ᠹᠧᠩ ᡁᠢ ᠮᠢᠩ᠂ ᠭᠤᠤ ᠬᠤ᠋ ᠨᠠᠷ ᠪᠥᠭᠦ ᠤᠯᠤᠰ ᠤᠨ ᠰᠢᠶᠠᠨ ᠤ ᠲᠠᠰ ᠤᠨ ᠪᠤᠯᠪᠠᠰᠤᠨ ᠬᠤᠳᠠ ᠶᠢ ᠡᠭᠦᠳᠤᠨ ᠪᠠᠶᠢᠭᠤᠯᠬᠤ ᠠᠵᠢᠯ ᠳᠤ ᠭᠢᠨᠠᠨ ᠵᠢᠯᠤᠭᠤᠳᠤᠯᠭ᠎ᠠ ᠬᠢᠪᠡ
ᠨᠡᠶᠢᠲᠡᠯᠡᠭᠰᠡᠨ ᠴᠠᠭ᠄
2018-05-08
      5 ᠰᠠᠷ᠎ᠠ ᠶᠢᠨ 2 ᠤᠨ ᠡᠳᠤᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠲᠡᠳ᠋ ᠲᠠᠷᠤᠭ᠎ᠠ᠂ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠲᠠᠷᠤᠭ᠎ᠠ ᠭᠤᠤ ᠬᠤ᠋ ᠨᠠᠷ ᠬᠤᠰᠢᠭᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠵᠠᠮ ᠬᠠᠷᠢᠯᠴᠠᠭᠠᠨ  ᠤ ᠴᠠᠭᠳᠠᠭᠠᠨ ᠤ ᠬᠠᠮᠢᠶᠠᠷᠤᠯᠳᠠ ᠶᠢᠨ ᠶᠡᠭᠡ ᠠᠩᠭᠢ᠂ ᠬᠠᠤᠯᠢ ᠭᠡᠷᠡᠭᠵᠢᠭᠦᠯᠭᠦ ᠲᠤᠪᠴᠢᠶ᠎ᠠ᠂ ᠵᠠᠮ ᠬᠠᠷᠢᠯᠴᠠᠭ᠎ᠠ ᠲᠡᠭᠡᠭᠡᠪᠤᠷᠢ ᠶᠢᠨ ᠲᠤᠪᠴᠢᠶ᠎ᠠ᠂ ᠤᠶᠤᠨ ᠤ ᠪᠤᠯᠪᠠᠰᠤᠨ ᠤ ᠠᠯᠪᠠᠨ ᠭᠡᠷ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠢ ᠲᠠᠭᠠᠭᠤᠯᠤᠨ᠂ ᠭᠠᠯᠠᠭᠤᠳᠤ ᠪᠠᠯᠭᠠᠰᠤᠨ ᠲᠤᠭᠤᠷᠢᠭ ᠲᠤ ᠬᠦᠷᠴᠤ᠂ ᠪᠥᠭᠦ ᠤᠯᠤᠰ ᠤᠨ ᠰᠢᠶᠠᠨ ᠤ ᠲᠠᠰ ᠤᠨ ᠪᠤᠯᠪᠠᠰᠤᠨ ᠬᠤᠳᠠ ᠶᠢ ᠡᠭᠦᠳᠤᠨ ᠪᠠᠶᠢᠭᠤᠯᠬᠤ ᠠᠵᠢᠯ ᠤᠨ ᠠᠬᠢᠴᠠ ᠶᠢᠨ ᠪᠠᠶᠢᠳᠠᠯ ᠳᠤ ᠭᠢᠨᠠᠨ ᠵᠢᠯᠤᠭᠤᠳᠤᠯᠭ᠎ᠠ ᠭᠢᠭᠰᠡᠨ ᠪᠠᠶᠢᠨ᠎ᠠ᠃      ᠹᠧᠩ ᡁᠢ ᠮᠢᠩ ᠨᠠᠷ ᠤᠷᠢᠳ ᠬᠤᠵᠢᠳ ᠬᠠᠶᠠᠭᠳᠠᠮᠠᠯ ᠪᠤᠳᠠᠰ ᠢ ᠬᠤᠷᠢᠶᠠᠨ ᠠᠪᠬᠤ ᠥᠷᠳᠡᠭᠡ᠂ ᠲᠤᠤᠷ ᠰᠥᠯᠵᠢᠶᠠᠨ ᠤ ᠪᠠᠭᠠᠷ᠂ ᠰᠤᠷᠭᠠᠭᠤᠯᠢ᠂ ᠲᠠᠷᠭᠡᠨ ᠥᠷᠳᠡᠭᠡ᠂ ᠬᠤᠳᠠᠯᠳᠤᠭᠠᠨ ᠤ ᠲᠠᠯᠠᠪᠤᠷ᠂ ᠵᠠᠰᠠᠭ ᠤᠨ ᠶᠠᠪᠤᠳᠠᠯ  ᠤᠨ ᠣᠶᠢᠯᠡᠴᠢᠯᠡᠬᠡᠨ ᠤ ᠲᠢᠩᠭᠢᠮ ᠵᠡᠷᠭᠡ ᠭᠠᠵᠠᠷ ᠲᠤ ᠬᠦᠷᠴᠤ᠂ ᠡᠭᠦᠳᠤᠨ ᠪᠠᠶᠢᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠥᠵᠠᠭᠦ ᠶᠢᠨ ᠬᠠᠮᠳᠤ ᠬᠤᠯᠪᠤᠭᠳᠠᠯ ᠪᠥᠭᠦᠢ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠳᠠᠨ ᠤ ᠲᠠᠨᠢᠯᠴᠠᠭᠤᠯᠭ᠎ᠠ ᠶᠢ ᠰᠤᠨᠤᠰᠤᠭᠰᠠᠨ ᠪᠠᠶᠢᠨ᠎ᠠ᠃ ᠭᠥᠷᠥᠭᠰᠠᠨ ᠭᠠᠵᠠᠷ ᠪᠤᠯᠭᠠᠨ ᠳᠤ᠂ ᠹᠧᠩ ᡁᠢ ᠮᠢᠩ ᠨᠠᠷ ᠠᠷᠠᠳ  ᠤᠨ ᠠᠭᠠᠷ ᠤᠨ ᠰᠠᠷᠬᠡᠶᠢᠯᠡᠯᠳᠡ᠂ ᠮᠠᠷᠭᠡᠵᠢᠯ ᠤᠨ ᠠᠮᠤᠷ ᠲᠦᠪᠰᠢᠨ ᠤ ᠬᠠᠮᠠᠭᠠᠯᠠᠯᠳᠠ᠂ ᠭᠠᠯ ᠤᠨ ᠠᠶᠤᠯ ᠠᠴᠠ ᠰᠡᠷᠭᠡᠶᠢᠯᠡᠬᠦ ᠠᠷᠭ᠎ᠠ ᠭᠡᠮᠵᠢᠶ᠎ᠠ ᠶᠢᠨ ᠤᠷᠤᠨᠵᠢᠭᠰᠠᠨ ᠡᠰᠡᠭᠦ ᠶᠢ ᠤᠶᠢᠯᠠᠭᠠᠵᠤ᠂ ᠨᠠᠶᠢᠭᠡᠮ ᠵᠢᠷᠤᠮ ᠤᠨ ᠭᠤᠤᠯᠯᠠᠭᠴᠢ ᠥᠷᠳᠡᠭ ᠤᠨ ᠥᠵᠡᠯᠳᠠ᠂ ᠪᠤᠯᠪᠠᠰᠤᠨ ᠢ ᠡᠷᠭᠢᠮᠯᠠᠨ ᠰᠢᠨ᠎ᠠ ᠰᠤᠷᠳᠠᠯ ᠢ ᠪᠤᠢ ᠪᠤᠯᠭᠠᠬᠤ᠂ ᠨᠠᠶᠢᠳᠠ ᠶᠢᠨ ᠠᠰᠠᠷᠠᠮᠵᠢ  ᠶᠢᠨ ᠵᠠᠷ ᠮᠡᠳᠡᠬᠡᠨ ᠤ ᠤᠬᠠᠭᠤᠯᠭ᠎ᠠ᠂ ᠰᠠᠶᠢᠨ ᠲᠤᠷ᠎ᠠ ᠶᠢᠨ ᠥᠢᠯᠡᠴᠢᠯᠡᠭᠡᠨ ᠤ ᠠᠵᠢᠯᠯᠠᠭᠠᠨ ᠤ ᠦᠷᠨᠢᠯᠲᠡ ᠶᠢᠨ ᠪᠠᠶᠢᠳᠠᠯ ᠪᠤᠯᠤᠨ ᠪᠤᠯᠪᠠᠰᠤᠨ ᠬᠤᠳᠠ ᠶᠢᠨ ᠡᠭᠦᠳᠤᠨ ᠪᠠᠶᠢᠭᠤᠯᠤᠯᠳᠠ ᠶᠢᠨ ᠶᠡᠷᠤᠩᠬᠡᠢ ᠠᠭᠢᠴᠠ ᠶᠢᠨ ᠪᠠᠶᠢᠳᠠᠯ ᠢ ᠪᠠᠶᠢᠴᠠᠭᠠᠨ ᠥᠵᠡᠭᠰᠠᠨ ᠪᠠᠶᠢᠨ᠎ᠠ᠃      ᠥᠥᠰᠢᠨ ᠬᠤᠰᠢᠭᠤᠨ ᠤ ᠵᠢᠩ ᠪᠢᠶᠤᠤ ᠬᠠᠶᠠᠭᠳᠠᠮᠠᠯ ᠲᠠᠮᠦᠷᠯᠢᠭ ᠢ ᠬᠤᠷᠢᠶᠠᠨ ᠠᠪᠬᠤ ᠥᠷᠳᠡᠭᠡᠨ ᠳᠤ᠂ ᠬᠠᠤᠯᠢ ᠭᠡᠷᠡᠭᠵᠢᠭᠦᠯᠭᠦ ᠲᠤᠪᠴᠢᠶᠠᠨ ᠤ ᠬᠠᠷᠢᠭᠤᠴᠠᠯᠭᠠᠲᠠᠨ ᠠᠴᠠ ᠬᠠᠶᠠᠭᠳᠠᠮᠠᠯ ᠪᠤᠳᠠᠰ ᠬᠤᠷᠢᠶᠠᠨ ᠠᠪᠬᠤ  ᠦᠷᠳᠡᠭᠡ  ᠶᠢ ᠨᠡᠭᠦᠯᠭᠡᠨ ᠰᠢᠯᠵᠢᠭᠦᠯᠬᠦ ᠶᠠᠪᠤᠴᠠ ᠲᠤᠮᠳᠠ ᠤᠷᠤᠰᠢᠵᠤ ᠪᠠᠶᠢᠭ᠎ᠠ ᠠᠰᠠᠭᠤᠳᠠᠯ ᠪᠤᠯᠤᠨ ᠭᠥᠴᠢᠷᠳᠠᠯ ᠤᠨ ᠲᠠᠯ᠎ᠠ ᠪᠠᠷ ᠠᠵᠢᠯ ᠤᠨ ᠬᠠᠷᠢᠭᠤ ᠮᠡᠳᠡᠭᠦᠯᠥᠯᠳᠠ ᠭᠢᠪᠠ᠃ ᠬᠠᠷᠢᠭᠤ ᠮᠠᠳᠡᠭᠦᠯᠥᠯᠳᠠ ᠶᠢ ᠰᠤᠨᠤᠰᠤᠭᠰᠠᠨ ᠤ ᠲᠠᠷᠠᠭ᠎ᠠ᠂ ᠹᠧᠩ ᡁᠢ ᠮᠢᠩ ᠱᠠᠭᠠᠷᠳᠠᠬᠤ ᠳᠤ ᠪᠠᠨ᠂ ᠲᠤᠳᠤᠭᠠᠳᠤ ᠶᠢ ᠬᠠᠮᠠᠭᠠᠯᠠᠬᠤ᠂ ᠴᠠᠭᠢᠯᠭᠠᠨ ᠬᠠᠩᠭᠠᠯᠳᠠ ᠵᠡᠷᠭᠡ ᠬᠤᠯᠪᠤᠭᠳᠠᠯ ᠪᠥᠭᠦᠢ ᠰᠠᠯᠠᠭ᠎ᠠ ᠮᠥᠴᠢᠷ ᠠᠵᠢᠯ ᠤᠨ ᠭᠥᠴᠥᠯᠠᠴᠠ ᠪᠠᠨ ᠨᠡᠮᠡᠭᠳᠡᠭᠦᠯᠤᠨ᠂ ᠨᠡᠭᠦᠯᠭᠡᠨ ᠰᠢᠯᠵᠢᠭᠦᠯᠬᠦ ᠶᠠᠪᠤᠴᠠ ᠲᠤᠮᠳᠠ ᠤᠷᠤᠰᠢᠵᠤ ᠪᠠᠶᠢᠭ᠎ᠠ ᠠᠰᠠᠭᠤᠳᠠᠯ ᠪᠤᠯᠤᠨ ᠭᠥᠴᠢᠷᠳᠠᠯ ᠢ ᠵᠤᠭᠢᠴᠠᠭᠤᠯᠤᠨ ᠰᠢᠢᠳᠪᠤᠷᠢᠯᠡᠵᠤ᠂ ᠬᠠᠶᠠᠭᠳᠠᠮᠠᠯ ᠪᠤᠳᠠᠰ ᠢ ᠬᠤᠷᠢᠶᠠᠨ ᠠᠪᠬᠤ ᠴᠡᠭ ᠤᠨ ᠨᠠᠭᠦᠯᠭᠡᠭᠦ ᠠᠵᠢᠯ ᠢ ᠡᠷᠳᠡᠭᠡᠨ ᠲᠠᠭᠤᠰᠬᠠᠬᠤ ᠭᠡᠷᠡᠭᠳᠠᠢ ᠭᠡᠵᠡᠢ᠃ ᠨᠢᠭᠡᠳᠤᠭᠡᠷ ᠲᠤᠷᠰᠢᠯᠳᠠ ᠶᠢᠨ ᠪᠠᠭ᠎ᠠ ᠰᠤᠷᠭᠠᠭᠤᠯᠢ ᠶᠢᠨ ᠤᠶᠢᠷ᠎ᠠ ᠬᠠᠪᠢ ᠶᠢᠨ ᠵᠠᠮ ᠬᠠᠷᠢᠯᠴᠠᠭᠠᠨ ᠤ ᠠᠮᠤᠷ ᠲᠥᠪᠰᠢᠨ ᠤ ᠪᠠᠶᠢᠳᠠᠯ ᠢ ᠪᠠᠶᠢᠴᠠᠭᠠᠨ ᠥᠵᠡᠭᠰᠠᠨ ᠤ ᠲᠠᠷᠠᠭ᠎ᠠ᠂ ᠭᠤᠤ ᠬᠤ᠋ ᠠᠴᠠ ᠰᠤᠷᠭᠠᠭᠤᠯᠢ ᠶᠢᠨ ᠤᠶᠢᠷ᠎ᠠ ᠬᠠᠪᠢ ᠶᠢᠨ ᠠᠮᠤᠷ ᠲᠥᠪᠰᠢᠨ ᠤ ᠠᠵᠢᠯ ᠢ ᠰᠠᠶᠢᠨ ᠭᠢᠭᠦ ᠲᠠᠯ᠎ᠠ ᠪᠠᠷ᠂ ᠲᠤᠬᠠᠢ ᠶᠢᠨ ᠲᠠᠯᠠᠪᠠᠢ ᠶᠢᠨ ᠪᠠᠶᠢᠷᠢᠯᠠᠭᠤᠯᠤᠯᠳᠠ ᠭᠢᠵᠤ᠂ ᠲᠤᠳᠤᠭᠠᠳᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠴᠠᠭᠳᠠᠭᠠᠨ ᠤ ᠬᠠᠮᠢᠶᠠᠷᠤᠯᠳᠠ ᠶᠢᠨ ᠰᠠᠯᠠᠭ᠎ᠠ ᠮᠥᠴᠢᠷ ᠢ ᠮᠢ ᡁᠢ ᠰᠢᠶᠠᠨ ᠤ ᠤᠷᠴᠢᠮ ᠳᠤ ᠡᠭᠦᠰᠥᠭᠰᠠᠨ ᠭᠡᠷᠡᠭ ᠠᠴᠠ ᠰᠤᠷᠭᠠᠮᠵᠢ ᠠᠪᠴᠤ᠂ ᠭᠢᠴᠶᠠᠯ ᠤᠷᠤᠬᠤ ᠭᠢᠴᠢᠶᠠᠯ ᠪᠠᠭᠤᠬᠤ ᠬᠤᠭᠤᠴᠠᠭᠠᠨ ᠳᠤ ᠴᠠᠭᠳᠠᠭᠠᠨ ᠤ ᠭᠥᠴᠤᠨ ᠢ ᠲᠤᠭᠢᠷᠠᠭᠤᠯᠤᠨ᠂ ᠮᠠᠰᠢᠨ ᠲᠡᠷᠭᠡ ᠵᠤᠭᠰᠤᠭᠠᠬᠤ᠂ ᠵᠠᠮ ᠬᠠᠷᠢᠯᠴᠠᠭ᠎ᠠ  ᠶᠢ ᠨᠡᠪᠳᠡᠷᠡᠭᠦᠯᠭᠦ᠂ ᠨᠠᠰᠤᠨ ᠳᠤ ᠥᠯᠥ ᠭᠥᠷᠥᠭᠰᠡᠳ ᠤᠨ ᠠᠶᠤᠯᠭᠦᠢ ᠶᠢᠨ ᠰᠠᠷᠭᠡᠶᠢᠯᠡᠯᠳᠠ ᠶᠢᠨ ᠠᠵᠢᠯ ᠢ ᠰᠠᠶᠢᠲᠤᠷ ᠬᠢᠬᠦ ᠶᠢ ᠱᠠᠭᠠᠷᠳᠠᠵᠠᠢ᠃ ᠭᠢᠨᠠᠨ ᠵᠢᠯᠤᠭᠤᠳᠬᠤ ᠲᠤᠭᠤᠶᠢᠯᠠᠩ ᠤᠨ ᠬᠢᠨ ᠪᠠᠰᠠ ᠬᠠᠭᠤᠴᠢᠨ ᠵᠠᠭᠡᠯᠢ ᠭᠤᠳᠤᠮᠵᠢ ᠳᠤ ᠲᠡᠷᠭᠡ ᠮᠠᠰᠢᠨ ᠵᠤᠭᠰᠤᠭᠠᠬᠤ ᠳᠤ ᠭᠥᠴᠢᠷ ᠠᠰᠠᠭᠤᠳᠠᠯ ᠪᠤᠯᠤᠨ ᠲᠤᠤᠷ ᠰᠥᠯᠵᠢᠶᠠᠨ ᠤ ᠪᠠᠭᠠᠷ᠂ ᠬᠤᠳᠠᠯᠳᠤᠭᠠᠨ ᠤ ᠲᠠᠯᠠᠪᠤᠷ ᠵᠡᠷᠭᠡ ᠶᠢᠨ ᠤᠯᠠᠨ ᠨᠠᠶᠢᠳᠠ ᠶᠢᠨ ᠲᠠᠯᠠᠪᠤᠷ ᠤᠨ ᠭᠠᠯ ᠤᠨ ᠠᠶᠤᠯ ᠠᠴᠠ ᠰᠡᠷᠭᠡᠶᠢᠯᠡᠬᠦ ᠵᠡᠷᠭᠡ ᠤᠴᠢᠷ ᠲᠤ ᠪᠠᠶᠢᠷᠢᠯᠠᠭᠤᠯᠤᠯᠲᠠ ᠭᠢᠭᠰᠡᠨ ᠪᠠᠶᠢᠨ᠎ᠠ᠃      ᠹᠧᠩ ᡁᠢ ᠮᠢᠩ ᠴᠢᠬᠤᠯᠠᠴᠢᠯᠠᠬᠤ ᠳᠤ ᠪᠠᠨ᠂ ᠡᠯ᠎ᠠ ᠬᠤᠯᠪᠤᠭᠳᠠᠯ ᠪᠥᠭᠦᠢ ᠪᠠᠶᠢᠭᠤᠯᠭ᠎ᠠ ᠨᠢᠭᠡᠴᠢ ᠰᠠᠯᠠᠭ᠎ᠠ ᠮᠥᠴᠢᠷ᠂ ᠤᠳᠤᠬᠠᠨ ᠤ ᠡᠭᠦᠳᠤᠨ ᠪᠠᠶᠢᠭᠤᠯᠤᠯᠳᠠ ᠶᠢᠨ ᠠᠵᠢᠯ ᠤᠨ ᠪᠠᠶᠢᠳᠠᠯ ᠪᠠᠴᠢᠮ᠂ ᠡᠭᠦᠷᠭᠡ ᠭᠥᠨᠳᠤ ᠪᠠᠶᠢᠭ᠎ᠠ ᠪᠠᠶᠢᠳᠠᠯ ᠳᠤ ᠴᠢᠭᠯᠡᠭᠦᠯᠤᠨ ᠬᠠᠷᠢᠭᠤᠴᠠᠯᠭᠠᠳᠤ ᠰᠠᠳᠭᠢᠯᠭᠡ ᠪᠤᠯᠤᠨ ᠪᠠᠴᠢᠮ ᠲᠤᠯᠭᠠᠮ᠎ᠠ ᠰᠠᠳᠭᠢᠯᠭᠡ ᠪᠠᠨ ᠨᠡᠮᠡᠭᠳᠡᠭᠦᠯᠵᠤ᠂ ᠨᠠᠩ ᠪᠤᠳᠠᠳᠠᠢ ᠨᠠᠩ ᠨᠠᠷᠢᠯᠢᠭ ᠠᠵᠢᠯ ᠤᠨ ᠰᠤᠷᠳᠠᠯ ᠢᠶᠠᠷ᠂ ᠰᠢᠷᠭᠠᠭᠤ ᠠᠵᠢᠯᠯᠠᠵᠤ᠂ ᠡᠭᠦᠳᠤᠨ ᠪᠠᠶᠢᠭᠤᠯᠤᠯᠳᠠ ᠶᠢᠨ ᠠᠵᠢᠯ ᠤᠨ ᠡᠭᠦᠷᠭᠡ ᠶᠢ ᠪᠤᠳᠠᠳᠠᠶᠢᠵᠢᠭᠤᠯᠬᠤ ᠭᠡᠷᠡᠭᠳᠠᠢ᠃ ᠲᠤᠳᠠᠭᠳᠠᠯ ᠢᠶᠠᠨ ᠡᠷᠢᠨ ᠭᠥᠷᠤᠯᠴᠡᠭᠦᠢ ᠪᠠᠨ ᠨᠥᠭᠦᠪᠤᠷᠢᠯᠠᠵᠤ᠂ ᠤᠷᠤᠰᠢᠵᠤ ᠪᠠᠶᠢᠭ᠎ᠠ ᠠᠰᠠᠭᠤᠳᠠᠯ ᠢ ᠪᠤᠳᠤᠮᠵᠢᠳᠠᠢ ᠰᠢᠢᠳᠪᠤᠷᠢᠯᠡᠬᠦ ᠭᠡᠷᠡᠭᠳᠠᠢ᠃ ᠤᠬᠠᠭᠤᠯᠭ᠎ᠠ ᠶᠢ ᠴᠢᠩᠭᠠᠳᠬᠠᠨ ᠰᠤᠷᠭᠠᠨ ᠭᠥᠮᠤᠵᠢᠯ ᠢᠶᠠᠷ ᠵᠢᠯᠤᠭᠤᠳᠤᠭᠤᠯᠤᠨ᠂ ᠪᠥᠭᠦ ᠤᠯᠤᠰ ᠤᠨ ᠰᠢᠶᠠᠨ ᠤ ᠲᠠᠰ ᠤᠨ ᠪᠤᠯᠪᠠᠰᠤᠨ ᠬᠤᠳᠠ ᠶᠢ ᠡᠭᠦᠳᠤᠨ ᠪᠠᠶᠢᠭᠤᠯᠬᠤ᠂ ᠨᠡᠶᠢᠭᠡᠮ ᠵᠢᠷᠤᠮ ᠤᠨ ᠭᠤᠤᠯᠯᠠᠭᠴᠢ ᠥᠷᠳᠡᠭ ᠤᠨ ᠥᠵᠡᠯᠳᠠ ᠶᠢ ᠥᠢᠯᠡᠳᠤᠯᠭᠡᠵᠢᠭᠦᠯᠭᠦ ᠭᠥᠨ ᠵᠤᠵᠠᠭᠠᠨ ᠠᠭᠤᠷ ᠠᠮᠢᠰᠬᠤᠯ ᠢ ᠪᠥᠷᠢᠯᠳᠤᠭᠦᠯᠵᠤ᠂ ᠮᠠᠨ ᠤ ᠬᠤᠰᠢᠭᠤᠨ  ᠤ ᠪᠥᠭᠦ ᠤᠯᠤᠰ ᠤᠨ ᠰᠢᠶᠠᠨ ᠤ ᠲᠠᠰ ᠤᠨ ᠪᠤᠯᠪᠠᠰᠤᠨ ᠬᠤᠳᠠ ᠶᠢ ᠡᠭᠦᠳᠤᠨ ᠪᠠᠶᠢᠭᠤᠯᠬᠤ ᠠᠵᠢᠯ ᠤᠨ ᠪᠤᠳᠠᠳᠤ ᠥᠷ᠎ᠠ ᠪᠥᠳᠥᠮᠵᠢ ᠤᠯᠬᠤ ᠶᠢ ᠪᠠᠳᠤᠯᠠᠬᠤ ᠭᠡᠷᠡᠭᠳᠠᠢ ᠭᠡᠵᠡᠢ᠃
 
ᠢᠷᠡᠯᠲᠡ᠄ ᠦᠤᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号