ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠳ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2018-05-07
     ᠣᠶᠢᠷ᠎ᠠ ᠶᠢᠨ ᠡᠳᠦᠷ᠂ ᠮᠠᠨ ᠤ ᠬᠤᠰᠢᠭᠤ ᠠᠷᠪᠠᠨ ᠲᠠᠪᠤᠳᠤᠭᠠᠷ ᠬᠤᠭᠤᠴᠠᠭᠠᠨ ᠤ 54 ᠳ᠋ᠤᠭᠡᠷ ᠤᠳᠠᠭᠠᠨ ᠤ ᠪᠠᠶᠢᠩᠭᠤ ᠶᠢᠨ ᠬᠡᠰᠢᠬᠦᠳ ᠤᠨ ᠬᠤᠷᠠᠯ ᠬᠤᠷᠠᠯᠳᠤᠭᠤᠯᠪᠠ᠃      ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠵᠢᠷᠭᠠᠯᠲᠤ ᠬᠤᠷᠠᠯ  ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠲᠠᠷᠤᠭ᠎ᠠ ᠴᠢᠶᠤᠤ ᠶᠦᠨ ᠯᠢ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠠᠮᠠᠨᠳᠤᠬᠤ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠷᠢᠬᠦᠯᠡᠭᠴᠢ ᠬᠤᠤ ᠸᠧᠢ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ  ᠶᠢᠨ ᠬᠤᠷᠢᠶᠠᠨ ᠤ ᠱᠦᠵᠢ ᠰᠤᠷᠭᠠᠯᠲᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠸᠠᠩ ᠯᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ  ᠶᠢᠨ ᠬᠡᠰᠢᠬᠦᠨ᠂ ᠬᠤᠰᠢᠭᠤ ᠳᠡᠳ᠋ ᠲᠠᠷᠤᠭ᠎ᠠ ᠵᠠᠩ ᡁᠢ ᠰᠢᠦ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ  ᠶᠢᠨ ᠬᠡᠰᠢᠬᠦᠨ᠂ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠶᠦᠩ ᠹᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠢᠭᠡᠳᠦᠮᠡᠯ ᠹᠷᠤᠨᠲ ᠤᠨ ᠬᠡᠯᠳᠡᠰ ᠤᠨ ᠲᠠᠷᠤᠭ᠎ᠠ ᠠᠯᠳᠠᠠᠲᠤᠶᠠᠭ᠎ᠠ ᠬᠤᠷᠠᠯ  ᠳᠤ ᠤᠷᠤᠯᠴᠠᠵᠤ᠂ ᠬᠤᠰᠢᠭᠤ ᠤᠳᠤᠷᠢᠳᠤᠯᠭ᠎ᠠ ᠵᠧᠦ ᠱᠤᠸᠠᠢ᠂ ᠪᠠᠶᠠᠠᠴᠡᠩᠬᠡᠯ ᠵᠢᠴᠢ ᠵᠠᠰᠠᠭ ᠤᠨ ᠤᠷᠳᠤᠨ ᠤ ᠠᠯᠪᠠᠨ ᠭᠡᠷ᠂ ᠤᠢ ᠰᠢᠭᠤᠢ ᠶᠢᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠡᠯ᠎ᠡ ᠰᠤᠮᠤ ᠪᠠᠯᠭᠠᠰᠤᠨ ᠤ ᠬᠠᠷᠢᠭᠤᠴᠠᠯᠭᠠᠳᠠᠨ ᠬᠤᠷᠠᠯ ᠳᠤ ᠰᠤᠯᠠ ᠤᠷᠤᠯᠴᠠᠪᠠ᠃      ᠬᠤᠷᠠᠯ ᠳᠡᠭᠡᠷ᠎ᠡ ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠵᠠᠩ ᠱᠣᠣ ᠴᠦᠨ ᠤ ᠮᠠᠨ ᠤ ᠬᠤᠲᠠ ᠶᠢᠨ ᠠᠮᠢ ᠠᠬᠤᠢ ᠤᠷᠴᠢᠨ ᠲᠤᠭᠤᠷᠢᠨ ᠤ ᠠᠵᠢᠯ ᠢ ᠱᠠᠭᠠᠷᠳᠠᠨ ᠪᠠᠶᠢᠴᠠᠭᠠᠵᠤ ᠬᠢᠨᠠᠨ ᠵᠢᠯᠣᠭᠤᠳᠤᠭᠰᠠᠨ ᠵᠢᠭᠠᠪᠤᠷᠢ ᠶᠢᠨ ᠵᠤᠷᠢᠭ ᠰᠠᠨᠠᠭ᠎ᠠ ᠬᠢᠬᠡᠳ ᠬᠤᠲᠠ ᠶᠢᠨ ᠨᠠᠮ ᠤᠨ ᠬᠤᠷᠢᠶᠠᠨ ᠤ ᠱᠦᠵᠢ ᠨᠢᠦ ᠵᠢᠶᠦ᠋ᠨ ᠶᠡᠨ ᠤ ᠬᠤᠷᠠᠯᠳᠣᠭᠤᠯᠣᠭᠰᠠᠨ ᠱᠦᠵᠢ ᠨᠠᠷ ᠤᠨ ᠲᠤᠰᠬᠠᠢ ᠰᠡᠳᠦᠪᠲᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠪᠤᠵᠠᠷ ᠤᠰᠤ ᠶᠢ ᠰᠢᠢᠳᠪᠦᠷᠢᠯᠡᠬᠦ ᠲᠦᠷᠦᠯ ᠵᠦᠢᠯ ᠤᠨ ᠪᠠᠶᠢᠭᠤᠯᠤᠯᠳᠠ ᠶᠢᠨ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠰᠤᠨᠤᠰᠴᠣ᠂ ᠬᠤᠷᠠᠯ ᠳᠤ ᠤᠷᠤᠯᠴᠠᠭᠰᠠᠨ ᠤᠳᠤᠷᠢᠳᠤᠯᠭ᠎ᠠ ᠨᠠᠷ ᠠᠴᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠤᠨ ᠲᠤᠭᠤᠷᠢᠨ ᠳᠤ ᠶᠠᠷᠢᠯᠴᠠᠭ᠎ᠠ ᠦᠷᠨᠢᠬᠦᠯᠦᠭᠰᠡᠨ ᠪᠠᠶᠢᠨ᠎ᠠ᠃      ᠪᠦᠬᠦ ᠬᠤᠰᠢᠭᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠢ ᠰᠠᠶᠢᠨ ᠬᠢᠬᠦ ᠲᠤᠬᠠᠢ ᠵᠢᠷᠭᠠᠯᠲᠤ ᠴᠢᠬᠤᠯᠠᠴᠢᠯᠠᠬᠤ ᠳᠤ ᠪᠠᠨ᠂ ᠪᠤᠬᠢᠷᠳᠤᠯ ᠢ ᠰᠡᠷᠬᠡᠶᠢᠯᠡᠨ ᠵᠠᠰᠠᠬᠤ ᠪᠠᠬᠢᠯᠡᠯᠳᠡ ᠰᠢᠪᠳᠤᠯᠬᠤ ᠲᠠᠶᠢᠯᠠᠯᠳᠤᠭᠠᠨ ᠪᠤᠯ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠠᠶᠢᠭᠤᠯᠬᠤ  ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠨᠢᠬᠡ ᠪᠤᠯᠤᠨ᠎ᠠ᠃ ᠬᠦᠭᠵᠢᠯᠲᠡ ᠶᠢᠨ ᠪᠦᠬᠦ ᠲᠠᠯ᠎ᠠ᠂ ᠠᠷᠠᠳ ᠤᠨ ᠪᠤᠶᠠᠨ ᠬᠡᠰᠢᠭ ᠲᠤ ᠬᠤᠯᠪᠤᠭᠳᠠᠵᠤ ᠪᠠᠶᠢᠭ᠎ᠠ ᠪᠤᠯᠬᠤᠷ ᠡᠷᠬᠡᠪᠰᠢ ᠰᠡᠳᠬᠢᠯ ᠬᠦᠴᠦᠨ ᠢᠶᠠᠨ ᠲᠦᠪᠯᠡᠷᠡᠬᠦᠯᠵᠦ ᠬᠢᠬᠦ ᠰᠢᠷᠦᠬᠦᠨ ᠲᠠᠶᠢᠯᠠᠯᠳᠤᠭᠠᠨ ᠪᠤᠯᠤᠨ᠎ᠠ᠃ ᠡᠯ᠎ᠡ ᠰᠠᠯᠠᠭ᠎ᠠ ᠮᠦᠴᠢᠷ ᠤᠨ ᠬᠢᠨ ᠤᠯᠤᠰ ᠲᠦᠷᠦ ᠶᠢᠨ ᠵᠤᠭᠰᠤᠴᠠ ᠪᠠᠨ ᠳᠡᠭᠡᠭᠰᠢᠯᠡᠬᠦᠯᠦᠨ᠂ ᠤᠯᠤᠰ ᠲᠦᠷᠦ ᠶᠢᠨ ᠤᠬᠠᠮᠰᠠᠷ᠂ ᠶᠡᠭᠡ ᠪᠠᠶᠢᠳᠠᠯ ᠤᠨ ᠤᠬᠠᠮᠰᠠᠷ᠂ ᠭᠤᠤᠯᠯᠠᠭᠴᠢ ᠤᠬᠠᠮᠰᠠᠷ᠂ ᠵᠡᠷᠭᠡᠴᠡᠬᠦ ᠤᠬᠠᠮᠰᠠᠷ ᠢᠶᠠᠨ ᠴᠢᠩᠭᠠᠳᠬᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠭᠤᠤᠯᠯᠠᠭᠴᠢ ᠪᠠᠶᠢᠷᠢ ᠰᠠᠭᠤᠷᠢ᠂ ᠨᠠᠮ ᠤᠨ ᠲᠦᠪ ᠬᠤᠷᠢᠶᠠᠨ ᠤ ᠡᠷᠭᠡ ᠰᠦᠷᠲᠤ ᠦᠨᠡᠨ ᠪᠤᠳᠠᠲᠤ ᠠᠵᠢᠯᠯᠠᠭ᠎ᠠ ᠶᠢ ᠡᠷᠡᠰ ᠬᠠᠮᠠᠭᠠᠯᠠᠨ᠂ ᠪᠠᠴᠢᠮ ᠲᠤᠯᠭᠠᠮ᠎ᠠ ᠰᠡᠳᠬᠢᠯᠬᠡ᠂ ᠲᠦᠭᠰᠢᠬᠦᠷᠲᠤ ᠰᠡᠳᠬᠢᠯᠬᠡ  ᠶᠢ ᠡᠪᠦᠷᠯᠡᠨ ᠲᠦᠪ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠤᠷᠴᠢᠨ ᠲᠤᠭᠤᠷᠢᠨ ᠤ ᠪᠤᠬᠢᠷᠲᠤᠯ ᠢ ᠰᠡᠷᠬᠡᠶᠢᠯᠡᠨ ᠵᠠᠰᠠᠬᠤ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠪᠠᠶᠢᠷᠢᠯᠠᠭᠤᠯᠤᠯᠳᠠ  ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠡᠳᠬᠢᠮᠵᠢ ᠲᠤᠳᠤ ᠪᠤᠰᠤ᠂ ᠲᠠᠨᠢᠯᠳᠠ ᠲᠤᠤᠷ᠎ᠠ᠂ ᠰᠤᠷᠳᠠᠯ ᠲᠦᠪ ᠪᠤᠰᠤ ᠪᠠᠶᠢᠳᠠᠯ ᠢ ᠥᠭᠡᠷᠡᠴᠢᠯᠡᠵᠦ᠂ ᠴᠢᠩᠭ᠎ᠠ ᠬᠠᠷᠢᠭᠤᠴᠠᠯᠭ᠎ᠠ ᠡᠬᠦᠷᠭᠡᠯᠡᠬᠦ ᠬᠡᠷᠡᠭᠲᠠᠢ ᠬᠡᠵᠡᠢ᠃ ᠬᠤᠷᠠᠯ ᠠᠴᠠ ᠴᠢᠬᠤᠯᠠᠴᠢᠯᠠᠬᠤ ᠳᠤ ᠪᠠᠨ᠂ ᠪᠤᠬᠢᠷᠳᠤᠯ ᠢ ᠰᠡᠷᠬᠡᠶᠢᠯᠡᠨ ᠵᠠᠰᠠᠬᠤ ᠭᠤᠤᠯᠳᠠᠯᠭ᠎ᠠ᠂ ᠬᠦᠴᠢᠷᠳᠡᠯ ᠳᠤ ᠴᠢᠭᠯᠡᠬᠦᠯᠦᠨ᠂ ᠪᠦᠲᠦᠮᠵᠢᠳᠡᠢ ᠠᠷᠭ᠎ᠠ ᠪᠠᠷᠢᠯ ᠭᠠᠷᠭᠠᠵᠤ᠂ ᠡᠯ᠎ᠡ ᠱᠠᠲᠣᠨ ᠤ ᠤᠳᠤᠷᠢᠳᠬᠤ ᠺᠠᠳ᠋ᠷ ᠬᠠᠷᠢᠭᠤᠴᠠᠯᠭ᠎ᠠ ᠪᠠᠨ ᠴᠢᠩᠭᠠᠳᠬᠠᠵᠤ᠂ ᠱᠠᠳᠤ ᠱᠠᠳᠤ ᠪᠠᠷ ᠨᠠᠶᠢᠳᠠᠪᠤᠷᠢᠵᠢᠭᠤᠯᠤᠨ᠂ ᠡᠯ᠎ᠡ ᠲᠦᠷᠦᠯ ᠤᠨ ᠠᠵᠢᠯ ᠤᠨ ᠠᠮᠵᠢᠯᠳᠠ ᠶᠢ ᠪᠠᠳᠤᠯᠠᠬᠤ ᠬᠡᠷᠡᠭᠲᠠᠢ᠃ ᠲᠦᠪ ᠤᠨ ᠤᠷᠴᠢᠨ ᠲᠤᠭᠤᠷᠢᠨ ᠢ ᠬᠠᠮᠠᠭᠠᠯᠠᠬᠤ ᠱᠠᠭᠠᠷᠳᠠᠨ ᠪᠠᠶᠢᠴᠠᠭᠠᠯᠳᠠ ᠵᠢᠴᠢ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠶᠢᠨ ᠬᠠᠮᠠᠭᠠᠯᠠᠯᠳᠠ   ᠶᠢᠨ ᠶᠡᠭᠡ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠵᠠᠰᠠᠨ ᠴᠡᠭᠴᠡᠯᠡᠵᠦ ᠨᠠᠶᠢᠳᠠᠪᠤᠷᠢᠵᠢᠭᠤᠯᠤᠨ᠂ ᠡᠬᠦᠷᠭᠡ ᠶᠢᠨ ᠬᠠᠷᠠᠯᠳᠠ ᠪᠠᠨ ᠲᠤᠳᠤᠷᠬᠠᠶᠢᠯᠠᠵᠤ᠂ ᠥᠭᠡᠷᠡᠴᠢᠯᠡᠨ ᠵᠠᠰᠠᠬᠤ ᠠᠯᠬᠤᠴᠠ ᠪᠠᠨ ᠲᠦᠷᠭᠡᠳᠭᠡᠨ᠂ ᠬᠠᠤᠯᠢ ᠬᠡᠷᠡᠭᠵᠢᠬᠦᠯᠬᠦ ᠬᠢᠨᠠᠯᠳᠠ ᠲᠠᠯᠪᠢᠬᠤ ᠪᠠᠨ ᠴᠢᠩᠭᠠᠳᠬᠠᠵᠤ᠂ ᠲᠠᠩᠰᠠ ᠡᠪᠬᠡᠮᠡᠯ ᠢ ᠪᠦᠷᠢᠨᠰᠢᠬᠦᠯᠦᠨ᠂ ᠤᠷᠴᠢᠨ ᠲᠤᠭᠤᠷᠢᠨ ᠤ ᠪᠤᠬᠢᠷᠲᠤᠯ ᠢ ᠰᠡᠷᠬᠡᠶᠢᠯᠡᠨ ᠵᠠᠰᠠᠬᠤ ᠲᠠᠶᠢᠯᠠᠯᠳᠤᠭᠠᠨ ᠢ ᠰᠠᠶᠢᠳᠤᠷ ᠬᠢᠬᠦ ᠬᠡᠷᠡᠭᠲᠠᠢ ᠬᠡᠵᠡᠢ᠃      ᠬᠤᠷᠠᠯ ᠳᠡᠭᠡᠷ᠎ᠡ ᠴᠢᠶᠤᠤ ᠶᠦᠨ ᠯᠢ ᠪᠦᠬᠦ ᠬᠤᠰᠢᠭᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠳᠤ ᠪᠠᠶᠢᠷᠢᠯᠠᠭᠤᠯᠤᠯᠳᠠ ᠲᠤᠬᠢᠷᠠᠭᠤᠯᠤᠯᠳᠠ ᠬᠢᠪᠡ᠃ ᠲᠡᠷᠡ ᠴᠢᠬᠤᠯᠠᠴᠢᠯᠠᠬᠤ ᠳᠤ ᠪᠠᠨ᠂ ᠤᠳᠤᠬᠠᠨ ᠳᠤ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠶᠠᠭ ᠰᠠᠶᠢᠬᠠᠨ ᠪᠠᠴᠢᠮ ᠶᠠᠭᠠᠷᠠᠯᠳᠠᠢ ᠡᠮᠬᠢ ᠴᠡᠭᠴᠡ ᠲᠠᠢ ᠠᠬᠢᠵᠤ ᠪᠠᠶᠢᠨ᠎ᠠ᠃ ᠤᠨᠴᠠᠭᠠᠶᠢᠯᠠᠨ ᠤᠷᠴᠢᠨ ᠲᠤᠭᠤᠷᠢᠨ ᠤ ᠪᠤᠬᠢᠷᠲᠤᠯ ᠢ ᠰᠡᠷᠭᠡᠶᠢᠯᠡᠨ ᠵᠠᠰᠠᠬᠤ ᠪᠠᠬᠢᠯᠡᠯᠳᠡ ᠰᠢᠪᠳᠤᠯᠬᠤ ᠲᠠᠶᠢᠯᠠᠯᠳᠤᠭᠠᠨ ᠨᠢ ᠮᠠᠨ ᠤ ᠬᠤᠰᠢᠭᠤᠨ ᠤ ᠦᠨᠳᠦᠷ ᠴᠢᠨᠰᠠᠭᠠᠲᠤ ᠬᠦᠭᠵᠢᠯᠳᠡ ᠶᠢᠨ ᠶᠡᠭᠡ ᠪᠠᠶᠢᠳᠠᠯ ᠲᠠᠢ ᠬᠤᠯᠪᠤᠭᠳᠠᠵᠤ ᠪᠤᠢ᠃ ᠡᠯ᠎ᠡ ᠤᠳᠤᠷᠢᠳᠤᠯᠭ᠎ᠠ ᠨᠠᠷ ᠨᠡᠩ ᠦᠨᠳᠦᠷ ᠤᠯᠤᠰ ᠲᠦᠷᠦ ᠶᠢᠨ ᠵᠤᠭᠰᠤᠴᠠ  ᠠᠴᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠢ ᠬᠦᠨᠵᠡᠬᠡᠢ ᠲᠠᠨᠢᠵᠤ᠂ ᠠᠰᠠᠭᠤᠳᠠᠯ ᠢ ᠨᠢᠬᠡ ᠨᠢᠬᠡ ᠠᠯᠬᠤᠮ ᠢᠶᠠᠷ ᠰᠢᠢᠳᠪᠦᠷᠢᠯᠡᠵᠦ᠂ ᠪᠤᠵᠠᠷ ᠤᠰᠤ ᠶᠢ ᠰᠢᠢᠳᠪᠦᠷᠢᠯᠡᠬᠦ ᠢᠨᠵᠧᠨᠧᠷᠢᠩ ᠤᠨ ᠪᠠᠷᠢᠯᠭ᠎ᠠ ᠡᠬᠢᠯᠡᠬᠦ ᠶᠢ ᠰᠠᠶᠢᠳᠤᠷ ᠠᠬᠢᠭᠤᠯᠤᠨ᠂ ᠪᠠᠷᠢᠯᠭ᠎ᠠ ᠶᠢᠨ ᠶᠠᠰᠤ ᠴᠢᠨᠠᠷ ᠢ ᠪᠠᠳᠤᠯᠠᠵᠤ ᠲᠤᠭᠳᠠᠭᠰᠠᠨ ᠴᠠᠭ ᠲᠤ ᠪᠠᠨ  ᠬᠡᠷᠡᠭᠯᠡᠯᠲᠡ ᠳᠤ ᠤᠷᠤᠬᠤ ᠶᠢ ᠪᠠᠳᠤᠯᠠᠬᠤ ᠬᠡᠷᠡᠭᠲᠠᠢ᠃ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠰᠬᠠᠢ ᠲᠦᠷᠦᠯ ᠤᠨ ᠪᠡᠯᠡ ᠮᠦᠩᠭᠦ ᠶᠢ ᠴᠠᠭ ᠲᠤᠬᠠᠢ ᠳᠤ ᠨᠢ ᠪᠠᠭᠤᠯᠭᠠᠨ᠂ ᠪᠦᠬᠦ ᠬᠤᠰᠢᠭᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠤᠨ ᠡᠷᠡᠬᠦᠯ ᠬᠦᠭᠵᠢᠯᠳᠡ ᠶᠢ ᠪᠠᠳᠤᠯᠠᠬᠤ ᠬᠡᠷᠡᠭᠲᠠᠢ᠃ ᠡᠬᠢ ᠡᠬᠦᠰᠦᠯ ᠠᠴᠠ ᠪᠠᠨ ᠴᠢᠩᠭ᠎ᠠ ᠬᠠᠮᠢᠶᠠᠷᠤᠨ᠂ ᠡᠯ᠎ᠡ ᠲᠦᠷᠦᠯ ᠤᠨ ᠤᠷᠴᠢᠨ ᠲᠤᠭᠤᠷᠢᠨ ᠢ ᠬᠠᠮᠠᠭᠠᠯᠠᠬᠤ ᠠᠷᠭ᠎ᠠ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠪᠤᠬᠢᠷᠳᠤᠯ  ᠢ ᠰᠡᠷᠭᠡᠶᠢᠯᠡᠨ ᠵᠠᠰᠠᠬᠤ ᠲᠠᠶᠢᠯᠠᠯᠳᠤᠭᠠᠨ ᠢ ᠰᠠᠶᠢᠳᠤᠷ ᠬᠢᠵᠦ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠦᠷᠬᠦᠯᠵᠢᠯᠡᠭᠰᠡᠨ ᠡᠷᠡᠬᠦᠯ ᠲᠤᠭᠳᠠᠭᠤᠨ ᠬᠦᠭᠵᠢᠯᠳᠡ ᠳᠤ ᠰᠠᠭᠤᠷᠢ ᠲᠠᠯᠪᠢᠬᠤ ᠬᠡᠷᠡᠭᠲᠠᠢ ᠬᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号