᠡᠶᠢᠬᠡᠮ ᠤᠨ ᠪᠥᠳᠣᠭᠡᠨ ᠪᠠᠶᠢᠭᠤᠯᠣᠯᠲᠠ ᠳᠤ ᠵᠣᠷᠢᠭᠤᠯᠣᠶ᠎ᠠ︾ ᠬᠡᠬᠦ ᠰᠡᠳᠣᠪᠳᠣ ᠨᠠᠮ ᠤᠨ ᠡᠳᠣᠷ ᠤᠨ ᠨᠣᠮ ᠤᠩᠰᠢᠬᠤ ᠠᠵᠢᠯᠯᠠᠭ᠎ᠠ ᠦᠷᠨᠢᠭᠦᠯᠦᠨ᠂ ᠨᠠᠮ ᠤᠨ ᠬᠡᠰᠢᠭᠦᠳ ᠢᠶᠠᠨ ᠠᠵᠢᠯ ᠰᠣᠷᠣᠯᠴᠠᠯᠭ᠎ᠠ ᠶᠢᠨ ᠲᠣᠮᠳᠠ ᠪᠠᠨ ᠨᠣᠮ ᠣᠩᠰᠢᠬᠤ ᠰᠠᠶᠢᠨ ᠰᠠᠶᠢᠬᠠᠨ ᠲᠠᠳᠬᠠᠯ ᠲᠠᠢ ᠪᠤᠯᠭᠠᠬᠤ ᠶᠢ ᠵᠤᠷᠢᠭᠰᠠᠨ ᠪᠠᠶᠢᠨ᠎ᠠ᠃ ᠬᠤᠰᠢᠭᠤ ᠲᠠᠩᠰᠠ ᠡᠪᠬᠡᠮᠡᠯ ᠤᠨ ᠲᠤᠪᠴᠢᠶ᠎ᠠ᠂ ᠱᠠᠷᠯᠢᠭ ᠨᠡᠶᠢᠭᠡᠮ ᠲᠤᠭᠤᠷᠢᠭ ᠤᠨ ᠨᠠᠮ ᠤᠨ ᠭᠡᠰᠢᠭᠦᠳ ᠲᠠᠢ ᠬᠠᠮᠳᠤ ᠪᠠᠷ ᠨᠠᠮ ᠤᠨ ᠰᠤᠷᠭᠠᠭᠤᠯᠢ ᠶᠢᠨ ᠪᠠᠭᠰᠢ ᠶᠢ ᠤᠷᠢᠨ 2018 ᠤᠨ ᠤ ᠪᠦᠬᠦ ᠤᠯᠤᠰ ᠤᠨ ᠬᠤᠶᠠᠷ ᠬᠤᠷᠠᠯ ᠤᠨ ᠲᠤᠬᠠᠢ ᠲᠠᠶᠢᠯᠤᠮᠵᠢ ᠬᠢᠯᠭᠡᠭᠰᠡᠨ ᠪᠠᠶᠢᠨ᠎ᠠ᠃ ᠰᠤᠷᠤᠯᠴᠠᠯᠭ᠎ᠠ ᠶᠢᠨ ᠲᠠᠷᠠᠭ᠎ᠠ ᠱᠠᠷᠯᠢᠭ ᠨᠡᠶᠢᠭᠡᠮ ᠲᠤᠭᠤᠷᠢᠭ ᠤᠨ 2 ᠶᠠᠳᠠᠭᠤ ᠬᠦᠴᠢᠷᠳᠡᠯᠳᠡᠢ ᠨᠠᠮ ᠤᠨ ᠭᠡᠰᠢᠭᠦᠨ᠂ 3 ᠶᠠᠳᠠᠭᠤ ᠬᠦᠴᠢᠷᠳᠡᠯᠳᠠᠢ ᠡᠷᠦᠭᠡ ᠳᠤ 2500 ᠲᠦᠭᠦᠷᠢᠭ ᠤᠨ ᠲᠤᠬᠤᠨᠢᠭᠤᠯᠭ᠎ᠠ ᠶᠢᠨ ᠮᠦᠩᠬᠦ ᠪᠠ ᠬᠢᠮᠢ ᠶᠢᠨ ᠪᠤᠷᠳᠤᠭᠤᠷ ᠬᠦᠷᠭᠡᠭᠰᠡᠨ ᠪᠠᠶᠢᠨ᠎ᠠ᠃ ᠬᠤᠰᠢᠭᠤ ᠰᠢᠨᠵᠢᠯᠡᠭᠡ ᠮᠡᠷᠭᠡᠵᠢᠯ ᠤᠨ ᠨᠠᠶᠢᠬᠡᠮᠯᠢᠭ ᠤᠨ ᠨᠠᠮ ᠤᠨ ᠡᠭᠦᠷ ᠨᠢ ᠨᠠᠮ ᠤᠨ ᠭᠡᠰᠢᠭᠦᠨ ᠺᠠᠳ᠋ᠷ ᠠᠵᠢᠯᠲᠠᠨ ᠢᠶᠠᠨ ᠵᠤᠬᠢᠶᠠᠨ ᠪᠠᠶᠢᠭᠤᠯᠤᠨ᠂ ᠦᠤᠰᠢᠨᠵᠤᠤ ᠪᠠᠯᠭᠠᠰᠤᠨ ᠤ ᠪᠦᠷᠢᠳᠤ ᠭᠠᠴᠠᠭᠠᠨ ᠳᠤ ᠭᠦᠷᠴᠦ᠂ ︽ᠨᠠᠮ ᠤᠨ ᠪᠠᠶᠢᠭᠤᠯᠤᠯᠳᠡ ᠪᠠᠷ ᠨᠢᠭᠡᠳᠦᠯᠳᠡᠢ ᠲᠦᠯᠦᠪᠵᠢᠭᠦᠯᠦᠨ ᠰᠢᠨᠵᠢᠯᠡᠭᠦ ᠤᠬᠠᠭᠠᠨᠴᠢ ᠪᠠᠷ ᠠᠷᠠᠳ ᠢ ᠬᠠᠷᠠᠭᠠᠯᠵᠠᠵᠤ᠂ ᠣᠨᠣᠪᠴᠢᠳᠠᠢ ᠪᠠᠷ ᠶᠠᠳᠠᠭᠤ ᠶᠢ ᠲᠡᠳᠭᠦᠨ᠂ ᠰᠢᠨᠵᠢᠯᠡᠭᠡ ᠮᠡᠷᠭᠡᠵᠢᠯ ᠢᠶᠠᠷ ᠲᠡᠳᠭᠦᠭᠦ︾ ᠭᠤᠤᠯ ᠰᠡᠳᠤᠪᠳᠤ ᠨᠠᠮ ᠤᠨ ᠡᠳᠦᠷᠯᠢᠭ ᠤᠨ ᠠᠵᠢᠯᠯᠠᠭ᠎ᠠ ᠦᠷᠨᠢᠭᠦᠯᠵᠦ᠂ ᠬᠠᠪᠤᠷ ᠤᠨ ᠲᠠᠷᠢᠶᠠᠯᠠᠭ᠎ᠠ  ᠶᠢᠨ ᠴᠠᠭ ᠢ ᠵᠠᠪᠳᠤᠵᠤ᠂ ᠲᠤᠰᠬᠠᠢ ᠮᠡᠷᠭᠡᠵᠢᠯᠳᠡᠨ ᠢ ᠤᠷᠢᠨ᠂ ᠭᠦᠴᠢᠷᠳᠡᠯᠳᠡᠢ ᠮᠠᠯᠴᠢᠨ ᠲᠠᠷᠢᠶᠠᠴᠢᠳ ᠲᠤ ᠲᠠᠷᠢᠵᠤ ᠤᠷᠭᠤᠭᠤᠯᠬᠤ ᠮᠡᠷᠭᠡᠵᠢᠯ ᠤᠨ ᠪᠤᠯᠪᠠᠰᠤᠷᠠᠯ ᠬᠢᠭᠦ ᠶᠢᠨ ᠬᠠᠮᠳᠤ ᠡᠷᠡᠭᠦᠯ ᠪᠤᠯᠪᠠᠰᠤᠨ ᠢᠶᠠᠷ ᠰᠢᠨᠵᠢᠯᠡᠭᠡ ᠮᠡᠷᠭᠡᠵᠢᠯ ᠢ ᠲᠦᠭᠡᠮᠡᠯᠵᠢᠭᠦᠯᠭᠦ ᠶᠡᠷᠦ ᠶᠢᠨ ᠮᠡᠳᠡᠯᠭᠡ ᠶᠢ ᠤᠬᠠᠭᠤᠯᠤᠨ᠂ ᠲᠤᠰ ᠭᠠᠴᠠᠭᠠᠨ ᠤ ᠲᠠᠷᠢᠵᠤ ᠤᠷᠭᠤᠭᠤᠯᠬᠤ ᠵᠢᠱᠢᠶ᠎ᠠ ᠦᠵᠡᠭᠦᠯᠭᠦ ᠡᠷᠦᠭᠡ ᠪᠦᠭᠦᠨ ᠳᠤ ᠨᠠᠶᠢᠳᠡ 400 ᠤᠭᠤᠳᠠ ᠤᠷᠭᠠᠨᠢᠭ ᠨᠠᠶᠢᠯᠡᠮᠡᠯ ᠪᠤᠷᠳᠤᠭᠤᠷ᠂ 300 ᠤᠭᠤᠳᠠ ᠲᠠᠷᠢᠶᠠᠨ ᠦᠷ᠎ᠠ ᠭᠦᠷᠭᠡᠵᠤ᠂ ᠮᠠᠯᠴᠢᠨ ᠲᠠᠷᠢᠶᠠᠴᠢᠳ ᠤᠨ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ ᠬᠢ ᠭᠡᠷᠡᠭᠴᠡᠭᠡ ᠱᠠᠭᠠᠷᠳᠠᠯᠭ᠎ᠠ ᠶᠢ ᠬᠠᠩᠭᠠᠬᠰᠠᠨ ᠮᠦᠷᠳᠡᠭᠡᠨ ᠲᠠᠷᠢᠶᠠᠯᠠᠭ᠎ᠠ ᠶᠢᠨ ᠮᠡᠷᠭᠡᠵᠢᠯ ᠢ ᠲᠡᠭᠡᠭᠰᠢᠯᠡᠭᠦᠯᠵᠤ᠂ ᠮᠠᠯᠴᠢᠨ ᠲᠠᠷᠢᠶᠠᠴᠢᠳ ᠤᠨ ᠤᠷᠤᠯᠭ᠎ᠠ ᠪᠠᠨ ᠨᠡᠮᠡᠭᠳᠡᠭᠦᠯᠭᠦ ᠳᠤ ᠲᠤᠰᠠ ᠲᠠᠮᠵᠢᠯᠭᠡ ᠦᠵᠡᠭᠦᠯᠦᠭᠰᠡᠨ ᠪᠠᠶᠢᠨ᠎ᠠ᠃
 
ᠢᠷᠡᠯᠲᠡ᠄ ︽ᠨᠣᠮᠢᠨ ᠳᠠᠩᠰᠤᠭ ᠦᠣᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号