ᠲᠥᠷᠥ ᠶᠢᠨ ᠶᠠᠪᠤᠳᠠᠯ ᠤᠨ ᠬᠤᠷᠢᠶ᠎ᠠ ᠠᠩᠬᠠᠳᠤᠭᠠᠷ ᠤᠳᠠᠭᠠᠨ ᠤ ᠴᠢᠭᠡᠴᠢ ᠵᠠᠰᠠᠭ ᠤᠨ ᠠᠵᠢᠯ ᠤᠨ ᠬᠤᠷᠠᠯ ᠬᠤᠷᠠᠯᠳᠤᠵᠤ ᠮᠠᠨ ᠤ ᠬᠤᠰᠢᠭᠤ ᠸᠢᠳᠢᠤ᠋ ᠬᠤᠷᠠᠯ ᠤᠨ ᠭᠡᠯᠪᠠᠷᠢ ᠪᠠᠷ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2018-05-08
     ᠤᠶᠢᠷ᠎ᠠ ᠶᠢᠨ ᠡᠳᠤᠷ᠂ ᠲᠥᠷᠥ ᠶᠢᠨ ᠶᠠᠪᠤᠳᠠᠯ ᠤᠨ ᠬᠤᠷᠢᠶᠠᠨ ᠤ ᠠᠩᠬᠠᠳᠤᠭᠠᠷ ᠤᠳᠠᠭᠠᠨ ᠤ ᠴᠢᠭᠡᠴᠢ ᠵᠠᠰᠠᠭ  ᠤᠨ ᠠᠵᠢᠯ ᠤᠨ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ᠂ ᠬᠤᠰᠢᠭᠤ ᠲᠠᠷᠤᠭ᠎ᠠ ᠴᠢᠶᠣᠣ ᠶᠥᠨ ᠯᠢ ᠪᠤᠯᠤᠨ ᠡᠯ᠎ᠠ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠥᠵᠢ᠂ ᠰᠤᠮᠤ ᠪᠠᠯᠭᠠᠰᠤᠨ ᠲᠠᠷᠤᠭ᠎ᠠ᠂ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠳᠤ ᠸᠢᠳᠢᠤ᠋ ᠬᠤᠷᠠᠯ ᠤᠨ ᠭᠡᠯᠪᠠᠷᠢ ᠪᠠᠷ ᠬᠤᠷᠠᠯ ᠳᠤ ᠤᠷᠤᠯᠴᠠᠪᠠ᠃      ᠬᠤᠷᠠᠯ ᠠᠴᠠ ᠵᠢᠭᠠᠵᠤ ᠭᠠᠷᠭᠠᠬᠤ ᠳᠤ ᠪᠠᠨ᠂ ᠠᠷᠢᠭᠤᠨ ᠴᠢᠭᠡᠴᠢ ᠵᠠᠰᠠᠭ ᠤᠨ ᠤᠷᠳᠤᠨ ᠤ ᠪᠠᠶᠢᠭᠤᠯᠤᠯᠳᠠ  ᠶᠢ ᠠᠭᠢᠭᠤᠯᠬᠤ ᠭᠡᠷᠡᠭᠳᠠᠢ᠃  ᠵᠠᠰᠠᠭ ᠤᠨ ᠤᠷᠳᠤᠨ ᠤ ᠥᠪᠠᠷ ᠤᠨ ᠪᠠᠶ᠎ᠠ ᠶᠢᠨ ᠥᠭᠡᠷᠡᠴᠢᠯᠡᠯᠳᠠ ᠶᠢ ᠠᠭᠢᠭᠤᠯᠤᠨ᠂ ᠡᠭᠢ ᠪᠠᠶᠠᠯᠢᠭ ᠤᠨ ᠲᠤᠭᠢᠷᠠᠭᠤᠯᠤᠯᠳᠠ ᠲᠤᠮᠳᠠ ᠵᠠᠬ᠎ᠠ ᠲᠠᠯᠭᠡᠭᠦᠷ ᠤᠨ ᠲᠤᠭᠳᠠᠯᠭᠠᠳᠤ ᠴᠢᠨᠠᠷ ᠲᠠᠢ ᠥᠢᠯᠡᠳᠤᠯ ᠭᠠᠷᠭᠠᠬᠤ᠂ ᠵᠠᠰᠠᠭ ᠤᠨ ᠤᠷᠳᠤᠨ ᠤ ᠥᠢᠯᠡᠳᠤᠯ ᠢ ᠨᠠᠩ ᠰᠠᠶᠢᠨ ᠪᠠᠳᠠᠷᠠᠭᠤᠯᠬᠤ ᠶᠢᠨ ᠲᠤᠭᠤᠷᠢᠨ ᠳᠤ ᠵᠠᠰᠠᠭ ᠢ ᠴᠤᠮᠬᠠᠳᠬᠠᠨ ᠡᠷᠭᠡ ᠶᠢ ᠲᠠᠯᠪᠢᠬᠤ᠂ ᠲᠠᠯᠪᠢᠵᠤ ᠬᠠᠮᠢᠶᠠᠷᠬᠤ ᠶᠢ ᠤᠶᠠᠯᠳᠤᠭᠤᠯᠤᠨ ᠥᠢᠯᠡᠴᠢᠯᠡᠭᠡ ᠶᠢ ᠰᠢᠯᠢᠳᠡᠭᠵᠢᠭᠦᠯᠭᠦ ᠥᠭᠡᠷᠡᠴᠢᠯᠡᠯᠳᠠ ᠶᠢ ᠭᠥᠨᠵᠡᠭᠡᠶᠢᠷᠠᠭᠦᠯᠵᠤ ᠡᠯ᠎ᠠ ᠱᠠᠳᠤᠨ ᠤ ᠵᠠᠰᠠᠭ ᠤᠨ ᠤᠷᠳᠤᠨ ᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠲᠤᠭᠳᠠᠭᠠᠨ ᠲᠠᠭᠦᠯᠳᠡᠷᠵᠢᠭᠦᠯᠵᠤ ᠡᠵᠡᠩᠨᠠᠯᠳᠠ ᠶᠢᠨ ᠤᠷᠴᠢᠨ ᠢ ᠰᠢᠯᠢᠳᠡᠭᠵᠢᠭᠦᠯᠤᠨ᠂ ᠵᠠᠬ᠎ᠠ ᠲᠡᠯᠭᠡᠭᠦᠷ ᠲᠤ ᠠᠮᠢᠵᠢᠷᠠᠯ ᠤᠨ ᠭᠥᠴᠤᠨ ᠨᠠᠮᠠᠷᠢᠯᠠᠵᠤ ᠥᠷᠭᠡᠨ ᠤᠯᠠᠨ ᠲᠥᠮᠡᠨ ᠳᠤ ᠲᠥᠭᠦᠮ ᠠᠪᠴᠢᠷᠠᠬᠤ ᠭᠡᠷᠡᠭᠳᠠᠢ᠃ ᠤᠯᠠᠨ ᠨᠠᠶᠢᠳᠠ ᠶᠢᠨ ᠪᠡᠯᠡ ᠮᠥᠩᠭᠦᠨ ᠤ ᠭᠡᠷᠡᠭᠯᠡᠯᠳᠠ ᠶᠢᠨ ᠠᠶᠤᠯᠭᠦᠢ ᠥᠨᠳᠤᠷ ᠠᠰᠢᠭ ᠲᠠᠢ ᠪᠠᠶᠢᠬᠤ ᠶᠢ ᠪᠠᠳᠤᠯᠠᠨ ᠲᠥᠰᠥᠪ ᠤᠨ ᠬᠡᠷᠡᠭᠵᠢᠭᠦᠯᠦᠯᠲᠡ ᠶᠢ ᠴᠢᠩᠭᠠᠳᠬᠠᠵᠤ ᠥᠷ᠎ᠠ ᠪᠥᠳᠥᠮᠵᠢ ᠶᠢᠨ ᠬᠠᠮᠢᠶᠠᠷᠤᠯᠳᠠ ᠶᠢ ᠪᠥᠭᠦ ᠲᠠᠯ᠎ᠠ ᠪᠠᠷ ᠭᠡᠷᠡᠭᠵᠢᠭᠦᠯᠤᠨ᠂ ᠶᠠᠳᠠᠭᠤ ᠶᠢ ᠲᠠᠳᠭᠦᠭᠦ᠂ ᠰᠤᠷᠭᠠᠨ ᠭᠥᠮᠤᠵᠢᠯ᠂ ᠨᠠᠰᠤᠳᠠᠨ ᠢ ᠠᠰᠠᠷᠠᠬᠤ ᠵᠡᠷᠭᠡ ᠠᠷᠠᠳ ᠤᠨ ᠠᠮᠢᠳᠤᠷᠠᠯ ᠤᠨ ᠴᠠᠷᠠᠭᠠᠨ ᠤ ᠤᠯᠠᠨ ᠨᠠᠶᠢᠳᠠ ᠶᠢᠨ ᠪᠡᠯᠡ ᠮᠥᠩᠭᠦᠨ ᠤ ᠬᠠᠮᠢᠶᠠᠷᠤᠯᠳᠠ ᠶᠢ ᠴᠢᠩᠭᠠᠳᠬᠠᠬᠤ ᠭᠡᠷᠡᠭᠳᠠᠢ᠃ ᠤᠯᠠᠨ ᠨᠠᠶᠢᠳᠠ ᠶᠢᠨ ᠡᠭᠢ ᠪᠠᠶᠠᠯᠢᠭ ᠤᠨ ᠰᠤᠯᠢᠯᠴᠠᠭ᠎ᠠ  ᠶᠢ ᠠᠭᠢᠭᠤᠯᠤᠨ ᠲᠤᠰᠬᠠᠢ ᠳᠠᠪᠴᠠᠩ ᠳᠤ ᠤᠷᠤᠭᠤᠯᠬᠤ ᠭᠡᠷᠡᠭᠳᠠᠢ᠃ ᠤᠯᠠᠨ ᠨᠠᠶᠢᠳᠠ ᠶᠢᠨ ᠡᠭᠢ ᠪᠠᠶᠠᠯᠢᠭ ᠤᠨ ᠡᠵᠡᠩᠨᠠᠯᠳᠠ ᠶᠢ ᠴᠢᠩᠭᠠᠳᠬᠠᠨ᠂ ᠵᠠᠩᠬᠢᠯᠠᠭ᠎ᠠ ᠶᠢᠨ ᠠᠰᠠᠭᠤᠳᠠᠯ᠂ ᠵᠠᠩᠬᠢᠯᠠᠭ᠎ᠠ ᠲᠠᠢ ᠭᠠᠵᠠᠷ᠂ ᠵᠠᠩᠬᠢᠯᠠᠭ᠎ᠠ ᠶᠢᠨ ᠭᠥᠮᠤᠨ ᠢ ᠴᠢᠩᠭ᠎ᠠ ᠬᠠᠮᠢᠶᠠᠷᠴᠤ᠂ ᠤᠯᠤᠰ ᠤᠨ ᠥᠮᠴᠢᠯᠠᠯᠳᠤ ᠠᠵᠤ ᠠᠬᠤᠢ ᠶᠢᠨ ᠠᠮᠢᠵᠢᠷᠠᠯ ᠤᠨ ᠭᠥᠴᠤᠨ ᠢ ᠪᠠᠳᠠᠷᠠᠭᠤᠯᠤᠨ ᠤᠯᠤᠰ ᠤᠨ ᠥᠮᠴᠢᠯᠠᠯᠳᠤ ᠡᠳ᠋ ᠭᠥᠷᠥᠩᠭᠡ ᠶᠢᠨ ᠠᠮᠤᠷ ᠲᠥᠪᠰᠢᠨ ᠢ ᠪᠠᠳᠤᠯᠠᠬᠤ ᠭᠡᠷᠡᠭᠳᠠᠢ᠃ ᠮᠥᠩᠭᠦᠨ ᠭᠦᠢᠯᠭᠡᠭᠡᠨ ᠤ ᠴᠠᠷᠠᠭᠠᠨ ᠤ ᠲᠥᠭᠰᠢᠭᠦᠷᠢ ᠶᠢ ᠰᠠᠷᠭᠡᠶᠢᠯᠡᠭᠦ ᠪᠤᠯᠤᠨ  ᠢᠯᠵᠢᠷᠡᠮᠡᠯ ᠢ ᠰᠠᠷᠭᠡᠶᠢᠯᠡᠭᠦ ᠶᠢ ᠨᠢᠭᠡᠳᠤᠯᠳᠠᠢ ᠲᠥᠯᠥᠪᠵᠢᠭᠦᠯᠤᠨ ᠴᠢᠩᠭ᠎ᠠ ᠠᠳᠬᠤᠬᠤ ᠭᠡᠷᠡᠭᠳᠠᠢ᠃ ᠤᠯᠠᠨ ᠨᠠᠶᠢᠳᠠ ᠶᠢᠨ ᠢᠨᠵᠧᠨᠧᠷᠢᠩ ᠤᠨ ᠪᠥᠳᠥᠭᠡᠨ ᠪᠠᠶᠢᠭᠤᠯᠤᠯᠳᠠ ᠶᠢᠨ ᠲᠥᠷᠥᠯ ᠵᠥᠢᠯ ᠤᠨ ᠰᠢᠢᠳᠪᠦᠷᠢᠲᠦ ᠪᠤᠳᠤᠯᠭ᠎ᠠ᠂ ᠭᠢᠨᠠᠨ ᠵᠦᠪᠰᠢᠶᠡᠷᠡᠯᠲᠡ᠂ ᠭᠡᠷᠡᠭᠵᠢᠭᠦᠯᠥᠯᠳᠠ ᠵᠡᠷᠭᠡ ᠶᠢᠨ ᠭᠢᠨᠠᠨ ᠬᠠᠮᠢᠶᠠᠷᠤᠯᠳᠠ ᠶᠢ ᠴᠢᠩᠭᠠᠳᠬᠠᠨ ᠡᠯ᠎ᠠ ᠲᠥᠷᠥᠯ ᠤᠨ ᠢᠨᠵᠧᠨᠧᠷᠢᠩ ᠢ ᠠᠷᠢᠭᠤᠨ ᠴᠢᠭᠡᠴᠢ ᠢᠨᠵᠧᠨᠧᠷᠢᠩ᠂ ᠠᠶᠤᠯᠭᠦᠢ ᠢᠨᠵᠧᠨᠧᠷᠢᠩ ᠪᠤᠯᠭᠠᠬᠤ ᠭᠡᠷᠡᠭᠳᠠᠢ ᠭᠡᠵᠡᠢ᠃       ᠬᠤᠷᠠᠯ ᠠᠴᠠ ᠴᠢᠬᠤᠯᠠᠴᠢᠯᠠᠬᠤ ᠳᠤ ᠪᠠᠨ᠂ ᠡᠯ᠎ᠠ ᠱᠠᠳᠤᠨ ᠤ ᠵᠠᠰᠠᠭ ᠤᠨ ᠤᠷᠳᠤᠨ ᠤᠯᠤᠰ ᠲᠥᠷᠥ ᠶᠢᠨ ᠪᠠᠶᠢᠭᠤᠯᠤᠯᠳᠠ ᠪᠠᠨ ᠴᠢᠩᠭᠠᠳᠬᠠᠨ᠂ ᠰᠢ ᠶᠢᠨ ᠫᠢᠩ ᠶᠠᠷᠤᠩᠭᠡᠢ ᠱᠥᠵᠢ ᠶᠢᠨ ᠭᠤᠤᠯᠯᠠᠭᠴᠢ ᠪᠠᠶᠢᠷᠢ ᠰᠠᠭᠤᠷᠢ᠂ ᠨᠠᠮ  ᠤᠨ ᠲᠥᠪ ᠬᠤᠷᠢᠶᠠᠨ ᠤ ᠡᠷᠭᠡ ᠰᠥᠷ ᠪᠤᠯᠤᠨ ᠲᠥᠪᠯᠡᠷᠡᠩᠭᠦᠢ ᠨᠢᠭᠡᠳᠤᠯᠳᠠᠢ ᠤᠳᠤᠷᠢᠳᠤᠯᠭ᠎ᠠ ᠶᠢ ᠡᠷᠡᠰ ᠬᠠᠮᠠᠭᠠᠯᠠᠨ᠂ ᠲᠥᠷᠪᠡᠨ ᠤᠬᠠᠮᠰᠠᠷ ᠢ ᠨᠡᠮᠡᠭᠳᠡᠭᠦᠯᠵᠦ ᠬᠠᠤᠯᠢ ᠪᠠᠷ ᠵᠠᠰᠠᠭ ᠶᠠᠪᠤᠭᠤᠯᠬᠤ ᠶᠢ ᠴᠢᠩᠭᠠᠳᠬᠠᠨ ᠵᠤᠷᠢᠭᠳᠠᠢ ᠪᠠᠷ ᠠᠵᠢᠯ ᠡᠷᠭᠢᠯᠠᠨ ᠥᠢᠯᠡᠰ ᠪᠥᠳᠥᠭᠡᠵᠤ᠂ ᠪᠤᠳᠠᠳᠠᠢ ᠠᠵᠢᠯᠯᠠᠨ ᠠᠷᠠᠳ ᠲᠥᠮᠡᠨ ᠤ ᠬᠠᠨᠤᠮᠵᠢᠳᠠᠢ ᠰᠢᠨ᠎ᠠ ᠥᠷ᠎ᠠ ᠪᠥᠳᠥᠮᠵᠢ  ᠶᠢ ᠲᠠᠭᠢᠨ ᠡᠭᠦᠳᠭᠦ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号