| ᠣᠶᠢᠷ᠎ᠠ ᠶᠢᠨ ᠡᠳᠦᠷ᠂ ᠣᠷᠳᠣᠰ ᠬᠤᠲᠠ ᠶᠢᠨ ︽ᠠᠯᠲᠠᠨ ᠳᠥᠷᠥᠭᠡ︾ ᠨᠡᠶᠢᠭᠡᠮᠯᠢᠭ ᠤᠨ ᠪᠦᠬᠦ | ᠭᠡᠰᠢᠭᠦᠳ ᠠᠴᠠ ᠲᠤᠭ ᠪᠠᠭ᠎ᠠ ᠰᠤᠷᠠᠭᠭᠤᠯᠢ ᠶᠢᠨ ᠨᠤᠮ ᠤᠨ ᠰᠠᠩ ᠪᠠᠶᠢᠭᠤᠯᠬᠤ ᠶᠢ ᠰᠠᠨᠠᠭᠠᠴᠢᠯᠠᠨ ᠲᠤᠭ | ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠦᠦᠰᠢᠨ ᠬᠤᠰᠢᠭᠤᠨ ᠤ ︽ᠮᠥᠩᠬᠡᠴᠢ︾ | ᠬᠥᠳᠡᠯᠮᠦᠷᠢ ᠶᠢᠨ ᠦᠢᠯᠡᠴᠢᠯᠡᠭᠡᠨ ᠤ ᠺᠣᠮᠫᠠᠨᠢ᠂ ᠲᠤᠭ ᠪᠠᠯᠭᠠᠰᠤᠨ ᠤ ᠡᠯ᠎ᠡ ᠭᠠᠴᠠᠭ᠎ᠠ ᠲᠣᠰᠬᠤᠨ ᠨᠡᠶᠢᠭᠡᠮ ᠲᠣᠭᠤᠷᠢᠭ | ᠪᠣᠯᠣᠨ ᠨᠡᠶᠢᠬᠡᠮ ᠤᠨ ᠡᠯ᠎ᠡ ᠡᠳᠡᠭᠡᠳ ᠬᠢᠨ ᠲᠠᠢ ᠬᠠᠮᠲᠤᠷᠠᠨ 10 ᠭᠠᠷᠤᠢ ᠲᠦᠮᠡᠨ ᠲᠥᠭᠦᠷᠢᠭ ᠤᠨ ᠪᠡᠯᠡ ᠮᠥᠩᠭᠦ | ᠬᠤᠷᠠᠮᠳᠤᠭᠤᠯᠣᠨ 4000 ᠭᠠᠷᠤᠢ ᠨᠣᠮ ᠰᠤᠳᠤᠷ ᠬᠤᠳᠠᠯᠳᠣᠨ ᠠᠪᠴᠣ ᠨᠤᠮ ᠤᠨ ᠰᠠᠩ ᠪᠠᠶᠢᠭᠤᠯᠵᠤ᠂ ᠳᠤᠭ | ᠪᠠᠭ᠎ᠠ ᠰᠣᠷᠭᠠᠭᠤᠯᠢ ᠶᠢᠨ ᠰᠣᠷᠣᠭᠴᠢᠳ ᠤᠨ ᠣᠡᠭᠰᠢᠬᠤ ᠨᠣᠮ ᠰᠣᠳᠣᠷ ᠴᠦᠬᠡᠨ ᠪᠠᠶᠢᠬᠤ ᠵᠡᠷᠬᠡ ᠬᠦᠴᠢᠷᠳᠡᠯ ᠢ | ᠪᠦᠳᠣᠮᠵᠢᠳᠡᠢ ᠰᠢᠢᠳᠪᠣᠷᠢᠯᠡᠭᠰᠡᠨ ᠪᠠᠶᠢᠨ᠎ᠠ᠃ | ᠲᠤᠭ ᠪᠠᠭ᠎ᠠ ᠰᠤᠷᠭᠠᠭᠤᠯᠢ ᠪᠤᠯ 2016 ᠤᠨ ᠳᠤ ᠲᠠᠬᠢᠨ ᠰᠡᠷᠬᠦᠬᠡᠭᠳᠡᠨ ᠪᠠᠶᠢᠭᠤᠯᠤᠭᠳᠠᠭᠰᠠᠨ ᠦᠨᠳᠦᠰᠦᠨ | ᠱᠠᠳᠤᠨ ᠤ ᠰᠤᠷᠭᠠᠭᠤᠯᠢ ᠶᠤᠮ᠃ ᠡᠯ᠎ᠡ ᠱᠠᠳᠣᠨ ᠤ ᠴᠢᠷᠮᠠᠶᠢᠯᠭ᠎ᠠ ᠪᠠᠷ ᠨᠡᠶᠢᠬᠡᠮ ᠤᠨ ᠡᠯ᠎ᠡ ᠡᠳᠡᠬᠡᠳ ᠬᠢᠨ ᠤ | ᠬᠠᠯᠠᠮᠵᠢ ᠲᠡᠮᠵᠢᠯᠬᠡ ᠶᠢ ᠬᠦᠷᠳᠡᠵᠦ ᠲᠠᠬᠢᠨ ᠰᠡᠷᠬᠦᠬᠡᠭᠳᠡᠭᠰᠡᠨ ᠡᠨᠡ ᠰᠤᠷᠭᠠᠭᠤᠯᠢ ᠰᠠᠭᠤᠷᠢ ᠲᠦᠬᠦᠭᠡᠷᠦᠮᠵᠢ ᠪᠠᠨ | ᠠᠯᠬᠤᠮ ᠠᠯᠬᠤᠮ ᠢᠶᠠᠷ ᠲᠡᠭᠦᠯᠳᠡᠷᠵᠢᠬᠦᠯᠦᠨ᠂ ᠮᠠᠯᠴᠢᠨ ᠲᠦᠮᠡᠨ ᠦᠷ᠎ᠡ ᠬᠡᠥᠬᠡᠳ ᠢᠶᠠᠨ ᠬᠡᠷ ᠤᠨ ᠢᠶᠠᠨ | ᠤᠶᠢᠷᠠᠯᠴᠠᠭ᠎ᠠ ᠰᠤᠷᠭᠠᠭᠤᠯᠢ ᠳᠤ ᠰᠠᠭᠤᠯᠭᠠᠬᠤ ᠳᠤ ᠲᠦᠬᠦᠮ ᠦᠵᠡᠬᠦᠯᠦᠭᠰᠡᠨ ᠪᠠᠶᠢᠨ᠎ᠠ᠃ |