ᠰᠢ ᠶᠢᠨ ᠫᠢᠩ ᠤᠨ ᠤᠳᠬ᠎ᠠ ᠤᠷᠠᠯᠢᠭ ᠤᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠤᠯ ᠪᠤᠯᠭᠠᠬᠤ ᠵᠤᠬᠢᠶᠠᠨ ᠪᠦᠳᠦᠬᠡᠯᠬᠡ ᠶᠢᠨ ᠵᠢᠯᠤᠭᠤᠳᠤᠮᠵᠢ ᠶᠢ | ᠪᠠᠷᠢᠮᠳᠠᠯᠠᠨ᠂ ᠲᠤᠮᠳᠠᠳᠤ ᠶᠢᠨ ᠵᠤᠷᠢᠭ ᠰᠠᠨᠠᠭ᠎ᠠ ᠶᠢ ᠪᠠᠳᠠᠷᠠᠭᠤᠯᠤᠨ᠂ ᠦᠷᠭᠡᠨ ᠣᠯᠠᠨ ᠣᠳᠬ᠎ᠠ ᠣᠷᠠᠯᠢᠭᠴᠢᠳ ᠤᠨ | ᠵᠣᠬᠢᠶᠠᠨ ᠪᠦᠲᠦᠭᠡᠬᠦ ᠣᠷᠮ᠎ᠠ ᠰᠡᠳᠬᠢᠯᠭᠡ ᠶᠢ ᠭᠦᠢᠴᠡᠳ ᠲᠠᠶᠢᠴᠢᠯᠠᠨ᠂ ᠰᠤᠶᠤᠯ ᠤᠨ ᠢᠳᠡᠬᠡᠯ ᠢ ᠨᠡᠮᠡᠭᠳᠡᠬᠦᠯᠦᠨ᠂ | ᠨᠡᠩ ᠤᠯᠠᠨ ᠤᠷᠤᠨ ᠨᠤᠳᠤᠭ ᠤᠨ ᠤᠨᠴᠠᠯᠢᠭ ᠲᠠᠢ᠂ ᠴᠠᠭ ᠦᠶ᠎ᠡ ᠶᠢᠨ ᠲᠦᠷᠢ ᠲᠦᠷᠬᠦ ᠶᠢ ᠬᠦᠢᠴᠡᠳ | ᠬᠠᠷᠠᠭᠤᠯᠤᠭᠰᠠᠨ ᠤᠬᠢ ᠰᠤᠳᠤᠨ ᠪᠦᠳᠦᠬᠡᠯ ᠢ ᠲᠤᠭᠤᠷᠪᠢᠭᠤᠯᠬᠤ ᠶᠢᠨ ᠲᠦᠯᠦᠬᠡ᠂ ᠡᠳᠤᠬᠡ ᠦᠦᠰᠢᠨ ᠬᠤᠰᠢᠭᠤᠨ | ᠤ ᠲᠠᠪᠤᠳᠤᠭᠠᠷ ᠬᠤᠭᠤᠴᠠᠭᠠᠨ ᠤ ︽ᠰᠠᠭᠠᠩ ᠰᠡᠴᠡᠨ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠱᠠᠩᠨᠠᠯ︾ | ᠢ ᠡᠷᠬᠢᠯᠡᠨ ᠶᠠᠪᠤᠭᠳᠠᠭᠤᠯᠬᠤ ᠪᠤᠯᠤᠭᠰᠠᠨ ᠲᠤᠯᠠ ᠬᠠᠮᠢᠶ᠎ᠠ ᠪᠦᠬᠦᠢ ᠵᠦᠢᠯᠡᠰ ᠢ ᠮᠡᠳᠡᠭᠳᠡᠶ᠎ᠡ᠄ | ᠨᠢᠬᠡ᠂ ᠵᠢᠯᠤᠭᠤᠳᠬᠤ ᠦᠵᠡᠯ ᠰᠠᠨᠠᠭ᠎ᠠ | ᠤᠷᠤᠯᠴᠠᠬᠤ ᠪᠦᠳᠦᠬᠡᠯ ᠨᠢ ᠡᠷᠬᠡᠪᠰᠢ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ | ᠤᠨᠤᠯ᠂ ︽ᠭᠤᠷᠪᠠ ᠶᠢ ᠲᠦᠯᠦᠬᠡᠯᠡᠬᠦ︾ ᠴᠢᠬᠤᠯᠠ ᠦᠵᠡᠯ ᠰᠠᠨᠠᠭ᠎ᠠ ᠪᠤᠯᠤᠨ ᠰᠢᠨᠵᠢᠯᠡᠬᠦ ᠤᠬᠠᠭᠠᠨᠴᠢ ᠬᠦᠭᠵᠢᠯᠳᠠ | ᠶᠢᠨ ᠦᠵᠡᠯᠳᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ | ᠵᠢᠷᠤᠮ ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠠᠨ ᠪᠤᠯᠭᠠᠵᠤ᠂ ︽ᠠᠷᠠᠳ ᠲᠦᠮᠡᠨ ᠳᠤ ᠦᠢᠯᠡᠴᠢᠯᠡᠬᠦ᠂ | ᠨᠡᠶᠢᠬᠡᠮ ᠵᠢᠷᠤᠮ ᠳᠤ ᠦᠢᠯᠡᠴᠢᠯᠡᠬᠦ︾᠂ ︽ᠴᠡᠴᠡᠭ ᠪᠦᠬᠦᠨ ᠢ ᠵᠡᠷᠬᠡ ᠪᠠᠷ ᠲᠡᠯᠬᠡᠷᠡᠬᠦᠯᠵᠤ᠂ ᠡᠷᠳᠡᠮᠳᠡᠨ ᠪᠦᠬᠦᠨ ᠢ | ᠴᠢᠯᠦᠬᠡᠳᠠᠢ ᠶᠠᠷᠢᠯᠴᠠᠭᠤᠯᠬᠤ︾ ᠴᠢᠭᠯᠡᠯᠳᠠ ᠶᠢ ᠪᠠᠷᠢᠮᠳᠠᠯᠠᠨ᠂ ︽ᠪᠤᠳᠠᠳᠠᠢ ᠲᠠᠢ ᠤᠶᠢᠷᠠᠳᠬᠤ᠂ ᠠᠷᠠᠳ ᠲᠦᠮᠡᠨ ᠲᠠᠢ | ᠤᠶᠢᠷᠠᠳᠬᠤ᠂ ᠠᠮᠢᠳᠤᠷᠠᠯ ᠲᠠᠢ ᠤᠶᠢᠷᠠᠳᠬᠤ︾ ᠪᠠᠷ ᠵᠠᠷᠴᠢᠮ ᠢᠶᠠᠨ ᠪᠤᠯᠭᠠᠵᠤ᠂ ᠭᠤᠤᠯ ᠬᠦᠭ ᠠᠶᠠᠰ ᠢ | ᠴᠢᠪᠬᠠᠳᠠᠭᠰᠠᠨ ᠤᠬᠢ ᠰᠤᠳᠤᠨ ᠪᠦᠳᠦᠬᠡᠯ ᠪᠠᠶᠢᠬᠤ ᠬᠡᠷᠡᠭᠳᠡᠢ᠃ | ᠬᠤᠶᠠᠷ᠂ ᠰᠢᠯᠭᠠᠷᠠᠭᠤᠯᠬᠤ ᠪᠦᠳᠦᠬᠡᠯ ᠤᠨ ᠲᠦᠷᠦᠯ ᠵᠦᠢᠯ | ᠲᠣᠰ ᠬᠢᠨᠠᠨ ᠰᠢᠯᠭᠠᠷᠠᠭᠤᠯᠤᠯᠲᠠ ᠶᠢ ᠤᠷᠠᠨ ᠵᠣᠬᠢᠶᠠᠯ ᠤᠨ ᠪᠦᠳᠦᠬᠡᠯ ᠪᠣᠯᠣᠨ ᠤᠷᠠᠯᠢᠭ ᠤᠨ ᠪᠦᠲᠦᠭᠡᠯ ᠭᠡᠵᠦ | ᠬᠤᠶᠠᠷ ᠬᠤᠪᠢᠶᠠᠵᠤ᠂ ᠡᠭᠦᠨ ᠳᠤ ᠤᠷᠠᠨ ᠵᠣᠬᠢᠶᠠᠯ ᠤᠨ ᠪᠦᠲᠦᠭᠡᠯ ᠨᠢ ᠪᠠᠷᠢᠮᠲᠠᠲᠤ ᠤᠷᠠᠨ ᠵᠣᠬᠢᠶᠠᠯ᠂ ᠥᠭᠦᠯᠡᠯᠭᠡ᠂ | ᠰᠢᠯᠦᠭ᠂ ᠨᠠᠶᠢᠷᠠᠭᠤᠯᠤᠯ᠂ ᠬᠡᠦᠬᠡᠳ ᠤᠨ ᠤᠷᠠᠨ ᠵᠣᠬᠢᠶᠠᠯ᠂ ᠺᠢᠨᠤ᠋ ᠲᠧᠯᠸᠢᠰ ᠵᠦᠴᠦᠬᠡ ᠶᠢᠨ ᠤᠷᠠᠨ ᠵᠤᠬᠢᠶᠠᠯ᠂ | ᠤᠳᠬ᠎ᠠ ᠵᠣᠬᠢᠶᠠᠯ ᠤᠨ ᠰᠢᠭᠦᠮᠵᠢ᠂ ᠠᠷᠠᠳ ᠤᠨ ᠠᠮᠠᠨ ᠵᠣᠬᠢᠶᠠᠯ᠂ ᠤᠷᠠᠨ ᠵᠣᠬᠢᠶᠠᠯ ᠤᠨ ᠣᠷᠴᠢᠭᠤᠯᠭ᠎ᠠ ᠭᠡᠬᠦ 9 | ᠲᠥᠷᠥᠯ ᠢ ᠪᠠᠭᠲᠠᠭᠠᠵᠤ᠂ ᠤᠷᠠᠯᠢᠭ ᠤᠨ ᠪᠦᠲᠦᠭᠡᠯ ᠨᠢ ᠺᠢᠨᠤ᠋᠂ ᠷᠠᠳᠢᠣ᠋ ᠲᠧᠯᠸᠢᠰ ᠵᠦᠴᠦᠬᠡ᠂ ᠰᠢ ᠵᠦᠴᠦᠭᠡ | ᠳᠠᠭᠤᠷᠢᠯᠢᠭ᠂ ᠳᠠᠭᠤᠤ ᠬᠥᠭᠵᠢᠮ᠂ ᠪᠥᠵᠢᠭ᠂ ᠤᠷᠠᠨ ᠵᠢᠷᠤᠭ᠂ ᠭᠠᠷ ᠤᠷᠠᠯᠠᠯ ︵ᠰᠡᠶᠢᠯᠦᠮᠡᠯ᠂ ᠬᠠᠶᠢᠴᠢᠯᠠᠮᠠᠯ᠂ | ᠬᠠᠳᠬᠤᠮᠠᠯ ᠢ ᠪᠠᠭᠲᠠᠭᠠᠨ᠎ᠠ︶᠂ ᠤᠷᠠᠨ ᠪᠢᠴᠢᠯᠭᠡ᠂ ᠬᠡᠷᠡᠯ ᠵᠢᠷᠤᠭ ᠭᠡᠬᠦ 9 ᠲᠥᠷᠥᠯ ᠢ ᠪᠠᠭᠲᠠᠭᠠᠨ᠎ᠠ᠃ | ᠭᠤᠷᠪᠠ᠂ ᠰᠢᠯᠭᠠᠷᠠᠭᠤᠯᠬᠤ ᠱᠠᠭᠠᠷᠳᠠᠯᠭ᠎ᠠ | ︵ᠨᠢᠬᠡ︶ ᠣᠷᠣᠯᠴᠠᠬᠤ ᠪᠦᠲᠦᠭᠡᠯ ᠨᠢ ᠵᠠᠪᠠᠯ ᠦᠦᠰᠢᠨ ᠨᠤᠳᠤᠭ ᠲᠠᠢ ᠵᠣᠬᠢᠶᠠᠭᠴᠢ ᠪᠤᠶᠤ ᠲᠡᠷᠡᠪᠠᠷ ᠭᠤᠣᠯ | ᠵᠣᠬᠢᠶᠠᠨ ᠪᠦᠲᠦᠭᠡᠭᠴᠢ ᠶᠢᠨ ᠬᠤᠪᠢ ᠪᠠᠷ ᠤᠷᠤᠯᠴᠠᠭᠰᠠᠨ ᠢᠯᠠ ᠪᠠᠷ ᠨᠡᠶᠢᠲᠡᠯᠡᠵᠦ᠂ ᠨᠡᠪᠲᠡᠷᠡᠭᠦᠯᠦᠭᠰᠡᠨ ᠪᠤᠶᠤ | ᠲᠣᠭᠯᠠᠭᠰᠠᠨ ᠪᠦᠲᠦᠭᠡᠯ ᠪᠠᠶᠢᠬᠤ ᠬᠡᠷᠡᠭᠲᠡᠢ᠃ ᠭᠠᠳᠠᠷ ᠣᠷᠣᠨ ᠤ ᠵᠣᠬᠢᠶᠠᠭᠴᠢ ᠶᠢᠨ ᠪᠦᠲᠦᠭᠡᠯ ᠨᠢ ᠦᠦᠰᠢᠨ ᠤ | ᠣᠷᠣᠨ ᠨᠤᠲᠤᠭ ᠤᠨ ᠣᠨᠴᠠᠯᠢᠭ ᠢᠶᠠᠷ ᠢᠯᠡᠷᠬᠡᠢ᠂ ᠦᠦᠰᠢᠨ ᠤ ᠬᠥᠮᠥᠨ ᠪᠠ ᠦᠢᠯᠡ ᠬᠡᠷᠡᠭ ᠢ ᠭᠤᠣᠯᠳᠠᠯᠭᠠᠲᠠᠢ | ᠲᠤᠰᠬᠠᠭᠰᠠᠨ ᠪᠣᠯ ᠮᠥᠨ ᠲᠣᠰ ᠠᠵᠢᠯᠯᠠᠭᠠᠨ ᠳᠤ ᠣᠷᠣᠯᠴᠠᠵᠤ ᠪᠣᠯᠣᠨ᠎ᠠ᠃ ᠳ᠋ᠠᠩ ᠪᠦᠲᠦᠭᠡᠯ ᠢ ᠰᠢᠯᠭᠠᠷᠠᠭᠤᠯᠵᠤ᠂ | ᠡᠯ᠎ᠡ ᠬᠡᠪᠯᠡᠯ ᠤᠨ ᠲᠡᠭᠦᠪᠦᠷᠢ ᠶᠢ ᠰᠢᠯᠭᠠᠷᠠᠭᠤᠯᠤᠯᠲᠠ ᠳᠤ ᠣᠷᠣᠯᠴᠠᠭᠤᠯᠬᠤ ᠦᠭᠡᠢ᠃ ᠨᠢᠬᠡ ᠬᠦᠮᠦᠨ ᠵᠦᠪᠬᠡᠨ ᠨᠢᠬᠡ | ᠲᠦᠷᠦᠯ ᠳᠤ ᠨᠡᠷ᠎ᠡ ᠮᠡᠳᠡᠬᠦᠯᠵᠤ ᠪᠤᠯᠤᠨ᠎ᠠ᠃ | ︵ᠬᠤᠶᠠᠷ︶ 2016 ᠣᠨ ᠤ 4 ᠰᠠᠷ᠎ᠠ ᠶᠢᠨ 15 ᠤ ᠡᠳᠦᠷ ᠠᠴᠠ 2018 ᠣᠨ ᠤ 4 ᠰᠠᠷ᠎ᠠ ᠶᠢᠨ 15 | ᠤ ᠡᠳᠦᠷ ᠪᠣᠯᠲᠠᠯ᠎ᠠ ᠬᠤᠲᠠ ᠶᠢᠨ ᠲᠡᠰ ︵ᠬᠤᠲᠠ ᠶᠢᠨ ᠳᠡᠰ ᠢ ᠪᠠᠭᠲᠠᠭᠠᠨ᠎ᠠ︶ ᠠᠴᠠ ᠳᠡᠭᠡᠭᠰᠢᠬᠢ ᠡᠯ᠎ᠡ ᠰᠣᠨᠢᠨ | ᠰᠡᠳᠬᠦᠯ᠂ ᠬᠡᠪᠯᠡᠯ ᠤᠨ ᠬᠤᠷᠢᠶᠠᠨ ᠳᠤ ᠨᠡᠶᠢᠲᠡᠯᠡᠭᠦᠯᠦᠭᠰᠡᠨ ᠪᠠ ᠬᠡᠪᠯᠡᠭᠦᠯᠦᠭᠰᠡᠨ᠂ ᠡᠰᠡᠬᠦᠯ᠎ᠡ ᠠᠯᠪᠠᠨ ᠤ ᠲᠠᠯ᠎ᠠ ᠶᠢᠨ | ᠤᠷᠠᠯᠢᠭ ᠤᠨ ᠤᠷᠤᠯᠳᠤᠭᠠᠨ ᠳᠤ ᠱᠠᠩᠨᠠᠭᠳᠠᠭᠰᠠᠨ ᠤᠷᠠᠨ ᠵᠣᠬᠢᠶᠠᠯ ᠤᠨ ᠡᠯ᠎ᠡ ᠰᠲ᠋ᠢᠯᠢ ᠶᠢᠨ ᠪᠦᠲᠣᠭᠡᠯ︔ ᠬᠤᠲᠠ | ᠶᠢᠨ ᠲᠡᠰ ︵ᠬᠤᠲᠠ ᠶᠢᠨ ᠳᠡᠰ ᠢ ᠪᠠᠭᠲᠠᠭᠠᠨ᠎ᠠ︶ ᠠᠴᠠ ᠳᠡᠭᠡᠭᠰᠢᠬᠢ ᠲᠠᠯᠠᠪᠠᠢ᠂ ᠵᠠᠭᠤᠴᠢ᠂ ᠡᠯ᠎ᠡ ᠠᠯᠪᠠᠨ ᠤ | ᠰᠣᠨᠢᠨ ᠰᠡᠳᠬᠦᠯ᠂ ᠳᠡᠯᠭᠡᠨ ᠦᠵᠡᠭᠦᠯᠭᠡ ᠳᠤ ᠨᠡᠶᠢᠲᠡᠯᠡᠭᠦᠯᠦᠭᠰᠡᠨ ᠪᠠ ᠨᠡᠪᠳᠡᠷᠡᠬᠦᠯᠦᠭᠰᠡᠨ᠂ ᠡᠰᠡᠬᠦᠯ᠎ᠡ ᠠᠯᠪᠠᠨ ᠤ | ᠲᠠᠯ᠎ᠠ ᠶᠢᠨ ᠤᠷᠠᠯᠢᠭ ᠤᠨ ᠤᠷᠤᠯᠳᠤᠭᠠᠨ ᠳᠤ ᠤᠷᠤᠯᠴᠠᠭᠰᠠᠨ ᠲᠠᠭᠤᠤ᠂ ᠪᠦᠵᠢᠭ᠂ ᠰᠢ ᠵᠦᠴᠦᠬᠡ᠂ ᠺᠢᠨᠤ᠋ ᠲᠧᠯᠸᠢᠰ | ᠂ ᠤᠷᠠᠨ ᠵᠢᠷᠤᠭ᠂ ᠤᠷᠠᠨ ᠪᠢᠴᠢᠯᠭᠡ᠂ ᠭᠠᠷ ᠤᠷᠠᠯᠠᠯ᠂ ᠬᠡᠷᠡᠯ ᠵᠢᠷᠤᠭ ᠤᠨ ᠪᠦᠲᠦᠭᠡᠯ ᠨᠢ ᠲᠣᠰ ᠠᠵᠢᠯᠯᠠᠭᠠᠨ ᠳᠤ | ᠣᠷᠣᠯᠴᠠᠵᠣ ᠪᠣᠯᠣᠨ᠎ᠠ᠃ ᠤᠷᠤᠯᠴᠠᠬᠤ ᠪᠦᠳᠦᠬᠡᠯ ᠢ ᠠᠩᠬ᠎ᠠ ᠨᠡᠶᠢᠳᠡᠯᠡᠬᠦᠯᠦᠭᠰᠡᠨ ᠴᠠᠭ ᠢᠶᠠᠷ ᠪᠠᠷᠢᠮᠵᠢᠶᠠᠯᠠᠨ᠎ᠠ᠃ | ᠷᠤᠮᠠᠨ ᠨᠢ ᠪᠦᠬᠦᠨ ᠢᠶᠠᠷ ᠬᠡᠪᠯᠡᠭᠳᠡᠭᠰᠡᠨ ᠪᠠᠶᠢᠬᠤ ᠬᠡᠷᠡᠭᠳᠡᠢ᠃ ᠤᠷᠴᠢᠭᠤᠯᠭ᠎ᠠ ᠶᠢᠨ ᠪᠦᠳᠦᠬᠡᠯ ᠨᠢ ᠬᠢᠳᠠᠳ ᠬᠡᠯᠡᠨ ᠤ | ᠪᠦᠳᠦᠬᠡᠯ ᠢ ᠮᠤᠩᠭᠤᠯᠴᠢᠯᠠᠭᠰᠠᠨ ᠪᠤᠶᠤ ᠮᠤᠩᠭᠤᠯ ᠬᠡᠯᠡᠨ ᠤ ᠪᠦᠳᠦᠬᠡᠯ ᠢ ᠬᠢᠳᠠᠳᠴᠢᠯᠠᠭᠰᠠᠨ ᠪᠦᠳᠦᠬᠡᠯ ᠢᠶᠠᠷ | ᠬᠢᠵᠠᠭᠠᠷᠯᠠᠨ᠎ᠠ᠃ | ᠲᠦᠷᠪᠡ᠂ ᠱᠠᠩᠨᠠᠬᠤ ᠠᠷᠭ᠎ᠠ ᠪᠤᠯᠤᠨ ᠰᠢᠯᠭᠠᠷᠠᠭᠤᠯᠬᠤ ᠵᠠᠷᠴᠢᠮ | ᠰᠠᠭᠠᠩ ᠰᠡᠴᠡᠨ ᠤᠳᠬ᠎ᠠ ᠤᠷᠠᠯᠢᠭ ᠤᠨ ᠵᠤᠬᠢᠶᠠᠨ ᠪᠦᠳᠦᠬᠡᠯᠬᠡ ᠶᠢᠨ ᠱᠠᠩᠨᠠᠯ ᠢ 4 ᠨᠡᠷ᠎ᠡ᠂ ᠨᠡᠷ᠎ᠡ | ᠲᠤᠷᠠᠳᠤᠭᠰᠠᠨ ᠱᠠᠩᠨᠠᠯ ᠢ 20 ᠨᠡᠷ᠎ᠡ ᠲᠤᠳᠤᠷᠠᠭᠤᠯᠤᠨ ᠱᠠᠩᠨᠠᠨ᠎ᠠ᠃ ᠪᠠᠰᠠ ᠰᠠᠭᠠᠩ ᠰᠡᠴᠡᠨ ᠤᠳᠬ᠎ᠠ ᠤᠷᠠᠯᠢᠭ ᠤᠨ | ᠵᠤᠬᠢᠶᠠᠨ ᠪᠦᠳᠦᠬᠡᠯᠬᠡ ᠶᠢᠨ ᠱᠠᠩᠨᠠᠯ ᠤᠨ ᠤᠳᠬ᠎ᠠ ᠤᠷᠠᠯᠢᠭ ᠤᠨ ᠤᠨᠴᠠ ᠵᠢᠳᠬᠦᠯᠳᠡᠨ ᠤ ᠱᠠᠩᠨᠠᠯ ᠢ 1 ᠨᠡᠷ᠎ᠡ | ᠲᠤᠳᠤᠷᠠᠭᠤᠯᠤᠨ ᠱᠠᠩᠨᠠᠨ᠎ᠠ ︵ᠰᠠᠭᠠᠩ ᠰᠡᠴᠡᠨ ᠤᠳᠬ᠎ᠠ ᠤᠷᠠᠯᠢᠭ ᠤᠨ ᠵᠤᠬᠢᠶᠠᠨ ᠪᠦᠳᠦᠬᠡᠯᠬᠡ ᠶᠢᠨ ᠱᠠᠩᠨᠠᠯ ᠢ | ᠡᠷᠬᠢᠯᠡᠨ ᠶᠠᠪᠤᠭᠳᠠᠭᠤᠯᠤᠭᠰᠠᠨ ᠠᠴᠠ ᠨᠠᠰᠢ ᠰᠠᠭᠠᠩ ᠰᠡᠴᠡᠨ ᠤᠳᠬ᠎ᠠ ᠤᠷᠠᠯᠢᠭ ᠤᠨ ᠵᠤᠬᠢᠶᠠᠨ ᠪᠦᠳᠦᠬᠡᠯᠬᠡ ᠶᠢᠨ | ᠱᠠᠩᠨᠠᠯ᠂ ᠦᠪᠡᠷᠳᠡᠬᠡᠨ ᠵᠠᠰᠠᠬᠤ ᠤᠷᠤᠨ ᠠᠴᠠ ᠲᠡᠬᠡᠭᠰᠢᠬᠢ ︵ᠤᠷᠤᠨ ᠤ ᠲᠡᠰ ᠢ ᠪᠠᠭᠳᠠᠭᠠᠨ᠎ᠠ︶ ᠵᠠᠰᠠᠭ ᠤᠨ | ᠤᠷᠳᠤᠨ ᠤ ᠤᠳᠬ᠎ᠠ ᠤᠷᠠᠯᠢᠭ ᠤᠨ ᠲᠠᠯ᠎ᠠ ᠶᠢᠨ ᠱᠠᠩᠨᠠᠯ ᠢ ᠬᠦᠷᠳᠡᠭᠴᠢ᠂ ᠡᠰᠡᠬᠦᠯ᠎ᠡ ᠲᠤᠰ ᠬᠤᠭᠤᠴᠠᠭᠠᠨ ᠳᠤ | ᠦᠤᠰᠢᠨ ᠬᠤᠰᠢᠭᠤᠨ ᠤ ᠤᠳᠬ᠎ᠠ ᠤᠷᠠᠯᠢᠭ ᠤᠨ ᠦᠢᠯᠡᠰ ᠲᠤ ᠭᠠᠷᠮᠠᠭᠠᠢ ᠵᠢᠳᠬᠦᠯ ᠭᠠᠷᠭᠠᠭᠰᠠᠨ ᠦᠤᠰᠢᠨ ᠨᠤᠳᠤᠭ | ᠲᠠᠢ ᠤᠳᠬ᠎ᠠ ᠤᠷᠠᠯᠢᠭᠴᠢᠳ ᠨᠡᠷ᠎ᠡ ᠮᠡᠳᠡᠬᠦᠯᠵᠤ ᠪᠤᠯᠤᠨ᠎ᠠ︶᠃ | ᠰᠢᠯᠭᠠᠷᠠᠭᠤᠯᠤᠯᠳᠠ ᠶᠢᠨ ᠲᠡᠰ ᠲᠤ ᠲᠤᠬᠢᠷᠠᠬᠤ ᠪᠦᠳᠦᠬᠡᠯ ᠦᠬᠡᠢ ᠪᠤᠯ ᠬᠤᠭᠤᠰᠤᠨ ᠪᠠᠶᠢᠵᠤ ᠪᠤᠯᠤᠨ᠎ᠠ᠃ | ᠡᠷᠬᠡ ᠲᠡᠭᠰᠢ᠂ ᠲᠦᠪ ᠭᠤᠤᠯᠴᠢ᠂ ᠢᠯᠡ ᠲᠤᠳᠤ ᠵᠠᠷᠴᠢᠮ ᠢ ᠪᠠᠷᠢᠮᠳᠠᠯᠠᠵᠤ᠂ ᠪᠦᠳᠦᠬᠡᠯ ᠤᠨ ᠴᠢᠨᠠᠷ ᠢ ᠪᠠᠳᠤᠯᠠᠬᠤ | ᠶᠢᠨ ᠲᠤᠰᠠᠳᠠ᠂ ᠰᠢᠯᠭᠠᠷᠠᠭᠤᠯᠤᠯᠳᠠ ᠶᠢᠨ ᠲᠦᠷᠢᠮ ᠲᠤᠭᠳᠠᠭᠠᠯ ᠪᠠ ᠵᠠᠷᠴᠢᠮ ᠢ ᠴᠢᠩᠭ᠎ᠠ ᠵᠢᠷᠤᠮᠯᠠᠨ᠂ ᠦᠵᠡᠯ | ᠰᠠᠨᠠᠭᠠᠳᠤ ᠴᠢᠨᠠᠷ᠂ ᠤᠷᠠᠯᠢᠭᠴᠢ ᠴᠢᠨᠠᠷ ᠤᠶᠠᠯᠳᠤᠭᠰᠠᠨ ᠤᠬᠢ ᠰᠤᠳᠤᠨ ᠪᠦᠳᠦᠬᠡᠯ ᠢ ᠬᠢᠨᠡᠨ ᠰᠢᠯᠭᠠᠷᠠᠭᠤᠯᠤᠨ᠎ᠠ᠃ | ᠲᠠᠪᠤ᠂ ᠪᠦᠳᠦᠬᠡᠯ ᠮᠡᠳᠡᠬᠦᠯᠬᠦ ᠴᠠᠭ ᠬᠤᠭᠤᠴᠠᠭ᠎ᠠ ᠪᠠ ᠱᠠᠭᠠᠷᠳᠠᠯᠭ᠎ᠠ | ︵ᠨᠢᠬᠡ︶ ᠪᠦᠲᠦᠭᠡᠯ ᠡᠯᠰᠡᠬᠦ ᠬᠤᠭᠤᠴᠠᠭ᠎ᠠ ᠶᠢ 2018 ᠣᠨ ᠤ 6 ᠰᠠᠷ᠎ᠠ ᠶᠢᠨ 30 ᠤ ᠡᠳᠦᠷ ᠢᠶᠠᠷ | ᠬᠢᠵᠠᠭᠠᠷᠯᠠᠵᠣ᠂ ᠮᠡᠳᠡᠭᠦᠯᠬᠦ ᠴᠠᠭ ᠠᠴᠠ ᠬᠤᠵᠢᠳᠠᠪᠠᠯ ᠬᠦᠯᠢᠶᠡᠵᠦ ᠠᠪᠬᠤ ᠦᠭᠡᠢ᠃ | ︵ᠬᠤᠶᠠᠷ︶ ᠤᠷᠠᠨ ᠵᠤᠬᠢᠶᠠᠯ ᠤᠨ ᠲᠦᠷᠦᠯ ᠤᠨ ᠰᠢᠯᠭᠠᠷᠠᠭᠤᠯᠤᠯᠳᠠ ᠳᠤ ᠣᠷᠣᠯᠴᠠᠬᠤ ᠳᠠᠭᠠᠨ ᠡᠯᠧᠺᠲᠷᠤᠨ | ᠬᠡᠪ ᠢᠶᠠᠨ ᠠᠪᠴᠢᠷᠠᠬᠤ ᠶᠢᠨ ᠳᠠᠭᠠᠤ ᠳᠤ ᠪᠦᠲᠦᠭᠡᠯ ᠢᠶᠠᠨ ᠲᠤᠯᠤᠭᠠᠨ ᠬᠤᠪᠢ ᠳᠠᠷᠤᠮᠠᠯᠯᠠᠭᠰᠠᠨ ︵A4 ᠴᠠᠭᠠᠰᠤ︶ | ᠪᠠᠶᠢᠬᠤ ᠬᠡᠷᠡᠭᠲᠡᠢ᠃ ᠤᠷᠠᠯᠢᠭ ᠤᠨ ᠲᠦᠷᠦᠯ ᠤᠨ ᠰᠢᠯᠭᠠᠷᠠᠭᠤᠯᠤᠯᠳᠠ ᠳᠤ ᠤᠷᠠᠨ ᠵᠢᠷᠤᠭ᠂ ᠭᠠᠷ ᠤᠷᠠᠯᠠᠯ᠂ ᠤᠷᠠᠨ | ᠪᠢᠴᠢᠯᠬᠡ᠂ ᠬᠡᠷᠡᠯ ᠵᠢᠷᠤᠭ ᠤᠨ ᠲᠦᠷᠦᠯ ᠨᠢ ᠤᠭ ᠪᠦᠲᠦᠭᠡᠯ ᠢᠶᠠᠨ ᠲᠤᠰᠢᠶᠠᠵᠤ᠂ ᠪᠤᠰᠤᠳ ᠲᠦᠷᠦᠯ ᠨᠢ ᠪᠦᠳᠦᠬᠡᠯ | ᠤᠨ ᠢᠶᠠᠨ DVD᠂ CD ᠵᠡᠷᠭᠡ ᠳᠠᠭᠤ ᠳᠦᠷᠰᠦ ᠪᠢᠴᠢᠯᠬᠡ ᠶᠢ ᠬᠠᠩᠭᠠᠬᠤ ᠬᠡᠷᠡᠭᠲᠡᠢ᠃ | ︵ᠭᠤᠷᠪᠠ︶ ᠨᠡᠷ᠎ᠡ ᠮᠡᠳᠡᠭᠦᠯᠦᠭᠴᠢᠳ ᠵᠠᠪᠠᠯ ᠦᠦᠰᠢᠨ ᠬᠤᠰᠢᠭᠤᠨ ᠤ ᠲᠠᠪᠤᠳᠤᠭᠠᠷ ᠬᠤᠭᠤᠴᠠᠭᠠᠨ ᠤ ︽ | ᠰᠠᠭᠠᠩ ᠰᠡᠴᠡᠨ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠱᠠᠩᠨᠠᠯ︾ ᠤᠨ ᠬᠢᠨᠠᠨ ᠰᠢᠯᠭᠠᠷᠠᠭᠤᠯᠤᠯᠲᠠ | ᠶᠢᠨ ᠨᠡᠷ᠎ᠡ ᠮᠡᠳᠡᠭᠦᠯᠬᠦ ᠬᠦᠰᠦᠨᠦᠭ ᠪᠤᠯᠤᠨ ᠰᠠᠭᠠᠩ ᠰᠡᠴᠡᠨ ᠤᠳᠬ᠎ᠠ ᠤᠷᠠᠯᠢᠭ ᠤᠨ ᠵᠤᠬᠢᠶᠠᠨ ᠪᠦᠳᠦᠬᠡᠯᠬᠡ ᠶᠢᠨ | ᠱᠠᠩᠨᠠᠯ ᠤᠨ ᠤᠳᠬ᠎ᠠ ᠤᠷᠠᠯᠢᠭ ᠤᠨ ᠤᠨᠴᠠ ᠵᠢᠳᠬᠦᠯᠳᠡᠨ ᠤ ᠬᠦᠰᠦᠨᠦᠭ ᠢ ᠲᠠᠭᠯᠠᠵᠤ᠂ ᠪᠦᠲᠦᠭᠡᠯ ᠪᠣᠯᠣᠨ | ᠪᠦᠲᠦᠭᠡᠯ ᠢᠶᠠᠨ ᠨᠡᠶᠢᠲᠡᠯᠡᠭᠦᠯᠦᠭᠰᠡᠨ ᠰᠣᠨᠢᠨ ᠰᠡᠳᠬᠦᠯ ᠵᠢᠴᠢ ᠬᠠᠮᠢᠶ᠎ᠠ ᠪᠦᠬᠦᠢ ᠮᠠᠲ᠋ᠧᠷᠢᠶᠠᠯ ᠢᠶᠠᠨ ᠬᠢᠨᠠᠨ | ᠰᠢᠯᠭᠠᠷᠠᠭᠤᠯᠬᠤ ᠺᠣᠮᠢᠰ ᠤᠨ ᠠᠯᠪᠠᠨ ᠭᠡᠷ ︵ᠨᠠᠮ ᠵᠠᠰᠠᠭ ᠤᠨ ᠠᠯᠪᠠᠯᠠᠬᠤ ᠲᠤᠭᠤᠷᠢᠭ ᠤᠨ 3 ᠳ᠋ᠤᠭᠠᠷ ᠠᠰᠠᠷ ᠤᠨ | 108 ᠦᠷᠦᠬᠡ︶ ᠲᠤ ᠬᠦᠷᠭᠡᠬᠦ ᠬᠡᠷᠡᠭᠲᠡᠢ᠃ | ᠬᠠᠷᠢᠯᠴᠠᠬᠤ ᠬᠦᠮᠦᠨ᠄ ᠭᠠᠷᠠᠭ ︵18747796752︶ ᠸᠠᠩ ᠶᠠᠨ ᠰᠢᠶᠠ ︵13789577147︶ | | ᠦᠤᠰᠢᠨ ᠬᠤᠰᠢᠭᠤᠨ ᠤ ᠲᠠᠪᠤᠳᠤᠭᠠᠷ ᠬᠤᠭᠤᠴᠠᠭᠠᠨ ᠤ ︽ᠰᠠᠭᠠᠩ ᠰᠡᠴᠡᠨ ᠤᠳᠬ᠎ᠠ ᠤᠷᠠᠯᠢᠭ ᠤᠨ | ᠵᠤᠬᠢᠶᠠᠨ ᠪᠦᠳᠦᠬᠡᠯᠬᠡ ᠶᠢᠨ ᠱᠠᠩᠨᠠᠯ︾ ᠤᠨ ᠬᠢᠨᠠᠨ ᠰᠢᠯᠭᠠᠷᠠᠭᠤᠯᠤᠯᠳᠠ ᠶᠢᠨ ᠺᠤᠮᠢᠰ | 2018 ᠣᠨ ᠤ 5 ᠰᠠᠷ᠎ᠠ ᠶᠢᠨ 31 ᠤ ᠡᠳᠦᠷ |