ᠰᠢᠷᠭᠤᠯᠵᠢᠨ ᠤᠢ ᠶᠢᠨ ᠲᠦᠷᠦᠯ ᠵᠦᠢᠯ ᠨᠢ ᠤᠯᠠᠨ ᠬᠦᠮᠦᠨ ᠢ ᠠᠮᠢ ᠠᠬᠤᠢ ᠶᠢᠨ ᠬᠠᠮᠠᠭᠠᠯᠠᠯᠳᠠ ᠳᠤ ᠤᠷᠤᠯᠴᠠᠭᠤᠯᠵᠤ ᠪᠤᠢ
ᠨᠡᠶᠢᠲᠡᠯᠡᠭᠰᠡᠨ ᠴᠠᠭ᠄
2018-05-08
     ᠰᠢᠷᠭᠤᠯᠵᠢᠨ ᠤᠢ ᠶᠢᠨ ᠲᠦᠷᠦᠯ ᠵᠦᠢᠯ ᠪᠤᠯ ᠤᠷᠴᠢᠮ ᠤᠨ ᠵᠢᠯ ᠠᠴᠠ ᠦᠷᠨᠢᠭᠰᠡᠨ ᠮᠤᠳᠤ ᠲᠡᠷᠢᠵᠤ ᠡᠯᠡᠰᠦ  ᠶᠢ ᠲᠤᠭᠳᠠᠪᠤᠷᠢᠵᠢᠭᠤᠯᠬᠤ ᠨᠡᠶᠢᠳᠡ ᠶᠢᠨ ᠠᠰᠠᠷᠠᠮᠵᠢ ᠶᠢᠨ ᠴᠢᠨᠠᠷᠳᠤ ᠠᠵᠢᠯᠯᠠᠭ᠎ᠠ ᠪᠤᠯᠤᠨ᠎ᠠ᠃  ᠤᠶᠢᠷ᠎ᠠ ᠶᠢᠨ ᠡᠲᠤᠷ᠂ ᠦᠥᠰᠢᠨᠵᠤᠤ ᠪᠠᠯᠭᠠᠰᠤᠨ ᠤ ᠪᠦᠷᠢᠳᠦ ᠭᠠᠴᠠᠭᠠᠨ ᠤ ᠡᠯᠡᠰᠦᠨ ᠳᠤ ᠰᠢᠷᠭᠤᠯᠵᠢᠨ ᠤᠢ ᠶᠢᠨ ᠬᠡᠷᠡᠭᠯᠡᠭᠴᠢᠳ᠂ ᠭᠤᠴᠢ ᠭᠠᠷᠤᠢ ᠵᠠᠭᠤᠴᠢᠯᠠᠭᠤᠷ ᠤᠨ ᠰᠤᠷᠪᠤᠯᠵᠢᠯᠠᠭᠴᠢ᠂ ᠮᠠᠯᠴᠢᠳ ᠤᠨ ᠬᠠᠪᠰᠤᠷᠤᠯᠭ᠎ᠠ ᠵᠢᠯᠤᠭᠤᠳᠤᠯᠭ᠎ᠠ ᠪᠠᠷ ᠪᠤᠷᠭᠠᠰᠤ ᠲᠠᠷᠢᠵᠤ ᠡᠯᠡᠰᠦ ᠶᠢ ᠲᠤᠭᠳᠠᠪᠤᠷᠢᠵᠢᠭᠤᠯᠬᠤ ᠬᠠᠯᠬᠠᠪᠴᠢ ᠪᠠᠶᠢᠭᠤᠯᠤᠭᠠᠳ ᠶᠠᠭᠠᠷᠠᠯᠳᠤᠨ᠎ᠠ᠃ ᠡᠨᠡ ᠤᠳᠠᠭᠠᠨ ᠤ ᠤᠶᠢᠵᠢᠭᠤᠯᠵᠤ ᠪᠠᠶᠢᠭ᠎ᠠ 13000 ᠮᠤ᠋ ᠡᠯᠡᠰᠦ ᠨᠢ ᠪᠦᠷᠢᠳᠦ ᠭᠠᠴᠠᠭᠠᠨ ᠤ ᠲᠤᠯᠤᠭᠠᠨ ᠡᠷᠦᠬᠡ ᠮᠠᠯᠴᠢᠨ ᠤ ᠨᠤᠳᠤᠭ ᠪᠡᠯᠴᠢᠬᠡᠷ ᠲᠤ ᠬᠠᠷᠢᠶᠠᠯᠠᠭᠳᠠᠵᠤ᠂ ᠭᠤᠷᠪᠠᠨ ᠰᠠᠷ᠎ᠠ ᠶᠢᠨ ᠤᠶᠢᠵᠢᠭᠤᠯᠤᠯᠳᠠ ᠪᠠᠷ ᠤᠳᠤ ᠵᠠᠭᠤᠨ ᠤ ᠶᠡᠷᠢ ᠤᠷᠴᠢᠮ ᠢ  ᠨᠢ ᠨᠢᠬᠡᠨᠳᠡ ᠤᠶᠢᠵᠢᠭᠤᠯᠵᠤ ᠳᠠᠭᠤᠰᠬᠠᠵᠠᠢ᠃      ᠰᠢᠷᠭᠤᠯᠵᠢᠨ ᠤᠢ ᠶᠢᠨ ᠲᠦᠷᠦᠯ ᠵᠦᠢᠯ ᠪᠤᠯ ᠠ ᠯᠢ ᠪᠠ ᠪᠠ ᠺᠤᠮᠫᠠᠨᠢ ᠶᠢᠨ ᠮᠦᠩᠬᠦᠨ ᠬᠦᠢᠯᠬᠡᠬᠡᠨ ᠤ ᠦᠢᠯᠡᠴᠢᠯᠡᠬᠡᠨ ᠤ ᠪᠦᠯᠦᠭᠯᠡᠯ ᠠᠴᠠ ᠵᠤᠬᠢᠶᠠᠨ ᠪᠠᠶᠢᠭᠤᠯᠤᠭᠰᠠᠨ ᠠᠵᠢᠯᠯᠠᠭ᠎ᠠ ᠪᠤᠯᠤᠨ᠎ᠠ᠃ ᠰᠢᠷᠭᠤᠯᠵᠢᠨ ᠤᠢ ᠬᠡᠳᠡᠭ ᠪᠤᠯ᠂ ᠭᠠᠷ ᠤᠳᠠᠰᠤ ᠵᠡᠷᠬᠡ ᠪᠠᠷ ᠲᠤᠭᠠᠴᠠᠭ᠎ᠠ ᠬᠢᠳᠡᠭ ᠬᠡᠷᠡᠭᠯᠡᠭᠴᠢᠳ ᠲᠤ ᠵᠤᠷᠢᠭᠤᠯᠤᠭᠰᠠᠨ ᠨᠡᠶᠢᠳᠡ ᠶᠢᠨ ᠠᠰᠠᠷᠠᠮᠵᠢ  ᠶᠢᠨ ᠠᠵᠢᠯᠯᠠᠭ᠎ᠠ ᠪᠠᠶᠢᠵᠤ᠂ ᠲᠤᠰ ᠲᠤᠭᠠᠴᠠᠭᠠᠨ ᠤ ᠬᠡᠷᠡᠭᠯᠡᠭᠴᠢ ᠡᠳᠦᠷ ᠲᠤᠳᠤᠮ ᠤᠨ ᠬᠡᠷᠡᠭᠯᠡᠭᠡ ᠵᠠᠷᠤᠳᠠᠯ ᠢᠶᠠᠨ ᠰᠦᠯᠵᠢᠶ᠎ᠠ ᠭᠠᠷ ᠤᠳᠠᠰᠤ ᠪᠠᠷ ᠢᠶᠠᠨ ᠲᠠᠮᠵᠢᠵᠤ ᠬᠦᠢᠴᠡᠳᠬᠡᠪᠠᠯ ᠲᠠᠷᠤᠢ ᠮᠠᠰᠢᠨ ᠲᠡᠷᠬᠡ ᠵᠢᠯᠤᠭᠤᠳᠴᠤ ᠡᠬᠦᠳᠡᠨ  ᠠᠴᠠ ᠪᠠᠨ ᠭᠠᠷᠬᠤ ᠨᠢ ᠴᠦᠬᠡᠷᠡᠵᠦ ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠤᠨ ᠭᠠᠳᠠᠭᠰᠢᠯᠠᠭᠤᠯᠤᠯᠳᠠ ᠶᠢ ᠪᠠᠭᠠᠰᠬᠠᠬᠤ ᠳᠤ ᠬᠤᠪᠢ ᠨᠡᠮᠡᠷᠢ ᠦᠵᠡᠬᠦᠯᠵᠦ ᠴᠢᠳᠠᠨ᠎ᠠ᠂ ᠢᠩᠬᠢᠬᠡᠳ ᠡᠨᠡᠬᠦ ᠬᠤᠪᠢ ᠨᠡᠮᠡᠷᠢ ᠪᠠᠷ ᠢᠶᠠᠨ ᠲᠤᠰ ᠠᠵᠢᠯᠯᠠᠭᠠᠨ ᠳᠤ ᠤᠷᠤᠯᠴᠠᠵᠤ ᠪᠤᠯᠳᠠᠭ᠃ ᠡᠨᠡ ᠵᠢᠯ᠂ ᠮᠠᠨ ᠤ ᠬᠤᠰᠢᠭᠤᠨ ᠳᠤ 59000 ᠮᠤ᠋ ᠰᠢᠷᠭᠤᠯᠵᠢᠨ ᠤᠢ  ᠶᠢᠨ ᠲᠦᠷᠦᠯ ᠵᠦᠢᠯ ᠢ ᠶᠠᠪᠤᠭᠳᠠᠭᠤᠯᠵᠤ ᠨᠡᠶᠢᠳᠡ 520 ᠲᠦᠮᠡᠨ ᠰᠠᠭᠤᠷᠢ ᠪᠤᠷᠭᠠᠰᠤ ᠲᠠᠷᠢᠬᠤ ᠪᠠᠷ ᠪᠤᠢ᠃ ᠡᠬᠦᠨ  ᠲᠠᠢ ᠠᠳᠠᠯᠢ ᠪᠠᠷ᠂ ᠤᠳᠤᠭ ᠤᠨ ᠡᠮᠦᠨᠡᠳᠦ ᠬᠤᠰᠢᠭᠤᠨ ᠳᠤ᠂ ᠡᠨᠡ ᠵᠢᠯ ᠪᠠᠰᠠ 19500 ᠮᠤ᠋ ᠶᠢᠨ ᠤᠶᠢᠵᠢᠭᠤᠯᠤᠯᠳᠠ ᠶᠢ ᠬᠢᠬᠦ ᠪᠠᠷ ᠪᠤᠢ᠃      ᠤᠶᠢᠯᠠᠭᠠᠭᠰᠠᠨ ᠢᠶᠠᠷ 2017 ᠤᠨ ᠤ ᠡᠴᠦᠰ ᠪᠤᠯᠳᠠᠯ᠎ᠠ᠂ ᠰᠢᠷᠭᠤᠯᠵᠢᠨ ᠤᠢ ᠶᠢᠨ ᠲᠦᠷᠦᠯ ᠵᠦᠢᠯ ᠢᠶᠠᠷ ᠨᠡᠶᠢᠳᠡ 1314 ᠲᠦᠮᠡᠨ ᠰᠠᠭᠤᠷᠢ ᠮᠤᠳᠤ ᠲᠠᠷᠢᠵᠤ᠂ ᠤᠷᠳᠤᠰ᠂ ᠠᠯᠠᠱᠠ᠂ ᠪᠠᠶᠠᠠᠨᠠᠭᠤᠷ᠂ ᠭᠠᠨᠰᠤ ᠵᠡᠷᠬᠡ ᠭᠠᠵᠠᠷ  ᠤᠨ 19 ᠲᠦᠮᠡᠨ ᠮᠤ᠋ ᠡᠯᠡᠰᠦᠷᠬᠡᠭ ᠭᠠᠵᠠᠷ ᠢ ᠬᠠᠮᠠᠭᠠᠯᠠᠵᠤ ᠴᠢᠳᠠᠵᠠᠢ᠃ ᠢᠷᠡᠬᠦ ᠲᠠᠪᠤᠨ ᠵᠢᠯ ᠳᠤ᠂ 600 ᠲᠦᠮᠡᠨ ᠮᠤ᠋ ᠡᠯᠡᠰᠦ ᠢ ᠤᠶᠢᠵᠢᠭᠤᠯᠵᠤ᠂ ᠲᠠᠪᠤᠨ ᠳ᠋ᠦᠩᠰᠢᠭᠤᠷ ᠰᠠᠭᠤᠷᠢ ᠮᠤᠳᠤ ᠲᠠᠷᠢᠬᠤ ᠪᠠᠷ ᠪᠤᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号