ᠮᠤᠵᠢ ᠶᠢᠨ ᠲᠠᠰ ᠤᠨ ᠵᠠᠰᠠᠮᠠᠯ ᠵᠠᠮ 317 ᠱᠤᠭᠤᠮ ᠤᠨ ᠾᠧᠩᠱᠠᠨ ᠠᠴᠠ ᠱᠠᠩᠬᠠᠢ ᠶᠢᠨ ᠰᠦᠮ᠎ᠡ ᠬᠦᠷᠬᠦ ᠨᠠᠩᠰᠤ — ᠲᠣᠯᠢ ᠶᠢᠨ ᠬᠡᠰᠡᠭ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠠᠵᠢᠯ ᠡᠬᠢᠯᠡᠬᠦ ᠳᠠᠶᠢᠴᠢᠯᠠᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-05-04
      ᠤᠶᠢᠷ᠎ᠠ ᠶᠢᠨ ᠡᠳᠦᠷ᠂ ᠮᠤᠵᠢ ᠶᠢᠨ ᠲᠠᠰ ᠤᠨ ᠵᠠᠰᠠᠮᠠᠯ ᠵᠠᠮ 317 ᠱᠤᠭᠤᠮ ᠤᠨ ᠾᠧᠩᠱᠠᠨ ᠠᠴᠠ ᠱᠠᠩᠬᠠᠢ ᠶᠢᠨ ᠰᠦᠮ᠎ᠡ ᠬᠦᠷᠬᠦ ᠵᠠᠰᠠᠮᠠᠯ ᠵᠠᠮ ᠤᠨ ᠨᠠᠩᠰᠤ — ᠲᠣᠯᠢ ᠶᠢᠨ ᠬᠡᠰᠡᠭ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠠᠵᠢᠯ ᠡᠬᠢᠯᠡᠬᠦ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠪᠠ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠢᠶᠣᠣ ᠶᠦᠨ ᠯᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠴᠢᠶᠣᠣ ᠠᠢ ᠫᠢᠩ᠂ ᠣᠲᠤᠭ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠬᠤ᠋ ᠳᠤᠰᠬᠠᠯ ᠪᠣᠯᠣᠨ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠦᠦᠰᠢᠨ ᠬᠤᠰᠢᠭᠤ᠂ ᠣᠲᠤᠭ ᠤᠨ ᠡᠮᠦᠨᠡᠲᠦ ᠬᠤᠰᠢᠭᠤ ᠪᠣᠯᠣᠨ ᠪᠠᠷᠢᠯᠭ᠎ᠠ ᠶᠢᠨ ᠠᠵᠢᠯ ᠤᠨ ᠪᠠᠶᠢᠭᠤᠯᠭ᠎ᠠ ᠨᠢᠭᠡᠴᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠵᠢᠯ ᠡᠬᠢᠯᠡᠬᠦ ᠳᠠᠶᠢᠴᠢᠯᠠᠯᠲᠠ ᠶᠢᠨ ᠶᠡᠭᠡ ᠬᠤᠷᠠᠯ ᠳᠤ ᠣᠷᠣᠯᠴᠠᠭᠰᠠᠨ ᠪᠠᠶᠢᠨ᠎ᠠ᠃ ᠭᠤᠣᠯᠴᠢᠯᠠᠨ ᠡᠷᠬᠢᠯᠡᠭᠰᠡᠨ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠠᠴᠠ ᠢᠨᠵᠧᠨᠧᠷᠢᠩ ᠤᠨ ᠦᠨᠳᠦᠰᠦᠨ ᠪᠠᠶᠢᠳᠠᠯ ᠢ ᠲᠠᠨᠢᠯᠴᠠᠭᠤᠯᠵᠤ᠂ ᠴᠢᠶᠣᠣ ᠠᠢ ᠫᠢᠩ᠂ ᠬᠤ᠋ ᠲᠤᠰᠬᠠᠯ ᠲᠤᠰ ᠲᠤᠰ ᠶᠠᠷᠢᠶ᠎ᠠ ᠲᠠᠯᠪᠢᠵᠤ᠂ ᠪᠠᠷᠢᠯᠭ᠎ᠠ ᠶᠢᠨ ᠠᠵᠢᠯ ᠤᠨ ᠪᠠᠶᠢᠭᠤᠯᠭ᠎ᠠ ᠨᠢᠭᠡᠴᠢ ᠪᠣᠯᠣᠨ ᠬᠢᠨᠠᠨ ᠬᠠᠮᠢᠶᠠᠷᠬᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ ᠢᠨᠵᠧᠨᠧᠷᠢᠩ ᠤᠨ ᠠᠵᠢᠯ ᠡᠬᠢᠯᠡᠭᠰᠡᠨ ᠢ ᠵᠠᠷᠯᠠᠪᠠ᠃      ᠣᠶᠢᠷ᠎ᠠ ᠶᠢᠨ ᠵᠢᠯ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠷᠡᠰ ᠴᠢᠩᠭ᠎ᠠ ᠤᠳᠤᠷᠢᠳᠤᠯᠭ᠎ᠠ᠂ ᠬᠤᠲᠠ ᠶᠢᠨ ᠰᠢᠭᠤᠳ ᠬᠠᠷᠢᠶ᠎ᠠ ᠡᠯ᠎ᠡ ᠪᠠᠶᠢᠭᠤᠯᠭ᠎ᠠ ᠨᠢᠭᠡᠴᠢ ᠶᠢᠨ ᠬᠠᠪᠰᠤᠷᠤᠯᠭ᠎ᠠ ᠵᠢᠯᠣᠭᠤᠳᠤᠯᠭ᠎ᠠ ᠳᠣᠣᠷ᠎ᠠ᠂ ᠮᠠᠨ ᠤ ᠬᠤᠰᠢᠭᠤ ᠨᠢ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠶᠢᠨ ᠬᠤᠷᠳᠤᠴᠠ ᠪᠠᠨ ᠲᠦᠷᠭᠡᠳᠬᠡᠵᠦ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠭᠠᠵᠠᠷ ᠣᠷᠣᠨ ᠤ ᠠᠵᠤ ᠠᠬᠤᠢ ᠶᠢᠨ ᠪᠣᠳᠠᠲᠤ ᠬᠦᠴᠦᠨ ᠯᠠᠪᠳᠠᠭᠤᠨ ᠢᠶᠠᠷ ᠳᠡᠭᠡᠭᠰᠢᠯᠡᠭᠰᠡᠨ ᠪᠠᠶᠢᠨ᠎ᠠ᠃ ᠡᠭᠦᠨ ᠤ ᠬᠠᠮᠲᠤ᠂ ᠮᠠᠨ ᠤ ᠬᠤᠰᠢᠭᠤ ᠨᠢ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠤᠯᠪᠣᠭᠳᠠᠭᠰᠠᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠪᠦᠲᠦᠭᠡᠨ ᠪᠠᠶᠢᠭᠤᠯᠵᠤ᠂ ᠨᠢᠭᠡ ᠪᠦᠯᠦᠭ ᠴᠢᠬᠤᠯᠠ ᠲᠣᠮᠣ ᠵᠠᠮ ᠬᠠᠷᠢᠯᠴᠠᠭᠠᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠬᠤᠰᠢᠭᠤᠨ ᠤ ᠵᠠᠰᠠᠮᠠᠯ ᠵᠠᠮ ᠤᠨ ᠲᠡᠷᠭᠡ ᠨᠡᠪᠲᠡᠷᠡᠭᠰᠡᠨ ᠬᠡᠮᠵᠢᠶ᠎ᠡ 3850 ᠺᠢᠯᠦᠮᠧᠲᠷ ᠢ ᠳᠠᠪᠠᠵᠤ᠂ ᠳᠡᠭᠡᠳᠦ ᠳᠡᠰ ᠤᠨ ᠵᠠᠰᠠᠮᠠᠯ ᠵᠠᠮ ᠤᠨ ᠲᠡᠷᠭᠡ ᠨᠡᠪᠲᠡᠷᠡᠭᠰᠡᠨ ᠬᠡᠮᠵᠢᠶ᠎ᠡ 470 ᠺᠢᠯᠦᠮᠧᠲᠷ ᠲᠤ ᠬᠦᠷᠴᠦ᠂ ᠬᠤᠰᠢᠭᠤ ᠬᠢᠵᠠᠭᠠᠷ ᠤᠨ ᠵᠠᠰᠠᠮᠠᠯ ᠵᠠᠮ ᠤᠨ ︽ᠬᠠᠭᠠᠰ ᠴᠠᠭ ᠤᠨ ᠠᠵᠤ ᠠᠬᠤᠢ ᠶᠢᠨ ᠴᠠᠭᠠᠷᠢᠭ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠬᠤᠶᠢᠨ᠎ᠠ ᠪᠠᠨ ᠷᠦᠩ ᠦ᠋ ᠲᠦᠷᠭᠡᠨ ᠵᠠᠮ᠂ ᠵᠡᠭᠦᠨ ᠢᠶᠠᠨ ᠪᠣᠤ ᠮᠣᠤ ᠲᠦᠷᠭᠡᠨ ᠵᠠᠮ᠂ ᠡᠮᠦᠨ᠎ᠡ ᠪᠠᠨ ᠴᠢᠩ ᠶᠢᠩ ᠲᠦᠷᠭᠡᠨ ᠵᠠᠮ᠂ ᠪᠠᠷᠠᠭᠤᠨ ᠢᠶᠠᠨ ᠵᠢᠩ ᠽᠠᠩ ᠲᠦᠷᠭᠡᠨ ᠵᠠᠮ ᠲᠠᠢ ᠵᠠᠯᠭᠠᠯᠳᠤᠭᠰᠠᠨ ᠵᠠᠰᠠᠮᠠᠯ ᠵᠠᠮ ᠤᠨ ᠲᠣᠣᠷ ᠢ ᠦᠨᠳᠦᠰᠦᠨ ᠳᠡᠭᠡᠨ ᠪᠦᠷᠢᠯᠳᠦᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠢ ᠶᠢᠨ ᠬᠥᠭᠵᠢᠯᠲᠡ ᠶᠢ ᠪᠠᠲᠤᠯᠠᠬᠤ ᠴᠢᠳᠠᠪᠤᠷᠢ ᠶᠢ ᠲᠠᠰᠤᠷᠠᠯᠲᠠ ᠦᠭᠡᠢ ᠨᠡᠮᠡᠭᠳᠡᠭᠦᠯᠦᠭᠰᠡᠨ ᠪᠠᠶᠢᠨ᠎ᠠ᠃ ᠮᠤᠵᠢ  ᠶᠢᠨ ᠲᠠᠰ ᠤᠨ ᠵᠠᠰᠠᠮᠠᠯ ᠵᠠᠮ 317 ᠱᠤᠭᠤᠮ ᠤᠨ ᠾᠧᠩᠱᠠᠨ ᠠᠴᠠ ᠱᠠᠩᠬᠠᠢ ᠶᠢᠨ ᠰᠦᠮ᠎ᠡ ᠬᠦᠷᠬᠦ ᠵᠠᠰᠠᠮᠠᠯ ᠵᠠᠮ ᠤᠨ ᠨᠠᠩᠰᠤ — ᠲᠣᠯᠢ ᠶᠢᠨ ᠬᠡᠰᠡᠭ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠲᠣᠣᠷ ᠤᠨ ᠴᠢᠬᠤᠯᠠ ᠪᠦᠷᠢᠯᠳᠦᠬᠦᠨ ᠬᠡᠰᠡᠭ ᠪᠠᠶᠢᠵᠤ᠂ ᠣᠷᠳᠣᠰ ᠬᠤᠲᠠ ᠪᠣᠯᠣᠨ ᠢᠷᠭᠠᠢ ᠬᠤᠲᠠ ᠶᠢᠨ ᠬᠠᠷᠢᠯᠴᠠᠭ᠎ᠠ ᠶᠢ ᠠᠬᠢᠭᠤᠯᠵᠤ᠂ ᠮᠡᠨ ᠤ ᠬᠤᠰᠢᠭᠤ ᠪᠣᠯᠣᠨ ᠣᠲᠤᠭ ᠤᠨ ᠡᠮᠦᠨᠡᠲᠦ ᠬᠤᠰᠢᠭᠤᠨ ᠤ ᠶᠠᠪᠤᠯᠴᠠᠭ᠎ᠠ ᠬᠠᠷᠢᠯᠴᠠᠭᠠᠨ ᠤ ᠴᠢᠬᠤᠯᠠ ᠵᠠᠮ ᠱᠤᠭᠤᠮ ᠪᠣᠯᠣᠨ᠎ᠠ᠃ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠨᠢ ᠭᠠᠵᠠᠷ ᠣᠷᠣᠨ ᠤ ᠵᠠᠮ ᠤᠨ ᠲᠣᠣᠷᠵᠢᠯ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠵᠠᠮ ᠱᠤᠭᠤᠮ ᠤᠨ ᠳᠡᠰ᠂ ᠲᠡᠭᠡᠭᠡᠪᠦᠷᠢ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠣᠳᠣᠯᠭ᠎ᠠ ᠲᠠᠢ ᠤᠶᠠᠯᠳᠤᠨ᠂ ᠬᠥᠬᠡᠬᠤᠲᠠ᠂ ᠪᠤᠭᠤᠲᠤ᠂ ᠣᠷᠳᠣᠰ᠂ ᠢᠷᠭᠠᠢ ᠬᠤᠲᠠ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠯᠬᠢᠨ ᠠᠬᠢᠭᠤᠯᠬᠤ ᠳᠤ ᠲᠦᠢᠯ ᠤᠨ ᠴᠢᠬᠤᠯᠠ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ᠃      ᠣᠶᠢᠯᠠᠭᠠᠭᠰᠠᠨ ᠢᠶᠠᠷ᠂ ᠮᠤᠵᠢ ᠶᠢᠨ ᠲᠠᠰ ᠤᠨ ᠵᠠᠰᠠᠮᠠᠯ ᠵᠠᠮ 317 ᠱᠤᠭᠤᠮ ᠤᠨ ᠾᠧᠩᠱᠠᠨ ᠠᠴᠠ ᠱᠠᠩᠬᠠᠢ ᠶᠢᠨ ᠰᠦᠮ᠎ᠡ ᠬᠦᠷᠬᠦ ᠵᠠᠰᠠᠮᠠᠯ ᠵᠠᠮ ᠤᠨ ᠨᠠᠩᠰᠤ — ᠲᠣᠯᠢ ᠶᠢᠨ ᠬᠡᠰᠡᠭ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠨᠢ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠲᠥᠯᠥᠪᠯᠡᠨ᠂ ᠶᠡᠷᠦᠩᠬᠡᠢ ᠪᠡᠯᠡ ᠣᠷᠣᠭᠤᠯᠤᠯᠲᠠ ᠨᠢ 7.8 ᠳ᠋ᠦᠩᠰᠢᠭᠤᠷ ᠲᠥᠭᠦᠷᠢᠭ᠂ ᠪᠦᠬᠦ ᠤᠷᠲᠤ ᠨᠢ 53.4 ᠺᠢᠯᠦᠮᠧᠲᠷ ᠪᠠᠶᠢᠵᠤ᠂ ᠦᠦᠰᠢᠨ ᠬᠤᠰᠢᠭᠤᠨ ᠤ ᠬᠡᠪᠴᠢᠶᠡᠨ ᠳᠤ 25 ᠺᠢᠯᠦᠮᠧᠲᠷ ᠪᠤᠢ᠃ ᠲᠤᠰ ᠵᠠᠰᠠᠮᠠᠯ ᠵᠠᠮ ᠤᠨ ᠡᠬᠢᠯᠡᠯᠲᠡ ᠶᠢᠨ ᠴᠡᠭ ᠨᠢ ᠣᠲᠤᠭ ᠤᠨ ᠡᠮᠦᠨᠡᠲᠦ ᠬᠤᠰᠢᠭᠤᠨ ᠤ ᠨᠠᠩᠰᠤ ᠪᠠᠯᠭᠠᠰᠤᠨ ᠤ ᠵᠡᠭᠦᠨ᠂ ᠲᠡᠭᠦᠰᠦᠯᠲᠡ ᠶᠢᠨ ᠴᠡᠭ ᠨᠢ ᠮᠤᠵᠢ ᠶᠢᠨ ᠲᠠᠰ ᠤᠨ ᠵᠠᠰᠠᠮᠠᠯ ᠵᠠᠮ 215 ᠱᠤᠭᠤᠮ ᠤᠨ ᠭᠠᠯᠠᠭᠤᠲᠤ ᠠᠴᠠ ᠲᠦᠩᠽᠢ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠳᠤ ᠬᠦᠷᠴᠦ᠂ ᠵᠠᠮ ᠤᠨ ᠥᠷᠭᠡᠨ ᠨᠢ 13 ᠮᠧᠲᠷ᠂ ᠴᠠᠭ ᠪᠦᠷᠢ 100 ᠺᠢᠯᠦᠮᠧᠲᠷ ᠠᠶᠠᠯᠬᠤ ᠪᠠᠷ ᠲᠥᠯᠥᠪᠯᠡᠵᠦ᠂ ᠰᠦᠯᠵᠢᠯᠳᠦᠨ ᠨᠡᠪᠲᠡᠷᠡᠯᠴᠡᠬᠦ ᠬᠥᠭᠦᠷᠭᠡ 1᠂ ᠪᠠᠭ᠎ᠠ ᠬᠥᠭᠦᠷᠭᠡ 1᠂ ᠭᠤᠯᠲᠣᠩ ᠬᠥᠨᠳᠡᠢ 51᠂ ᠰᠦᠢᠳᠬᠡᠯ ᠬᠤᠷᠢᠶᠠᠬᠤ ᠥᠷᠲᠡᠭᠡ ᠪᠣᠯᠣᠨ ᠦᠢᠯᠡᠴᠢᠯᠡᠭᠡᠨ ᠤ ᠲᠣᠭᠤᠷᠢᠭ ᠲᠤᠰ ᠲᠤᠰ ᠨᠢᠭᠡ ᠶᠢ ᠲᠣᠬᠢᠷᠠᠭᠤᠯᠵᠤ᠂ 2 ᠵᠢᠯ ᠤᠨ ᠬᠤᠭᠤᠴᠠᠭᠠᠨ ᠳᠤ ᠪᠠᠶᠢᠭᠤᠯᠵᠤ ᠳᠠᠭᠤᠰᠬᠤ ᠪᠠᠷ ᠲᠦᠯᠦᠪᠯᠡᠨ᠂ 2018 ᠣᠨ ᠳᠤ ᠦᠨᠳᠦᠰᠦᠨ ᠳᠤ ᠪᠠᠨ ᠪᠠᠶᠢᠭᠤᠯᠵᠤ ᠳᠠᠭᠤᠰᠬᠠᠨ᠂ 2019 ᠣᠨ ᠤ ᠵᠢᠯ ᠤᠨ ᠰᠡᠭᠦᠯᠴᠢ ᠪᠠᠷ ᠲᠡᠷᠭᠡ ᠨᠡᠪᠲᠡᠷᠡᠬᠦ ᠪᠠᠷ ᠲᠥᠯᠥᠪᠯᠡᠵᠦ ᠪᠤᠢ᠃      ᠥᠪᠥᠷ ᠮᠣᠩᠭᠤᠯ ᠤᠨ ᠳ᠋ᠦᠩ ᠶᠤᠸᠠᠨ ᠢᠥᠢ ᠯᠦᠩ ᠸᠠᠩ ᠪᠦᠯᠦᠭᠯᠡᠯ ᠤᠨ ᠲᠣᠤ ᠠᠩ ᠵᠠᠰᠠᠮᠠᠯ ᠵᠠᠮ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠠᠩ ᠶᠧ ᠯᠦᠩ᠄ ︽ᠲᠣᠤ ᠠᠩ ᠵᠠᠰᠠᠮᠠᠯ ᠵᠠᠮ ᠤᠨ ᠢᠨᠵᠧᠨᠧᠷᠢᠩ ᠪᠣᠯ ᠨᠢᠭᠡ ᠲᠥᠷᠥᠯ ᠤᠨ ᠠᠷᠠᠳ ᠤᠨ ᠠᠮᠢᠳᠤᠷᠠᠯ ᠤᠨ ᠢᠨᠵᠧᠨᠧᠷᠢᠩ᠂ ᠦᠦᠰᠢᠨ ᠬᠤᠰᠢᠭᠤ ᠪᠣᠯᠣᠨ ᠣᠲᠤᠭ ᠤᠨ ᠡᠮᠦᠨᠡᠲᠦ ᠬᠤᠰᠢᠭᠤᠨ ᠤ ᠵᠠᠮ ᠬᠠᠷᠢᠯᠴᠠᠭᠠᠨ ᠤ ᠴᠢᠬᠤᠯᠠ ᠱᠤᠭᠤᠮ᠂ ᠥᠪᠡᠷᠲᠡᠭᠡᠨ ᠵᠠᠰᠠᠬᠤ ᠣᠷᠣᠨ ᠤ ᠵᠠᠮ ᠲᠣᠣᠷ ᠤᠨ ᠲᠥᠯᠥᠪᠯᠡᠭᠡᠨ ᠤ ᠴᠢᠬᠤᠯᠠ ᠪᠦᠷᠢᠯᠳᠦᠬᠦᠨ ᠬᠡᠰᠡᠭ ᠪᠠᠶᠢᠵᠤ᠂ ᠥᠪᠥᠷ ᠮᠣᠩᠭᠤᠯ ᠤᠨ ᠨᠢᠩᠰᠢᠶᠠ ᠲᠠᠢ ᠨᠡᠪᠲᠡᠷᠡᠯᠴᠡᠬᠦ ᠴᠢᠬᠤᠯᠠ ᠱᠤᠭᠤᠮ ᠪᠣᠯᠣᠨ᠎ᠠ᠃ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠨᠢ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠵᠤ᠂ ᠮᠠᠯᠴᠢᠨ ᠲᠠᠷᠢᠶᠠᠴᠢᠳ ᠤᠨ ᠵᠠᠮ ᠬᠠᠷᠢᠯᠴᠠᠭᠠᠨ ᠳᠤ ᠳᠥᠭᠦᠮ ᠳᠥᠲᠡ ᠶᠢ ᠠᠪᠴᠢᠷᠠᠬᠤ ᠪᠣᠯᠣᠨ᠎ᠠ︾ ᠬᠡᠪᠡ᠃
 
ᠢᠷᠡᠯᠲᠡ᠄ ︽ᠨᠤᠮᠢᠨ ᠲᠠᠩᠰᠤᠭ ᠥᠥᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号