ᠦᠨᠳᠦᠰᠦᠳᠡᠨ ᠤ ᠣᠯᠠᠮᠵᠢᠯᠠᠯᠲᠣ ᠰᠣᠶᠣᠯ ᠢᠶᠠᠨ ᠳᠡᠭᠡᠳᠦᠯᠡᠨ᠂ ᠳᠠᠶᠠᠭᠠᠷ ᠣᠯᠠᠨ ᠤ ᠡᠬᠡ ᠬᠡᠯᠡ ᠪᠠᠷ ᠢᠶᠠᠨ | ᠪᠠᠭ᠋ᠠᠷᠬᠠᠵᠤ᠂ ᠡᠬᠡ ᠬᠡᠯᠡ ᠪᠠᠨ ᠰᠤᠷᠤᠯᠴᠠᠬᠤ ᠣᠷᠮ᠎ᠠ ᠵᠤᠷᠢᠭ ᠢ ᠨᠢ ᠬᠦᠪᠴᠢᠯᠠᠵᠤ᠂ ᠦᠷᠭᠡᠨ ᠣᠯᠠᠨ ᠪᠠᠭᠰᠢ | ᠰᠣᠷᠣᠭᠴᠢᠳ ᠤᠨ ᠪᠠᠷᠢᠮᠵᠢᠶ᠎ᠠ ᠣᠷᠠᠨ ᠣᠩᠰᠢᠯᠭ᠎ᠠ ᠶᠢᠨ ᠬᠢᠷᠢ ᠳᠦᠪᠰᠢᠨ ᠢ ᠣᠯᠠᠮ ᠰᠠᠶᠢᠵᠢᠷᠠᠭᠤᠯᠬᠤ ᠶᠢᠨ | ᠳᠣᠰᠠᠳᠠ᠂ ᠤᠶᠢᠷ᠎ᠠ ᠳᠤ ᠬᠤᠰᠢᠭᠤ ᠰᠣᠷᠭᠠᠨ ᠬᠦᠮᠦᠵᠢᠯ ᠤᠨ ᠳᠣᠪᠴᠢᠶ᠎ᠠ ᠭᠤᠣᠯᠯᠠᠨ ᠡᠷᠬᠢᠯᠡᠵᠤ᠂ ᠬᠤᠰᠢᠭᠤ | ᠣᠶᠣᠨ ᠤ ᠪᠣᠯᠪᠠᠰᠣᠨ ᠤ ᠠᠯᠪᠠᠨ ᠭᠡᠷ ᠵᠢᠴᠢ ᠬᠤᠰᠢᠭᠤ ᠵᠠᠯᠠᠭᠤᠴᠤᠳ ᠪᠠᠭᠠᠴᠣᠳ ᠤᠨ ᠰᠣᠷᠭᠠᠭᠤᠯᠢ ᠶᠢᠨ | ᠭᠠᠳᠠᠨᠠᠬᠢ ᠰᠣᠷᠭᠠᠨ ᠬᠦᠮᠦᠵᠢᠯ ᠤᠨ ᠭᠦᠳᠡᠯᠭᠡᠭᠡᠨ ᠤ ᠲᠦᠪ ᠳᠠᠭᠠᠭᠠᠴᠢᠯᠠᠨ ᠡᠷᠬᠢᠯᠡᠭᠰᠡᠨ ᠳᠦᠷᠪᠡᠳᠦᠭᠡᠷ | ᠬᠤᠭᠤᠴᠠᠭᠠᠨ ᠤ ︽ᠳᠣᠮᠳᠠᠳᠣ ᠶᠢᠨ ᠣᠶᠠᠩᠭ᠎ᠠ︾ ᠰᠣᠩᠭᠤᠳᠠᠭ ᠢᠷᠠᠭᠤ ᠨᠠᠶᠢᠷᠠᠭ ᠤᠨ ᠣᠷᠠᠨ ᠣᠩᠰᠢᠯᠭ᠎ᠠ ᠶᠢᠨ | ᠣᠷᠣᠯᠳᠣᠭᠠᠨ ᠬᠤᠰᠢᠭᠤ ᠮᠣᠩᠭᠤᠯ ᠦᠨᠳᠦᠰᠦᠲᠡᠨ ᠤ ᠳᠣᠷᠰᠢᠯᠳᠠ ᠶᠢᠨ ᠪᠠᠭ᠎ᠠ ᠰᠣᠷᠭᠠᠭᠤᠯᠢ ᠪᠠ ᠭᠤᠷᠪᠠᠳᠤᠭᠠᠷ | ᠲᠤᠷᠰᠢᠯᠲᠡ ᠶᠢᠨ ᠪᠠᠭ᠎ᠠ ᠰᠤᠷᠭᠠᠭᠤᠯᠢ ᠳᠤ ᠠᠮᠵᠢᠯᠲᠠ ᠲᠠᠢ ᠰᠠᠶᠢᠬᠠᠨ ᠶᠠᠪᠣᠭᠳᠠᠭᠰᠠᠨ ᠪᠠᠶᠢᠨ᠎ᠠ᠃ | ᠲᠤᠰ ᠤᠳᠠᠭᠠᠨ ᠤ ᠣᠷᠣᠯᠳᠣᠭᠠᠨ ᠢ ᠮᠤᠩᠭᠤᠯ ᠬᠢᠳᠠᠳ ᠬᠤᠶᠠᠷ ᠬᠡᠯᠡᠨ ᠤ ᠪᠠᠭ᠎ᠠ ᠰᠣᠷᠭᠠᠭᠤᠯᠢ ᠶᠢᠨ | ᠳᠣᠭᠤᠶᠢᠯᠠᠩ᠂ ᠳᠣᠮᠳᠠᠳᠣ ᠰᠣᠷᠭᠠᠭᠤᠯᠢ ᠶᠢᠨ ᠳᠣᠭᠤᠶᠢᠯᠠᠩ᠂ ᠪᠠᠭᠰᠢ ᠶᠢᠨ ᠳᠣᠭᠤᠶᠢᠯᠠᠩ ᠬᠤᠪᠢᠶᠠᠵᠤ᠂ ᠨᠠᠶᠢᠳᠡ | 68 ᠳᠣᠭᠤᠶᠢᠯᠠᠩ ᠣᠷᠣᠯᠳᠣᠭᠠᠨᠳᠤ ᠣᠷᠣᠯᠴᠠᠭᠰᠠᠨ ᠪᠠᠶᠢᠨ᠎ᠠ᠃ | ᠤᠷᠤᠯᠳᠤᠭᠠᠨ ᠢᠶᠠᠷ ᠲᠠᠮᠵᠢᠨ ᠮᠠᠨ ᠤ ᠬᠤᠰᠢᠭᠤᠨ ᠤ ᠪᠠᠭᠰᠢ ᠰᠤᠷᠤᠭᠴᠢᠳ ᠤᠨ ᠰᠣᠩᠭᠤᠳᠠᠭ ᠢᠷᠠᠭᠤ | ᠨᠠᠶᠢᠷᠠᠭ ᠤᠨ ᠲᠤᠷ᠎ᠠ ᠰᠤᠨᠢᠷᠬᠠᠯ ᠢ ᠨᠡᠮᠡᠭᠳᠡᠬᠦᠯᠵᠤ ᠰᠤᠷᠭᠠᠭᠤᠯᠢ ᠶᠢᠨ ᠬᠦᠷᠢᠶᠡᠨ ᠤ ᠰᠤᠶᠤᠯ ᠤᠨ ᠠᠮᠢᠳᠤᠷᠠᠯ ᠢ | ᠪᠠᠶᠠᠯᠢᠭᠵᠢᠭᠤᠯᠤᠨ ᠦᠨᠳᠦᠰᠦᠲᠡᠨ ᠤ ᠰᠢᠯᠢᠳᠡᠭ ᠰᠤᠶᠤᠯ ᠢ ᠪᠠᠳᠠᠷᠠᠭᠤᠯᠵᠤ ᠲᠤᠮᠳᠠᠲᠤ ᠶᠢᠨ ᠰᠤᠶᠤᠯ ᠢᠶᠠᠨ | ᠬᠠᠶᠢᠷᠠᠯᠠᠨ ᠲᠤᠮᠳᠠᠲᠤ ᠶᠢᠨ ᠰᠤᠩᠭᠤᠳᠠᠭ ᠵᠤᠬᠢᠶᠠᠯ ᠪᠦᠲᠦᠭᠡᠯ ᠲᠠᠢ ᠤᠶᠢᠷᠠᠳᠤᠵᠤ ᠰᠤᠩᠭᠤᠳᠠᠭ ᠢᠷᠠᠭᠤ ᠨᠠᠶᠢᠷᠠᠭ ᠢ | ᠲᠡᠯᠭᠡᠷᠡᠬᠦᠯᠤᠨ ᠦᠭᠡ ᠬᠡᠯᠡ ᠦᠰᠦᠭ ᠪᠢᠴᠢᠭ ᠢ ᠲᠦᠷᠢᠮᠵᠢᠬᠦᠯᠬᠦ ᠳᠤ ᠢᠳᠡᠪᠬᠢ ᠦᠢᠯᠡᠳᠦᠯ ᠦᠵᠡᠬᠦᠯᠦᠭᠰᠡᠨ | ᠪᠠᠶᠢᠨ᠎ᠠ᠃ | |