2018 ᠣᠨ ᠤ ᠬᠤᠰᠢᠭᠤ ᠠᠷᠠᠳ ᠤᠨ ᠵᠠᠰᠠᠭ ᠤᠨ ᠣᠷᠳᠣᠨ ᠤ ᠴᠢᠬᠡᠴᠢ ᠵᠠᠰᠠᠭ ᠤᠨ ᠠᠵᠢᠯ ᠤᠨ ᠬᠤᠷᠠᠯ ᠵᠢᠴᠢ ᠨᠢᠬᠡᠳᠦᠬᠡᠷ ᠣᠳᠠᠭᠠᠨ ᠤ ᠪᠦᠬᠦ ᠬᠡᠰᠢᠬᠦᠳ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-05-09
      ᠤᠶᠢᠷ᠎ᠠ ᠶᠢᠨ ᠡᠳᠤᠷ᠂ 2018 ᠣᠨ ᠤ ᠬᠤᠰᠢᠭᠤ ᠠᠷᠠᠳ ᠤᠨ ᠵᠠᠰᠠᠭ ᠤᠨ ᠣᠷᠳᠣᠨ ᠤ ᠴᠢᠬᠡᠴᠢ ᠵᠠᠰᠠᠭ  ᠤᠨ ᠠᠵᠢᠯ ᠤᠨ ᠬᠤᠷᠠᠯ ᠵᠢᠴᠢ ᠨᠢᠬᠡᠳᠦᠬᠡᠷ ᠣᠳᠠᠭᠠᠨ ᠤ ᠪᠦᠬᠦ ᠬᠡᠰᠢᠬᠦᠳ ᠤᠨ ᠬᠤᠷᠠᠯ ᠬᠤᠰᠢᠭᠤ ᠵᠠᠰᠠᠭ ᠵᠠᠬᠢᠷᠭᠠᠨ  ᠤ ᠦᠢᠯᠡᠴᠢᠯᠡᠬᠡᠨ ᠤ ᠳᠦᠪ ᠲᠤ ᠬᠤᠷᠠᠯᠳᠣᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠢᠶᠣᠣ ᠶᠦᠨ ᠯᠢ ᠬᠤᠷᠠᠯ ᠳᠤ ᠣᠷᠣᠯᠴᠠᠨ ᠶᠠᠷᠢᠶ᠎ᠠ ᠳᠠᠯᠪᠢᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ ᠠᠴᠠ ᠬᠤᠷᠠᠯ ᠡᠷᠬᠢᠯᠡᠵᠤ᠂ ᠬᠤᠰᠢᠭᠤ ᠳᠡᠳ᠋ ᠳᠠᠷᠤᠭ᠎ᠠ᠂ ᠳᠤᠲᠤᠭᠠᠳᠤ ᠶᠢ ᠬᠠᠮᠠᠭᠠᠯᠠᠬᠤ ᠲᠤᠪᠴᠢᠶᠠᠨ ᠤ ᠳᠠᠷᠤᠭ᠎ᠠ ᠭᠤᠤ ᠬᠤ᠋᠂ ᠬᠤᠰᠢᠭᠤ ᠳᠡᠳ᠋ ᠳᠠᠷᠤᠭ᠎ᠠ ᠵᠸᠤ ᠱᠤᠸᠠᠢ᠂ ᠬᠤᠰᠢᠭᠤ ᠳᠡᠳ᠋ ᠳᠠᠷᠤᠭ᠎ᠠ ᠪᠠᠶᠠᠨᠴᠢᠮᠡᠭ᠂ ᠰᠤᠪᠤᠷᠭ᠎ᠠ ᠠᠵᠤ ᠠᠬᠤᠢ ᠶᠢᠨ ᠨᠡᠭᠡᠯᠲᠡ ᠶᠢᠨ ᠲᠤᠭᠤᠷᠢᠭ  ᠤᠨ ᠬᠠᠮᠢᠶᠠᠷᠤᠯᠲᠠ ᠶᠢᠨ ᠵᠡᠪᠯᠡᠯ ᠤᠨ ᠳᠡᠳ᠋ ᠡᠷᠬᠢᠯᠡᠭᠴᠢ ᠳ᠋ᠸᠤ ᡁᠢ ᠴᠢᠶᠠᠩ᠂ ᠬᠤᠰᠢᠭᠤ ᠵᠠᠰᠠᠭ ᠤᠨ ᠤᠷᠳᠤᠨ ᠤ ᠵᠢᠩᠬᠢᠨᠢ ᠭᠠᠵᠠᠷ ᠤᠨ ᠳᠡᠰ ᠤᠨ ᠳᠠᠷᠤᠭ᠎ᠠ ᠯᠢ ᠵᠢᠶᠠᠨ ᠱᠢ᠂ ᠬᠤᠰᠢᠭᠤ ᠵᠠᠰᠠᠭ ᠤᠨ ᠣᠷᠳᠣᠨ ᠤ ᠡᠯ᠎ᠡ ᠪᠦᠷᠢᠯᠳᠦᠬᠦᠨ ᠰᠠᠯᠠᠭ᠎ᠠ ᠮᠦᠴᠢᠷ᠂ ᠡᠯ᠎ᠡ ᠠᠵᠣ ᠠᠬᠤᠶᠢᠯᠠᠯ ᠠᠵᠢᠯ ᠦᠢᠯᠡᠰ ᠤᠨ ᠪᠠᠶᠢᠭᠤᠯᠭ᠎ᠠ ᠶᠢᠨ ᠭᠤᠣᠯ ᠬᠠᠷᠢᠭᠤᠴᠠᠯᠭᠠᠳᠠᠨ᠂ ᠡᠯ᠎ᠡ ᠰᠣᠮᠣ ᠪᠠᠯᠭᠠᠰᠤᠨ ᠤ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠳᠠᠨ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠶᠢᠨ ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠴᠢᠶᠣᠣ ᠶᠦᠨ ᠯᠢ ︽ᠬᠦᠴᠦᠲᠠᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ᠂ ᠦᠨᠳᠦᠷ ᠪᠦᠲᠦᠮᠵᠢᠲᠦ ᠦᠢᠯᠡᠴᠢᠯᠡᠭᠡ᠂ ᠠᠷᠢᠭᠤᠨ ᠴᠢᠭᠡᠴᠢ ᠪᠠᠷ ᠵᠠᠰᠠᠭ ᠪᠠᠷᠢᠬᠤ︾ ᠭᠤᠷᠪᠠᠨ ᠲᠠᠯ᠎ᠠ ᠪᠠᠷ ᠶᠠᠷᠢᠶ᠎ᠠ ᠲᠠᠯᠪᠢᠪᠠ᠃ ᠴᠢᠶᠣᠣ ᠶᠦᠨ ᠯᠢ ᠱᠠᠭᠠᠷᠳᠠᠬᠤ ᠳᠠᠭᠠᠨ᠂ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠦᠨᠡᠨᠬᠦ ᠲᠦᠪ᠂ ᠣᠷᠣᠨ᠂ ᠬᠤᠳᠠ᠂ ᠬᠤᠰᠢᠭᠤᠨ ᠤ ᠰᠢᠢᠳᠪᠤᠷᠢᠲᠤ ᠪᠣᠳᠣᠯᠭ᠎ᠠ ᠲᠠᠢ ᠨᠢᠬᠡᠳᠭᠡᠵᠦ᠂ ᠡᠯ᠎ᠡ ᠵᠦᠢᠯ ᠤᠨ ᠠᠵᠢᠯ ᠢ ᠨᠠᠶᠢᠳᠠᠪᠣᠷᠢᠵᠢᠭᠤᠯᠣᠨ ᠳᠣᠣᠱᠯᠠᠭᠤᠯᠬᠤ ᠶᠢ ᠪᠦᠬᠦ ᠬᠦᠴᠦᠨ ᠢᠶᠠᠷ ᠴᠢᠩᠭ᠎ᠠ ᠠᠳᠬᠤᠵᠤ᠂ ᠤᠯᠤᠰ ᠲᠦᠷᠦ ᠶᠢᠨ ᠵᠤᠭᠰᠤᠴᠠ ᠪᠠᠨ ᠳᠡᠭᠡᠭᠰᠢᠯᠡᠭᠦᠯᠭᠦ ᠶᠢ ᠨᠠᠶᠢᠳᠠᠪᠤᠷᠢᠲᠠᠢ ᠠᠳᠬᠤᠨ᠂ ᠤᠳᠤᠷᠢᠳᠤᠯᠭ᠎ᠠ ᠲᠦᠷᠦᠭᠦᠯᠡᠨ  ᠨᠠᠶᠢᠳᠠᠪᠤᠷᠢᠲᠠᠢ ᠠᠳᠬᠤᠬᠤ᠂ ᠬᠠᠷᠢᠭᠤᠴᠠᠯᠭ᠎ᠠ ᠶᠢ ᠯᠠᠪᠰᠢᠷᠠᠭᠤᠯᠬᠤ ᠶᠢ ᠨᠠᠶᠢᠳᠠᠪᠤᠷᠢᠲᠠᠢ ᠠᠳᠬᠤᠬᠤ᠂ ᠵᠤᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠭᠦ ᠶᠢ ᠨᠠᠶᠢᠳᠠᠪᠤᠷᠢᠲᠠᠢ ᠠᠳᠬᠤᠬᠤ᠂ ᠬᠢᠨᠠᠨ ᠪᠠᠶᠢᠴᠠᠭᠠᠯᠲᠠ ᠶᠢ ᠴᠢᠩᠭᠠᠳᠬᠠᠬᠤ ᠶᠢ ᠨᠠᠶᠢᠳᠠᠪᠤᠷᠢᠲᠠᠢ ᠠᠳᠬᠤᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠭᠦᠷᠭᠡ ᠬᠠᠷᠠᠯᠲᠠ ᠶᠢ ᠲᠡᠭᠦᠰ ᠠᠮᠵᠢᠯᠲᠠ  ᠲᠠᠢ ᠪᠡᠶᠡᠯᠡᠭᠦᠯᠭᠦ ᠶᠢ ᠪᠠᠲᠤᠯᠠᠬᠤ ᠬᠡᠷᠡᠭᠲᠠᠢ᠃ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠴᠢᠳᠠᠮᠵᠢ ᠪᠠᠨ ᠣᠯᠠᠮ ᠨᠢᠬᠡ ᠠᠯᠬᠤᠮ ᠳᠡᠭᠡᠭᠰᠢᠯᠡᠬᠦᠯᠵᠦ᠂ ᠣᠯᠠᠨ ᠲᠦᠮᠡᠨ ᠤ ︽ᠬᠠᠮᠤᠭ ᠡᠴᠦᠰ ᠤᠨ ᠨᠢᠬᠡ ᠺᠢᠯᠦᠮᠧᠲᠷ︾ ᠢ ᠨᠡᠪᠳᠡᠷᠡᠬᠦᠯᠬᠦ ᠬᠡᠷᠡᠭᠲᠡᠢ᠃ ᠠᠯᠪᠠᠨ ᠶᠠᠪᠤᠳᠠᠯ ᠤᠨ ᠡᠷᠭᠢᠯᠲᠡ ᠶᠢ ᠦᠨᠳᠤᠷ ᠪᠦᠲᠦᠮᠵᠢᠲᠠᠢ᠂ ᠠᠵᠢᠯ ᠬᠦᠢᠴᠡᠳᠬᠡᠬᠦ ᠦᠢᠯᠡᠴᠢᠯᠡᠭᠡ ᠶᠢ ᠦᠨᠳᠤᠷ ᠪᠦᠲᠦᠮᠵᠢᠲᠠᠢ᠂ ᠰᠤᠳᠤᠯᠭᠠᠨ ᠰᠢᠢᠳᠪᠤᠷᠢ ᠶᠢ ᠦᠨᠳᠤᠷ ᠪᠦᠲᠤᠮᠵᠢᠲᠠᠢ ᠪᠤᠯᠭᠠᠵᠤ᠂ ︽ᠲᠦᠪ ᠴᠢᠩᠭ᠎ᠠ︾ ᠰᠣᠷᠳᠠᠯ ᠢᠶᠠᠷ ᠦᠨᠳᠦᠷ ᠪᠦᠲᠦᠮᠵᠢᠲᠠᠢ ᠪᠠᠷ ᠵᠠᠰᠠᠭ ᠪᠠᠷᠢᠵᠤ᠂ ᠦᠨᠡᠨᠴᠢ ᠦᠢᠯᠡᠴᠢᠯᠡᠨ ᠵᠠᠰᠠᠭ ᠤᠨ ᠣᠷᠳᠣᠨ ᠤ ᠠᠵᠢᠯ ᠢ ᠰᠢᠨ᠎ᠡ ᠳᠡᠭᠳᠡᠷ ᠲᠤ ᠭᠠᠷᠭᠠᠬᠤ ᠶᠢ ᠠᠬᠢᠭᠤᠯᠤᠨ᠎ᠠ᠃ ᠦᠷᠭᠦᠯᠵᠢᠯᠡᠨ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠤᠳᠤᠷᠢᠳᠬᠤ ᠺᠠᠳ᠋ᠷᠴᠣᠳ ᠤᠨ ᠠᠷᠢᠭᠤᠨ ᠴᠢᠬᠡᠴᠢ ᠪᠠᠷ ᠵᠠᠰᠠᠭ ᠤᠨ ᠠᠵᠢᠯ ᠢ ᠬᠢᠬᠦ ᠶᠢ ᠠᠬᠢᠭᠤᠯᠤᠨ᠂ ᠨᠠᠮ ᠢᠶᠠᠨ ᠴᠢᠩᠭ᠎ᠠ ᠵᠠᠰᠠᠬᠤ ᠶᠢ ᠪᠦᠬᠦ ᠲᠠᠯ᠎ᠠ ᠪᠠᠷ ᠠᠬᠢᠭᠤᠯᠤᠨ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ ᠴᠠᠷᠠᠭ᠎ᠠ ᠳᠤ ᠲᠤᠤᠱᠠᠯᠠᠭᠤᠯᠵᠤ᠂ ᠠᠵᠤ ᠠᠬᠤᠢ ᠨᠡᠶᠢᠬᠡᠮ ᠤᠨ ᠬᠦᠭᠵᠢᠯᠲᠡ ᠶᠢ ᠲᠦᠯᠬᠢᠨ ᠠᠬᠢᠭᠤᠯᠬᠤ ᠪᠦᠬᠦ ᠶᠠᠪᠤᠴᠠ ᠳᠤ ᠨᠠᠶᠢᠳᠠᠪᠤᠷᠢᠵᠢᠭᠤᠯᠤᠨ᠂ ᠠᠷᠢᠭᠤᠨ ᠴᠢᠭᠡᠴᠢ ᠵᠠᠰᠠᠭ ᠤᠨ ᠤᠷᠳᠤᠨ ᠤ ᠲᠦᠷᠢ ᠲᠦᠷᠬᠦ ᠶᠢ ᠪᠤᠢ ᠪᠤᠯᠭᠠᠵᠤ᠂ ᠵᠠᠰᠠᠭ ᠤᠨ ᠤᠷᠳᠤᠨ ᠤ ᠰᠢᠨ᠎ᠡ ᠠᠬᠤᠢ ᠪᠠᠶᠢᠳᠠᠯ ᠢ ᠴᠢᠷᠮᠠᠶᠢᠨ ᠡᠭᠦᠳᠭᠦ ᠭᠡᠷᠡᠭᠲᠠᠢ ᠭᠡᠪᠡ᠃      ᠣᠷᠴᠢᠮ ᠤᠨ ᠭᠤᠤᠯᠳᠠᠯᠭᠠᠲᠤ ᠠᠵᠢᠯ ᠤᠨ ᠳᠣᠬᠠᠢ ᠴᠢᠶᠣᠣ ᠶᠦᠨ ᠯᠢ ᠠᠴᠠ ᠴᠢᠬᠤᠯᠠᠴᠢᠯᠠᠬᠤ ᠳᠠᠭᠠᠨ᠂ ᠴᠢᠬᠤᠯᠠ ᠶᠡᠭᠡ ᠲᠦᠷᠦᠯ ᠵᠦᠢᠯ ᠤᠨ ᠪᠦᠲᠦᠬᠡᠨ ᠪᠠᠶᠢᠭᠤᠯᠣᠯᠲᠠ ᠶᠢ ᠰᠠᠶᠢᠳᠣᠷ ᠠᠳᠬᠤᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠢᠳᠡᠪᠬᠢᠲᠠᠢ ᠵᠤᠬᠢᠴᠠᠭᠤᠯᠤᠨ᠂ ᠮᠦᠷᠳᠠᠯᠲᠠ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠤ᠂ ᠴᠠᠭ ᠲᠤᠬᠠᠢ ᠳᠤᠨᠢ ᠠᠵᠤ ᠠᠬᠤᠶᠢᠯᠠᠯ ᠤᠨ ᠭᠠᠷ ᠭᠦᠢᠴᠡᠳᠬᠡᠯ ᠢ ᠬᠦᠢᠴᠡᠳᠬᠡᠭᠦ ᠲᠠᠯ᠎ᠠ ᠪᠠᠷ ᠤᠷᠤᠰᠢᠵᠤ ᠪᠠᠶᠢᠭ᠎ᠠ ᠠᠰᠠᠭᠤᠳᠠᠯ ᠢ ᠰᠢᠢᠳᠪᠤᠷᠢᠯᠡᠨ᠂ ᠲᠦᠷᠦᠯ ᠵᠦᠢᠯ ᠡᠷᠲᠡᠬᠡᠨ ᠠᠵᠢᠯ ᠢᠶᠠᠨ ᠰᠡᠷᠭᠦᠭᠡᠬᠦ ᠶᠢ ᠲᠦᠯᠬᠢᠨ ᠠᠬᠢᠭᠤᠯᠤᠨ᠎ᠠ᠃ ᠭᠤᠷᠪᠠᠨ ᠶᠡᠭᠡ ᠪᠣᠭᠤᠮᠳᠠ ᠰᠢᠪᠳᠣᠯᠬᠤ ᠳᠠᠶᠢᠯᠠᠯᠳᠣᠭᠠᠨ ᠢ ᠰᠠᠶᠢᠳᠣᠷ ᠬᠢᠵᠤ᠂ ᠲᠦᠷᠦ ᠶᠢᠨ ᠪᠤᠳᠤᠯᠭ᠎ᠠ ᠶᠢᠨ ᠰᠤᠳᠤᠯᠤᠯᠲᠠ ᠶᠢ ᠴᠢᠩᠭᠠᠳᠬᠠᠵᠤ᠂ ᠴᠠᠭ ᠲᠤᠬᠠᠢ ᠳᠤᠨᠢ ᠪᠤᠰᠤᠳ ᠭᠠᠵᠠᠷ ᠤᠨ ᠰᠠᠶᠢᠨ ᠲᠤᠷᠰᠢᠯᠭ᠎ᠠ ᠮᠡᠷᠭᠡᠵᠢᠯ᠂ ᠠᠷᠭ᠎ᠠ ᠪᠠᠷᠢᠯ ᠢ ᠯᠠᠪᠯᠠᠨ ᠰᠤᠷᠤᠯᠴᠠᠵᠤ᠂ ᠦᠷᠢ ᠦᠭᠴᠡᠭᠡ ᠶᠢ ᠢᠯᠭᠠᠷᠠᠭᠤᠯᠬᠤ ᠠᠵᠢᠯ ᠤᠨ ᠲᠠᠯ᠎ᠠ ᠪᠠᠷ ᠰᠢᠨ᠎ᠡ ᠶᠢ ᠡᠭᠦᠳᠴᠤ᠂ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠲᠦᠷᠢᠮᠲᠤ ᠴᠢᠨᠠᠷ᠂ ᠬᠠᠤᠯᠢ ᠶᠤᠰᠤᠨ ᠤ ᠴᠢᠨᠠᠷ ᠢ ᠴᠢᠬᠤᠯᠠᠴᠢᠯᠠᠨ᠂  ᠦᠷᠢ ᠦᠭᠴᠡᠭᠡ ᠶᠢ ᠬᠤᠳᠠᠯ ᠢᠶᠠᠷ ᠢᠯᠭᠠᠷᠠᠭᠤᠯᠬᠤ ᠪᠤᠯᠤᠨ ᠦᠷᠢ ᠦᠭᠴᠡᠭᠡ ᠶᠢ ᠲᠤᠭᠠᠨ ᠤ ᠲᠠᠯ᠎ᠠ ᠪᠠᠷ  ᠢᠯᠭᠠᠷᠠᠭᠤᠯᠬᠤ ᠶᠢ ᠴᠡᠭᠡᠷᠯᠡᠵᠤ᠂ ︽ᠪᠦᠬᠦ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠦᠯᠲᠠ ᠶᠢᠨ ᠠᠵᠢᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠯᠲᠠ ᠤᠨ ᠲᠦᠰᠦᠪ︾ ᠢ ᠴᠢᠩᠭ᠎ᠠ ᠵᠢᠷᠤᠮᠯᠠᠨ᠂ᠶᠡᠭᠡ ᠪᠠᠶᠢᠴᠠᠭᠠᠯᠲᠠ ᠶᠡᠭᠡ ᠴᠡᠭᠴᠡᠯᠡᠯᠲᠠ ᠤᠨ ᠲᠦᠰᠦᠪ ᠢ ᠨᠠᠷᠢᠨ ᠬᠢᠨᠠᠮᠠᠭᠠᠢ ᠶᠠᠪᠤᠭᠳᠠᠭᠤᠯᠤᠨ᠂ ᠠᠰᠠᠭᠤᠳᠠᠯ ᠢ ᠴᠠᠭ ᠳᠠᠷᠤᠢ ᠳᠤᠨᠢ ᠰᠡᠷᠡᠨ ᠮᠡᠳᠡᠵᠤ ᠰᠢᠢᠳᠪᠤᠷᠢᠯᠡᠬᠦ ᠬᠡᠷᠡᠭᠲᠠᠢ᠃ ᠪᠦᠬᠦ ᠲᠠᠯ᠎ᠠ ᠪᠠᠷ 109 ᠲᠦᠷᠦᠯ ᠪᠤᠳᠠᠲᠠᠢ ᠠᠵᠢᠯ ᠤᠨ ᠡᠭᠦᠷᠭᠡ ᠶᠢ ᠲᠦᠯᠬᠢᠨ ᠠᠬᠢᠭᠤᠯᠵᠤ᠂ ᠤᠷᠴᠢᠨ ᠲᠤᠭᠤᠷᠢᠨ ᠤ ᠬᠢᠨᠠᠨ ᠪᠠᠶᠢᠴᠠᠭᠠᠯᠲᠠ ᠶᠢ ︽ᠡᠷᠬᠢᠨ ᠬᠠᠷᠠᠬᠤ︾ ᠠᠵᠢᠯ ᠢ ᠨᠠᠷᠢᠨ ᠬᠢᠨᠠᠮᠠᠭᠠᠢ ᠶᠠᠪᠤᠭᠳᠠᠭᠤᠯᠵᠤ᠂ ᠠᠭᠠᠷ ᠮᠠᠨᠳᠠᠯ᠂ ᠤᠰᠤ᠂ ᠭᠠᠵᠠᠷ ᠰᠢᠷᠦᠢ ᠶᠢᠨ ᠪᠤᠬᠢᠷᠳᠤᠯ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠬᠦᠳᠡᠭᠡ ᠳᠣᠰᠬᠤᠨ ᠢ ᠭᠥᠭᠵᠢᠭᠦᠯᠤᠨ ᠮᠠᠨᠳᠤᠭᠤᠯᠬᠤ ᠪᠠᠶᠢᠯᠳᠣᠬᠤ ᠪᠣᠳᠣᠯᠭ᠎ᠠ  ᠶᠢ ᠰᠠᠶᠢᠳᠣᠷ ᠲᠤᠤᠱᠠᠯᠠᠭᠤᠯᠵᠤ᠂ ᠬᠠᠪᠤᠷ ᠤᠨ ᠲᠠᠷᠢᠶᠠᠯᠠᠩ ᠤᠨ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠦᠢᠯᠡᠴᠢᠯᠡᠭᠡ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠤᠷᠤᠨ ᠤ ᠤᠰᠤ ᠠᠷᠪᠢᠯᠠᠬᠤ ᠤᠰᠤᠯᠠᠯᠲᠠ ᠤᠨ ᠬᠡᠷᠡᠭᠵᠢᠭᠦᠯᠦᠯᠲᠡ ᠪᠠ ᠬᠦᠳᠡᠭᠡ ᠲᠤᠰᠬᠤᠨ ᠤ ᠴᠠᠬᠢᠯᠭᠠᠨ ᠲᠤᠤᠷ ᠢ ᠦᠭᠡᠷᠴᠢᠯᠡᠬᠦ ᠶᠢ ᠲᠦᠷᠭᠡᠳᠬᠡᠵᠤ᠂ ᠮᠠᠯᠵᠢᠬᠤ ᠲᠠᠷᠢᠶᠠᠯᠠᠬᠤ ᠤᠷᠤᠨ ᠤ ᠠᠵᠤ ᠦᠢᠯᠡᠰ ᠤᠨ ᠪᠦᠷᠢᠯᠳᠤᠴᠡ ᠤᠨ ᠰᠢᠯᠢᠳᠡᠭᠵᠢᠯᠲᠡ ᠶᠢ ᠲᠦᠯᠬᠢᠨ ᠠᠬᠢᠭᠤᠯᠵᠤ᠂ ᠮᠠᠯᠴᠢᠨ᠂ ᠲᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠭᠦ ᠬᠡᠷᠡᠭᠲᠠᠢ᠃ ᠪᠦᠬᠦ ᠣᠯᠣᠰ ᠤᠨ ᠰᠢᠶᠠᠨ ᠤ ᠳᠡᠰ ᠤᠨ ᠪᠣᠯᠪᠠᠰᠣᠨ ᠬᠤᠳᠠ ᠶᠢ ᠡᠭᠦᠳᠤᠨ ᠪᠠᠶᠢᠭᠤᠯᠬᠤ ᠡᠯ᠎ᠡ ᠵᠦᠢᠯ ᠤᠨ ᠠᠵᠢᠯ ᠢ ᠰᠠᠶᠢᠳᠣᠷ ᠬᠢᠵᠤ᠂ ︽2018-2020 ᠤᠨ ᠤ ᠪᠦᠬᠦ ᠣᠯᠣᠰ ᠤᠨ ᠰᠢᠶᠠᠨ ᠤ ᠳᠡᠰ ᠤᠨ ᠪᠣᠯᠪᠠᠰᠣᠨ ᠬᠤᠳᠠ ᠶᠢ ᠡᠭᠦᠳᠤᠨ ᠪᠠᠶᠢᠭᠤᠯᠬᠤ ᠭᠤᠷᠪᠠᠨ ᠵᠢᠯ ᠤᠨ ᠲᠦᠯᠦᠪᠯᠡᠭᠡ︾ ᠪᠤᠯᠤᠨ ︽ᠪᠦᠬᠦ ᠣᠯᠣᠰ ᠤᠨ ᠰᠢᠶᠠᠨ ᠤ ᠳᠡᠰ ᠤᠨ ᠪᠣᠯᠪᠠᠰᠣᠨ ᠬᠤᠳᠠ ᠶᠢ ᠡᠭᠦᠳᠤᠨ ᠪᠠᠶᠢᠭᠤᠯᠬᠤ ᠰᠢᠰᠲ᠋ᠧᠮ ᠤᠨ ᠡᠭᠦᠷᠭᠡ ᠶᠢᠨ ᠵᠠᠳᠠᠯᠤᠯᠲᠠ ᠶᠢᠨ ᠬᠦᠰᠦᠨᠦᠭᠲᠤ︾ ᠶᠤᠰᠤᠭᠠᠷ᠂ ᠨᠢᠭᠡ ᠨᠢᠭᠡ ᠲᠦᠷᠦᠯ ᠢᠶᠠᠷ ᠨᠠᠶᠢᠲᠠᠪᠤᠷᠢᠵᠢᠭᠤᠯᠬᠤ ᠶᠢ ᠰᠠᠶᠢᠳᠤᠷ ᠠᠳᠬᠤᠵᠤ᠂ ᠡᠨᠡ ᠵᠢᠯ ᠤᠨ ᠪᠦᠬᠦ ᠣᠯᠣᠰ ᠤᠨ ᠰᠢᠶᠠᠨ ᠤ ᠳᠡᠰ ᠤᠨ ᠪᠣᠯᠪᠠᠰᠣᠨ ᠬᠤᠳᠠ ᠶᠢ ᠡᠭᠦᠳᠤᠨ ᠪᠠᠶᠢᠭᠤᠯᠬᠤ ᠠᠵᠢᠯ ᠨᠢ ᠤᠷᠤᠨ᠂ ᠬᠤᠲᠠ ᠳᠤ ᠲᠡᠷᠢᠬᠦᠯᠡᠬᠦ ᠶᠢ ᠪᠠᠲᠤᠯᠠᠨ᠎ᠠ᠃ ᠠᠶᠣᠯᠬᠦᠢ ᠦᠢᠯᠡᠳᠪᠦᠷᠢᠯᠡᠯ᠂ ᠣᠷᠴᠢᠨ ᠳᠣᠭᠤᠷᠢᠨ ᠤ ᠬᠠᠮᠠᠭᠠᠯᠠᠯᠲᠠ᠂ ᠵᠠᠬᠢᠳᠠᠯ ᠰᠣᠷᠪᠣᠯᠵᠢᠯᠭ᠎ᠠ᠂ ᠢᠳᠡᠭᠡᠨ ᠣᠮᠳᠠᠭᠠᠨ ᠤ ᠠᠮᠣᠷ ᠳᠦᠪᠡᠰᠢᠨ ᠤ ᠠᠵᠢᠯ ᠢ ᠴᠢᠩᠭ᠎ᠠ ᠠᠳᠬᠤᠵᠤ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠠᠶᠣᠯᠬᠦᠢ ᠦᠢᠯᠡᠳᠪᠦᠷᠢᠯᠡᠯ ᠤᠨ ᠡᠷᠴᠢᠮ ᠢᠶᠠᠨ ᠴᠢᠩᠭᠠᠯᠠᠵᠤ᠂ ᠭᠤᠤᠯᠳᠠᠯᠭᠠᠲᠤ ᠠᠵᠢᠯ ᠲᠦᠷᠦᠯ ᠤᠨ ᠬᠦᠷᠢᠶ᠎ᠡ ᠭᠡᠪᠴᠢᠶᠠᠨ ᠳᠤ ᠬᠠᠨᠳᠤᠭᠤᠯᠵᠤ ᠪᠠᠶᠢᠴᠠᠭᠠᠨ ᠴᠡᠭᠴᠡᠯᠡᠯᠲᠡ ᠬᠢᠵᠤ᠂ ᠡᠳᠤᠷ ᠲᠤᠲᠤᠮ ᠤᠨ ᠬᠠᠮᠢᠶᠠᠷᠤᠯᠲᠠ  ᠤᠨ ᠬᠦᠴᠦᠯᠡᠴᠡ ᠪᠠᠨ ᠨᠡᠮᠡᠭᠳᠡᠭᠦᠯᠦᠨ᠂ ᠬᠠᠮᠢᠶᠠᠷᠤᠯᠲᠠ ᠶᠢᠨ ᠬᠦᠨᠵᠡᠭᠡᠶᠢᠷᠡᠯᠲᠡ ᠶᠢ ᠦᠷᠭᠡᠳᠬᠡᠵᠤ᠂ ᠬᠠᠮᠢᠶᠠᠷᠤᠯᠲᠠ  ᠤᠨ ᠠᠭᠤᠯᠭ᠎ᠠ ᠶᠢ ᠨᠠᠷᠢᠯᠢᠭᠵᠢᠭᠤᠯᠬᠤ ᠭᠡᠷᠡᠭᠲᠠᠢ᠃ ᠵᠦᠷᠢᠴᠡᠯ ᠮᠦᠷᠭᠦᠯᠳᠦᠭᠡᠨ ᠢ ᠪᠠᠶᠢᠴᠠᠭᠠᠵᠤ ᠰᠢᠢᠳᠪᠤᠷᠢᠯᠡᠬᠦ ᠠᠵᠢᠯᠯᠠᠭ᠎ᠠ ᠶᠢ ᠨᠠᠷᠢᠨ ᠬᠢᠨᠠᠮᠠᠭᠠᠢ ᠶᠠᠪᠤᠭᠳᠠᠭᠤᠯᠤᠨ ᠴᠠᠭ ᠳᠠᠷᠤᠢ ᠳᠤᠨᠢ ᠠᠷᠠᠳ ᠤᠯᠠᠨ ᠤ ᠵᠤᠬᠢᠰᠲᠠᠢ ᠬᠦᠰᠡᠯ ᠱᠠᠭᠠᠷᠳᠠᠯᠭ᠎ᠠ ᠶᠢ ᠰᠢᠢᠳᠪᠤᠷᠢᠯᠡᠬᠦ ᠭᠡᠷᠡᠭᠲᠠᠢ᠃ ︽ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ︾ ᠲᠤᠰᠬᠠᠢ ᠠᠵᠢᠯᠯᠠᠭᠠᠨ ᠢ ᠯᠠᠪᠳᠠᠭᠤᠨ ᠪᠠᠲᠤᠲᠠᠢ ᠦᠷᠨᠢᠬᠦᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠡᠶ᠎ᠡ ᠵᠤᠬᠢᠴᠠᠯᠲᠠᠢ ᠲᠤᠭᠲᠠᠭᠤᠨ ᠢᠶᠠᠷ ᠬᠦᠭᠵᠢᠬᠦ ᠶᠢ ᠲᠦᠯᠬᠢᠨ ᠠᠬᠢᠭᠤᠯᠬᠤ ᠭᠡᠷᠡᠭᠲᠠᠢ ᠭᠡᠪᠡ᠃
 
ᠢᠷᠡᠯᠲᠡ᠄ ︽ᠨᠤᠮᠢᠨ ᠲᠠᠩᠰᠤᠭ ᠦᠤᠰᠢᠨ︾ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号