ᠪᠦᠬᠦ ᠬᠤᠲᠠ ᠶᠢᠨ ᠪᠤᠬᠢᠷᠳᠦᠯ ᠢ ᠰᠡᠷᠭᠡᠶᠢᠯᠡᠨ ᠵᠠᠰᠠᠬᠤ ᠵᠢᠴᠢ ᠭᠤᠤᠯᠳᠠᠯᠭ᠎ᠠ ᠲᠠᠢ ᠠᠵᠢᠯ ᠢ ᠠᠬᠢᠭᠤᠯᠬᠤ ᠲᠧᠯᠸᠢᠰ ᠳ᠋ᠢᠶᠡᠩᠬᠤᠸᠠ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-05-07
     ᠤᠢᠢᠷ᠎ᠠ ᠶᠢᠨ ᠡᠳᠦᠷ᠂ ᠪᠦᠬᠦ ᠬᠤᠲᠠ ᠶᠢᠨ ᠪᠤᠬᠢᠷᠳᠦᠯ ᠢ ᠰᠡᠷᠭᠡᠶᠢᠯᠡᠨ ᠵᠠᠰᠠᠬᠤ ᠵᠢᠴᠢ ᠭᠤᠤᠯᠳᠠᠯᠭ᠎ᠠ ᠲᠠᠢ ᠠᠵᠢᠯ ᠢ ᠠᠬᠢᠭᠤᠯᠬᠤ ᠲᠧᠯᠸᠢᠰ ᠳ᠋ᠢᠶᠡᠩᠬᠤᠸᠠ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ᠂ ᠬᠤᠰᠢᠭᠤ ᠲᠠᠷᠤᠭ᠎ᠠ ᠴᠢᠶᠤᠤ ᠶᠥᠨ ᠯᠢ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠭᠠᠯᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ᠂ ᠬᠤᠰᠢᠭᠤ ᠲᠠᠳ᠋ ᠲᠠᠷᠤᠭ᠎ᠠ ᠵᠠᠩ ᡁᠢ ᠰᠢᠥ᠋ᠩ ᠪᠤᠯᠤᠨ ᠬᠤᠰᠢᠭᠤ ᠤᠳᠤᠷᠢᠳᠤᠯᠭ᠎ᠠ ᠭᠤᠤ ᠬᠤ᠋᠂ ᠵᠸᠤ ᠱᠤᠸᠠᠢ᠂ ᠪᠠᠶᠠᠠᠴᠡᠩᠭᠡᠯ᠂ ᠪᠠᠶᠠᠠᠴᠢᠮᠡᠭ᠂ ᠸᠠᠩ ᠭᠠᠩ ᠵᠢᠴᠢ ᠡᠯ᠎ᠠ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠥᠵᠢ᠂ ᠰᠤᠮᠤ ᠪᠠᠯᠭᠠᠰᠤᠨ ᠲᠠᠷᠤᠭ᠎ᠠ᠂ ᠬᠤᠰᠢᠭᠤ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠯᠭᠠᠳᠠᠨ᠂ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠳᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠳᠤ ᠲᠧᠯᠸᠢᠰ ᠳ᠋ᠢᠶᠡᠩᠬᠤᠸᠠ ᠬᠤᠷᠠᠯ ᠤᠨ ᠭᠡᠯᠪᠠᠷᠢ ᠪᠠᠷ ᠬᠤᠷᠠᠯ ᠳᠤ ᠤᠷᠤᠯᠴᠠᠪᠠ᠃      ᠬᠤᠷᠠᠯ ᠠᠴᠠ ᠴᠢᠬᠤᠯᠠᠴᠢᠯᠠᠬᠤ ᠳᠠᠭᠠᠨ᠂ ᠠᠶᠤᠯᠬᠦᠢ ᠦᠢᠯᠡᠳᠪᠦᠷᠢᠯᠡᠯ ᠢ ᠰᠠᠶᠢᠳᠤᠷ ᠠᠳᠬᠤᠵᠤ᠂ ᠠᠶᠤᠯᠬᠦᠢ ᠦᠢᠯᠡᠳᠪᠦᠷᠢᠯᠡᠯ ᠢ ᠪᠠᠳᠤᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠶᠤᠯᠬᠦᠢ ᠦᠢᠯᠡᠳᠪᠦᠷᠢᠯᠡᠯ ᠤᠨ ᠲᠤᠬᠳᠠᠭᠤᠨ ᠪᠠᠶᠢᠳᠠᠯ ᠢ ᠪᠠᠳᠤᠯᠠᠬᠤ ᠬᠡᠷᠡᠭᠲᠠᠢ᠃ ᠵᠠᠬᠢᠳᠠᠯ ᠰᠤᠷᠪᠤᠯᠵᠢᠯᠠᠭ᠎ᠠ ᠶᠢᠨ ᠵᠦᠷᠢᠴᠡᠯ ᠮᠦᠷᠬᠦᠯᠳᠦᠬᠡᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠦᠨᠵᠡᠭᠡᠢ ᠦᠷᠨᠢᠬᠦᠯᠬᠦ ᠬᠡᠷᠡᠭᠲᠠᠢ ᠭᠡᠵᠡᠢ᠃      ᠬᠤᠷᠠᠯ ᠠᠴᠠ ᠵᠢᠭᠠᠵᠤ ᠭᠠᠷᠭᠠᠬᠤ ᠳᠠᠭᠠᠨ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠰᠢ ᠶᠢᠨ ᠫᠢᠩ ᠶᠠᠷᠤᠩᠭᠡᠢ ᠱᠥᠵᠢ ᠶᠢᠨ ᠠᠷᠪᠡᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠥᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠡᠨ ᠵᠦᠪᠯᠡᠬᠦ ᠳᠤ ᠤᠷᠤᠯᠴᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠪᠥᠭᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠬᠦᠴᠦᠨ ᠢᠶᠠᠨ ᠲᠦᠪᠯᠡᠷᠡᠬᠦᠯᠦᠨ ᠰᠢᠢᠳᠪᠦᠷᠢᠯᠡᠨ᠂ ᠵᠠᠰᠠᠯᠲᠠ ᠬᠢᠨᠠᠯᠲᠠ ᠶᠢ ᠴᠢᠩᠭᠠᠳᠬᠠᠵᠤ᠂ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠲᠠ ᠰᠢᠪᠳᠤᠯᠬᠤ ᠠᠵᠢᠯ ᠢ ᠰᠠᠶᠢᠳᠤᠷ ᠬᠢᠵᠦ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠦᠷᠬᠦᠯᠵᠢᠯᠡᠭᠰᠡᠨ ᠡᠷᠡᠬᠦᠯ ᠲᠤᠬᠳᠠᠭᠤᠨ ᠬᠦᠭᠵᠢᠯᠲᠡ ᠳᠤ ᠪᠠᠲᠦ ᠪᠠᠬᠢ ᠰᠠᠭᠤᠷᠢ ᠲᠠᠯᠪᠢᠬᠤ ᠬᠡᠷᠡᠭᠲᠠᠢ ᠬᠡᠵᠠᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号