ᠮᠠᠨ ᠤ ᠬᠤᠰᠢᠭᠤ ᠰᠣᠶᠣᠯ ᠤᠨ ᠪᠦᠲᠦᠭᠡᠯᠲᠡ ᠠᠵᠤ ᠦᠢᠯᠡᠰ ᠤᠨ ᠬᠦᠷᠢᠶᠡᠯᠡᠩ ᠤᠨ ᠨᠡᠭᠡᠭᠡᠯᠲᠡ ᠵᠢᠴᠢ 2018 ᠣᠨ ᠤ ᠦᠣᠰᠢᠨ ᠬᠤᠪᠢ ᠶᠢᠨ ᠮᠠᠰᠢᠨ ᠢᠶᠠᠷ ᠵᠤᠭᠠᠴᠠᠬᠤ ᠵᠢᠭᠤᠯᠴᠢᠯᠠᠯ ᠤᠨ ᠣᠨ ᠤ ᠡᠬᠢᠯᠡᠯᠲᠡ ᠶᠢᠨ ᠶᠤᠰᠤᠯᠠᠯ ᠢ ᠡᠷᠬᠢᠯᠡᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2018-05-06
      4 ᠰᠠᠷ᠎ᠠ   ᠶᠢᠨ 28 ᠤ ᠡᠳᠦᠷ ᠮᠠᠨ ᠤ ᠬᠤᠰᠢᠭᠤᠨ ᠤ ᠰᠣᠶᠣᠯ ᠤᠨ ᠪᠦᠲᠦᠭᠡᠯᠲᠡ ᠠᠵᠤ ᠦᠢᠯᠡᠰ ᠤᠨ ᠬᠦᠷᠢᠶᠡᠯᠡᠩ ᠤᠨ ᠨᠡᠭᠡᠭᠡᠯᠲᠡ ᠵᠢᠴᠢ 2018 ᠣᠨ ᠤ ᠦᠣᠰᠢᠨ ᠬᠤᠪᠢ ᠶᠢᠨ ᠮᠠᠰᠢᠨ ᠢᠶᠠᠷ ᠵᠤᠭᠠᠴᠠᠬᠤ ᠵᠢᠭᠤᠯᠴᠢᠯᠠᠯ  ᠤᠨ ᠣᠨ ᠤ ᠡᠬᠢᠯᠡᠯᠲᠡ ᠶᠢᠨ ᠶᠣᠰᠤᠯᠠᠯ ᠬᠤᠰᠢᠭᠤ ᠰᠣᠶᠣᠯ ᠤᠨ ᠪᠦᠲᠦᠭᠡᠯᠲᠡ ᠠᠵᠤ ᠦᠢᠯᠡᠰ ᠤᠨ ᠬᠦᠷᠢᠶᠡᠯᠡᠩ ᠳᠤ ᠶᠠᠪᠤᠭᠳᠠᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠴᠢᠶᠤᠤ ᠶᠦᠨ ᠯᠢ ᠰᠣᠶᠣᠯ  ᠤᠨ ᠪᠦᠲᠦᠭᠡᠯᠳᠡ ᠠᠵᠤ ᠦᠢᠯᠡᠰ ᠤᠨ ᠬᠦᠷᠢᠶᠡᠯᠡᠩ ᠤᠨ ᠨᠡᠭᠡᠭᠡᠯᠲᠡ ᠵᠢᠴᠢ 2018 ᠣᠨ ᠤ ᠦᠣᠰᠢᠨ ᠬᠤᠪᠢ ᠶᠢᠨ ᠮᠠᠰᠢᠨ ᠢᠶᠠᠷ ᠵᠤᠭᠠᠴᠠᠬᠤ ᠵᠢᠭᠤᠯᠴᠢᠯᠠᠯ ᠤᠨ ᠣᠨ ᠤ ᠠᠵᠢᠯᠯᠠᠭ᠎ᠠ ᠡᠬᠢᠯᠡᠭᠰᠡᠨ ᠢ ᠵᠠᠷᠯᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ ᠶᠣᠰᠤᠯᠠᠯ ᠡᠷᠬᠢᠯᠡᠬᠦ  ᠶᠢᠨ ᠬᠠᠮᠲᠤ ᠶᠠᠷᠢᠶ᠎ᠠ ᠲᠠᠯᠪᠢᠪᠠ᠃ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠬᠤᠣ ᠸᠧᠢ᠂ ᠬᠤᠲᠠ ᠶᠢᠨ ᠵᠢᠭᠤᠯᠴᠢᠯᠠᠯ ᠤᠨ ᠬᠦᠭᠵᠢᠬᠦᠯᠦᠯᠲᠡ ᠶᠢᠨ ᠵᠦᠪᠯᠡᠯ ᠤᠨ ᠪᠠᠶᠢᠴᠠᠭᠠᠨ ᠰᠤᠳᠤᠯᠤᠭᠴᠢ ᠡᠦ ᠸᠧᠢ᠂ ᠬᠤᠲᠠ  ᠶᠢᠨ ᠰᠤᠶᠤᠯ ᠵᠢᠭᠤᠯᠴᠢᠯᠠᠯ ᠤᠨ ᠬᠦᠭᠵᠢᠬᠦᠯᠦᠯᠲᠡ ᠶᠢᠨ ᠪᠦᠯᠦᠭᠯᠡᠯ ᠤᠨ ᠲᠡᠳ᠋ ᠲᠠᠭᠠᠭᠠᠮᠠᠯ ᠸᠠᠩ ᠼᠠᠢ ᠰᠢᠶᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ ᠵᠠᠰᠠᠭ ᠤᠨ ᠤᠷᠳᠤᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠦ ᠵᠦᠪᠯᠡᠯᠭᠡᠨ ᠤ ᠪᠤᠰᠤᠳ ᠭᠡᠷ ᠲᠤ ᠪᠠᠨ ᠪᠠᠶᠢᠭ᠎ᠠ ᠰᠢᠶᠡᠨ ᠤ ᠳᠡᠰ ᠤᠨ ᠤᠳᠤᠷᠢᠳᠤᠯᠭ᠎ᠠ ᠵᠢᠴᠢ ᠨᠢᠩᠰᠢᠶᠠ᠂ ᠱᠠᠨᠰᠢ᠂ ᠱᠠᠨ ᠰᠢ᠂ ᠬᠦᠬᠡᠨᠠᠭᠤᠷ᠂ ᠭᠠᠨᠰᠤ᠂ ᠦᠪᠦᠷ ᠮᠤᠩᠭᠤᠯ ᠤᠨ ᠬᠤᠪᠢ ᠶᠢᠨ ᠮᠠᠰᠢᠨ ᠲᠡᠷᠭᠡᠨ ᠤ ᠺᠯᠦ᠋ᠪ ᠤᠨ ᠲᠦᠯᠦᠭᠡᠯᠡᠭᠴᠢ ᠡᠬᠢᠯᠡᠯᠲᠡ ᠶᠢᠨ ᠶᠤᠰᠤᠯᠠᠯ ᠳᠤ ᠣᠷᠣᠯᠴᠠᠪᠠ᠃      2017 ᠣᠨ ᠤ 3 ᠳ᠋ᠤᠭᠠᠷ ᠰᠠᠷ᠎ᠠ ᠠᠴᠠ ᠡᠬᠢᠯᠡᠨ ᠪᠦᠳᠣᠭᠡᠨ ᠪᠠᠶᠢᠭᠤᠯᠣᠭᠰᠠᠨ ᠮᠠᠨ ᠤ ᠬᠤᠰᠢᠭᠤᠨ ᠤ ᠰᠣᠶᠣᠯ ᠤᠨ ᠪᠦᠲᠦᠭᠡᠯᠲᠡ ᠠᠵᠤ ᠦᠢᠯᠡᠰ ᠤᠨ ᠬᠦᠷᠢᠶᠡᠯᠡᠩ ᠪᠤᠯ ᠰᠣᠶᠣᠯ ᠤᠨ ᠲᠠᠯ᠎ᠠ ᠶᠢᠨ ᠳᠡᠯᠭᠡᠨ ᠦᠵᠡᠬᠦᠯᠦᠯᠭᠡ᠂ ᠰᠣᠶᠣᠯ ᠤᠨ ᠪᠦᠳᠣᠭᠡᠭᠳᠡᠭᠦᠨ ᠤ ᠳᠡᠯᠬᠡᠨ ᠪᠣᠷᠣᠯᠠᠭᠤᠯᠭ᠎ᠠ᠂ ᠰᠣᠶᠣᠯ ᠣᠷᠠᠯᠢᠭ ᠤᠨ ᠡᠭᠦᠳᠣᠨ ᠪᠦᠳᠣᠭᠡᠯᠳᠡ ᠶᠢᠨ ᠪᠣᠯᠪᠠᠰᠣᠷᠡᠯ᠂ ᠰᠣᠶᠣᠯ ᠵᠠᠩ ᠣᠶᠢᠯᠡ ᠶᠢᠨ ᠪᠡᠶᠡᠴᠢᠯᠡᠨ ᠤᠶᠢᠯᠠᠭᠠᠬᠤ᠂ ᠰᠣᠶᠣᠯ ᠤᠨ ᠠᠵᠣ ᠣᠶᠢᠯᠡᠰ ᠤᠨ ᠦᠵᠡᠰᠭᠦᠯᠡᠩ᠂ ᠵᠣᠭᠠᠴᠠᠭᠰᠠᠳ ᠲᠤ ᠣᠶᠢᠯᠡᠴᠢᠯᠡᠬᠦ ᠶᠢ ᠨᠢᠬᠡ ᠴᠣᠭᠴᠠᠵᠢᠭᠤᠯᠣᠭᠰᠡᠨ ᠰᠣᠶᠣᠯ ᠤᠨ ᠠᠵᠣ ᠣᠶᠢᠯᠡᠰ  ᠢ ᠳᠦᠪᠯᠡᠷᠡᠭᠦᠯᠣᠭ᠍ᠰᠡᠨ ᠬᠦᠷᠢᠶᠡᠯᠡᠩ ᠪᠣᠯᠣᠨ᠎ᠠ᠃ ᠣᠳᠣᠬᠠᠨ ᠳᠤ᠂ ᠳᠣᠰ ᠬᠦᠷᠢᠶᠡᠯᠡᠩ ᠢ ᠦᠨᠳᠣᠰᠣᠳᠡᠨ ᠤ ᠣᠨᠴᠡ ᠭᠠᠷᠣᠯᠳᠡ᠂ ᠣᠷᠭᠠᠨᠢᠭ ᠪᠣᠷᠣ ᠢᠳᠡᠭᠡᠨ᠂ ᠬᠤᠪᠴᠠᠰᠣ ᠵᠠᠰᠠᠯ ᠬᠠᠳᠬᠤᠮᠠᠯ᠂ ᠰᠡᠶᠢᠯᠣᠮᠡᠯ ᠣᠷᠠᠯᠠᠯ᠂ ᠬᠠᠭᠤᠴᠢᠨ ᠡᠳ᠋ ᠬᠠᠴᠢᠨ ᠴᠢᠯᠠᠭᠤ᠂ ᠠᠯᠳᠡ ᠮᠦᠡᠭᠬᠦᠨ ᠡᠳ᠋ᠯᠡᠯ᠂ ᠣᠷᠡᠨ ᠪᠢᠴᠢᠯᠭᠡ ᠣᠷᠡᠨ ᠵᠢᠷᠤᠭ ᠵᠡᠷᠭᠡ ᠳᠣᠯᠣᠭᠠᠨ ᠳᠦᠷᠣᠯ ᠤᠨ ᠪᠦᠳᠣᠭᠡᠭᠳᠡᠬᠦᠨ ᠤ ᠪᠣᠷᠣᠯᠠᠭᠤᠯᠭ᠎ᠠ ᠶᠢᠨ ᠳᠣᠭᠤᠷᠢᠭ ᠪᠠ ︽ᠣᠯᠠᠨ ᠬᠤᠷᠠᠬᠤ︾ ᠶᠢᠨ ᠨᠡᠷᠡᠲᠦ ᠳᠡᠮᠳᠡᠭ ᠢ ᠠᠯᠳᠡᠷᠰᠢᠭᠤᠯᠣᠭᠰᠠᠨ ᠣᠷᠡᠨ ᠪᠢᠴᠢᠯᠭᠡ ᠣᠷᠡᠨ ᠵᠢᠷᠤᠭ ᠤᠨ ᠳᠡᠯᠭᠡᠨ ᠦᠵᠡᠬᠦᠯᠦᠯᠭᠡ ᠶᠢᠨ ᠳᠢᠩᠬᠢᠮ᠂ ᠵᠣᠭᠠᠴᠠᠭᠰᠠᠳ  ᠤᠨ ᠣᠶᠢᠯᠡᠴᠢᠯᠡᠭᠡᠨ ᠤ ᠳᠦᠪ᠂ ᠠᠮᠠᠷᠠᠨ ᠰᠡᠯᠡᠬᠦᠴᠡᠬᠦ ᠳᠣᠭᠤᠷᠢᠭ᠂ ᠰᠣᠶᠣᠯ ᠣᠷᠠᠯᠢᠭ ᠤᠨ ᠳᠣᠭᠯᠠᠯᠳᠡ ᠶᠢᠨ ᠳᠣᠭᠤᠷᠢᠭ᠂ ᠺᠢᠨᠣ᠋ ᠲᠢᠶᠠᠲᠷ᠂ ᠰᠣᠶᠣᠯ ᠤᠨ ᠠᠵᠣ ᠣᠶᠢᠯᠡᠰ ᠤᠨ ᠦᠵᠡᠰᠭᠦᠯᠡᠩ᠂ ᠪᠠᠭᠠᠴᠣᠣᠨ ᠤᠨ ᠳᠣᠭᠯᠠᠭᠠᠮ ᠤᠨ ᠳᠣᠭᠤᠷᠢᠭ ᠵᠡᠷᠭᠡ 6 ᠣᠶᠢᠯᠡᠴᠢᠯᠡᠭᠡᠨ ᠤ ᠳᠣᠭᠤᠷᠢᠭ ᠬᠤᠪᠢᠶᠠᠵᠤ᠂ ᠰᠠᠭᠤᠭᠠᠯᠢ ᠠᠷᠠᠳ᠂ ᠰᠣᠶᠣᠯ ᠣᠷᠠᠯᠢᠭ ᠤᠨ ᠡᠭᠦᠳᠣᠨ ᠪᠦᠳᠣᠭᠡᠭᠴᠢᠳ ᠪᠣᠯᠣᠨ ᠵᠣᠭᠠᠴᠠᠭᠰᠠᠳ ᠲᠤ ᠳᠦᠪᠯᠡᠷᠡᠭᠦᠯᠣᠭ᠍ᠰᠡᠨ ᠣᠶᠢᠯᠡᠴᠢᠯᠡᠭᠡ ᠬᠠᠩᠭᠠᠵᠦ ᠪᠠᠶᠢᠨ᠎ᠠ᠃ ᠳᠣᠰ ᠬᠦᠷᠢᠶᠡᠯᠡᠩ ᠨᠢ ᠠᠵᠣ ᠣᠶᠢᠯᠡᠰ ᠢ ᠨᠡᠭᠡᠭᠡᠨ ᠬᠦᠭᠵᠢᠬᠦᠯᠬᠦ ᠵᠠᠬ᠎ᠠ ᠳᠡᠯᠭᠡᠭᠦᠷᠴᠢᠯᠡᠭᠰᠡᠨ ᠠᠷᠭ᠎ᠠ ᠪᠡᠷᠢᠯ ᠢᠶᠠᠷ ᠵᠠᠰᠠᠭ ᠤᠨ ᠣᠷᠳᠣᠨ ᠠᠴᠠ ᠵᠢᠯ ᠪᠦᠷᠢ ᠲᠦᠷᠪᠡᠨ ᠵᠠᠭᠤᠨ ᠲᠥᠮᠡᠨ ᠲᠥᠬᠦᠷᠢᠭ ᠤᠨ ᠪᠡᠯᠡ ᠮᠥᠩᠬᠦ ᠭᠠᠷᠭᠠᠵᠦ᠂ ᠰᠭᠤᠷᠢᠰᠢᠵᠣ ᠪᠡᠶᠢᠭ᠎ᠠ ᠠᠵᠣ ᠠᠬᠤᠶᠢᠯᠡᠯ᠂ ᠬᠤᠳᠠᠯᠳᠣᠭᠠᠴᠢᠨ ᠳᠤ ᠭᠤᠷᠪᠡᠨ ᠵᠢᠯ ᠳᠦᠷᠢᠶᠠᠰᠣᠨ ᠮᠦᠡᠭᠬᠦ ᠠᠪᠬᠤ ᠦᠬᠡᠢ ᠬᠠᠷᠠᠭᠠᠯᠵᠠᠯ ᠤᠨ ᠳᠦᠷᠣ ᠶᠢᠨ ᠪᠣᠳᠣᠯᠭ᠎ᠠ ᠶᠢ ᠬᠡᠷᠡᠭᠵᠢᠬᠦᠯᠤᠨ᠂ ᠭᠤᠷᠪᠡᠨ ᠵᠠᠭᠤ ᠭᠠᠷᠣᠢ ᠠᠵᠢᠯ ᠤᠨ ᠪᠠᠶᠢᠷᠢ  ᠶᠢ ᠬᠠᠨᠭ᠍ᠭᠠᠨ᠂ ᠦᠣᠰᠢᠨ ᠬᠤᠰᠢᠭᠤᠨ ᠤ ᠰᠣᠶᠣᠯ ᠵᠢᠭᠤᠯᠴᠢᠯᠠᠯ᠂ ᠮᠠᠯ ᠲᠠᠷᠢᠶᠠᠯᠠᠩ᠂ ᠣᠶᠢᠯᠡᠳᠪᠣᠷᠢᠯᠡᠯ ᠪᠣᠯᠪᠠᠰᠣᠷᠠᠭᠤᠯᠤᠯᠲᠠ᠂ ᠳᠣᠭᠠᠴᠢᠯᠠᠭᠰᠠᠨ ᠣᠶᠢᠯᠡᠰ ᠵᠡᠷᠭᠡ ᠠᠵᠣ ᠣᠶᠢᠯᠡᠰ ᠢ ᠬᠦᠨᠵᠡᠭᠡᠢ ᠠᠭᠤᠰᠣᠯᠴᠠᠭᠤᠯᠵᠤ᠂ ᠠᠮᠢ ᠠᠬᠤᠢ ᠰᠣᠶᠣᠯ ᠵᠣᠭᠠᠴᠠᠯ ᠤᠨ ᠪᠡᠶᠡᠴᠢᠯᠡᠨ ᠤᠶᠢᠯᠠᠭᠠᠬᠤ ᠰᠠᠭᠤᠷᠢᠨ ᠭᠠᠵᠠᠷ ᠤᠨ ᠪᠦᠳᠣᠭᠡᠨ ᠪᠡᠶᠢᠭᠤᠯᠣᠯᠳᠡ ᠪᠠ ᠰᠣᠶᠣᠯ ᠣᠷᠠᠯᠢᠭ ᠤᠨ ᠠᠵᠣ ᠣᠶᠢᠯᠡᠰ ᠤᠨ ᠴᠡᠴᠡᠭᠯᠡᠨ ᠬᠦᠭᠵᠢᠬᠦ ᠳᠤ ᠠᠬᠢᠭᠤᠯᠬᠤ ᠦᠢᠯᠡᠳᠤᠯ ᠦᠵᠡᠬᠦᠯᠬᠦ ᠪᠤᠯᠤᠨ᠎ᠠ
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号