ᠮᠠᠷᠺᠰ ᠤᠨ ᠮᠡᠨᠳᠦᠯᠡᠭᠰᠡᠡ 200 ᠵᠢᠯ ᠤᠨ ᠤᠢ ᠶᠢ ᠲᠤᠷᠠᠰᠬᠠᠬᠤ ᠶᠡᠭᠡ ᠬᠤᠷᠡᠯ ᠪᠡᠭᠡᠵᠢᠩ ᠳᠤ ᠬᠤᠷᠡᠯᠳᠤᠪᠠ
ᠨᠡᠶᠢᠲᠡᠯᠡᠭᠰᠡᠨ ᠴᠠᠭ᠄
2018-05-09
           ᠰᠢ ᠶᠢᠨ ᠫᠢᠩ ᠴᠢᠬᠤᠯᠠ ᠶᠠᠷᠢᠶ᠎ᠡ ᠲᠠᠯᠪᠢᠵᠠᠢ            ᠯᠢ ᠺᠧ ᠴᠢᠶᠠᠩ  ᠯᠢ ᠵᠠᠨ ᠱᠦ  ᠸᠠᠩ ᠶᠠᠩ    ᠵᠤᠤ ᠯᠧ ᠵᠢᠢ    ᠬᠠᠨ ᠵᠧᠩ                        ᠸᠠᠩ ᠴᠢ ᠱᠠᠨ ᠬᠤᠷᠡᠯ ᠳᠤ ᠤᠷᠤᠯᠴᠠᠵᠥ ᠸᠠᠩ ᠬᠤ᠋ ᠨᠢᠩ ᠬᠤᠷᠡᠯ ᠢ ᠡᠷᠬᠢᠯᠡᠪᠡ      ᠮᠠᠷᠺᠰ ᠤᠨ ᠮᠡᠨᠳᠦᠯᠡᠭᠰᠡᠡ 200 ᠵᠢᠯ ᠤᠨ ᠤᠢ ᠶᠢ ᠲᠤᠷᠠᠰᠬᠠᠬᠤ ᠶᠡᠭᠡ ᠬᠤᠷᠡᠯ 4 ᠤ ᠦᠳᠡ ᠶᠢᠨ ᠡᠮᠤᠨ᠎ᠡ ᠠᠷᠠᠳ ᠤᠨ ᠶᠡᠭᠡ ᠬᠤᠷᠡᠯ ᠤᠨ ᠲᠠᠩᠬᠢᠮ ᠳᠤ ᠦᠪᠡᠳᠡᠭᠰᠢ ᠶᠡᠬᠡᠪᠡᠷ ᠬᠤᠷᠡᠯᠳᠤᠪᠠ᠃ ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ ᠲᠡᠷᠢᠬᠦᠯᠡᠭᠴᠢ ᠰᠢ ᠶᠢᠨ ᠫᠢᠩ ᠬᠤᠷᠡᠯ ᠲᠡᠭᠡᠷ᠎ᠡ ᠴᠢᠬᠤᠯᠠ ᠶᠠᠷᠢᠶ᠎ᠠ ᠲᠠᠯᠪᠢᠬᠤ ᠳᠠᠭᠠᠨ᠂ ᠪᠢᠳᠡ ᠮᠠᠷᠺᠰ ᠢ ᠲᠤᠷᠠᠰᠬᠠᠵᠥ ᠪᠠᠶᠢᠭ᠎ᠠ ᠨᠢ ᠬᠦᠮᠥᠨ ᠲᠦᠷᠦᠯᠬᠢᠳᠡᠨ ᠤ ᠲᠡᠤᠬᠡᠨ ᠲᠡᠭᠡᠷᠡᠬᠢ ᠬᠠᠮᠤᠭ ᠤᠨ ᠠᠭᠤᠤ ᠶᠡᠭᠡ ᠪᠤᠳᠤᠯᠭᠠᠳᠠᠨ ᠳᠤ ᠬᠦᠨᠳᠦᠳᠬᠡᠯ ᠲᠡᠪᠰᠢᠬᠦᠯᠵᠥ ᠪᠠᠶᠢᠭ᠎ᠠ ᠶᠠᠪᠤᠳᠠᠯ ᠪᠤᠯᠬᠤ ᠪᠦᠬᠡᠳ ᠪᠢᠳᠡᠨ ᠤ ᠮᠠᠷᠺᠰ ᠤᠨ ᠦᠵᠡᠯ ᠤᠨ ᠰᠢᠨᠵᠢᠯᠡᠬᠦ ᠤᠬᠠᠭᠠᠨᠴᠢ ᠦᠨᠡᠨ ᠶᠤᠰᠤ ᠳᠤ ᠪᠠᠳᠤ ᠢᠳᠡᠬᠡᠯ ᠪᠢᠰᠢᠷᠡᠯ ᠲᠠᠢ ᠪᠠᠶᠢᠬᠤ ᠪᠠᠨ ᠲᠤᠩᠬᠠᠭᠯᠠᠵᠥ ᠪᠠᠶᠢᠭ᠎ᠠ ᠶᠠᠪᠤᠳᠠᠯ ᠪᠤᠯᠤᠨ᠎ᠡ᠃ ᠮᠠᠷᠺᠰ ᠤᠨ ᠦᠵᠡᠯ ᠪᠤᠯ ᠮᠠᠨ ᠤ ᠨᠠᠮ ᠪᠤᠯᠤᠨ ᠤᠯᠤᠰ ᠤᠨ ᠢᠮᠠᠬᠳᠠ ᠶᠢᠨ ᠵᠢᠯᠤᠭᠤᠳᠬᠤ ᠦᠵᠡᠯ ᠰᠠᠨᠠᠭ᠎ᠠ ᠮᠦᠨ᠂ ᠪᠢᠳᠡᠨ ᠤ ᠶᠢᠷᠳᠢᠨᠴᠦ ᠶᠢ ᠲᠠᠨᠢᠬᠤ᠂ ᠵᠢᠮ᠎ᠠ ᠶᠤᠰᠤ ᠶᠢ ᠡᠵᠡᠮᠰᠢᠬᠦ᠂ ᠦᠨᠡᠨ ᠶᠤᠰᠤ ᠶᠢ ᠬᠦᠬᠡᠬᠡᠴᠡᠯᠳᠤᠬᠦ᠂ ᠶᠢᠷᠳᠢᠨᠴᠦ ᠶᠢ ᠦᠭᠡᠷᠡᠴᠢᠯᠡᠬᠦ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠤᠯᠤᠨ᠎ᠠ᠃ ᠰᠢᠨ᠎ᠡ ᠴᠠᠭ ᠦᠶ᠎ᠡ ᠳᠤ᠂ ᠲᠤᠮᠳᠠᠳᠤ ᠤᠯᠤᠰ ᠤᠨ ᠡᠪ ᠬᠠᠮᠳᠤᠴᠤᠳ ᠮᠥᠨᠴᠤ ᠮᠠᠷᠺᠰ ᠠᠴᠠ ᠰᠤᠷᠤᠯᠴᠠᠵᠥ᠂ ᠮᠠᠷᠺᠰ ᠤᠨ ᠦᠵᠡᠯ ᠢ ᠰᠤᠷᠤᠯᠴᠠᠨ ᠦᠢᠯᠡᠳᠦᠯᠬᠡᠵᠢᠬᠦᠯᠵᠥ᠂ ᠮᠠᠷᠺᠰ ᠤᠨ ᠦᠵᠡᠯ ᠤᠨ ᠠᠭᠤᠤ ᠶᠡᠭᠡ ᠲᠤᠭ ᠢ ᠦᠨᠳᠤᠷ ᠮᠠᠨᠳᠤᠭᠤᠯᠵᠥ᠂ ᠲᠡᠬᠦᠨ ᠤ ᠲᠤᠳᠤᠷ᠎ᠠ ᠠᠴᠠ ᠰᠢᠨᠵᠢᠯᠡᠬᠦ ᠤᠬᠠᠭᠠᠨᠴᠢ ᠤᠶᠤᠨ ᠤᠬᠠᠭᠠᠨ ᠪᠤᠯᠤᠨ ᠤᠨᠤᠯ ᠤᠨ ᠬᠦᠴᠦᠨ ᠴᠢᠳᠠᠯ ᠢ ᠲᠠᠰᠤᠷᠠᠯᠳᠡ ᠦᠭᠡᠢ ᠰᠢᠩᠬᠡᠬᠡᠨ ᠠᠪᠴᠦ᠂ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ ᠨᠡᠩ ᠲᠤᠭᠳᠠᠯ ᠬᠦᠴᠦᠨ ᠲᠠᠢ ᠪᠠᠷ᠂ ᠨᠡᠩ ᠢᠳᠡᠭᠡᠯ ᠲᠠᠢ ᠪᠠᠷ᠂ ᠨᠡᠩ ᠤᠶᠤᠨᠴᠢ ᠪᠠᠷ ᠪᠠᠷᠢᠮᠳᠠᠯᠠᠨ ᠬᠦᠭᠵᠢᠬᠦᠯᠵᠥ᠂ ᠮᠠᠷᠺᠰ᠂ ᠡᠩᠭᠧᠯᠰ ᠤᠨ ᠵᠢᠱᠢᠭᠰᠡᠡ ᠬᠦᠮᠥᠨ ᠲᠦᠷᠦᠯᠬᠢᠳᠡᠨ ᠤ ᠰᠠᠶᠢᠨ ᠰᠠᠶᠢᠬᠠᠨ ᠠᠯᠤᠰ ᠢᠷᠡᠬᠡᠳᠤᠢ ᠶᠢ ᠲᠤᠮᠳᠠᠳᠤ ᠶᠢᠨ ᠡᠬᠡ ᠭᠠᠵᠠᠷ ᠲᠤ ᠠᠮᠢᠳᠤᠯᠢᠭ ᠢᠶᠠᠷ ᠢᠯᠡᠷᠡᠬᠦᠯᠬᠦ ᠬᠡᠷᠡᠭᠳᠡᠢ ᠬᠡᠵᠥ ᠴᠢᠬᠤᠯᠠᠴᠢᠯᠠᠪᠠ᠃      ᠯᠢ ᠺᠧ ᠴᠢᠶᠠᠩ᠂ ᠯᠢ ᠵᠠᠨ ᠱᠦ᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠶᠡᠭᠡ ᠬᠤᠷᠠᠯ ᠳᠤ ᠤᠷᠤᠯᠴᠠᠵᠠᠢ᠃      ᠠᠷᠠᠳ ᠤᠨ ᠶᠡᠭᠡ ᠬᠤᠷᠠᠯ ᠤᠨ ᠲᠠᠩᠭᠢᠮ ᠤᠨ ᠶᠤᠰᠤᠯᠠᠯ ᠤᠨ ᠲᠠᠩᠭᠢᠮ ᠲᠦᠪ ᠬᠢᠴᠢᠶᠡᠩᠭᠦᠢ ᠬᠦᠷ ᠬᠦᠭᠵᠢᠶᠡᠨ ᠢᠶᠠᠷ ᠪᠢᠯᠬᠠᠨ᠎ᠠ᠃ ᠲᠡᠷᠢᠭᠦᠯᠡᠭᠴᠢ ᠶᠢᠨ ᠲᠠᠶᠢᠰᠠ ᠶᠢᠨ ᠳᠡᠭᠡᠷ᠎ᠠ ᠲᠠᠯ᠎ᠠ ᠳᠤ ︽ᠮᠠᠷᠺᠰ ᠤᠨ ᠮᠡᠨᠳᠦᠯᠡᠭᠰᠡᠨ 200 ᠵᠢᠯ ᠤᠨ ᠤᠢ ᠶᠢ ᠳᠤᠷᠠᠰᠬᠠᠬᠤ ᠶᠡᠭᠡ ᠬᠤᠷᠠᠯ︾ ᠭᠡᠬᠦ ᠬᠤᠷᠠᠯ ᠤᠨ ᠰᠡᠳᠦᠪ ᠢ ᠡᠯᠭᠦᠵᠤ᠂ ᠠᠷᠤ ᠬᠦᠰᠢᠭᠡ ᠶᠢᠨ ᠭᠤᠤᠯ ᠬᠢᠴᠡ ᠳᠤ ᠮᠠᠷᠺᠰ ᠤᠨ ᠬᠦᠷᠦᠭ ᠪᠠ ︽1818 — 2018︾ ᠭᠡᠬᠦ ᠦᠰᠦᠭ ᠢ ᠡᠯᠬᠦᠵᠥ᠂ 10 ᠤᠯᠠᠭᠠᠨ ᠲᠤᠭ ᠢ ᠬᠤᠶᠠᠷ ᠭᠠᠷᠯᠠᠨ ᠵᠢᠬᠰᠠᠭᠠᠵᠠᠢ᠃ ᠶᠤᠰᠤᠯᠠᠯ ᠤᠨ ᠲᠠᠩᠭᠢᠮ ᠤᠨ ᠬᠤᠶᠠᠳᠤᠭᠠᠷ ᠳᠠᠪᠬᠤᠷᠯᠢᠬ ᠤᠨ ᠲᠠᠶᠢᠰᠠᠨ ᠳᠤ᠄ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠭᠳᠠᠷᠠᠨ ᠪᠦᠯᠬᠦᠮᠳᠡᠵᠤ᠂ ᠮᠠᠷᠺᠰ ᠤᠨ ᠦᠵᠡᠯ ᠢ ᠪᠠᠷᠢᠮᠳᠠᠯᠠᠨ ᠬᠦᠭᠵᠢᠭᠦᠯᠵᠤ᠂ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠳᠠ ᠶᠢ ᠲᠡᠮᠡᠴᠡᠨ ᠤᠯᠤᠶ᠎ᠠ ᠭᠡᠬᠦ ᠤᠷᠢᠶ᠎ᠠ ᠶᠢ ᠡᠯᠭᠦᠪᠡ᠃
     5 ᠰᠠᠷ᠎ᠠ ᠶᠢᠨ 4 ᠤ ᠡᠳᠦᠷ᠂ ᠮᠠᠷᠺᠰ ᠤᠨ ᠮᠡᠨᠳᠦᠯᠡᠭᠰᠡᠡ 200 ᠵᠢᠯ ᠤᠨ ᠤᠢ ᠶᠢ ᠲᠤᠷᠠᠰᠬᠠᠬᠤ ᠶᠡᠭᠡ ᠬᠤᠷᠡᠯ ᠪᠡᠭᠡᠵᠢᠩ ᠤᠨ ᠠᠷᠠᠳ ᠤᠨ ᠶᠡᠭᠡ ᠬᠤᠷᠡᠯ ᠤᠨ ᠲᠠᠩᠬᠢᠮ ᠳᠤ ᠦᠪᠡᠳᠡᠭᠰᠢ ᠶᠡᠬᠡᠪᠡᠷ ᠬᠤᠷᠡᠯᠳᠤᠪᠠ᠃ ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ ᠲᠡᠷᠢᠬᠦᠯᠡᠭᠴᠢ ᠰᠢ ᠶᠢᠨ ᠫᠢᠩ ᠬᠤᠷᠡᠯ ᠲᠡᠭᠡᠷ᠎ᠡ ᠴᠢᠬᠤᠯᠠ ᠶᠠᠷᠢᠶ᠎ᠠ ᠲᠠᠯᠪᠢᠵᠠᠢ᠃                         ᠰᠢᠨᠬᠤᠸᠠ ᠬᠤᠷᠢᠶᠠᠨ ᠤ ᠰᠤᠷᠪᠤᠯᠵᠢᠯᠠᠬᠴᠢ ᠵᠢᠦᠢ ᠫᠧᠩ ᠰᠡᠬᠦᠳᠡᠷᠯᠡᠪᠡ      ᠦᠳᠡ ᠶᠢᠨ ᠡᠮᠦᠨᠡᠬᠢ 10 ᠴᠠᠭ ᠲᠤ᠂ ᠶᠡᠭᠡ ᠬᠤᠷᠠᠯ ᠡᠬᠢᠯᠡᠵᠠᠢ᠃ ᠪᠦᠬᠦᠳᠡᠭᠡᠷ ᠪᠤᠰᠤᠨ ᠵᠤᠭᠰᠤᠵᠤ᠂ ᠤᠯᠤᠰ ᠤᠨ ᠰᠦᠯᠳᠡ ᠳᠠᠭᠤᠤ ᠶᠢ ᠬᠠᠩᠭᠢᠨᠠᠳᠠᠯ᠎ᠠ ᠳᠠᠭᠤᠯᠠᠪᠠ᠃      ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠠᠢ᠃ ᠲᠡᠷᠡ᠂ ᠮᠠᠷᠺᠰ ᠪᠤᠯ ᠪᠦᠬᠦ ᠳᠡᠯᠡᠬᠡᠢ ᠶᠢᠨ ᠦᠭᠡᠶᠢᠭᠦᠦ ᠠᠩᠭᠢ ᠪᠤᠯᠤᠨ ᠬᠦᠳᠡᠯᠮᠦᠷᠢᠴᠢᠨ ᠠᠷᠠᠳ ᠲᠦᠮᠡᠨ ᠤ ᠬᠤᠪᠢᠰᠬᠠᠯ ᠤᠨ ᠤᠳᠤᠷᠢᠳᠤᠭᠴᠢ᠂ ᠮᠠᠷᠺᠰ ᠤᠨ ᠦᠵᠡᠯ ᠤᠨ ᠭᠤᠤᠯ ᠡᠭᠦᠳᠦᠭᠴᠢ᠂ ᠮᠠᠷᠺᠰ ᠤᠨ ᠦᠵᠡᠯ ᠤᠨ ᠲᠦᠷᠦ ᠶᠢᠨ ᠨᠠᠮ ᠤᠨ ᠡᠭᠦᠰᠭᠡᠭᠴᠢ ᠪᠦᠭᠡᠳ ᠲᠡᠯᠡᠬᠡᠢ ᠶᠢᠨ ᠡᠪ ᠬᠠᠮᠳᠤ ᠶᠤᠰᠤᠨ ᠢ ᠪᠠᠶᠢᠭᠤᠯᠤᠭᠴᠢ᠂ ᠤᠢᠢᠷ᠎ᠠ ᠦᠶ᠎ᠠ ᠠᠴᠠ ᠨᠠᠰᠢᠬᠢ ᠬᠠᠮᠤᠭ ᠤᠨ ᠠᠭᠤᠤ ᠶᠡᠭᠡ ᠪᠤᠳᠤᠯᠭᠠᠳᠠᠨ ᠮᠦᠨ᠃ ᠮᠠᠷᠺᠰ ᠤᠨ ᠨᠢᠭᠡ ᠨᠠᠰᠤ ᠪᠤᠯ ᠬᠡᠭᠦᠳᠡᠭ ᠴᠡᠭᠡᠵᠢᠨ ᠳᠡᠭᠡᠨ ᠡᠷᠬᠢᠮ ᠳᠡᠭᠡᠳᠦ ᠬᠦᠰᠡᠯᠡᠩ ᠢ ᠡᠪᠦᠷᠯᠡᠭᠰᠡᠨ᠂ ᠬᠦᠮᠦᠨ ᠲᠦᠷᠦᠯᠬᠢᠳᠡᠨ ᠤ ᠴᠢᠯᠦᠭᠡᠯᠡᠯᠳᠡ ᠶᠢᠨ ᠲᠦᠯᠦᠭᠡ ᠴᠦᠬᠦᠷᠡᠰᠢ ᠦᠭᠡᠢ ᠲᠡᠮᠡᠴᠡᠭᠰᠡᠨ ᠨᠢᠭᠡ ᠨᠠᠰᠤ ᠪᠤᠯᠤᠨ᠎ᠠ᠂ ᠬᠦᠴᠢᠷ ᠪᠡᠷᠬᠡ ᠬᠠᠷᠰᠢ ᠰᠠᠭᠠᠳ ᠠᠴᠠ ᠠᠶᠤᠭᠰᠠᠨ ᠦᠭᠡᠢ᠂ ᠦᠨᠡᠨ ᠶᠤᠰᠤ ᠶᠢ ᠬᠦᠭᠡᠭᠡᠴᠡᠯᠳᠦᠬᠦ ᠶᠢᠨ ᠲᠦᠯᠦᠭᠡ ᠦᠵᠡᠯ ᠰᠠᠨᠠᠭ᠎ᠠ ᠶᠢᠨ ᠦᠨᠳᠦᠷ ᠤᠷᠬᠢᠯ ᠳᠤ ᠡᠷᠡᠯᠬᠡᠭᠯᠡᠨ ᠠᠪᠠᠷᠢᠭᠰᠠᠨ ᠨᠢᠭᠡ ᠨᠠᠰᠤ ᠪᠤᠯᠤᠨ᠎ᠠ᠂ ᠬᠠᠭᠤᠴᠢᠨ ᠶᠢᠷᠳᠢᠨᠴᠤ ᠶᠢ ᠨᠤᠷᠠᠭᠠᠵᠤ᠂ ᠰᠢᠨ᠎ᠠ ᠶᠢᠷᠳᠢᠨᠴᠤ ᠶᠢ ᠪᠠᠶᠢᠭᠤᠯᠬᠤ ᠶᠢᠨ ᠲᠦᠯᠦᠭᠡ ᠰᠢᠨᠳᠡᠷᠡᠰᠢ ᠦᠭᠡᠢ ᠲᠡᠮᠡᠴᠡᠭᠰᠡᠨ ᠨᠢᠭᠡ ᠨᠠᠰᠤ ᠪᠤᠯᠤᠨ᠎ᠠ ᠬᠡᠵᠦ ᠢᠯᠡᠷᠬᠡᠶᠢᠯᠡᠪᠡ᠃      ᠰᠢ ᠶᠢᠨ ᠫᠢᠩ᠂ ᠮᠠᠷᠺᠰ ᠤᠨ ᠪᠢᠳᠡᠨ ᠳᠤ ᠦᠯᠡᠳᠡᠭᠡᠭᠰᠡᠨ ᠬᠠᠮᠤᠭ ᠤᠨ ᠦᠨ᠎ᠠ ᠦᠷᠲᠡᠭ ᠲᠠᠢ᠂ ᠬᠠᠮᠤᠭ ᠤᠨ ᠨᠦᠯᠦᠭᠡᠯᠡᠬᠦ ᠬᠦᠴᠦᠨ ᠲᠠᠢ ᠤᠶᠤᠨ ᠤ ᠦᠪ ᠬᠦᠷᠦᠩᠭᠡ ᠪᠤᠯ ᠳᠠᠷᠤᠢ ᠲᠡᠭᠦᠨ ᠤ ᠨᠠᠷ᠎ᠠ ᠪᠠᠷ ᠨᠡᠷᠡᠶᠢᠳᠦᠭᠰᠡᠨ ᠰᠢᠨᠵᠢᠯᠡᠬᠦ ᠤᠬᠠᠭᠠᠨᠴᠢ ᠤᠨᠤᠯ — ᠮᠠᠷᠺᠰ ᠤᠨ ᠦᠵᠡᠯ ᠪᠤᠯᠤᠨ᠎ᠠ᠃ ᠡᠨᠡᠬᠦ ᠤᠨᠤᠯ ᠦᠷᠯᠦᠭᠡ ᠶᠢᠨ ᠮᠠᠨᠳᠤᠬᠤ ᠨᠠᠷᠨ ᠲᠠᠢ ᠠᠳᠠᠯᠢ ᠪᠠᠷ᠂ ᠬᠦᠮᠦᠨ ᠲᠦᠷᠦᠯᠬᠢᠲᠡᠨ ᠤ ᠲᠡᠦᠬᠡ ᠶᠢᠨ ᠵᠢᠮ᠎ᠠ ᠶᠤᠰᠤ ᠶᠢ ᠰᠦᠪᠡᠭᠴᠢᠯᠡᠬᠦ ᠪᠠ ᠦᠪᠡᠷ ᠤᠨ ᠪᠡᠶ᠎ᠠ ᠶᠢᠨ ᠴᠢᠯᠦᠭᠡᠯᠡᠯᠲᠡ ᠪᠠᠨ ᠡᠷᠢᠯᠬᠢᠯᠡᠬᠦ ᠵᠠᠮ ᠢ ᠬᠡᠷᠡᠯᠲᠦᠭᠦᠯᠦᠭᠰᠡᠨ ᠪᠠᠶᠢᠨ᠎ᠠ᠃ ᠮᠠᠷᠺᠰ ᠤᠨ ᠦᠵᠡᠯ ᠰᠠᠨᠠᠭ᠎ᠠ ᠤᠨᠤᠯ ᠲᠡᠷᠡ ᠴᠠᠭ ᠦᠶ᠎ᠠ ᠠᠴᠠ ᠢᠷᠡᠯᠲᠡ ᠲᠠᠢ ᠪᠦᠭᠡᠳ ᠲᠡᠷᠡ ᠴᠠᠭ ᠦᠶ᠎ᠠ ᠠᠴᠠ ᠳᠠᠪᠠᠵᠠᠢ᠂ ᠡᠨᠡ ᠨᠢ ᠲᠡᠷᠡ ᠴᠠᠭ ᠦᠶ᠎ᠠ ᠶᠢᠨ ᠤᠶᠤᠨ ᠰᠠᠨᠠᠭᠠᠨ ᠤ ᠤᠬᠢ ᠱᠦᠯᠳᠦ ᠪᠤᠯᠬᠤ ᠪᠠᠷ ᠪᠠᠷᠠᠬᠤ ᠦᠭᠡᠢ ᠪᠠᠰᠠ ᠪᠦᠬᠦ᠋ᠢᠯᠡ ᠬᠦᠮᠦᠨ ᠲᠦᠷᠦᠯᠬᠢᠲᠡᠨ ᠤ ᠤᠶᠤᠨ ᠰᠠᠨᠠᠭᠠᠨ ᠤ ᠤᠬᠢ ᠱᠦᠯᠳᠤ ᠪᠤᠯᠤᠨ᠎ᠠ᠃ ᠮᠠᠷᠺᠰ ᠤᠨ ᠦᠵᠡᠯ ᠪᠤᠯ ᠰᠢᠨᠵᠢᠯᠡᠬᠦ ᠤᠬᠠᠭᠠᠨᠴᠢ ᠤᠨᠤᠯ ᠪᠤᠯᠤᠨ᠎ᠠ᠂ ᠲᠡᠷᠡ ᠨᠢ ᠪᠦᠲᠦᠭᠡᠯᠴᠢ ᠴᠢᠨᠠᠷᠲᠠᠢ ᠪᠠᠷ ᠬᠦᠮᠦᠨ ᠲᠦᠷᠦᠯᠬᠢᠲᠡᠨ ᠤ ᠨᠡᠶᠢᠭᠡᠮ ᠤᠨ ᠬᠦᠭᠵᠢᠯᠲᠡ ᠶᠢᠨ ᠵᠢᠮ᠎ᠠ ᠶᠤᠰᠤ ᠶᠢ ᠢᠯᠡᠷᠡᠭᠦᠯᠪᠡ᠃ ᠮᠠᠷᠺᠰ ᠤᠨ ᠦᠵᠡᠯ ᠪᠤᠯ ᠠᠷᠠᠳ ᠲᠦᠮᠡᠨ ᠤ ᠤᠨᠤᠯ ᠪᠤᠯᠤᠨ᠎ᠠ᠂ ᠲᠡᠷᠡ ᠨᠢ ᠠᠩᠬ᠎ᠠ ᠤᠳᠠᠭ᠎ᠠ ᠠᠷᠠᠳ ᠲᠦᠮᠡᠨ ᠦᠪᠡᠷ ᠤᠨ ᠪᠡᠶ᠎ᠠ ᠶᠢᠨ ᠴᠢᠯᠦᠭᠡᠯᠡᠯᠲᠡ ᠪᠠᠨ ᠪᠡᠶᠡᠯᠡᠭᠦᠯᠬᠦ ᠦᠵᠡᠯ ᠰᠠᠨᠠᠭᠠᠨ ᠤ ᠰᠢᠰᠲ᠋ᠧᠮ ᠢ ᠪᠠᠶᠢᠭᠤᠯᠪᠠ᠃ ᠮᠠᠷᠺᠰ ᠤᠨ ᠦᠵᠡᠯ ᠪᠤᠯ ᠦᠢᠯᠡᠳᠦᠯᠭᠡ ᠶᠢᠨ ᠤᠨᠤᠯ ᠪᠠᠶᠢᠵᠦ᠂ ᠠᠷᠠᠳ ᠲᠦᠮᠡᠨ ᠤ ᠶᠢᠷᠲᠢᠨᠴᠦ ᠶᠢ ᠦᠭᠡᠷᠡᠴᠢᠯᠡᠬᠦ ᠠᠵᠢᠯᠯᠠᠭ᠎ᠠ ᠶᠢ ᠵᠢᠯᠤᠭᠤᠳᠴᠤ ᠪᠠᠶᠢᠨ᠎ᠠ᠃ ᠮᠠᠷᠺᠰ ᠤᠨ ᠦᠵᠡᠯ ᠪᠤᠯ ᠲᠠᠰᠤᠷᠠᠯᠲᠠ ᠦᠭᠡᠢ ᠬᠦᠭᠵᠢᠵᠤ ᠪᠠᠶᠢᠭ᠎ᠠ ᠨᠡᠭᠡᠬᠡᠯᠲᠡᠳᠤ ᠤᠨᠤᠯ ᠪᠠᠶᠢᠵᠦ᠂ ᠢᠮᠠᠬᠲᠠ ᠴᠠᠭ ᠦᠶ᠎ᠠ ᠶᠢᠨ ᠡᠮᠦᠨ᠎ᠡ ᠡᠩᠨᠡᠭᠡᠨ ᠳᠤ ᠵᠤᠬᠰᠤᠵᠤ ᠪᠠᠶᠢᠨ᠎ᠠ᠃ ᠮᠠᠷᠺᠰ ᠤᠨ ᠦᠵᠡᠯ ᠤᠨ ᠬᠦᠭᠵᠢᠯᠲᠡ ᠶᠢᠨ ᠲᠡᠦᠬᠡ ᠪᠤᠯ ᠳᠠᠷᠤᠢ ᠮᠠᠷᠺᠰ᠂ ᠡᠩᠭᠧᠯᠰ ᠵᠢᠴᠢ ᠲᠡᠳᠡᠨ ᠤ ᠵᠠᠯᠭᠠᠮᠵᠢᠯᠠᠬᠴᠢᠳ ᠤᠨ ᠴᠠᠭ ᠦᠶ᠎ᠠ᠂ ᠦᠢᠯᠡᠳᠦᠯᠭᠡ᠂ ᠲᠠᠨᠢᠯᠲᠠ ᠶᠢᠨ ᠬᠦᠭᠵᠢᠯᠲᠡ ᠶᠢ ᠲᠠᠰᠤᠷᠠᠯᠲᠠ ᠦᠭᠡᠢ ᠦᠨᠳᠦᠰᠦᠯᠡᠨ ᠬᠦᠭᠵᠢᠭᠦᠯᠦᠭᠰᠡᠨ ᠲᠡᠦᠬᠡ ᠪᠤᠯᠤᠨ᠎ᠠ᠂ ᠬᠦᠮᠦᠨ ᠲᠦᠷᠦᠯᠬᠢᠲᠡᠨ ᠤ ᠲᠡᠦᠬᠡᠨ ᠲᠡᠭᠡᠷᠡᠬᠢ ᠠᠯᠢᠪᠠ ᠰᠢᠯᠢᠳᠡᠭ ᠦᠵᠡᠯ ᠰᠠᠨᠠᠭ᠎ᠠ ᠰᠤᠶᠤᠯ ᠤᠨ ᠦᠷ᠎ᠠ ᠪᠦᠲᠦᠭᠡᠯ ᠢ ᠲᠠᠰᠤᠷᠠᠯᠲᠠ ᠦᠭᠡᠢ ᠰᠢᠩᠭᠡᠭᠡᠨ ᠠᠪᠴᠤ ᠦᠪᠡᠷ ᠢ ᠪᠠᠨ ᠪᠠᠶᠠᠯᠢᠬᠵᠢᠭᠤᠯᠤᠬᠰᠠᠨ ᠲᠡᠦᠬᠡ ᠪᠤᠯᠤᠨ᠎ᠠ᠃ ᠡᠶᠢᠮᠦ ᠠᠴᠠ᠂ ᠮᠠᠷᠺᠰ ᠤᠨ ᠦᠵᠡᠯ ᠬᠡᠵᠢᠶᠡᠲᠡ ᠭᠠᠶᠢᠬᠠᠮᠰᠢᠬᠲᠤ ᠰᠠᠶᠢᠬᠠᠨ ᠵᠠᠯᠠᠭᠤ ᠶᠢᠨ ᠴᠤᠬ ᠵᠢᠪᠬᠤᠭ᠎ᠠ ᠪᠠᠨ ᠬᠠᠳᠠᠭᠠᠯᠠᠵᠤ᠂ ᠴᠠᠭ ᠦᠶ᠎ᠠ ᠶᠢᠨ ᠬᠦᠭᠵᠢᠯᠲᠡ ᠠᠴᠠ ᠳᠤᠷᠠᠳᠤᠬᠰᠠᠨ ᠰᠢᠨ᠎ᠠ ᠰᠡᠳᠦᠪ ᠢ ᠲᠠᠰᠤᠷᠠᠯᠲᠠ ᠦᠭᠡᠢ ᠰᠦᠪᠡᠭᠴᠢᠯᠡᠨ᠂ ᠬᠦᠮᠦᠨ ᠲᠦᠷᠦᠯᠬᠢᠲᠡᠨ ᠤ ᠨᠡᠶᠢᠭᠡᠮ ᠳᠤ ᠲᠤᠯᠭᠠᠷᠠᠵᠤ ᠪᠠᠶᠢᠭ᠎ᠠ ᠰᠢᠨ᠎ᠠ ᠦᠷᠢᠰᠦᠯᠳᠦᠭᠡᠨ ᠢ ᠤᠬᠲᠤᠵᠤ ᠪᠠᠶᠢᠨ᠎ᠠ ᠭᠡᠵᠦ ᠴᠢᠬᠤᠯᠠᠴᠢᠯᠠᠪᠠ᠃      ᠰᠢ ᠶᠢᠨ ᠫᠢᠩ᠂ ︽ᠡᠪ ᠬᠠᠮᠲᠤ ᠨᠠᠮ ᠤᠨ ᠲᠤᠩᠬᠠᠬ︾ ᠨᠡᠶᠢᠲᠡᠯᠡᠭᠳᠡᠭᠰᠡᠨ 170 ᠵᠢᠯ ᠤᠨ ᠲᠤᠷᠰᠢ᠂ ᠮᠠᠷᠺᠰ ᠤᠨ ᠦᠵᠡᠯ ᠳᠡᠯᠡᠬᠡᠢ ᠳ᠋ᠠᠬᠢᠨ ᠳᠤ ᠦᠷᠭᠡᠨ ᠢᠶᠠᠷ ᠳᠠᠮᠵᠢᠭᠤᠯᠤᠬᠳᠠᠪᠠ᠃ ᠬᠦᠮᠦᠨ ᠲᠦᠷᠦᠯᠬᠢᠲᠡᠨ ᠤ ᠦᠵᠡᠯ ᠰᠠᠨᠠᠭᠠᠨ ᠤ ᠲᠡᠤᠬᠡᠨ ᠲᠡᠭᠡᠷ᠎ᠡ᠂ ᠮᠠᠷᠺᠰ ᠤᠨ ᠦᠵᠡᠯ ᠰᠢᠭ ᠢᠶᠠᠷ ᠬᠦᠮᠦᠨ ᠲᠦᠷᠦᠯᠬᠢᠲᠡᠨ ᠳᠤ ᠡᠶᠢᠨᠬᠦ ᠦᠷᠭᠡᠨ ᠳᠡᠯᠭᠡᠷ ᠪᠠ ᠭᠦᠨ ᠭᠦᠨᠵᠡᠭᠡᠢ ᠨᠦᠯᠦᠭᠡ ᠦᠵᠡᠭᠦᠯᠦᠭᠰᠡᠨ ᠦᠵᠡᠯ ᠰᠠᠨᠠᠭᠠᠨ ᠤ ᠤᠨᠤᠯ ᠭᠡᠵᠦ ᠪᠠᠶᠢᠬᠤ ᠦᠭᠡᠢ ᠶᠤᠮ᠃ ᠮᠠᠷᠺᠰ ᠤᠨ ᠦᠵᠡᠯ ᠬᠦᠮᠦᠨ ᠲᠦᠷᠦᠯᠬᠢᠲᠡᠨ ᠤ ᠪᠤᠯᠪᠠᠰᠤᠨ ᠤ ᠠᠬᠢᠴᠠ ᠶᠢ ᠮᠠᠰᠢ ᠶᠡᠬᠡᠪᠡᠷ ᠠᠬᠢᠭᠤᠯᠵᠤ᠂ ᠤᠳᠤ ᠪᠤᠯᠲᠠᠯ᠎ᠠ ᠮᠦᠨᠬᠦ ᠴᠢᠬᠤᠯᠠ ᠶᠡᠭᠡ ᠲᠡᠯᠡᠬᠡᠢ ᠶᠢᠨ ᠨᠦᠯᠦᠭᠡ ᠲᠠᠢ ᠦᠵᠡᠯ ᠰᠠᠨᠠᠭᠠᠨ ᠤ ᠰᠢᠰᠲ᠋ᠧᠮ ᠪᠠ ᠦᠬᠡ ᠶᠠᠷᠢᠶᠠᠨ ᠤ ᠰᠢᠰᠲ᠋ᠧᠮ ᠪᠤᠯᠤᠬᠰᠠᠭᠠᠷ ᠪᠠᠶᠢᠨ᠎ᠠ᠂ ᠮᠠᠷᠺᠰ ᠤᠳᠤ ᠪᠤᠯᠲᠠᠯ᠎ᠠ ᠮᠦᠨᠬᠦ ︽ᠮᠢᠩᠭᠠᠨ ᠤᠨ ᠤ ᠲᠡᠷᠢᠭᠦᠨ ᠪᠤᠳᠤᠯᠭᠠᠲᠠᠨ︾ ᠭᠡᠮᠡᠨ ᠤᠯᠠᠨ ᠳᠤ ᠵᠦᠪᠰᠢᠶᠡᠷᠡᠭᠳᠡᠵᠦ ᠪᠠᠶᠢᠨ᠎ᠠ ᠭᠡᠵᠦ ᠵᠢᠭᠠᠵᠤ ᠭᠠᠷᠭᠠᠪᠠ᠃  ᠰᠢ ᠶᠢᠨ ᠫᠢᠩ᠂ ᠮᠠᠷᠺᠰ ᠤᠨ ᠦᠵᠡᠯ ᠨᠢ ᠳᠡᠯᠡᠬᠡᠢ ᠶᠢᠷᠲᠢᠨᠴᠤ ᠶᠢ ᠭᠦᠨ᠎ᠡ ᠬᠤᠪᠢᠷᠠᠭᠤᠯᠤᠬᠰᠠᠨ ᠢᠶᠠᠷ ᠦᠯᠦ ᠪᠠᠷᠠᠮ᠂ ᠳᠤᠮᠳᠠᠳᠤ ᠤᠯᠤᠰ ᠢ ᠴᠦ ᠭᠦᠨ᠎ᠡ ᠬᠤᠪᠢᠷᠠᠭᠤᠯᠪᠠ᠃ ᠮᠠᠷᠺᠰ ᠤᠨ ᠦᠵᠡᠯ ᠤᠨ ᠬᠤᠪᠢ ᠵᠠᠶᠠᠭ᠎ᠠ ᠠᠯᠢ ᠡᠷᠲᠡ ᠨᠢᠭᠡᠨᠲᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠪᠢ ᠵᠠᠶᠠᠭ᠎ᠠ᠂ ᠳᠤᠮᠳᠠᠳᠤ ᠤᠯᠤᠰ ᠤᠨ ᠠᠷᠠᠳ ᠲᠦᠮᠡᠨ ᠤ ᠬᠤᠪᠢ ᠵᠠᠶᠠᠭ᠎ᠠ᠂ ᠳᠤᠮᠳᠠᠳᠤ ᠶᠢᠨ ᠦᠨᠳᠦᠰᠦᠲᠡᠨ ᠤ ᠬᠤᠪᠢ ᠵᠠᠶᠠᠭ᠎ᠠ ᠯᠤᠭ᠎ᠠ ᠨᠢᠬᠲᠠ ᠬᠤᠯᠪᠤᠯᠳᠤᠵᠤ᠂ ᠲᠡᠭᠦᠨ ᠤ ᠰᠢᠨᠵᠢᠯᠡᠬᠦ ᠤᠬᠠᠭᠠᠨᠴᠢ ᠴᠢᠨᠠᠷ ᠪᠠ ᠦᠨᠡᠨ ᠶᠤᠰᠤᠴᠢ ᠴᠢᠨᠠᠷ ᠨᠢ ᠳᠤᠮᠳᠠᠳᠤ ᠤᠯᠤᠰ ᠲᠤ ᠭᠦᠢᠴᠡᠳ ᠰᠢᠯᠭᠠᠬᠳᠠᠨ ᠨᠤᠳᠠᠯᠠᠭᠳᠠᠵᠦ᠂ ᠲᠡᠭᠦᠨ ᠤ ᠠᠷᠠᠳᠴᠢ ᠴᠢᠨᠠᠷ ᠪᠠ ᠦᠢᠯᠡᠳᠦᠯᠭᠡᠲᠤ ᠴᠢᠨᠠᠷ ᠨᠢ ᠳᠤᠮᠳᠠᠳᠤ ᠤᠯᠤᠰ ᠲᠤ ᠭᠦᠢᠴᠡᠳ ᠲᠤᠤᠱᠯᠠᠭᠳᠠᠵᠦ᠂ ᠲᠡᠭᠦᠨ ᠤ ᠨᠡᠭᠡᠭᠡᠯᠲᠡᠲᠤ ᠴᠢᠨᠠᠷ ᠪᠠ ᠴᠠᠬ ᠦᠶᠡᠴᠢ ᠴᠢᠨᠠᠷ ᠨᠢ ᠳᠤᠮᠳᠠᠳᠤ ᠤᠯᠤᠰ ᠲᠤ ᠭᠦᠢᠴᠡᠳ ᠢᠯᠡᠷᠡᠭᠰᠡᠨ ᠢ ᠦᠢᠯᠡᠳᠦᠯᠭᠡ ᠭᠡᠷᠡᠴᠢᠯᠡᠵᠦ ᠪᠤᠢ᠃ ᠮᠠᠷᠺᠰ ᠤᠨ ᠦᠵᠡᠯ ᠲᠤᠮᠳᠠᠳᠤ ᠤᠯᠤᠰ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠦᠭᠡᠷᠡᠴᠢᠯᠡᠯᠲᠠ ᠳᠤ ᠬᠦᠴᠦᠷᠭᠡᠭ ᠶᠡᠭᠡ ᠦᠵᠡᠯ ᠰᠠᠨᠠᠭᠠᠨ ᠤ ᠵᠡᠪᠰᠡᠭ ᠬᠠᠨᠭ᠍ᠭᠠᠵᠤ᠂ ᠲᠤᠮᠳᠠᠳᠤ ᠤᠯᠤᠰ ᠤᠨ ᠡᠨᠡᠬᠦ ᠲᠤᠷᠤᠨᠠᠳᠠᠬᠢᠨ ᠤ ᠶᠡᠭᠡ ᠤᠯᠤᠰ ᠬᠦᠮᠦᠨ ᠲᠦᠷᠦᠯᠬᠢᠲᠠᠨ ᠤ ᠲᠡᠤᠭᠡᠨ ᠳᠠᠬᠢ ᠤᠷᠢᠳᠤ ᠡᠮᠤᠨ᠎ᠡ ᠪᠠᠶᠢᠭ᠎ᠠ ᠦᠭᠡᠢ ᠬᠦᠭᠵᠢᠯᠲᠠ ᠶᠢᠨ ᠭᠠᠶᠢᠬᠠᠮᠰᠢᠭ ᠢ ᠡᠭᠦᠳᠴᠠᠢ᠃ ᠲᠡᠤᠭᠡ ᠪᠤᠯᠤᠨ ᠠᠷᠠᠳ ᠲᠦᠮᠡᠨ ᠮᠠᠷᠺᠰ ᠤᠨ ᠦᠵᠡᠯ ᠢ ᠰᠤᠩᠭᠤᠬᠰᠡᠨ ᠨᠢ ᠪᠦᠷᠢᠨ ᠵᠦᠪ᠂ ᠲᠤᠮᠲᠠᠳᠤ ᠤᠯᠤᠰ ᠤᠨ ᠡᠪ ᠬᠠᠮᠲᠤ ᠨᠠᠮ ᠮᠠᠷᠺᠰ ᠤᠨ ᠦᠵᠡᠯ ᠢ ᠦᠪᠡᠷ ᠤᠨ ᠢᠶᠠᠨ ᠲᠤᠭ ᠲᠡᠭᠡᠷ᠎ᠡ ᠪᠠᠨ ᠲᠤᠷᠠᠶᠢᠳᠠᠯ᠎ᠡ ᠪᠢᠴᠢᠭᠰᠡᠨ ᠨᠢ ᠪᠦᠷᠢᠨ ᠵᠦᠪ᠂ ᠮᠠᠷᠺᠰ ᠤᠨ ᠦᠵᠡᠯ ᠤᠨ ᠦᠨᠳᠦᠰᠦᠨ ᠤᠭ ᠶᠤᠰᠤ ᠶᠢ ᠲᠤᠮᠳᠠᠳᠤ ᠤᠯᠤᠰ ᠤᠨ ᠪᠤᠲᠠᠳᠤ ᠪᠠᠶᠢᠳᠠᠯ ᠲᠠᠢ ᠤᠶᠠᠯᠳᠤᠭᠤᠯᠵᠤ᠂ ᠮᠠᠷᠺᠰ ᠤᠨ ᠦᠵᠡᠯ ᠢ ᠲᠠᠰᠤᠷᠠᠯᠳᠠ ᠦᠭᠡᠢ ᠲᠤᠮᠳᠠᠳᠤ ᠤᠯᠤᠰᠴᠢᠯᠠᠵᠤ ᠴᠠᠭ ᠦᠶᠡᠴᠢᠯᠡᠬᠦ ᠶᠢ ᠠᠬᠢᠭᠤᠯᠤᠬᠰᠠᠨ ᠪᠤᠯ ᠪᠦᠷᠢᠨ ᠵᠦᠪ ᠭᠡᠳᠡᠭ ᠢ ᠦᠢᠯᠡᠳᠦᠯᠭᠡ ᠪᠠᠰᠠ ᠬᠡᠷᠡᠴᠢᠯᠡᠪᠠ᠃ ᠮᠠᠷᠺᠰ ᠢ ᠲᠠᠶᠢᠳᠬᠤᠷᠠᠭᠤᠯᠬᠤ ᠤᠴᠢᠷ ᠶᠤᠰᠤᠨ ᠭᠡᠪᠡᠯ᠂ ᠮᠠᠷᠺᠰ ᠤᠨ ᠦᠵᠡᠯ ᠲᠤᠮᠳᠠᠳᠤ ᠤᠯᠤᠰ ᠢ ᠵᠢᠯᠤᠭᠤᠳᠤᠨ ᠲᠠᠭᠠᠭᠤᠯᠵᠤ ᠨᠡᠶᠢᠭᠡᠮ ᠵᠢᠷᠤᠮᠲᠤ ᠤᠳᠤᠬᠢᠴᠢᠯᠠᠬᠰᠡᠨ ᠬᠦᠴᠦᠷᠭᠡᠭ ᠤᠯᠤᠰ ᠢ ᠪᠦᠬᠦ ᠲᠠᠯ᠎ᠡ ᠪᠠᠷ ᠪᠦᠳᠦᠭᠡᠨ ᠪᠠᠶᠢᠭᠤᠯᠬᠤ ᠲᠠᠷᠳᠠᠩ ᠵᠠᠮ ᠢᠶᠠᠷ ᠠᠮᠵᠢᠯᠲᠠ ᠲᠠᠢ ᠪᠠᠷ ᠵᠠᠮᠨᠠᠭᠤᠯᠵᠤ᠂ ᠲᠤᠮᠳᠠᠳᠤ ᠤᠯᠤᠰ ᠤᠨ ᠡᠪ ᠬᠠᠮᠲᠤᠴᠤᠳ ᠮᠠᠷᠺᠰ ᠤᠨ ᠦᠵᠡᠯ ᠤᠨ ᠦᠨᠡᠨᠴᠢ ᠰᠢᠳᠤᠷᠭᠤ ᠰᠢᠳᠦᠭᠴᠢ᠂ ᠡᠷᠡᠰ ᠪᠠᠲᠤ ᠦᠢᠯᠡᠳᠦᠯᠭᠡᠵᠢᠬᠦᠯᠦᠭᠴᠢ ᠪᠤᠯᠤᠬᠰᠡᠨ ᠤ ᠬᠤᠪᠢ ᠳᠤ᠂ ᠶᠠᠭ ᠮᠠᠷᠺᠰ ᠤᠨ ᠦᠵᠡᠯ ᠢ ᠪᠠᠷᠢᠮᠳᠠᠯᠠᠬᠤ ᠪᠠ ᠬᠦᠭᠵᠢᠬᠦᠯᠬᠦ ᠶᠢᠨ ᠲᠦᠯᠦᠭᠡ ᠭᠤᠶᠢᠪᠢᠰᠢ ᠦᠭᠡᠢ ᠴᠢᠷᠮᠠᠶᠢᠵᠤ ᠪᠠᠶᠢᠭ᠎ᠠ ᠶᠠᠪᠤᠳᠠᠯ ᠪᠤᠯᠤᠨ᠎ᠠ ᠬᠡᠵᠦ ᠴᠢᠬᠤᠯᠠᠴᠢᠯᠠᠪᠠ᠃
     5 ᠰᠠᠷ᠎ᠠ ᠶᠢᠨ 4 ᠤ ᠡᠳᠦᠷ᠂ ᠮᠠᠷᠺᠰ ᠤᠨ ᠮᠡᠨᠳᠦᠯᠡᠭᠰᠡᠡ 200 ᠵᠢᠯ ᠤᠨ ᠤᠢ ᠶᠢ ᠲᠤᠷᠠᠰᠬᠠᠬᠤ ᠶᠡᠭᠡ ᠬᠤᠷᠡᠯ ᠪᠡᠭᠡᠵᠢᠩ ᠤᠨ ᠠᠷᠠᠳ ᠤᠨ ᠶᠡᠭᠡ ᠬᠤᠷᠡᠯ ᠤᠨ ᠲᠠᠩᠬᠢᠮ ᠳᠤ ᠦᠪᠡᠳᠡᠭᠰᠢ ᠶᠡᠬᠡᠪᠡᠷ ᠬᠤᠷᠡᠯᠳᠤᠪᠠ᠃ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠦ᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠨᠠᠷ ᠶᠡᠭᠡ ᠬᠤᠷᠠᠯ ᠳᠤ ᠤᠷᠤᠯᠴᠠᠵᠠᠢ᠃                         ᠰᠢᠨᠬᠤᠸᠠ ᠬᠤᠷᠢᠶᠠᠨ ᠤ ᠰᠤᠷᠪᠤᠯᠵᠢᠯᠠᠬᠴᠢ ᠵᠢᠦᠢ ᠫᠧᠩ ᠰᠡᠬᠦᠳᠡᠷᠯᠡᠪᠡ      ᠰᠢ ᠶᠢᠨ ᠫᠢᠩ᠂ ᠮᠠᠷᠺᠰ ᠠᠴᠠ ᠰᠤᠷᠤᠯᠴᠠᠬᠤ ᠳᠤ᠂ ᠮᠠᠷᠺᠰ ᠤᠨ ᠦᠵᠡᠯ ᠤᠨ ᠬᠦᠮᠥᠨ ᠲᠦᠷᠦᠯᠬᠢᠳᠡᠨ ᠤ ᠨᠡᠶᠢᠬᠡᠮ ᠤᠨ ᠬᠦᠭᠵᠢᠯᠳᠡ ᠶᠢᠨ ᠵᠢᠮ᠎ᠡ ᠶᠤᠰᠤᠨ ᠤ ᠲᠤᠬᠠᠢ ᠦᠵᠡᠯ ᠰᠠᠨᠠᠭ᠎ᠠ ᠶᠢ ᠰᠤᠷᠤᠯᠴᠠᠨ ᠦᠢᠯᠡᠳᠦᠯᠬᠡᠵᠢᠬᠦᠯᠵᠥ᠂ ᠡᠪ ᠬᠠᠮᠳᠤ ᠶᠤᠰᠤᠨ ᠤ ᠠᠯᠤᠰ ᠤᠨ ᠬᠦᠰᠡᠯᠡᠩ ᠢ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠬᠠᠮᠳᠤ ᠶᠢᠨ ᠬᠦᠰᠡᠯᠡᠩ ᠲᠠᠢ ᠨᠢᠬᠡᠳᠬᠡᠵᠥ᠂ ᠪᠢᠳᠡᠨ ᠤ ᠤᠳᠤ ᠶᠠᠭ ᠬᠢᠵᠥ ᠪᠠᠶᠢᠭ᠎ᠠ ᠶᠠᠪᠤᠳᠠᠯ ᠲᠠᠢ ᠨᠢᠭᠡᠳᠭᠡᠵᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠵᠠᠮ ᠤᠨ ᠢᠳᠡᠬᠡᠯ᠂ ᠤᠨᠤᠯ ᠤᠨ ᠢᠳᠡᠬᠡᠯ᠂ ᠪᠠᠶᠢᠭᠤᠯᠤᠯ ᠤᠨ ᠢᠳᠡᠬᠡᠯ᠂ ᠰᠤᠶᠤᠯ ᠤᠨ ᠢᠳᠡᠬᠡᠯ ᠢᠶᠠᠨ ᠪᠠᠳᠤᠳᠬᠠᠵᠥ᠂ ᠡᠪ ᠬᠠᠮᠳᠤᠴᠤᠳ ᠤᠨ ᠬᠦᠰᠡᠡᠯᠩ ᠢᠳᠡᠬᠡᠯ ᠪᠢᠰᠢᠷᠡᠯ ᠢᠶᠠᠨ ᠪᠠᠳᠤ ᠰᠠᠬᠢᠬᠤ ᠬᠡᠷᠡᠭᠳᠡᠢ᠃ ᠮᠠᠷᠺᠰ ᠠᠴᠠ ᠰᠤᠷᠤᠯᠴᠠᠬᠤ ᠳᠤ᠂ ᠮᠠᠷᠺᠰ ᠤᠨ ᠦᠵᠡᠯ ᠤᠨ ᠠᠷᠠᠳ ᠲᠦᠮᠡᠨ ᠤ ᠵᠤᠭᠰᠤᠯᠳᠠ ᠶᠢ ᠪᠠᠳᠤ ᠰᠠᠬᠢᠬᠤ ᠲᠤᠬᠠᠢ ᠦᠵᠡᠯ ᠰᠠᠨᠠᠭ᠎ᠠ ᠶᠢ ᠰᠤᠷᠤᠯᠴᠠᠨ ᠦᠢᠯᠡᠳᠦᠯᠬᠡᠵᠢᠬᠦᠯᠵᠥ᠂ ᠪᠦᠬᠦ ᠰᠡᠳᠬᠢᠯ ᠪᠦᠬᠦ ᠵᠤᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠤᠷᠢᠯᠳᠡ ᠪᠠᠨ ᠪᠠᠷᠢᠮᠳᠠᠯᠠᠵᠥ᠂ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠬᠠᠷᠢᠴᠠᠭ᠎ᠠ ᠪᠠᠨ ᠢᠮᠠᠬᠳᠠ ᠪᠠᠳᠤᠯᠠᠵᠥ᠂ ᠠᠷᠠᠳ ᠲᠦᠮᠡᠨ ᠢ ᠪᠦᠯᠬᠦᠮᠳᠡᠬᠦᠯᠥᠨ ᠲᠠᠶᠢᠴᠢᠯᠠᠵᠥ ᠪᠠᠶᠢᠭᠠᠳ ᠲᠡᠤᠬᠡ ᠶᠢᠨ ᠠᠭᠤᠤ ᠦᠢᠯᠡᠰ ᠢ ᠬᠠᠮᠳᠤᠪᠡᠷ ᠡᠬᠦᠳᠦᠨ ᠪᠦᠳᠦᠭᠡᠬᠦ ᠬᠡᠷᠡᠭᠳᠡᠢ᠃ ᠮᠠᠷᠺᠰ ᠠᠴᠠ ᠰᠤᠷᠤᠯᠴᠠᠬᠤ ᠳᠤ᠂ ᠮᠠᠷᠺᠰ ᠤᠨ ᠦᠵᠡᠯ ᠤᠨ ᠦᠢᠯᠡᠳᠪᠤᠷᠢᠯᠡᠯ ᠤᠨ ᠬᠦᠴᠦᠨ ᠪᠤᠯᠤᠨ ᠦᠢᠯᠡᠳᠪᠤᠷᠢᠯᠡᠯ ᠤᠨ ᠬᠠᠷᠢᠴᠠᠭ᠎ᠠ ᠶᠢᠨ ᠲᠤᠬᠠᠢ ᠦᠵᠡᠯ ᠰᠠᠨᠠᠭ᠎ᠠ ᠶᠢ ᠰᠤᠷᠤᠯᠴᠠᠨ ᠦᠢᠯᠡᠳᠦᠯᠬᠡᠵᠢᠬᠦᠯᠵᠥ᠂ ᠵᠤᠷᠢᠬᠳᠡᠢ ᠪᠠᠷ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠵᠥ᠂ ᠤᠬᠠᠮᠰᠠᠷ ᠠᠴᠠ ᠪᠠᠨ ᠦᠢᠯᠡᠳᠪᠤᠷᠢᠯᠡᠯ ᠤᠨ ᠬᠠᠷᠢᠴᠠᠭ᠎ᠠ ᠳᠤ ᠲᠤᠬᠢᠷᠠᠭᠤᠯᠤᠯᠳᠡ ᠬᠢᠬᠦ ᠪᠠᠷ ᠲᠠᠮᠵᠢᠨ ᠨᠡᠶᠢᠬᠡᠮ ᠤᠨ ᠦᠢᠯᠡᠳᠪᠤᠷᠢᠯᠡᠯ ᠤᠨ ᠬᠦᠴᠦᠨ ᠤ ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠬᠦᠭᠵᠢᠬᠡᠵᠥ᠂ ᠤᠬᠠᠮᠰᠠᠷ ᠠᠴᠠ ᠪᠠᠨ ᠲᠡᠬᠡᠳᠤ ᠲᠠᠪᠬᠤᠷᠭ᠎ᠠ ᠶᠢ ᠲᠡᠬᠦᠯᠳᠡᠷᠵᠢᠬᠦᠯᠬᠦ ᠪᠠᠷ ᠲᠠᠮᠵᠢᠭᠤᠯᠤᠨ ᠠᠵᠥ ᠠᠬᠤᠢ ᠶᠢᠨ ᠰᠠᠭᠤᠷᠢ ᠶᠢᠨ ᠬᠦᠭᠵᠢᠯᠳᠡ ᠶᠢᠨ ᠱᠠᠭᠠᠷᠳᠠᠯᠭ᠎ᠠ ᠳᠤ ᠵᠤᠬᠢᠴᠠᠵᠥ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ ᠵᠢᠮ᠎ᠡ ᠶᠤᠰᠤ ᠳᠤ ᠨᠡᠩ ᠰᠠᠶᠢᠨ ᠨᠡᠶᠢᠴᠡᠬᠦᠯᠵᠥ ᠪᠠᠶᠢᠭᠠᠳ ᠬᠦᠭᠵᠢᠬᠦᠯᠬᠦ ᠬᠡᠷᠡᠭᠳᠡᠢ᠃ ᠮᠠᠷᠺᠰ ᠠᠴᠠ ᠰᠤᠷᠤᠯᠴᠠᠬᠤ ᠳᠤ᠂ ᠮᠠᠷᠺᠰ ᠤᠨ ᠦᠵᠡᠯ ᠤᠨ ᠠᠷᠠᠳ ᠤᠨ ᠠᠷᠠᠳᠴᠢᠯᠠᠯ ᠤᠨ ᠲᠤᠬᠠᠢ ᠦᠵᠡᠯ ᠰᠠᠨᠠᠭ᠎ᠠ ᠶᠢ ᠰᠤᠷᠤᠯᠴᠠᠨ ᠦᠢᠯᠡᠳᠦᠯᠭᠡᠵᠢᠭᠦᠯᠵᠤ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠦᠭᠵᠢᠯᠳᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠠᠷᠠᠳ ᠲᠦᠮᠡᠨ ᠤ ᠢᠳᠡᠪᠬᠢᠵᠢᠯ᠂ ᠰᠠᠨᠠᠭᠠᠴᠢᠯᠠᠭᠠᠳᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠵᠤ᠂ ᠠᠷᠠᠳ ᠤᠨ ᠠᠷᠠᠳᠴᠢᠯᠠᠯ ᠢ ᠨᠡᠩ ᠪᠤᠳᠠᠳᠠᠢ᠂ ᠨᠡᠩ ᠪᠦᠲᠦᠮᠵᠢᠳᠠᠢ ᠪᠠᠷ ᠬᠡᠷᠡᠭᠵᠢᠭᠦᠯᠬᠦ ᠬᠡᠷᠡᠭᠲᠠᠢ᠃ ᠮᠠᠷᠺᠰ ᠠᠴᠠ ᠰᠤᠷᠤᠯᠴᠠᠬᠤ ᠳᠤ᠂ ᠮᠠᠷᠺᠰ ᠤᠨ ᠦᠵᠡᠯ ᠤᠨ ᠰᠤᠶᠤᠯ ᠤᠨ ᠪᠠᠶᠢᠭᠤᠯᠤᠯᠳᠠ ᠶᠢᠨ ᠲᠤᠬᠠᠢ ᠦᠵᠡᠯ ᠰᠠᠨᠠᠭ᠎ᠠ ᠶᠢ ᠰᠤᠷᠤᠯᠴᠠᠨ ᠦᠢᠯᠡᠳᠦᠯᠭᠡᠵᠢᠬᠦᠯᠵᠤ᠂ ᠮᠠᠷᠺᠰ ᠤᠨ ᠦᠵᠡᠯ ᠤᠨ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠠᠨ ᠤ ᠵᠢᠯᠤᠭᠤᠳᠬᠤ ᠪᠠᠶᠢᠷᠢ ᠰᠠᠭᠤᠷᠢ ᠶᠢ ᠪᠠᠬᠢᠵᠢᠭᠦᠯᠵᠤ᠂ ᠨᠡᠶᠢᠭᠡᠮ ᠵᠢᠷᠤᠮ ᠤᠨ ᠲᠡᠷᠢᠭᠦᠨ ᠤ ᠰᠤᠶᠤᠯ ᠢ ᠬᠦᠭᠵᠢᠭᠦᠯᠵᠤ᠂ ᠨᠡᠶᠢᠭᠡᠮ ᠵᠢᠷᠤᠮ ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠵᠤ᠂ ᠳᠤᠮᠳᠠᠳᠤ ᠶᠢᠨ ᠰᠤᠶᠤᠯ ᠤᠨ ᠰᠢᠨ᠎ᠠ ᠭᠢᠯᠠᠯᠵᠠᠭᠰᠠᠨ ᠠᠮᠵᠢᠯᠳᠠ ᠶᠢ ᠲᠠᠰᠤᠷᠠᠯᠳᠠ ᠦᠭᠡᠢ ᠡᠭᠦᠳᠬᠦ ᠬᠡᠷᠡᠭᠳᠠᠢ᠃ ᠮᠠᠷᠺᠰ ᠠᠴᠠ ᠰᠤᠷᠤᠯᠴᠠᠬᠤ ᠳᠤ᠂ ᠮᠠᠷᠺᠰ ᠤᠨ ᠦᠵᠡᠯ ᠤᠨ ᠨᠡᠶᠢᠭᠡᠮ ᠤᠨ ᠪᠠᠶᠢᠭᠤᠯᠤᠯᠳᠠ ᠶᠢᠨ ᠲᠤᠬᠠᠢ ᠦᠵᠡᠯ ᠰᠠᠨᠠᠭ᠎ᠠ ᠶᠢ ᠰᠤᠷᠤᠯᠴᠠᠨ ᠦᠢᠯᠡᠳᠦᠯᠭᠡᠵᠢᠭᠦᠯᠵᠤ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠠᠷᠠᠳ ᠤᠨ ᠠᠮᠢᠳᠤᠷᠠᠯ ᠢ ᠲᠠᠰᠤᠷᠠᠯᠳᠠ ᠦᠭᠡᠢ ᠪᠠᠳᠤᠯᠠᠨ ᠰᠠᠶᠢᠵᠢᠷᠠᠭᠤᠯᠵᠤ᠂ ᠨᠡᠶᠢᠭᠡᠮ ᠤᠨ ᠲᠦᠪ ᠭᠤᠤᠯᠴᠢ ᠰᠢᠳᠤᠷᠭᠤ ᠶᠤᠰᠤ ᠶᠢ ᠠᠬᠢᠭᠤᠯᠵᠤ᠂ ᠬᠦᠭᠵᠢᠯᠳᠡ ᠶᠢᠨ ᠦᠷ᠎ᠠ ᠪᠦᠲᠦᠭᠡᠯ ᠢ ᠪᠦᠬᠦ ᠠᠷᠠᠳ ᠲᠦᠮᠡᠨ ᠳᠤ ᠨᠡᠩ ᠤᠯᠠᠨ ᠬᠦᠷᠳᠡᠭᠡᠵᠤ᠂ ᠪᠦᠬᠦ ᠠᠷᠠᠳ ᠲᠦᠮᠡᠨ ᠤ ᠬᠠᠮᠳᠤ ᠶᠢᠨ ᠴᠢᠨᠡᠭᠡᠯᠢᠭᠵᠢᠯ ᠢ ᠪᠡᠶᠡᠯᠡᠬᠦᠯᠬᠦ ᠲᠡᠰᠢ ᠲᠠᠰᠤᠷᠠᠯᠳᠠ ᠦᠭᠡᠢ ᠤᠷᠤᠭᠰᠢᠯᠠᠬᠤ ᠬᠡᠷᠡᠭᠲᠠᠢ᠃ ᠮᠠᠷᠺᠰ ᠠᠴᠠ ᠰᠤᠷᠤᠯᠴᠠᠬᠤ ᠳᠤ᠂ ᠮᠠᠷᠺᠰ ᠤᠨ ᠦᠵᠡᠯ ᠤᠨ ᠬᠦᠮᠦᠨ ᠪᠠ ᠪᠠᠶᠢᠭᠠᠯᠢ ᠶᠢᠨ ᠬᠠᠷᠢᠴᠠᠭ᠎ᠠ ᠶᠢᠨ ᠲᠤᠬᠠᠢ ᠦᠵᠡᠯ ᠰᠠᠨᠠᠭ᠎ᠠ ᠶᠢ ᠰᠤᠷᠤᠯᠴᠠᠨ ᠦᠢᠯᠡᠳᠦᠯᠭᠡᠵᠢᠭᠦᠯᠵᠤ᠂ ᠬᠦᠮᠦᠨ ᠪᠠ ᠪᠠᠶᠢᠭᠠᠯᠢ ᠶᠢᠨ ᠡᠶ᠎ᠡ ᠵᠤᠬᠢᠴᠠᠩᠭᠤᠢ ᠬᠠᠮᠳᠤᠪᠡᠷ ᠤᠷᠤᠰᠢᠬᠤ ᠶᠢ ᠪᠠᠷᠢᠮᠳᠠᠯᠠᠵᠤ᠂ ᠪᠦᠬᠦ ᠨᠡᠶᠢᠭᠡᠮ ᠤᠨ ᠬᠦᠴᠦᠨ ᠢ ᠳᠠᠶᠢᠴᠢᠯᠠᠵᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠠᠬᠢᠭᠤᠯᠵᠤ᠂ ᠦᠵᠡᠰᠭᠦᠯᠡᠩᠳᠤ ᠰᠠᠶᠢᠬᠠᠨ ᠳᠤᠮᠳᠠᠳᠤ ᠤᠯᠤᠰ ᠢ ᠬᠠᠮᠳᠤᠪᠡᠷ ᠪᠦᠲᠦᠭᠡᠨ ᠪᠠᠶᠢᠭᠤᠯᠬᠤ ᠬᠡᠷᠡᠭᠲᠠᠢ᠃ ᠮᠠᠷᠺᠰ ᠠᠴᠠ ᠰᠤᠷᠤᠯᠴᠠᠬᠤ ᠳᠤ᠂ ᠮᠠᠷᠺᠰ ᠤᠨ ᠦᠵᠡᠯ ᠤᠨ ᠳᠡᠯᠡᠬᠡᠢ ᠶᠢᠨ ᠲᠡᠤᠬᠡ ᠶᠢᠨ ᠲᠤᠬᠠᠢ ᠦᠵᠡᠯ ᠰᠠᠨᠠᠭ᠎ᠠ ᠶᠢ ᠰᠤᠷᠤᠯᠴᠠᠨ ᠦᠢᠯᠡᠳᠦᠯᠭᠡᠵᠢᠭᠦᠯᠵᠤ᠂ ᠡᠩᠬᠡ ᠲᠠᠶᠢᠪᠤᠩ ᠢᠶᠠᠷ ᠬᠦᠭᠵᠢᠬᠦ ᠵᠠᠮ ᠢ ᠪᠠᠷᠢᠮᠳᠠᠯᠠᠵᠤ᠂ ᠪᠡᠶ᠎ᠡ ᠪᠠᠨ ᠲᠠᠭᠠᠭᠠᠵᠥ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠲᠦᠷᠦ ᠶᠢᠨ ᠪᠤᠳᠤᠯᠭ᠎ᠠ ᠶᠢ ᠪᠠᠷᠢᠮᠳᠠᠯᠠᠵᠤ᠂ ᠬᠠᠷᠢᠯᠴᠠᠨ ᠠᠰᠢᠭᠳᠠᠢ ᠬᠠᠮᠲᠦᠪᠡᠷ ᠠᠰᠢᠭ ᠬᠦᠷᠳᠡᠬᠦ ᠨᠡᠬᠡᠬᠡᠯᠳᠡᠳᠤ ᠪᠠᠶᠢᠯᠳᠤᠬᠤ ᠪᠤᠳᠤᠯᠭ᠎ᠠ ᠶᠢ ᠪᠠᠷᠢᠮᠳᠠᠯᠠᠵᠤ᠂ ᠡᠯ᠎ᠠ ᠤᠯᠤᠰ ᠤᠨ ᠠᠷᠠᠳ ᠲᠦᠮᠡᠨ ᠲᠠᠢ ᠬᠠᠮᠳᠤᠪᠡᠷ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠵᠤ᠂ ᠳᠡᠯᠡᠬᠡᠢ ᠳ᠋ᠠᠬᠢᠨ ᠢ ᠨᠡᠩ ᠦᠵᠡᠰᠭᠦᠯᠡᠩᠳᠤ ᠰᠠᠶᠢᠬᠠᠨ ᠪᠤᠯᠭᠠᠵᠤ ᠪᠦᠳᠦᠭᠡᠨ ᠪᠠᠶᠢᠭᠤᠯᠬᠤ ᠬᠡᠷᠡᠭᠲᠠᠢ᠃ ᠮᠠᠷᠺᠰ ᠠᠴᠠ ᠰᠤᠷᠤᠯᠴᠠᠬᠤ ᠳᠤ᠂ ᠮᠠᠷᠺᠰ ᠤᠨ ᠦᠵᠡᠯ ᠤᠨ ᠲᠦᠷᠦ ᠶᠢᠨ ᠨᠠᠮ ᠤᠨ ᠪᠠᠶᠢᠭᠤᠯᠤᠯᠲᠠ ᠶᠢᠨ ᠲᠤᠬᠠᠢ ᠦᠵᠡᠯ ᠰᠠᠨᠠᠭ᠎ᠠ ᠶᠢ ᠰᠤᠷᠤᠯᠴᠠᠨ ᠦᠢᠯᠡᠳᠦᠯᠭᠡᠵᠢᠬᠦᠯᠵᠤ᠂ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠡ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠳᠤᠯᠲᠠᠢ ᠪᠠᠶᠢᠬᠤ ᠤᠬᠠᠮᠰᠠᠷ ᠢᠶᠠᠨ ᠴᠢᠩᠭᠠᠳᠬᠠᠵᠤ᠂ ᠪᠦᠬᠦ ᠲᠠᠯ᠎ᠡ ᠪᠠᠷ ᠨᠠᠮ ᠢ ᠴᠢᠩᠭ᠎ᠠ ᠵᠠᠰᠠᠬᠤ ᠶᠢ ᠰᠢᠨᠳᠠᠷᠠᠰᠢ ᠦᠭᠡᠢ ᠠᠬᠢᠭᠤᠯᠵᠤ᠂ ᠨᠠᠮ ᠤᠨ ᠲᠦᠪ ᠬᠤᠷᠢᠶᠠᠨ ᠤ ᠡᠷᠭᠡ ᠰᠦᠷ ᠪᠤᠯᠤᠨ ᠲᠦᠪᠯᠡᠷᠡᠩᠭᠦᠢ ᠨᠢᠭᠡᠳᠤᠯᠲᠠᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠡᠬᠦᠷᠢᠲᠠ ᠡᠪ ᠬᠠᠮᠳᠤᠴᠤᠳ ᠤᠨ ᠤᠯᠤᠰ ᠲᠦᠷᠦ ᠶᠢᠨ ᠮᠦᠨ ᠴᠢᠨᠠᠷ ᠢᠶᠠᠨ ᠪᠠᠳᠤᠯᠠᠬᠤ ᠭᠡᠷᠡᠭᠲᠠᠢ ᠬᠡᠵᠤ ᠵᠢᠭᠠᠵᠥ ᠭᠠᠷᠭᠠᠪᠠ᠃      ᠰᠢ ᠶᠢᠨ ᠫᠢᠩ᠂ ᠲᠤᠮᠲᠠᠳᠤ ᠤᠯᠤᠰ ᠤᠨ ᠡᠪ ᠬᠠᠮᠲᠤ ᠨᠠᠮ ᠪᠤᠯ ᠮᠠᠷᠺᠰ ᠤᠨ ᠦᠵᠡᠯ ᠢᠶᠠᠷ ᠵᠡᠪᠰᠡᠭᠯᠡᠭᠰᠡᠨ ᠲᠦᠷᠦ ᠶᠢᠨ ᠨᠠᠮ ᠮᠦᠨ᠂ ᠮᠠᠷᠺᠰ ᠤᠨ ᠦᠵᠡᠯ ᠪᠤᠯ ᠲᠤᠮᠳᠠᠳᠤ ᠤᠯᠤᠰ ᠤᠨ ᠡᠪ ᠬᠠᠮᠲᠤᠴᠤᠳ ᠤᠨ ᠬᠦᠰᠡᠯᠡᠩ ᠢᠳᠡᠭᠡᠯ ᠪᠢᠰᠢᠷᠡᠯ ᠤᠨ ᠰᠦᠭ ᠰᠦᠨᠡᠰᠤ ᠮᠦᠨ᠃ ᠨᠠᠮ ᠤᠨ ᠲᠡᠮᠡᠴᠡᠯ ᠤᠨ ᠦᠡᠭᠭᠡᠷᠡᠯᠲᠠ ᠶᠢ ᠡᠷᠬᠢᠴᠡᠬᠦᠯᠪᠡᠯ᠂ ᠲᠤᠮᠳᠠᠳᠤ ᠤᠯᠤᠰ ᠤᠨ ᠡᠪ ᠬᠠᠮᠲᠤ ᠨᠠᠮ ᠬᠦᠴᠢᠷ ᠪᠡᠷᠭᠡᠰᠢᠶᠡᠯ ᠵᠤᠪᠠᠭᠤᠷᠢ ᠵᠦᠳᠡᠬᠦᠷᠢ ᠶᠢ ᠲᠤᠭᠤᠯᠤᠨ ᠲᠠᠰᠤᠷᠠᠯᠲᠠ ᠦᠭᠡᠢ ᠬᠦᠭᠵᠢᠨ ᠪᠤᠵᠠᠭᠠᠢᠢᠷᠠᠵᠤ ᠴᠢᠳᠠᠬᠰᠡᠨ ᠤ ᠮᠠᠰᠢ ᠴᠢᠬᠤᠯᠠ ᠨᠢᠭᠡᠨ ᠰᠢᠯᠳᠠᠭᠠᠨ ᠪᠤᠯ ᠲᠠᠷᠤᠢ ᠮᠠᠨ ᠤ ᠨᠠᠮ ᠢᠮᠠᠬᠲᠠ ᠦᠵᠡᠯ ᠰᠠᠨᠠᠭ᠎ᠠ ᠪᠠᠷ ᠨᠠᠮ ᠪᠠᠶᠢᠭᠤᠯᠬᠤ᠂ ᠤᠨᠤᠯ ᠢᠶᠠᠷ ᠨᠠᠮ ᠢ ᠬᠦᠴᠦᠷᠬᠡᠭᠵᠢᠬᠦᠯᠬᠦ ᠶᠢ ᠴᠢᠬᠤᠯᠠᠴᠢᠯᠠᠵᠤ᠂ ᠪᠦᠬᠦ ᠨᠠᠮ ᠢ ᠢᠮᠠᠭᠲᠠ ᠦᠵᠡᠯ ᠰᠠᠨᠠᠭᠠᠨ ᠤ ᠲᠠᠯ᠎ᠠ ᠪᠠᠷ ᠨᠢᠭᠡᠲᠦᠯᠲᠡᠢ᠂ ᠡᠷᠡᠰ ᠪᠠᠲᠤ ᠰᠠᠨᠠᠭ᠎ᠠ ᠵᠤᠷᠢᠭ ᠲᠠᠢ᠂ ᠠᠵᠢᠯᠯᠠᠭ᠎ᠠ ᠵᠤᠬᠢᠴᠠᠩᠭᠤᠢ ᠪᠠᠶᠢᠵᠤ᠂ ᠬᠦᠴᠦᠷᠭᠡᠭ ᠶᠡᠭᠡ ᠲᠠᠶᠢᠴᠢᠨ ᠬᠦᠴᠦᠨ ᠲᠠᠢ ᠪᠠᠶᠢᠬᠤ ᠶᠢ ᠪᠠᠲᠤᠯᠠᠭᠰᠠᠠ ᠳᠤ ᠪᠠᠶᠢᠨ᠎ᠠ᠃ ᠤᠳᠤᠬᠠᠨ ᠳᠤ᠂ ᠦᠭᠡᠷᠡᠴᠢᠯᠡᠯᠲᠠ ᠭᠦᠭᠵᠢᠯᠲᠠ ᠲᠤᠬᠲᠠᠭᠤᠨ ᠤ ᠡᠬᠦᠷᠭᠡ ᠶᠢᠨ ᠬᠦᠨᠳᠤ᠂ ᠵᠦᠷᠢᠴᠡᠯ ᠲᠦᠭᠰᠢᠭᠦᠷᠢ ᠦᠷᠢᠰᠦᠯᠳᠦᠭᠡᠨ ᠤ ᠤᠯᠠᠨ᠂ ᠲᠦᠷᠦ ᠶᠢ ᠵᠠᠰᠠᠵᠤ ᠵᠠᠰᠠᠭ ᠢ ᠡᠷᠬᠢᠯᠡᠬᠦ ᠶᠢᠨ ᠰᠢᠯᠭᠠᠯᠲᠠ ᠶᠢᠨ ᠶᠡᠭᠡ ᠪᠠᠶᠢᠭ᠎ᠠ ᠪᠠᠷ ᠢᠶᠠᠨ ᠴᠦᠮ ᠤᠷᠢᠳᠤ ᠡᠮᠤᠨ᠎ᠡ ᠪᠠᠶᠢᠭ᠎ᠠ ᠦᠭᠡᠢ ᠶᠤᠮ᠃ ᠪᠢᠳᠠ ᠲᠠᠪᠠᠭᠤᠯᠢᠭ ᠢ ᠲᠡᠮᠡᠴᠡᠨ ᠤᠯᠵᠤ᠂ ᠰᠠᠨᠠᠭᠠᠴᠢᠯᠠᠭᠠᠳᠤ ᠡᠷᠬᠡ ᠶᠢ ᠲᠡᠮᠡᠴᠡᠨ ᠤᠯᠵᠤ᠂ ᠢᠷᠡᠭᠡᠳᠦᠢ ᠶᠢ ᠲᠡᠮᠡᠴᠡᠨ ᠤᠯᠬᠤ ᠳᠤ ᠡᠷᠭᠡᠪᠰᠢ ᠮᠠᠷᠺᠰ ᠤᠨ ᠦᠵᠡᠯ ᠢᠶᠠᠷ ᠪᠤᠳᠠᠳᠠᠢ ᠠᠰᠠᠭᠤᠳᠠᠯ ᠢ ᠵᠠᠳᠠᠯᠬᠤ ᠪᠤᠯᠤᠨ ᠰᠢᠢᠳᠪᠤᠷᠢᠯᠡᠬᠦ ᠴᠢᠳᠠᠪᠤᠷᠢ ᠪᠠᠨ ᠲᠡᠰᠤᠷᠠᠯᠲᠠ ᠦᠭᠡᠢ ᠲᠡᠭᠡᠭᠰᠢᠯᠡᠬᠦᠯᠵᠤ᠂ ᠰᠢᠨᠵᠢᠯᠡᠬᠦ ᠤᠬᠠᠭᠠᠨᠴᠢ ᠤᠨᠤᠯ ᠤᠨ ᠵᠢᠯᠤᠭᠤᠳᠤᠯᠭ᠎ᠠ ᠪᠠᠷ ᠬᠦᠨᠳᠦ ᠶᠡᠭᠡ ᠦᠷᠢᠰᠦᠯᠳᠦᠭᠡᠨ ᠢ ᠠᠷᠭᠠᠴᠠᠬᠤ᠂ ᠬᠦᠨᠳᠦ ᠶᠡᠭᠡ ᠲᠦᠭᠰᠢᠬᠦᠷᠢ ᠶᠢ ᠰᠡᠷᠭᠡᠶᠢᠯᠡᠬᠦ᠂ ᠬᠦᠨᠳᠦ ᠶᠡᠭᠡ ᠬᠠᠷᠰᠢ ᠰᠠᠭᠠᠳ ᠢ ᠢᠯᠡᠨ ᠲᠠᠪᠠᠭ᠋ᠤ᠂ ᠴᠢᠬᠤᠯᠠ ᠶᠡᠭᠡ ᠵᠦᠷᠢᠴᠡᠯ ᠢ ᠠᠷᠢᠯᠭᠠᠬᠤ᠂ ᠴᠢᠬᠤᠯᠠ ᠶᠡᠭᠡ ᠠᠰᠠᠭᠤᠳᠠᠯ ᠢ ᠰᠢᠢᠳᠪᠤᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠲᠡᠭᠡᠭᠰᠢᠯᠡᠬᠦᠯᠵᠤ᠂ ᠨᠡᠩ ᠦᠷᠭᠡᠨ ᠬᠠᠷᠠᠭ᠎ᠠ᠂ ᠠᠯᠤᠰ ᠤᠨ ᠬᠠᠷᠠᠴᠠ ᠪᠠᠷ ᠢᠷᠡᠭᠡᠳᠦᠢ ᠶᠢᠨ ᠭᠦᠭᠵᠢᠯᠲᠠ ᠳᠤ ᠲᠤᠯᠭᠠᠷᠠᠵᠤ ᠪᠦᠬᠦᠢ ᠠᠯᠢ ᠤᠯᠠᠨ ᠴᠢᠬᠤᠯᠠ ᠶᠡᠭᠡ ᠠᠰᠠᠭᠤᠳᠠᠯ ᠢ ᠰᠠᠳᠬᠢᠬᠦ ᠪᠠ ᠡᠵᠡᠮᠳᠡᠵᠤ᠂ ᠮᠠᠷᠺᠰ ᠤᠨ ᠦᠵᠡᠯ ᠤᠨ ᠢᠳᠡᠭᠡᠯ ᠪᠢᠰᠢᠷᠡᠯ ᠪᠤᠯᠤᠨ ᠡᠪ ᠬᠠᠮᠲᠤ ᠶᠤᠰᠤᠨ ᠤ ᠠᠯᠤᠰ ᠤᠨ ᠭᠦᠰᠡᠯᠡᠩ ᠢᠶᠠᠨ ᠲᠠᠰᠤᠷᠠᠯᠲᠠ ᠦᠭᠡᠢ ᠪᠠᠲᠤᠳᠬᠠᠬᠤ ᠭᠡᠷᠡᠭᠲᠠᠢ ᠬᠡᠵᠤ ᠴᠢᠬᠤᠯᠠᠴᠢᠯᠠᠪᠠ᠃       ᠰᠢ ᠶᠢᠨ ᠫᠢᠩ᠂ ᠪᠦᠬᠦ ᠨᠠᠮ ᠤᠨ ᠨᠦᠬᠦᠳ ᠤᠨᠴᠠᠭᠠᠢᠢᠯᠠᠨ ᠡᠯ᠎ᠠ ᠱᠠᠲᠤᠨ ᠤ ᠤᠳᠤᠷᠢᠳᠬᠤ ᠺᠠᠳ᠋ᠷᠴᠤᠳ ᠨᠡᠩ ᠤᠬᠠᠮᠰᠠᠷ ᠠᠴᠠ᠂ ᠨᠡᠩ ᠰᠢᠷᠭᠠᠭᠤ ᠬᠠᠲᠠᠭᠤᠵᠢᠯᠲᠠᠢ ᠪᠠᠷ ᠮᠠᠷᠺᠰ ᠯᠧᠨᠢᠨ ᠤ ᠦᠵᠡᠯ ᠢ ᠰᠤᠷᠤᠯᠴᠠᠵᠤ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯᠲᠡ ᠶᠢ ᠰᠤᠷᠤᠯᠴᠠᠵᠤ᠂ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠰᠤᠷᠤᠯᠴᠠᠬᠤ ᠬᠡᠷᠡᠭᠲᠡᠢ᠃ ᠭᠦᠨᠵᠡᠭᠡᠢ ᠰᠤᠷᠤᠯᠴᠠᠵᠤ᠂ ᠤᠳᠠᠭᠠᠨ ᠳᠠᠭᠠᠭᠠᠮᠠᠭᠠᠢ ᠰᠤᠷᠤᠯᠴᠠᠵᠤ᠂ ᠰᠢᠷᠭᠠᠭᠤ ᠬᠠᠲᠠᠭᠤᠵᠢᠯᠲᠠᠢ ᠰᠤᠷᠤᠯᠴᠠᠬᠤ ᠬᠡᠷᠡᠭᠲᠡᠢ᠂ ᠠᠰᠠᠭᠤᠳᠠᠯ ᠢ ᠠᠳᠬᠤᠵᠤ ᠪᠠᠶᠢᠭᠠᠳ ᠰᠤᠷᠤᠯᠴᠠᠵᠤ᠂ ᠪᠤᠳᠠᠲᠠᠢ ᠲᠠᠢ ᠤᠶᠠᠯᠳᠤᠭᠤᠯᠤᠨ ᠰᠤᠷᠤᠯᠴᠠᠵᠤ᠂ ᠰᠢᠨᠵᠢᠯᠡᠬᠦ ᠤᠬᠠᠭᠠᠨᠴᠢ ᠦᠵᠡᠯ ᠰᠠᠨᠠᠭᠠᠨ ᠤ ᠤᠨᠤᠯ ᠢ ᠶᠢᠷᠲᠢᠨᠴᠦ ᠶᠢ ᠲᠠᠨᠢᠬᠤ᠂ ᠶᠢᠷᠲᠢᠨᠴᠦ ᠶᠢ ᠦᠭᠡᠷᠡᠴᠢᠯᠡᠬᠦ ᠬᠦᠴᠦᠷᠬᠡᠭ ᠶᠡᠭᠡ ᠪᠤᠳᠠᠰ ᠤᠨ ᠬᠦᠴᠦᠨ ᠪᠤᠯᠭᠠᠨ ᠬᠤᠪᠢᠷᠠᠭᠤᠯᠬᠤ ᠬᠡᠷᠡᠭᠲᠡᠢ᠃ ᠡᠪ ᠬᠠᠮᠲᠤᠴᠤᠤᠳ ᠮᠠᠷᠺᠰ ᠤᠨ ᠦᠵᠡᠯ ᠤᠨ ᠰᠤᠩᠭᠤᠳᠠᠭ ᠵᠤᠬᠢᠶᠠᠯ ᠢ ᠤᠡᠭᠰᠢᠬᠤ᠂ ᠮᠠᠷᠺᠰ ᠤᠨ ᠦᠵᠡᠯ ᠤᠨ ᠤᠭ ᠶᠤᠰᠤ ᠶᠢ ᠤᠢᠢᠯᠠᠭᠠᠵᠤ ᠮᠡᠳᠡᠬᠦ ᠪᠠᠷ ᠨᠢᠭᠡ ᠵᠦᠢᠯ ᠤᠨ ᠠᠮᠢᠳᠤᠷᠠᠯ ᠤᠨ ᠳᠠᠳᠬᠠᠯ ᠪᠤᠯᠭᠠᠨ᠂ ᠨᠢᠭᠡ ᠵᠦᠢᠯ ᠤᠨ ᠤᠶᠤᠨ ᠰᠠᠨᠠᠭᠠᠨ ᠤ ᠬᠦᠭᠡᠭᠡᠴᠡᠯᠳᠦᠯ ᠪᠤᠯᠭᠠᠵᠤ᠂ ᠰᠤᠩᠭᠤᠳᠠᠭ ᠵᠤᠬᠢᠶᠠᠯ ᠢᠶᠠᠷ ᠲᠦᠪ ᠰᠤᠷᠲᠠᠯ ᠢ ᠪᠤᠢ ᠪᠤᠯᠭᠠᠬᠤ᠂ ᠦᠵᠡᠯ ᠰᠠᠨᠠᠭ᠎ᠠ ᠪᠠᠨ ᠪᠤᠯᠪᠠᠰᠤᠷᠠᠭᠤᠯᠵᠤ ᠲᠡᠭᠡᠭᠰᠢᠯᠡᠬᠦᠯᠬᠦ᠂ ᠦᠵᠡᠯ ᠰᠠᠨᠠᠭᠠᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ᠂ ᠦᠯᠡᠳᠦᠯᠭᠡ ᠪᠠᠨ ᠵᠢᠯᠤᠭᠤᠳᠤᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠰᠢᠨᠵᠢᠯᠡᠬᠦ ᠤᠬᠠᠭᠠᠨᠴᠢ ᠤᠨᠤᠯ ᠳᠤ ᠬᠠᠨᠳᠤᠬᠤ ᠳᠤ ᠡᠷᠬᠡᠪᠰᠢ ᠰᠢᠨᠵᠢᠯᠡᠬᠦ ᠤᠬᠠᠭᠠᠨᠴᠢ ᠤᠪᠤᠷ ᠲᠠᠢ ᠪᠠᠶᠢᠬᠤ ᠬᠡᠷᠡᠭᠲᠡᠢ᠃ ᠤᠨᠤᠯ ᠤᠨ ᠠᠮᠢᠵᠢᠷᠠᠯ ᠤᠨ ᠬᠦᠴᠦᠨ ᠨᠢ ᠲᠠᠰᠤᠷᠠᠯᠲᠠ ᠦᠭᠡᠢ ᠰᠢᠨ᠎ᠠ ᠶᠢ ᠡᠭᠦᠳᠬᠦ ᠳᠤ ᠪᠠᠶᠢᠳᠠᠭ᠂ ᠮᠠᠷᠺᠰ ᠤᠨ ᠦᠵᠡᠯ ᠤᠨ ᠲᠠᠰᠤᠷᠠᠯᠲᠠ ᠦᠭᠡᠢ ᠬᠦᠭᠵᠢᠬᠦ ᠶᠢ ᠠᠬᠢᠭᠤᠯᠬᠤ ᠪᠤᠯ ᠳᠤᠮᠳᠠᠳᠤ ᠤᠯᠤᠰ ᠤᠨ ᠡᠪ ᠬᠠᠮᠲᠤᠴᠤᠳ ᠤᠨ ᠠᠷᠢᠭᠤᠨ ᠳᠠᠷᠬᠠᠨ ᠡᠬᠦᠷᠬᠡ ᠬᠠᠷᠢᠭᠤᠴᠠᠯᠭ᠎ᠠ ᠪᠤᠯᠤᠨ᠎ᠠ᠃ ᠪᠢᠳᠡ ᠮᠠᠷᠺᠰ ᠤᠨ ᠦᠵᠡᠯ ᠢᠶᠠᠷ ᠴᠠᠭ ᠦᠶ᠎ᠠ ᠶᠢ ᠠᠵᠢᠬᠯᠠᠬᠤ᠂ ᠴᠠᠭ ᠦᠶ᠎ᠠ ᠶᠢ ᠲᠠᠶᠢᠯᠪᠤᠷᠢᠯᠠᠬᠤ᠂ ᠴᠠᠭ ᠦᠶ᠎ᠠ ᠶᠢ ᠬᠦᠲᠦᠯᠦᠨ ᠳᠠᠭᠠᠭᠤᠯᠬᠤ ᠶᠢ ᠪᠠᠷᠢᠮᠲᠠᠯᠠᠵᠤ᠂ ᠠᠮᠢᠳᠤᠯᠢᠭ ᠪᠠᠶᠠᠯᠢᠭ ᠤᠳᠤ ᠦᠶ᠎ᠠ ᠶᠢᠨ ᠳᠤᠮᠳᠠᠳᠤ ᠤᠯᠤᠰ ᠤᠨ ᠦᠢᠯᠡᠳᠦᠯᠭᠡ ᠪᠠᠷ ᠮᠠᠷᠺᠰ ᠤᠨ ᠦᠵᠡᠯ ᠤᠨ ᠬᠦᠭᠵᠢᠯᠲᠡ ᠶᠢ ᠠᠬᠢᠭᠤᠯᠵᠤ᠂ ᠦᠷᠭᠡᠨ ᠳᠡᠯᠭᠡᠷ ᠬᠠᠷᠠᠴᠠ ᠪᠠᠷ ᠬᠦᠮᠦᠨ ᠲᠦᠷᠦᠯᠬᠢᠲᠡᠨ ᠤ ᠡᠭᠦᠳᠦᠨ ᠪᠦᠲᠦᠭᠡᠭᠰᠡᠨ ᠠᠯᠢᠪᠠ ᠰᠢᠯᠢᠳᠡᠭ ᠰᠤᠶᠤᠯ ᠤᠨ ᠦᠷ᠎ᠠ ᠪᠦᠲᠦᠭᠡᠯ ᠢ ᠰᠢᠩᠭᠡᠭᠡᠨ ᠠᠪᠴᠤ᠂ ᠦᠭᠡᠷᠡᠴᠢᠯᠡᠯᠲᠡ ᠶᠢᠨ ᠳᠤᠮᠳᠠ ᠲᠦᠪ ᠶᠤᠰᠤ ᠶᠢ ᠪᠠᠷᠢᠮᠲᠠᠯᠠᠨ ᠰᠢᠨ᠎ᠠ ᠶᠢ ᠡᠭᠦᠳᠴᠤ᠂ ᠲᠠᠰᠤᠷᠠᠯᠲᠠ ᠦᠭᠡᠢ ᠦᠪᠡᠷ ᠢ ᠪᠠᠨ ᠳᠠᠪᠠᠵᠤ᠂  ᠨᠡᠭᠡᠬᠡᠯᠲᠡ ᠶᠢᠨ ᠳᠤᠮᠳᠠ ᠤᠯᠠᠨ ᠤ ᠰᠠᠨᠠᠭᠤᠯᠭ᠎ᠠ ᠶᠢ ᠦᠷᠭᠡᠨ ᠢᠶᠠᠷ ᠰᠤᠨᠤᠰᠴᠤ᠂ ᠲᠠᠰᠤᠷᠠᠯᠲᠠ ᠦᠭᠡᠢ ᠦᠪᠡᠷ ᠢ ᠪᠠᠨ ᠲᠡᠭᠦᠯᠳᠡᠷᠵᠢᠭᠦᠯᠬᠦ ᠶᠢ ᠪᠠᠷᠢᠮᠲᠠᠯᠠᠵᠤ᠂ ᠡᠪ ᠬᠠᠮᠲᠤ ᠨᠠᠮ ᠤᠨ ᠲᠦᠷᠦ ᠪᠠᠷᠢᠬᠤ ᠵᠢᠮ᠎ᠠ ᠶᠤᠰᠤ᠂ ᠨᠡᠶᠢᠭᠡᠮ ᠵᠢᠷᠦᠮ ᠤᠨ ᠪᠦᠲᠦᠭᠡᠨ ᠪᠠᠶᠢᠭᠤᠯᠤᠯᠲᠠ ᠶᠢᠨ ᠵᠢᠮ᠎ᠠ ᠶᠤᠰᠤ᠂ ᠬᠦᠮᠦᠨ ᠲᠦᠷᠦᠯᠬᠢᠲᠡᠨ ᠤ ᠨᠡᠶᠢᠭᠡᠮ ᠤᠨ ᠬᠦᠭᠵᠢᠯᠲᠡ ᠶᠢᠨ ᠵᠢᠮ᠎ᠠ ᠶᠤᠰᠤ ᠶᠢᠨ ᠲᠤᠬᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠤᠳᠤ ᠦᠶ᠎ᠠ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ᠂ 21 ᠳ᠋ᠤᠭᠡᠷ ᠵᠠᠭᠤᠨ ᠤ ᠮᠠᠷᠺᠰ ᠤᠨ ᠦᠵᠡᠯ ᠤᠨ ᠰᠢᠨ᠎ᠠ ᠤᠷᠴᠢᠨ ᠠᠬᠤᠢ ᠶᠢ ᠲᠠᠰᠤᠷᠠᠯᠲᠠ ᠦᠭᠡᠢ ᠨᠡᠭᠡᠭᠡᠬᠦ ᠬᠡᠷᠡᠭᠲᠡᠢ ᠭᠡᠵᠦ ᠴᠢᠬᠤᠯᠠᠴᠢᠯᠠᠪᠠ᠃      ᠸᠠᠩ ᠬᠤ᠋ ᠨᠢᠩ ᠶᠡᠭᠡ ᠬᠤᠷᠠᠯ ᠢ ᠡᠷᠬᠢᠯᠡᠬᠦ ᠳᠡᠭᠡᠨ᠂ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠦᠨᠳᠦᠷ ᠲᠤ ᠵᠤᠬᠰᠤᠨ ᠠᠯᠤᠰ ᠢ ᠪᠠᠷᠠᠯᠠᠵᠦ᠂ ᠬᠠᠷᠠᠭᠠᠰᠤ ᠦᠷᠭᠡᠨ ᠳᠡᠯᠭᠡᠷ᠂ ᠦᠵᠡᠯ ᠰᠠᠨᠠᠭ᠎ᠠ ᠬᠦᠨ ᠬᠦᠨᠵᠡᠭᠡᠢ᠂ ᠠᠭᠤᠯᠭ᠎ᠠ ᠡᠯᠪᠡᠭ ᠪᠠᠶᠠᠯᠢᠭ ᠪᠠᠶᠢᠵᠦ᠂ ᠨᠢᠭᠡᠨ ᠭᠡᠷᠡᠯ ᠰᠠᠴᠤᠷᠠᠩᠭᠤᠢ ᠮᠠᠷᠺᠰ ᠤᠨ ᠦᠵᠡᠯ ᠤᠨ ᠬᠦᠳᠦᠯᠪᠦᠷᠢ ᠶᠢᠨ ᠴᠢᠨᠠᠷᠳᠠᠢ ᠲᠤᠯᠭᠤᠷ ᠪᠢᠴᠢᠭ ᠪᠤᠯᠤᠨ᠎ᠠ᠃ ᠪᠢᠳᠠ ᠨᠠᠷᠢᠨ ᠬᠢᠨᠠᠮᠠᠭᠠᠢ ᠰᠤᠷᠤᠯᠴᠠᠵᠦ᠂ ᠬᠦᠨᠵᠡᠭᠡᠢ ᠤᠢᠢᠯᠠᠭᠠᠨ ᠡᠵᠡᠮᠰᠢᠵᠦ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠢᠯᠡᠬᠦᠦ ᠨᠢᠬᠳᠠᠷᠠᠨ ᠪᠦᠯᠬᠦᠮᠳᠡᠵᠦ᠂ ᠨᠡᠩ ᠡᠷᠡᠮᠡᠬᠡᠢ ᠲᠡᠮᠡᠴᠡᠯ ᠤᠨ ᠵᠤᠷᠢᠭ᠂ ᠨᠡᠩ ᠵᠢᠳᠬᠦᠯ ᠴᠢᠷᠮᠠᠶᠢᠯᠭ᠎ᠠ ᠲᠠᠢ ᠠᠷᠭ᠎ᠠ ᠭᠡᠮᠵᠢᠶ᠎ᠠ ᠪᠠᠷ᠂ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠦ ᠶᠢ ᠳᠡᠷᠭᠡᠯᠰᠢᠬᠦᠯᠬᠦ ᠶᠢᠨ ᠲᠦᠯᠦᠭᠡ ᠴᠦᠭᠦᠷᠡᠰᠢ ᠦᠭᠡᠢ ᠲᠡᠮᠡᠴᠡᠵᠡᠭᠡᠶ᠎ᠡ ᠭᠡᠪᠡ᠃      ᠶᠡᠭᠡ ᠬᠤᠷᠠᠯ ᠨᠢ ᠰᠦᠷ ᠵᠢᠪᠬᠤᠯᠠᠩᠳᠦ ︽ᠢᠨᠲ᠋ᠧᠷᠨᠠᠼᠢᠦᠨᠠᠯ ᠤᠨ ᠳᠠᠭᠤᠤ︾ ᠳᠤᠮᠳᠠ ᠲᠡᠬᠦᠰᠪᠡ᠃      ᠪᠡᠭᠡᠵᠢᠩ ᠳᠤ ᠪᠠᠶᠢᠭ᠎ᠠ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ᠂ ᠲᠦᠷᠦ ᠶᠢᠨ ᠶᠠᠪᠤᠳᠠᠯ ᠤᠨ ᠭᠡᠰᠢᠬᠦᠨ᠂ ᠠᠷᠠᠳ ᠤᠨ ᠳᠡᠭᠡᠳᠦ ᠰᠢᠬᠦᠬᠦ ᠬᠤᠷᠢᠶᠠᠨ ᠤ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ ᠵᠢᠴᠢ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠬᠦᠳ ᠶᠡᠭᠡ ᠬᠤᠷᠠᠯ ᠳᠤ ᠤᠷᠤᠯᠴᠠᠵᠠᠢ᠃      ᠲᠦᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠪᠦᠯᠬᠦᠮ ᠤᠨ ᠡᠯ᠎ᠠ ᠰᠠᠯᠠᠭ᠎ᠠ ᠮᠦᠴᠢᠷ ᠪᠠ ᠪᠡᠭᠡᠵᠢᠩ ᠬᠤᠳᠠ ᠶᠢᠨ ᠭᠤᠤᠯ ᠬᠠᠷᠢᠭᠤᠴᠠᠯᠭᠠᠳᠠᠨ ᠨᠦᠬᠦᠳ᠂ ᠡᠯ᠎ᠠ ᠠᠷᠠᠳᠴᠢᠯᠠᠬᠰᠠᠨ ᠨᠠᠮ ᠪᠦᠯᠦᠭ ᠤᠨ ᠲᠦᠪ ᠬᠤᠷᠢᠶ᠎ᠠ᠂ ᠪᠦᠬᠦ ᠤᠯᠤᠰ ᠤᠨ ᠦᠢᠯᠡᠳᠪᠤᠷᠢ ᠬᠤᠳᠠᠯᠳᠤᠭᠠᠨ ᠤ ᠬᠤᠯᠪᠤᠭᠠᠨ ᠤ ᠬᠠᠷᠢᠭᠤᠴᠠᠯᠭᠠᠳᠠᠨ ᠪᠠ ᠨᠠᠮ ᠪᠦᠯᠦᠭ ᠤᠨ ᠪᠤᠰᠤ ᠬᠦᠮᠦᠰ ᠤᠨ ᠲᠦᠯᠦᠭᠡᠯᠡᠭᠴᠢ᠂ ᠲᠦᠪ ᠤᠨ ᠰᠤᠷᠳᠠᠯ ᠤᠬᠠᠭᠤᠯᠭ᠎ᠠ ᠰᠤᠶᠤᠯ ᠤᠨ ᠨᠢᠭᠡᠴᠡ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠮᠠᠷᠺᠰ ᠤᠨ ᠮᠡᠨᠳᠤᠯᠡᠭᠰᠡᠨ 200 ᠵᠢᠯ ᠤᠨ ᠤᠢ ᠶᠢ ᠲᠤᠷᠠᠰᠬᠠᠬᠤ ᠤᠨᠤᠯ ᠤᠨ ᠰᠤᠳᠤᠯᠤᠨ ᠶᠠᠷᠢᠯᠴᠠᠬᠤ ᠬᠤᠷᠠᠯ ᠪᠠ ᠬᠤᠶᠠᠳᠤᠭᠠᠷ ᠬᠤᠭᠤᠴᠠᠭᠠᠨ ᠤ ᠳᠡᠯᠡᠭᠡᠢ ᠶᠢᠨ ᠮᠠᠷᠺᠰ ᠤᠨ ᠦᠵᠡᠯ ᠤᠨ ᠶᠡᠭᠡ ᠬᠤᠷᠠᠯ ᠳᠤ ᠤᠷᠤᠯᠴᠠᠬᠰᠠᠨ ᠲᠦᠯᠦᠭᠡᠯᠡᠭᠴᠢ᠂ ᠨᠡᠶᠢᠰᠯᠡᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤᠨᠤᠯ ᠤᠨ ᠡᠳᠡᠭᠡᠳ ᠪᠠ ᠶᠡᠭᠡ ᠳᠡᠭᠡᠳᠦ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠪᠠᠭᠰᠢ ᠰᠤᠷᠤᠬᠴᠢᠳ ᠤᠨ ᠲᠦᠯᠦᠭᠡᠯᠡᠭᠴᠢ᠂ ᠦᠨᠳᠦᠰᠦᠨ ᠱᠠᠳᠤᠨ ᠤ ᠨᠠᠮ ᠤᠨ ᠭᠡᠰᠢᠬᠦᠨ ᠪᠠ ᠤᠯᠠᠨ ᠲᠦᠮᠡᠨ ᠤ ᠲᠦᠯᠦᠭᠡᠯᠡᠭᠴᠢ᠂ ᠴᠢᠯᠦᠭᠡᠯᠡᠬᠦ ᠴᠡᠷᠢᠭ ᠪᠠ ᠵᠡᠪᠰᠡᠭᠳᠦ ᠴᠠᠭᠳᠠᠭ᠎ᠠ ᠶᠢᠨ ᠴᠡᠷᠢᠭ ᠠᠩᠬᠢ ᠶᠢᠨ ᠳᠠᠷᠤᠭ᠎ᠠ ᠪᠠᠶᠢᠯᠳᠤᠬᠴᠢ ᠶᠢᠨ ᠲᠦᠯᠦᠭᠡᠯᠡᠭᠴᠢᠳ ᠵᠡᠷᠭᠡ 3000 ᠰᠢᠬᠠᠮ ᠬᠦᠮᠦᠨ ᠶᠡᠭᠡ ᠬᠤᠷᠠᠯ ᠳᠤ ᠤᠷᠤᠯᠴᠠᠵᠠᠢ᠃               ︵ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 4 ᠤ ᠴᠠᠬᠢᠯᠭᠠᠨ ᠮᠡᠳᠡᠭᠡ︶    
 
ᠢᠷᠡᠯᠲᠡ᠄ ᠳᠤᠮᠳᠠᠳᠤ ᠤᠯᠤᠰ ᠤᠨ ᠮᠤᠩᠭᠤᠯ ᠭᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号