ᠤᠷᠳᠤᠰ ᠬᠤᠳᠠ ᠶᠢᠨ ᠮᠤᠩᠭᠤᠯ ᠥᠨᠳᠥᠰᠥᠳᠠᠨ ᠤ ᠬᠤᠶᠠᠳᠤᠭᠠᠷ ᠳᠤᠮᠳᠠᠳᠤ ᠰᠤᠷᠭᠠᠭᠤᠯᠢ ︽ᠬᠥᠳᠠᠯᠮᠤᠷᠢᠴᠢᠳ ᠢᠶᠠᠨ ᠬᠥᠨᠳᠤᠳᠭᠡᠨ ᠬᠥᠳᠠᠯᠮᠤᠷᠢ ᠶᠢᠨ ᠥᠷ᠎ᠠ ᠪᠥᠳᠥᠭᠡᠯ ᠢ ᠬᠠᠶᠢᠷᠠᠯᠠᠶ᠎ᠠ︾ ᠳᠤᠰᠬᠠᠢ ᠰᠡᠳᠥᠪᠳᠥ ᠤᠷᠠᠨ ᠵᠢᠷᠤᠭ ᠤᠷᠠᠨ ᠪᠢᠴᠢᠯᠭᠡ  ᠶᠢᠨ ᠠᠬᠤᠢ ᠳᠠᠯᠠᠪᠠᠢ ᠶᠢᠨ ᠤᠷᠤᠯᠳᠤᠭᠠᠨ ᠬᠢᠪᠡ
ᠨᠡᠶᠢᠲᠡᠯᠡᠭᠰᠡᠨ ᠴᠠᠭ᠄
2018-05-08
     ᠤᠷᠳᠤᠰ ᠬᠤᠳᠠ ᠶᠢᠨ ᠮᠤᠩᠭᠤᠯ ᠦᠨᠳᠤᠰᠤᠳᠡᠨ ᠤ ᠬᠤᠶᠠᠳᠤᠭᠠᠷ ᠲᠤᠮᠳᠠᠳᠤ ᠰᠤᠷᠭᠠᠭᠠᠤᠯᠢ᠂ ︽5.1︾ ᠤ ᠳᠠᠯᠠᠭᠡᠢ ᠶᠢᠨ ᠬᠥᠳᠠᠯᠮᠤᠷᠢᠴᠢᠳ ᠤᠨ ᠪᠠᠶᠠᠷ ‍ᠣᠨ‌ᠡᠳᠥᠷ ᠢ ᠳᠤᠬᠢᠶᠠᠯᠳᠤᠭᠤᠯᠤᠨ ︽ᠬᠥᠳᠠᠯᠮᠤᠷᠢᠴᠢᠳ ᠢᠶᠠᠨ ᠬᠥᠨᠳᠤᠳᠭᠡᠨ᠂ ᠬᠥᠳᠠᠯᠮᠤᠷᠢ ᠶᠢᠨ ᠥᠷ᠎ᠠ ᠪᠥᠳᠥᠭᠡᠯ ᠢ ᠬᠠᠶᠢᠷᠠᠯᠠᠶ᠎ᠠ︾ ᠳᠤᠰᠬᠠᠢ ᠰᠡᠳᠥᠪᠳᠥ ᠰᠤᠷᠭᠠᠭᠤᠯᠢ ᠶᠢᠨ ᠬᠥᠷᠢᠶᠠᠨ ᠤ ᠰᠤᠷᠤᠭᠴᠢᠳ ᠤᠨ ᠤᠷᠠᠨ ᠵᠢᠷᠤᠭ᠂ ᠤᠷᠠᠨ ᠪᠢᠴᠢᠯᠭᠡ ᠶᠢᠨ ᠠᠬᠤᠢ ᠳᠠᠯᠠᠪᠠᠢ ᠶᠢᠨ ᠤᠷᠤᠯᠳᠤᠭᠠᠨ ᠢ ᠶᠠᠪᠤᠭᠳᠠᠭᠤᠯᠣᠭᠰᠠᠨ ᠪᠠᠶᠢᠨ᠎ᠠ᠃ ᠤᠷᠤᠯᠳᠤᠭᠠᠨ ᠳᠤ ᠠᠩᠬ᠎ᠠ ᠲᠤᠮᠳᠠᠳᠤ ᠪᠣᠯᠤᠨ ᠲᠡᠭᠡᠳᠤ ᠲᠤᠮᠳᠠᠳᠤ  ᠶᠢᠨ ᠠᠩᠬᠢ  ᠠᠴᠠ ᠨᠠᠶᠢᠳᠠ ᠵᠠᠭᠤ ᠳᠥᠴᠢ ᠭᠠᠷᠤᠢ ᠰᠤᠷᠤᠭᠴᠢ ᠤᠷᠤᠯᠴᠠᠵᠤ᠂ ᠣᠷᠣᠯᠴᠠᠭᠰᠠᠳ ᠬᠦᠳᠡᠯᠮᠤᠷᠢᠴᠢᠨ ᠠᠷᠡᠳ ᠲᠦᠮᠡᠨ  ᠤ ᠬᠦᠳᠡᠯᠮᠤᠷᠢ  ᠶᠢᠨ ᠦᠷ᠎ᠡ ᠪᠦᠳᠤᠭᠡᠯ  ᠤᠨ ᠲᠤᠬᠠᠢ ᠦᠪᠡᠷ ᠦᠪᠡᠷ  ᠤᠨ ᠬᠤᠯᠪᠤᠨ ᠪᠤᠳᠤᠯᠲᠠ ᠪᠠᠷ ᠵᠢᠷᠤᠭᠯᠠᠨ ᠪᠢᠴᠢᠭᠰᠡᠨ ᠪᠠᠶᠢᠨ᠎ᠠ᠃      ᠲᠤᠰ ᠤᠳᠠᠭᠠᠨ ᠤ ᠤᠷᠤᠯᠳᠠᠭᠠᠨ ᠢ ᠰᠤᠷᠤᠭᠴᠢ ᠶᠢᠨ ᠤᠷᠠᠯᠢᠭ ᠤᠨ ᠠᠪᠢᠶᠠᠰ ᠴᠢᠳᠠᠪᠤᠷᠢ ᠶᠢ ᠰᠤᠷᠢᠵᠤ᠂ ᠤᠷᠮ᠎ᠠ ᠪᠠᠬ᠎ᠠ ᠶᠢ ᠬᠦᠭᠵᠢᠭᠡᠭᠦ ᠪᠠ ᠰᠤᠷᠤᠭᠴᠢᠳ ᠤᠨ ᠬᠦᠳᠡᠯᠮᠤᠷᠢᠴᠢᠨ ᠢᠶᠠᠨ ᠬᠠᠶᠢᠷᠠᠯᠠᠵᠤ᠂ ᠬᠦᠳᠡᠯᠮᠤᠷᠢᠴᠢᠨ ᠤ ᠦᠷ᠎ᠡ ᠪᠦᠳᠤᠭᠡᠯ ᠢ ᠬᠠᠶᠢᠷᠠᠯᠠᠨ ᠭᠠᠮᠨᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠪᠠᠳᠤᠳᠬᠠᠬᠤ ᠶᠢᠨ ᠲᠦᠯᠥᠭᠡ ᠶᠠᠪᠤᠭᠳᠠᠭᠤᠯᠤᠭᠰᠠᠨ ᠶᠤᠮ᠃ ᠤᠷᠤᠯᠳᠤᠭᠠᠨ  ᠢᠶᠠᠷ ᠳᠠᠮᠵᠢᠨ ᠳᠤᠰ ᠳᠤᠰ ᠨᠢᠭᠡᠳᠥᠭᠡᠷ ᠲᠠᠰ 1 ᠨᠡᠷ᠎ᠡ᠂ ᠬᠤᠶᠠᠳᠤᠭᠠᠷ ᠲᠠᠰ 2 ᠨᠡᠷ᠎ᠡ᠂ ᠭᠤᠷᠪᠠᠳᠤᠭᠠᠷ ᠲᠠᠰ 3 ᠨᠠᠷ᠎ᠡ᠂ ᠰᠢᠯᠢᠳᠡᠭ ᠲᠠᠰ 5 ᠨᠡᠷ᠎ᠡ ᠶᠢ ᠰᠢᠯᠭᠠᠷᠠᠭᠤᠯᠤᠨ ᠭᠠᠷᠭᠠᠵᠤ ᠱᠠᠩᠨᠠᠨ ᠬᠥᠬᠢᠭᠦᠯᠥᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号