ᠬᠤᠰᠢᠭᠤ ᠨᠠᠮ ᠤᠨ ᠬᠤᠷᠢᠶᠠᠨ ᠤ ᠭᠤᠣᠯ ᠳᠤᠭᠤᠶᠢᠯᠠᠩ ᠤᠨ 2018 ᠣᠨ ᠤ ᠳᠠᠪᠤᠳᠤᠭᠠᠷ ᠤᠳᠠᠭᠠᠨ ᠤ ᠰᠤᠷᠤᠯᠴᠠᠬᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2018-06-01
     ᠣᠶᠢᠷ᠎ᠠ ᠳᠤ᠂ ᠬᠤᠰᠢᠭᠤ ᠨᠠᠮ ᠤᠨ ᠬᠤᠷᠢᠶᠠᠨ ᠤ ᠭᠤᠣᠯ ᠳᠤᠭᠤᠶᠢᠯᠠᠩ ᠤᠨ 2018 ᠣᠨ ᠤ ᠳᠠᠪᠤᠳᠤᠭᠠᠷ ᠤᠳᠠᠭᠠᠨ ᠤ ᠰᠤᠷᠤᠯᠴᠠᠬᠤ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠠᠨ ᠲᠢᠶᠠᠨ᠂ ᠰᠢᠶᠠᠨ ᠤ ᠳᠡᠰ ᠤᠨ ᠭᠡᠷ ᠲᠡᠭᠡᠨ ᠪᠠᠶᠢᠭ᠎ᠠ ᠪᠦᠬᠦ ᠤᠳᠤᠷᠢᠳᠤᠯᠭ᠎ᠠ᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠣᠷᠣᠯᠴᠠᠯᠭ᠎ᠠ ᠳᠤ ᠣᠷᠣᠯᠴᠠᠪᠠ᠃ ᠯᠠᠨ ᠲᠢᠶᠠᠨ ᠬᠤᠷᠠᠯ ᠢ ᠡᠷᠬᠢᠯᠡᠭᠰᠡᠨ ᠤ ᠬᠠᠮᠲᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽5 ᠵᠢᠯ ᠤᠨ ᠲᠤᠷᠰᠢᠬᠢ ᠪᠦᠬᠦ ᠣᠷᠣᠨ ᠤ ᠲᠥᠪ ᠤᠨ ᠨᠠᠢᠮᠠᠨ ᠲᠥᠷᠥᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠳᠣᠬᠠᠢ ᠮᠡᠳᠡᠭᠦᠯᠦᠯᠲᠡ︾ ᠶᠢᠨ ᠮᠡᠳᠡᠭᠳᠡᠯ ᠢ ᠤᠯᠠᠮᠵᠢᠯᠠᠨ ᠰᠤᠷᠤᠯᠴᠠᠭᠰᠠᠨ ᠪᠠᠶᠢᠨ᠎ᠠ᠃      ᠬᠤᠷᠠᠯ ᠳᠡᠭᠡᠷ᠎ᠡ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠰᠤᠳᠤᠯᠬᠤ ᠲᠠᠰᠤᠭ ᠤᠨ ᠡᠷᠬᠢᠯᠡᠭᠴᠢ ᠯᠧᠺᠲ᠋ᠣᠷ ᠤᠨ ᠪᠦᠯᠬᠦᠮ ᠤᠨ ᠳᠠᠷᠤᠭ᠎ᠠ ᠸᠠᠩ ᠬᠤᠸᠠ ᠶᠢ ᠣᠨᠴᠠᠯᠠᠨ ᠤᠷᠢᠵᠤ ᠲᠤᠰᠬᠠᠢ ᠰᠡᠳᠦᠪᠲᠦ ᠵᠢᠯᠣᠭᠤᠳᠤᠯᠭ᠎ᠠ ᠬᠢᠯᠭᠡᠭᠰᠡᠨ ᠪᠠᠶᠢᠨ᠎ᠠ᠃ ᠰᠤᠷᠤᠯᠴᠠᠯᠭ᠎ᠠ ᠳᠤᠮᠳᠠ ᠸᠠᠩ ᠬᠤᠸᠠ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠤ ᠲᠤᠰᠬᠠᠢ ᠰᠡᠳᠦᠪᠲᠦ ᠵᠠᠳᠠᠯᠤᠯᠲᠠ ᠬᠢᠵᠦ᠂ ᠰᠢ  ᠶᠢᠨ ᠫᠢᠩ ᠶᠡᠷᠦᠩᠬᠡᠢ ᠱᠦᠵᠢ ᠶᠢᠨ ᠠᠵᠤ ᠠᠬᠤᠢ ᠶᠢᠨ ᠦᠨᠳᠦᠷ ᠴᠢᠨᠰᠠᠭᠠᠳᠤ ᠬᠥᠭᠵᠢᠯᠲᠡ ᠶᠢ ᠲᠦᠯᠬᠢᠨ ᠠᠬᠢᠭᠤᠯᠵᠤ ᠂ ᠶᠠᠳᠠᠭᠤ ᠶᠢ ᠲᠡᠳᠬᠦᠨ ᠪᠣᠭᠤᠮᠲᠠ ᠰᠢᠪᠲᠤᠯᠬᠤ᠂ ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠣᠷᠣᠨ ᠤ ᠲᠣᠭᠲᠠᠭᠤᠨ ᠢ ᠪᠠᠲᠤᠯᠠᠬᠤ ᠴᠢᠬᠤᠯᠠ ᠱᠠᠭᠠᠷᠳᠠᠯᠭ᠎ᠠ ᠶᠢᠨ ᠲᠣᠭᠤᠷᠢᠨ ᠳᠤ ᠰᠢ ᠶᠢᠨ ᠫᠢᠩ ᠶᠡᠷᠦᠩᠬᠡᠢ ᠱᠦᠵᠢ ᠪᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠬᠢᠯᠢ ᠬᠢᠵᠠᠭᠠᠷ ᠤᠨ ᠦᠨᠳᠦᠰᠦᠳᠡᠨ ᠤ ᠣᠷᠣᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠦᠭᠵᠢᠯᠳᠡ ᠳᠣᠳᠠᠮᠠᠭ ᠣᠷᠣᠨ ᠤ ᠬᠥᠭᠵᠢᠯᠲᠡ ᠶᠢ ᠲᠦᠯᠬᠢᠨ ᠠᠬᠢᠭᠤᠯᠵᠤ ᠂ ᠶᠠᠳᠠᠭᠤ ᠶᠢ ᠲᠡᠳᠬᠦᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠢᠲᠡᠭᠡᠯ ᠵᠣᠷᠢᠭ ᠲᠤ ᠭᠦᠨᠵᠡᠭᠡᠢ ᠲᠠᠶᠢᠯᠪᠤᠷᠢᠯᠠᠯᠲᠠ ᠬᠢᠵᠦ᠂ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠪᠦᠬᠦ ᠲᠠᠯ᠎ᠠ ᠶᠢᠨ ᠠᠵᠢᠯ ᠪᠣᠯᠣᠨ ᠤᠷᠲᠤ ᠬᠤᠭᠤᠴᠠᠭᠠᠨ ᠤ ᠬᠥᠭᠵᠢᠯᠲᠡ ᠶᠢᠨ ᠴᠢᠬᠤᠯᠠ ᠲᠣᠮᠣ ᠠᠰᠠᠭᠤᠳᠠᠯ ᠳᠤ ᠳᠤᠷᠠᠳᠤᠭᠰᠠᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠰᠡᠳᠬᠢᠴᠡ᠂ ᠰᠢᠨ᠎ᠡ ᠦᠵᠡᠯᠲᠡ᠂ ᠰᠢᠨ᠎ᠡ ᠱᠠᠭᠠᠷᠳᠠᠯᠭ᠎ᠠ ᠳᠤ ᠲᠠᠶᠢᠯᠪᠤᠷᠢᠯᠠᠯᠲᠠ ᠬᠢᠪᠡ᠃      ᠯᠠᠨ ᠲᠢᠶᠠᠨ ᠵᠢᠭᠠᠬᠤ ᠳᠠᠭᠠᠨ᠂ ᠣᠳᠣᠬᠠᠨ ᠪᠣᠯᠣᠨ ᠬᠤᠶᠢᠰᠢᠳᠠ ᠶᠢᠨ ᠨᠢᠭᠡ ᠬᠤᠭᠤᠴᠠᠭᠠᠨ ᠳᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠨᠢ ᠨᠠᠷᠢᠨ ᠬᠢᠨᠠᠮᠠᠭᠠᠢ ᠰᠤᠷᠤᠯᠴᠠᠨ ᠤᠶᠢᠯᠠᠭᠠᠵᠤ᠂ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ᠂ ︽ᠳᠥᠷᠪᠡᠨ ᠤᠬᠠᠮᠰᠠᠷ︾ ᠢ ᠪᠠᠲᠤᠳᠬᠠᠨ ︽ᠳᠥᠷᠪᠡᠨ ᠢᠲᠡᠭᠡᠯ︾ ᠢ ᠴᠢᠩᠭᠠᠳᠬᠠᠵᠤ᠂ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠦᠬᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠬᠠᠯᠠᠮᠵᠢᠯᠠᠯ ᠨᠤᠲᠠᠯᠠᠯᠲᠠ ᠂ ᠶᠡᠷᠦᠩᠬᠡᠢ ᠱᠠᠭᠠᠷᠳᠠᠯᠭ᠎ᠠ ᠪᠠ ᠭᠤᠣᠯ ᠡᠭᠦᠷᠭᠡ ᠳᠡᠭᠡᠷ᠎ᠡ ᠨᠢᠭᠡᠳᠬᠡᠵᠦ᠂ ᠤᠭ ᠰᠠᠨᠠᠭ᠎ᠠ ᠪᠠᠨ ᠥᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠢᠷᠭᠠᠭᠤ ᠬᠠᠲᠠᠭᠤᠵᠢᠯᠲᠠᠢ ᠲᠡᠮᠡᠴᠡᠬᠦ ᠵᠣᠷᠢᠭ ᠰᠠᠨᠠᠭ᠎ᠠ ᠪᠠᠷ ᠰᠢᠨ᠎ᠡ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号