5 ᠰᠠᠷ᠎ᠠ ᠶᠢᠨ 29 ᠤ ᠡᠳᠦᠷ ᠠᠴᠠ 30 ᠤ ᠡᠳᠦᠷ ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ | ᠲᠡᠳ᠋ ᠲᠡᠷᠢᠬᠦᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠵᠢᠷᠭᠠᠯᠲᠤ ᠭᠠᠯᠠᠭᠤᠲᠤ ᠪᠠᠯᠭᠠᠰᠤ | ᠤᠯᠠᠭᠠᠨᠳᠤᠯᠤᠭᠠᠢ ᠪᠠᠯᠭᠠᠰᠤ ᠲᠤᠭ ᠪᠠᠯᠭᠠᠰᠤᠨ ᠳᠤ ᠬᠦᠷᠴᠦ ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ︽ | ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ᠂ ᠭᠤᠷᠪᠠᠨ ᠶᠡᠭᠡ ᠪᠤᠭᠤᠮᠳᠠ ᠰᠢᠪᠲᠤᠯᠬᠤ ᠲᠠᠶᠢᠯᠠᠯᠳᠤᠭᠠᠨ᠂ | ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠬᠦᠭᠵᠢᠯᠲᠡ᠂ ᠦᠶᠡᠷ ᠢ ᠰᠡᠷᠬᠡᠶᠢᠯᠡᠬᠦ ᠪᠠ ᠦᠵᠡᠯ | ᠤᠬᠠᠮᠰᠠᠷ ᠤᠨ ᠬᠡᠯᠪᠡᠷᠢ ᠵᠡᠷᠭᠡ ᠶᠢᠨ ᠠᠵᠢᠯ ᠤᠨ ᠪᠠᠶᠢᠳᠠᠯ ᠳᠤ ᠪᠠᠶᠢᠴᠠᠭᠠᠨ ᠵᠢᠯᠤᠭᠤᠳᠤᠯᠭ᠎ᠠ ᠬᠢᠪᠡ᠃ ᠬᠤᠰᠢᠭᠤ ᠨᠠᠮ | ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠵᠤᠬᠢᠶᠠᠨ ᠪᠠᠶᠢᠭᠤᠯᠬᠤ ᠬᠡᠯᠲᠡᠰ ᠤᠨ ᠲᠠᠷᠤᠭ᠎ᠠ ᠸᠠᠩ ᠯᠢ ᠫᠢᠩ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠠᠯᠪᠠᠨ ᠭᠡᠷ ᠤᠨ ᠡᠷᠬᠢᠯᠡᠭᠴᠢ ᠵᠤᠤ ᠶᠦᠩ ᠹᠧᠩ᠂ | ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ | ᠸᠠᠩ ᠵᠢᠷᠭᠠᠯ ᠪᠠᠷᠠᠳᠠᠨ ᠪᠠᠶᠢᠴᠠᠭᠠᠨ ᠰᠤᠳᠤᠯᠤᠯᠲᠠ ᠬᠢᠪᠡ᠃ | | | | | | | ᠵᠢᠷᠭᠠᠯᠲᠤ ᠨᠠᠷ ᠤᠷᠢᠳ ᠬᠤᠵᠢᠳ ᠤᠯᠠᠭᠠᠨᠳᠤᠯᠤᠭᠠᠢ ᠪᠠᠯᠭᠠᠰᠤᠨ ᠤ ᠪᠠᠶᠠᠨᠰᠢᠯᠢ ᠭᠠᠴᠠᠭ᠎ᠠ᠂ ᠪᠠᠶᠠᠠᠭᠤᠤᠯ | ᠭᠠᠴᠠᠭ᠎ᠠ᠂ ᠾᠧᠺᠸᠤ ᠤᠰᠤᠨ ᠴᠦᠬᠦᠷᠦᠮ᠂ ᠲᠤᠭ ᠪᠠᠯᠭᠠᠰᠤᠨ ᠤ ᠬᠤᠵᠢᠷᠲᠤ ᠲᠤᠰᠬᠤᠨ᠂ ᠲᠤᠭᠤᠯᠳᠠᠢ ᠭᠠᠴᠠᠭ᠎ᠠ | ᠵᠢᠴᠢ ᠭᠠᠯᠠᠭᠤᠲᠤ ᠪᠠᠯᠭᠠᠰᠤᠨ ᠤ ᠰᠠᠷᠠᠭᠤᠯᠨᠤᠲᠤᠭ ᠭᠠᠴᠠᠭ᠎ᠠ᠂ ᠪᠤᠵᠠᠢ ᠭᠠᠴᠠᠭ᠎ᠠ ᠵᠡᠷᠭᠡ ᠭᠠᠵᠠᠷ ᠲᠤ ᠬᠦᠷᠴᠦ᠂ ᠡᠯ᠎ᠡ | ᠪᠠᠯᠭᠠᠰᠤᠨ ᠤ ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ | ᠠᠵᠢᠯ ᠢ ᠠᠬᠢᠭᠤᠯᠵᠤ ᠪᠠᠶᠢᠭ᠎ᠠ ᠪᠠᠶᠢᠳᠠᠯ᠂ ᠬᠠᠮᠲᠤ ᠶᠢᠨ ᠠᠵᠤ ᠠᠬᠤᠢ ᠶᠢᠨ ᠡᠷᠬᠢᠯᠲᠡ ᠵᠢᠴᠢ ᠬᠦᠨᠲᠤ ᠶᠡᠭᠡ | ᠲᠦᠭᠰᠢᠬᠦᠷᠢ ᠶᠢ ᠰᠡᠷᠬᠡᠶᠢᠯᠡᠨ ᠰᠢᠢᠳᠪᠦᠷᠢᠯᠡᠬᠦ᠂ ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ᠂ ᠪᠤᠬᠢᠷᠳᠤᠯ ᠢ | ᠰᠡᠷᠬᠡᠶᠢᠯᠡᠨ ᠵᠠᠰᠠᠬᠤ ᠭᠤᠷᠪᠠᠨ ᠶᠡᠭᠡ ᠪᠤᠭᠤᠮᠳᠠ ᠰᠢᠪᠲᠤᠯᠬᠤ ᠲᠠᠶᠢᠯᠠᠯᠳᠤᠭᠠᠨ ᠵᠡᠷᠭᠡ ᠶᠢᠨ ᠪᠠᠶᠢᠳᠠᠯ ᠢ ᠨᠠᠷᠢᠨ | ᠤᠶᠢᠯᠠᠭᠠᠬᠤ ᠶᠢᠨ ᠬᠠᠮᠲᠤ ᠬᠤᠯᠪᠤᠭᠳᠠᠯ ᠪᠦᠬᠦᠢ ᠠᠵᠢᠯ ᠳᠤ ᠵᠢᠯᠤᠭᠤᠳᠬᠤ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃ | | | | | | | ᠵᠢᠷᠭᠠᠯᠲᠤ ᠱᠠᠭᠠᠷᠳᠠᠬᠤ ᠳᠤ ᠪᠠᠨ ᠭᠤᠷᠪᠠᠨ ᠶᠡᠭᠡ ᠪᠤᠭᠤᠮᠳᠠ ᠰᠢᠪᠲᠤᠯᠬᠤ ᠲᠠᠶᠢᠯᠠᠯᠳᠤᠭᠠᠨ ᠢ ᠰᠠᠶᠢᠲᠤᠷ ᠬᠢᠬᠦ | ᠨᠢ ᠤᠳᠤᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ | ᠪᠤᠯᠤᠭᠰᠠᠨ ᠤ ᠬᠤᠪᠢ ᠳᠤ ᠡᠯ᠎ᠡ ᠰᠤᠮᠤ ᠪᠠᠯᠭᠠᠰᠤ᠂ ᠡᠯ᠎ᠡ ᠬᠠᠪᠰᠤᠷᠤᠨ ᠳᠡᠳᠬᠦᠵᠦ ᠪᠠᠶᠢᠭ᠎ᠠ ᠪᠠᠶᠢᠭᠤᠯᠭ᠎ᠠ ᠨᠢᠭᠡᠴᠢ᠂ | ᠡᠯ᠎ᠡ ᠭᠠᠴᠠᠭ᠎ᠠ ᠲᠤᠰᠬᠤᠨ ᠳᠤ ᠰᠠᠭᠤᠭ᠎ᠠ ᠺᠠᠳ᠋ᠷ ᠡᠬᠦᠷᠭᠡ ᠬᠠᠷᠢᠭᠤᠴᠠᠯᠭ᠎ᠠ ᠪᠠᠨ ᠤᠯᠠᠮ ᠨᠢᠬᠡ ᠠᠯᠬᠤᠮ | ᠴᠢᠩᠭᠠᠳᠬᠠᠵᠤ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠦᠢᠴᠡᠳᠬᠡᠨ ᠡᠯ᠎ᠡ ᠲᠦᠷᠦᠯ ᠤᠨ ᠠᠵᠢᠯ ᠢ ᠪᠦᠬᠦ ᠬᠦᠴᠦᠨ | ᠢᠶᠠᠷ ᠢᠶᠠᠨ ᠠᠬᠢᠭᠤᠯᠬᠤ ᠬᠡᠷᠡᠭᠲᠠᠢ᠃ ᠮᠠᠯᠵᠢᠬᠤ ᠲᠠᠷᠢᠶᠠᠯᠠᠬᠤ ᠤᠷᠤᠨ ᠤ ᠠᠵᠤ ᠦᠢᠯᠡᠰ ᠤᠨ ᠪᠦᠲᠦᠴᠡ ᠶᠢᠨ | ᠲᠤᠬᠢᠷᠠᠭᠤᠯᠤᠯᠲᠠ ᠶᠢ ᠨᠢᠭᠡᠳᠦᠯᠲᠠᠢ ᠠᠬᠢᠭᠤᠯᠤᠨ ᠮᠠᠯ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢ | ᠰᠢᠯᠢᠳᠡᠭᠵᠢᠬᠦᠯᠵᠤ ᠮᠠᠯ ᠲᠠᠷᠢᠶᠠᠯᠠᠩ ᠤᠨ ᠠᠵᠤ ᠦᠢᠯᠡᠰ ᠤᠨ ᠬᠦᠭᠵᠢᠯᠲᠡ ᠶᠢᠨ ᠬᠡᠯᠪᠡᠷᠢ ᠶᠢ ᠬᠤᠪᠢᠷᠠᠭᠤᠯᠤᠨ᠂ | ᠭᠠᠴᠠᠭ᠎ᠠ ᠲᠤᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢ ᠦᠷᠬᠦᠯᠵᠢᠯᠡᠨ ᠬᠦᠭᠵᠢᠬᠦᠯᠵᠤ ᠦᠵᠡᠯ ᠰᠠᠨᠠᠭ᠎ᠠ | ᠲᠠᠨᠢᠯᠲᠠ ᠪᠠᠨ ᠲᠡᠭᠡᠭᠰᠢᠯᠡᠬᠦᠯᠦᠨ ᠠᠵᠢᠯ ᠢ ᠨᠠᠷᠢᠯᠢᠭ ᠪᠤᠳᠠᠲᠠᠢ ᠬᠢᠵᠤ ᠬᠠᠮᠲᠤ ᠶᠢᠨ ᠠᠵᠤ ᠠᠬᠤᠶᠢᠯᠠᠯ ᠢ | ᠬᠦᠭᠵᠢᠭᠦᠯᠦᠨ ᠭᠠᠴᠠᠭ᠎ᠠ ᠲᠤᠰᠬᠤᠨ ᠤ ᠱᠠᠲᠤᠨ ᠤ ᠠᠵᠤ ᠦᠢᠯᠡᠰ ᠦᠪᠡᠷᠳᠡᠭᠡᠨ ᠠᠰᠢᠭ ᠤᠷᠤᠯᠭ᠎ᠠ ᠤᠯᠵᠤ ᠤᠯᠠᠨ | ᠲᠦᠮᠡᠨ ᠳᠤ ᠠᠰᠢᠭ ᠬᠦᠷᠳᠡᠭᠡᠨ ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠲᠠᠶᠢᠯᠠᠯᠳᠤᠭᠠᠨ ᠤ ᠢᠯᠠᠯᠲᠠ | ᠶᠢ ᠤᠯᠬᠤ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠠᠢ ᠭᠡᠪᠡ᠃ | ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠠᠵᠢᠯ | ᠤᠨ ᠲᠤᠬᠠᠢ ᠵᠢᠷᠭᠠᠯᠲᠤ ᠴᠢᠬᠤᠯᠠᠴᠢᠯᠠᠬᠤ ᠳᠤ ᠪᠠᠨ ᠨᠠᠮ ᠤᠨ ᠮᠠᠯᠵᠢᠬᠤ ᠲᠠᠷᠢᠶᠠᠯᠠᠬᠤ ᠤᠷᠤᠨ ᠤ ᠠᠵᠢᠯ ᠳᠠᠬᠢ ᠪᠦᠬᠦ | ᠲᠠᠯ᠎ᠠ ᠶᠢᠨ ᠤᠳᠤᠷᠢᠳᠤᠯᠭ᠎ᠠ ᠪᠠᠷ ᠦᠨᠳᠦᠰᠦ ᠪᠤᠯᠭᠠᠬᠤ ᠶᠢ ᠪᠠᠷᠢᠮᠳᠠᠯᠠᠵᠤ ︽ᠲᠠᠪᠤᠨ ᠰᠠᠶᠢᠨ︾ ᠢ ᠪᠡᠶᠡᠯᠡᠬᠦᠯᠬᠦ ᠪᠠᠷ | ᠬᠠᠷᠠᠯᠲᠠ ᠪᠤᠯᠭᠠᠨ ᠤᠬᠠᠭᠤᠯᠭ᠎ᠠ ᠲᠠᠶᠢᠴᠢᠯᠠᠯᠲᠠ ᠶᠢ ᠠᠳᠬᠤᠵᠤ ᠬᠤᠭᠤᠴᠠᠭ᠎ᠠ ᠰᠤᠯᠢᠬᠤ ᠰᠤᠩᠭᠤᠭᠤᠯᠢ ᠶᠢᠨ ᠬᠠᠮᠢᠶ᠎ᠠ | ᠪᠦᠬᠦᠢ ᠲᠦᠷᠦ ᠶᠢᠨ ᠪᠤᠳᠤᠯᠭ᠎ᠠ ᠬᠠᠤᠯᠢ ᠲᠦᠷᠢᠮ ᠪᠠ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠶᠡᠭᠡᠪᠡᠷ ᠤᠬᠠᠭᠤᠯᠵᠤ | ᠦᠷᠭᠡᠨ ᠤᠯᠠᠨ ᠨᠠᠮ ᠤᠨ ᠬᠡᠰᠢᠬᠦᠨ ᠪᠠ ᠰᠤᠩᠭᠤᠭᠤᠯᠢ ᠶᠢᠨ ᠠᠷᠠᠳ ᠢᠳᠡᠪᠬᠢᠲᠠᠢ ᠪᠠᠷ ᠰᠤᠩᠭᠤᠭᠤᠯᠢ ᠳᠤ | ᠤᠷᠤᠯᠴᠠᠬᠤ ᠶᠢ ᠲᠠᠶᠢᠴᠢᠯᠠᠬᠤ ᠬᠡᠷᠡᠭᠲᠠᠢ᠃ ᠶᠠᠪᠤᠴᠠ ᠠᠯᠬᠤᠮ ᠲᠠᠷᠠᠭ᠎ᠠ ᠶᠢ ᠴᠢᠩᠭ᠎ᠠ ᠠᠳᠬᠤᠵᠤ ᠰᠤᠩᠭᠤᠭᠤᠯᠢ ᠶᠢᠨ | ᠦᠷᠢᠰᠦᠯᠳᠦᠭᠡᠨ ᠢ ᠲᠦᠷᠢᠮᠵᠢᠬᠦᠯᠦᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠠᠳᠬᠤᠵᠤ ᠬᠤᠭᠤᠴᠠᠭ᠎ᠠ | ᠰᠤᠯᠢᠬᠤ ᠰᠤᠩᠭᠤᠭᠤᠯᠢ ᠶᠢᠨ ᠠᠵᠢᠯ ᠤᠨ ᠪᠦᠬᠦ ᠶᠠᠪᠤᠴᠠ ᠳᠤ ᠴᠢᠩᠭ᠎ᠠ ᠲᠤᠳᠤᠷᠬᠠᠢ ᠰᠠᠬᠢᠯᠭ᠎ᠠ ᠪᠠᠲᠤ ᠶᠢ | ᠪᠠᠷᠢᠮᠳᠠᠯᠠᠵᠤ ᠡᠯ᠎ᠡ ᠲᠦᠷᠦᠯ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠰᠠᠬᠢᠬᠤ ᠬᠡᠷᠡᠭᠲᠠᠢ᠃ | ᠬᠤᠶᠢᠰᠢᠲᠡ ᠶᠢᠨ ᠬᠠᠮᠢᠶᠠᠷᠤᠯᠲᠠ ᠶᠢ ᠰᠠᠶᠢᠲᠤᠷ ᠠᠳᠬᠤᠵᠤ ᠰᠢᠯᠵᠢᠬᠦᠯᠦᠨ ᠲᠤᠰᠢᠶᠠᠬᠤ ᠠᠵᠢᠯ ᠢ ᠴᠠᠭ ᠲᠤᠬᠠᠢ ᠳᠤ | ᠨᠢ ᠲᠠᠭᠤᠰᠬᠠᠵᠤ ᠰᠢᠨ᠎ᠠ ᠬᠠᠭᠤᠴᠢᠨ ᠪᠠᠭ ᠤᠨ ︽ᠵᠠᠭᠠᠳᠠᠰᠦ ᠦᠭᠡᠢ︾ ᠲᠤᠰᠢᠶᠠᠬᠤ ᠪᠠ ᠬᠦᠯᠢᠶᠠᠨ ᠠᠪᠬᠤ ᠶᠢ | ᠪᠠᠲᠤᠯᠠᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠡᠯ᠎ᠡ ᠲᠦᠷᠦᠯ ᠤᠨ ᠠᠵᠢᠯ ᠡᠮᠬᠢ ᠴᠡᠭᠴᠡ ᠲᠠᠢ ᠠᠬᠢᠨ | ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠠᠢ ᠬᠡᠪᠡ᠃ |