ᠣᠶᠢᠷ᠎ᠠ ᠳᠤ᠂ ᠰᠦᠯᠳᠡ ᠰᠤᠮᠤᠨ ᠤ ᠴᠤᠤᠳᠠᠢ ᠭᠠᠴᠠᠭ᠎ᠠ ᠣᠳᠠᠭᠠᠨ ᠵᠢᠯ ᠠᠰᠢᠭᠯᠠᠭᠰᠠᠨ ᠲᠠᠷᠢᠶᠠᠨ ᠭᠠᠵᠠᠷ | ᠤᠨ ᠬᠦᠷᠦᠰᠤ ᠰᠢᠷᠤᠢ ᠪᠠ ᠣᠰᠤ ᠴᠠᠬᠢᠯᠭᠠᠨ ᠤ ᠲᠦᠬᠦᠬᠡᠷᠤᠮᠵᠢ ᠳᠤ ᠪᠠᠨ ᠦᠭᠡᠷᠡᠴᠢᠯᠡᠯᠲᠡ ᠬᠢᠵᠤ᠂ ᠣᠳᠠᠯ ᠦᠭᠡᠢ | ᠡᠬᠢᠯᠡᠬᠦ ᠪᠠᠷ ᠪᠠᠶᠢᠭ᠎ᠠ ᠬᠠᠪᠤᠷ ᠤᠨ ᠲᠠᠷᠢᠶᠠᠯᠠᠭ᠎ᠠ ᠳᠤ ᠪᠠᠳᠤᠯᠠᠭ᠎ᠠ ᠬᠠᠩᠭᠠᠵᠤ ᠪᠠᠶᠢᠨ᠎ᠠ᠃ | ᠰᠦᠯᠳᠡ ᠰᠤᠮᠤᠨ ᠤ ᠴᠤᠤᠳᠠᠢ ᠭᠠᠴᠠᠭᠠᠨ ᠤ ︽ᠴᠤᠤᠳᠠᠢ︾ ᠮᠠᠯ ᠲᠠᠷᠢᠶᠠᠯᠠᠩ ᠤᠨ ᠲᠤᠰᠬᠠᠶᠢᠵᠢᠭᠰᠠᠨ | ᠬᠤᠷᠰᠢᠵᠢᠶᠠᠯ ᠤᠨ 3000 ᠮᠤ᠋ ᠶᠢᠨ ᠲᠠᠷᠢᠶᠠᠨ ᠭᠠᠵᠠᠷ ᠲᠤ ᠬᠡᠰᠡᠭ ᠬᠡᠰᠡᠭ ᠣᠪᠤᠭᠠᠯᠠᠨ ᠲᠠᠯᠪᠢᠭᠰᠠᠨ ᠬᠦᠷᠦᠰᠤ | ᠰᠢᠷᠤᠢ ᠵᠢᠭᠳᠡᠷᠡᠨ ᠬᠠᠷᠠᠭᠳᠠᠵᠦ᠂ ᠠᠴᠢᠶᠠᠨ ᠤ ᠲᠤᠮᠤ ᠮᠠᠰᠢᠨ ᠵᠥᠷᠢᠯᠳᠤᠵᠦ ᠶᠠᠭᠠᠷᠠᠯᠳᠠᠶᠢᠬᠠᠨ ᠠᠵᠢᠯᠯᠠᠵᠤ ᠪᠠᠶᠢᠯ᠎ᠠ᠃ | ᠲᠤᠰ 3000 ᠮᠤ᠋ ᠭᠠᠵᠠᠷ ᠪᠤᠯ 2008 ᠣᠨ ᠳᠤ ᠠᠪᠤᠭᠰᠠᠨ ᠬᠠᠮᠤᠭ ᠠᠩᠬᠠᠨ ᠤ ᠭᠠᠵᠠᠷ ᠪᠤᠯᠬᠤᠷ ᠬᠦᠷᠦᠰᠣ | ᠰᠢᠷᠤᠢ ᠨᠢ ᠪᠠᠭ᠋ᠠᠨ ᠮᠠᠭᠤᠳᠠᠵᠦ᠂ ᠴᠠᠶᠢᠳᠠᠮ ᠭᠠᠵᠠᠷ᠂ ᠰᠢᠪᠠᠷᠯᠢᠭ ᠭᠠᠵᠠᠷ ᠨᠢ ᠮᠠᠩᠬ᠎ᠠ ᠲᠤᠳᠠᠭᠤ᠂ ᠮᠠᠩᠬᠠᠯᠢᠭ ᠭᠠᠵᠠᠷ | ᠲᠤ ᠨᠢ ᠰᠢᠪᠠᠷ ᠲᠤᠳᠠᠵᠤ᠂ ᠴᠠᠬᠢᠯᠭᠠᠨ ᠣᠳᠠᠰᠤ ᠨᠢ ᠴᠦᠮ ᠬᠠᠭᠤᠴᠢᠷᠠᠭᠰᠠᠨ ᠪᠠᠶᠢᠪᠠ᠃ ᠡᠨᠡᠬᠦ ᠪᠠᠶᠢᠳᠠᠯ ᠳᠤ | ᠴᠢᠭᠯᠡᠬᠦᠯᠦᠨ ︽ᠴᠤᠤᠳᠠᠢ︾ ᠮᠠᠯ ᠲᠠᠷᠢᠶᠠᠯᠠᠩ ᠤᠨ ᠲᠤᠰᠬᠠᠶᠢᠵᠢᠭᠰᠠᠨ ᠬᠤᠷᠰᠢᠵᠢᠶᠠᠯ ᠨᠢ ᠨᠢᠳᠤᠨᠤᠨ ᠠᠴᠠ ᠡᠬᠢᠯᠡᠨ | ᠬᠦᠷᠦᠰᠤ ᠰᠢᠷᠤᠢ ᠶᠢᠨ ᠦᠬᠡᠷᠡᠴᠢᠯᠡᠯᠳᠡ ᠬᠢᠬᠦ ᠶᠢᠨ ᠬᠠᠮᠲᠤ ᠴᠠᠬᠢᠯᠭᠠᠨ ᠣᠳᠠᠰᠤ ᠪᠠ ᠬᠤᠪᠢᠰᠬᠠᠭᠤᠷ ᠢ ᠨᠢ ᠴᠦᠮ | ᠰᠣᠯᠢᠵᠤ᠂ ᠬᠦᠷᠦᠰᠦ ᠰᠢᠷᠤᠢ ᠶᠢᠨ ᠦᠬᠡᠷᠡᠴᠢᠯᠡᠯᠳᠡ ᠨᠢ ᠪᠠᠷᠤᠭ 300 ᠲᠥᠮᠡᠨ ᠲᠥᠬᠦᠷᠢᠭ ᠵᠠᠷᠤᠴᠠᠭᠤᠯᠵᠤ᠂ | ᠣᠰᠤ ᠴᠠᠬᠢᠯᠭᠠᠨ ᠤ ᠲᠦᠬᠦᠬᠡᠷᠤᠮᠵᠢ ᠶᠢᠨ ᠦᠭᠡᠷᠡᠴᠢᠯᠡᠯᠲᠡ ᠨᠢ ᠪᠠᠷᠤᠭ 350 ᠲᠥᠮᠡᠨ ᠲᠥᠬᠦᠷᠢᠭ ᠵᠠᠷᠤᠴᠠᠭᠤᠯᠬᠤ | ᠪᠠᠷ ᠪᠠᠶᠢᠨ᠎ᠠ᠃ | ︽ᠴᠤᠤᠳᠠᠢ︾ ᠮᠠᠯ ᠲᠠᠷᠢᠶᠠᠯᠠᠩ ᠤᠨ ᠲᠤᠰᠬᠠᠶᠢᠵᠢᠭᠰᠠᠨ ᠬᠤᠷᠰᠢᠶᠠᠵᠢᠯ ᠨᠢ ᠦᠤᠰᠢᠨ ᠬᠤᠰᠢᠭᠤᠨ ᠠᠴᠠ | ᠭᠤᠤᠯᠳᠠᠯᠭᠠᠳᠠᠢ ᠬᠦᠭᠵᠢᠬᠦᠯᠵᠦ ᠪᠠᠶᠢᠭ᠎ᠠ ᠣᠳᠤᠬᠢᠴᠢᠯᠠᠭᠰᠠᠨ ᠬᠡᠪᠴᠢᠶᠡᠵᠢᠭᠰᠡᠨ ᠲᠠᠷᠢᠶᠠᠯᠠᠩ ᠤᠨ ᠦᠢᠯᠡᠰ ᠪᠠᠶᠢᠵᠦ᠂ | 2008 ᠣᠨ ᠳᠤ ᠴᠤᠤᠳᠠᠢ ᠭᠠᠴᠠᠭᠠᠨ ᠤ 68 ᠡᠷᠤᠬᠡ ᠮᠠᠯᠴᠢᠨ ᠬᠤᠯᠪᠤᠭᠠᠯᠠᠨ ᠬᠤᠷᠰᠢᠶᠠᠵᠢᠯ ᠪᠠᠶᠢᠭᠤᠯᠤᠨ᠂ | ᠮᠠᠯᠴᠢᠳ ᠤᠨ ᠲᠠᠷᠬᠠᠢ ᠪᠤᠳᠠᠷᠬᠠᠢ ᠲᠠᠷᠢᠶᠠᠨ ᠭᠠᠵᠠᠷ ᠢ ᠴᠤᠮᠬᠠᠳᠬᠠᠨ᠂ ᠨᠡᠶᠢᠳᠡ 26500 ᠮᠤ᠋ ᠶᠢᠨ ᠲᠠᠷᠢᠶᠠᠨ | ᠭᠠᠵᠠᠷ ᠢ ᠮᠤ᠋ ᠲᠤᠳᠤᠮ 300 ᠲᠥᠬᠦᠷᠢᠭ ᠢᠶᠠᠷ ᠲᠦᠷᠢᠶᠡᠰᠤᠯᠡᠨ ᠠᠪᠴᠦ ᠡᠵᠡᠩᠨᠡᠭᠰᠡᠨ ᠶᠤᠮ᠃ ᠲᠤᠰ | ᠬᠤᠷᠰᠢᠶᠠᠵᠢᠯ ᠨᠢ ᠦᠣᠰᠢᠨ ᠬᠤᠰᠢᠭᠤᠨ ᠤ ᠹᠧᠩ ᠾᠧ ᠿᠢ ᠯᠢ ᠲᠠᠷᠢᠶᠠᠯᠠᠩ ᠤᠨ ᠦᠢᠯᠡᠰ ᠢ ᠨᠡᠬᠡᠬᠡᠨ | ᠬᠦᠭᠵᠢᠬᠦᠯᠬᠦ ᠬᠢᠵᠠᠭᠠᠷᠳᠤ ᠺᠤᠮᠫᠠᠨᠢ ᠵᠡᠷᠭᠡ ᠠᠵᠦ ᠠᠬᠤᠶᠢᠯᠠᠯ ᠲᠠᠢ ᠬᠤᠷᠰᠢᠨ ᠠᠵᠢᠯᠯᠠᠵᠦ᠂ ᠵᠠᠬᠢᠶᠠᠯᠠᠭ᠎ᠠ ᠶᠢᠨ ᠬᠡᠯᠪᠡᠷᠢ | ᠮᠠᠶ᠋ᠢᠭ ᠪᠦᠬᠦᠢ ᠣᠳᠤᠬᠢᠴᠢᠯᠠᠭᠰᠠᠨ ᠲᠠᠷᠢᠶᠠᠯᠠᠩ ᠤᠨ ᠦᠢᠯᠡᠰ ᠢ ᠬᠦᠭᠵᠢᠬᠦᠯᠤᠨ᠂ ᠲᠠᠷᠢᠵᠦ ᠬᠤᠷᠢᠶᠠᠬᠤ | ᠲᠡᠭᠡᠭᠡᠪᠦᠷᠢᠯᠡᠬᠦ ᠵᠡᠷᠭᠡ ᠶᠢᠨ ᠪᠦᠬᠦ ᠶᠠᠪᠤᠴᠠ ᠶᠢᠨ ᠮᠠᠰᠢᠨᠴᠢᠯᠠᠯᠳᠠ ᠶᠢ ᠪᠡᠶᠡᠯᠡᠬᠦᠯᠦᠨ᠂ ᠪᠦᠲᠦᠭᠡᠭᠳᠡᠬᠦᠨ ᠢᠶᠠᠨ | ᠭᠤᠤᠯᠳᠠᠭᠤ ᠭᠤᠸᠠᠩᠵᠧᠦ᠂ ᠵᠧᠵᠢᠶᠠᠩ ᠵᠡᠷᠭᠡ ᠡᠮᠤᠨᠡᠳᠤ ᠣᠷᠤᠨ ᠢᠶᠠᠷ ᠪᠤᠷᠤᠯᠠᠭᠤᠯᠵᠦ ᠪᠠᠶᠢᠨ᠎ᠠ᠃ |