ᠮᠠᠨ ᠤ ᠬᠤᠰᠢᠭᠤ ᠵᠤᠭᠠᠴᠠᠯ ᠤᠨ ᠲᠥᠷᠥᠯ ᠵᠥᠢᠯ ᠤᠨ ᠬᠠᠮᠳᠤᠷᠠᠨ ᠠᠵᠢᠯᠯᠠᠵᠤ ᠨᠡᠭᠡᠭᠡᠯᠳᠠ ᠭᠢᠭᠦ ᠭᠡᠯᠡᠯᠴᠡᠭᠡᠷ  ᠤᠨ ᠭᠡᠷ᠎ᠠ ᠲᠤᠭᠳᠠᠬᠤ ᠶᠤᠰᠤᠯᠠᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2018-06-12
     6 ᠰᠠᠷ᠎ᠠ ᠶᠢᠨ 5 ᠤ ᠡᠳᠦᠷ᠂ ᠤᠷᠳᠤᠰ ᠬᠤᠳᠠ ᠶᠢᠨ ᠰᠤᠶᠤᠯ ᠵᠤᠭᠠᠴᠠᠯ ᠤᠨ ᠬᠦᠭᠵᠢᠭᠦᠯᠦᠯᠲᠡ ᠶᠢᠨ ᠪᠥᠯᠥᠭᠯᠡᠯ ᠤᠨ ᠭᠢᠵᠠᠭᠠᠷᠳᠤ ᠺᠤᠮᠫᠠᠨᠢ ᠶᠢᠨ ᠭᠡᠷᠡᠭ ᠮᠡᠳᠡᠭᠴᠢ ᠰᠥᠨ ᡁᠢ ᠭᠠᠩ ᠮᠠᠨ ᠤ ᠬᠤᠰᠢᠭᠤᠨ ᠳᠤ ᠢᠷᠠᠵᠤ ᠰᠤᠶᠤᠯ ᠵᠤᠭᠠᠴᠠᠯ ᠤᠨ ᠲᠥᠷᠥᠯ ᠵᠥᠢᠯ ᠤᠨ ᠬᠠᠮᠳᠤᠷᠠᠨ ᠠᠵᠢᠯᠯᠠᠵᠤ ᠨᠡᠭᠡᠭᠡᠯᠳᠠ ᠭᠢᠭᠦ ᠲᠤᠬᠠᠢ ᠮᠠᠨ ᠤ ᠬᠤᠰᠢᠭᠤ  ᠲᠠᠢ ᠬᠠᠮᠳᠤᠷᠠᠨ ᠠᠵᠢᠯᠯᠠᠬᠤ ᠪᠤᠷᠤ ᠲᠥᠯᠥᠪ ᠤᠨ ᠭᠡᠯᠡᠯᠴᠡᠭᠡᠷ ᠲᠤᠭᠳᠠᠬᠤ ᠶᠢᠨ ᠬᠠᠮᠳᠤ ᠬᠤᠰᠢᠭᠤ ᠵᠠᠰᠠᠭ ᠵᠠᠭᠢᠷᠭᠠᠨ  ᠤ ᠥᠢᠯᠡᠴᠢᠯᠡᠭᠡᠨ ᠤ ᠲᠥᠪ ᠲᠤ ᠭᠡᠷ᠎ᠠ ᠲᠤᠭᠳᠠᠬᠤ ᠶᠤᠰᠤᠯᠠᠯ ᠶᠠᠪᠤᠭᠳᠠᠭᠤᠯᠪᠠ᠃ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠴᠢᠶᠤᠤ ᠶᠥᠨ ᠯᠢ᠂ ᠬᠤᠰᠢᠭᠤ ᠨᠠᠮ ᠤᠨ ᠬᠤᠷᠶ᠋ᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ ᠪᠤᠯᠤᠨ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ᠂ ᠵᠤᠭᠠᠴᠠᠯ ᠤᠨ ᠥᠢᠯᠡᠰ ᠤᠨ ᠬᠦᠭᠵᠢᠭᠦᠯᠦᠯᠲᠡ ᠶᠢᠨ ᠲᠥᠪ ᠵᠡᠷᠭᠡ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠶᠤᠰᠤᠯᠠᠯ ᠳᠤ ᠤᠷᠤᠯᠴᠠᠪᠠ᠃      ᠶᠣᠰᠣᠯᠠᠯ ᠳᠡᠭᠡᠷ᠎ᠡ ᠰᠦᠨ ᡁᠢ ᠭᠠᠨᠭ᠌ ᠤᠷᠳᠤᠰ ᠬᠤᠳᠠ ᠶᠢᠨ ᠰᠤᠶᠤᠯ ᠵᠤᠭᠠᠴᠠᠯ ᠤᠨ ᠬᠦᠭᠵᠢᠭᠦᠯᠦᠯᠲᠡ ᠶᠢᠨ ᠪᠥᠯᠥᠭᠯᠡᠯ ᠤᠨ ᠭᠢᠵᠠᠭᠠᠷᠳᠤ ᠺᠤᠮᠫᠠᠨᠢ ᠶᠢᠨ ᠪᠥᠭᠦᠶᠢᠯᠠ ᠪᠠᠶᠢᠳᠠᠯ ᠢ ᠲᠠᠨᠢᠯᠴᠠᠭᠤᠯᠬᠤ ᠶᠢᠨ ᠬᠠᠮᠳᠤ ᠢᠯᠠᠷᠭᠡᠶᠢᠯᠠᠭᠦ ᠳᠤ  ᠪᠠᠨ᠂ ᠪᠤᠳᠠᠳᠤ ᠭᠠᠵᠠᠷ ᠲᠤᠨᠢ ᠬᠦᠷᠴᠦ ᠪᠠᠶᠢᠴᠠᠭᠠᠨ ᠰᠤᠳᠤᠯᠤᠯᠳᠠ ᠰᠢᠨᠵᠢᠯᠠᠨ ᠪᠠᠶᠢᠴᠠᠭᠠᠯᠳᠠ ᠭᠢᠭᠦ ᠪᠠᠷ ᠲᠠᠮᠵᠢᠨ ᠥᠥᠰᠢᠨ ᠬᠤᠰᠢᠭᠤᠨ ᠤ ᠨᠤᠳᠤᠭ ᠤᠰᠤ ᠭᠥᠮᠤᠨ ᠠᠷᠠᠳ ᠨᠠᠳᠠ ᠳᠤ ᠰᠠᠶᠢᠨ  ᠰᠠᠭᠤᠭᠳᠠᠯ ᠥᠭᠭᠦᠭᠰᠠᠨ ᠶᠤᠮ᠂ ᠮᠥᠨᠴᠤ ᠥᠥᠰᠢᠨ ᠤ ᠡᠭᠢ ᠪᠠᠶᠠᠯᠢᠭ ᠡᠯᠪᠡᠭ ᠲᠡᠯᠪᠡᠭ᠂ ᠲᠠᠤᠭᠡ ᠰᠤᠶᠤᠯ ᠭᠥᠨ ᠵᠤᠵᠠᠭᠠᠨ᠂ ᠠᠵᠤ ᠥᠢᠯᠡᠰ ᠤᠨ ᠪᠠᠶᠢᠷᠢᠯᠠᠭᠤᠯᠤᠯᠳᠠ ᠵᠤᠭᠢᠰᠳᠠᠢ ᠪᠤᠯᠬᠤᠷ ᠮᠠᠨ ᠤ ᠺᠤᠮᠫᠠᠨᠢ ᠨᠢ ᠰᠢᠷᠬᠤᠰᠤ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠪᠤᠯᠤᠨ ᠤᠩᠭᠤᠨ ᠮᠠᠩᠬᠠᠨ ᠤ ᠡᠯᠡᠰᠤᠨ ᠴᠥᠯ ᠤᠨ ᠴᠡᠴᠡᠷᠯᠢᠭ ᠲᠤ ᠨᠡᠭᠡᠭᠡᠯᠳᠠ ᠭᠢᠭᠦ ᠳᠤ ᠢᠳᠡᠭᠡᠯ ᠲᠠᠢ ᠪᠠᠶᠢᠨ᠎ᠠ ᠭᠡᠵᠡᠢ᠃
     ᠴᠢᠶᠤᠤ ᠶᠥᠨ ᠯᠢ ᠤᠷᠳᠤᠰ ᠬᠤᠳᠠ ᠶᠢᠨ ᠰᠤᠶᠤᠯ ᠵᠤᠭᠠᠴᠠᠯ ᠤᠨ ᠬᠦᠭᠵᠢᠭᠦᠯᠦᠯᠲᠡ ᠶᠢᠨ ᠪᠥᠯᠥᠭᠯᠡᠯ ᠤᠨ ᠭᠢᠵᠠᠭᠠᠷᠳᠤ ᠺᠤᠮᠫᠠᠨᠢ ᠶᠢᠨ ᠮᠠᠨ ᠤ ᠬᠤᠰᠢᠭᠤᠨ ᠳᠤ ᠢᠷᠠᠵᠤ ᠪᠡᠯᠡ ᠤᠷᠤᠭᠤᠯᠤᠨ ᠨᠡᠭᠡᠭᠡᠯᠳᠠ ᠭᠢᠭᠦ ᠶᠢ ᠪᠠᠶᠠᠷᠯᠠᠨ ᠤᠭᠳᠤᠵᠤ ᠪᠠᠶᠢᠬᠤ ᠪᠠᠨ ᠢᠯᠡᠷᠭᠡᠶᠢᠯᠡᠪᠡ᠃ ᠴᠢᠶᠤᠤ ᠶᠥᠨ ᠯᠢ ᠴᠢᠬᠤᠯᠠᠴᠢᠯᠠᠬᠤ ᠳᠤ ᠪᠠᠨ᠂ ᠥᠥᠰᠢᠨ ᠬᠤᠰᠢᠭᠤᠨ  ᠤ ᠠᠮᠢ ᠠᠬᠤᠢ ᠤᠷᠴᠢᠨ ᠲᠤᠭᠤᠷᠢᠨ ᠰᠠᠶᠢᠨ᠂ ᠪᠠᠶᠢᠭᠠᠯᠢ ᠶᠢᠨ ᠥᠩᠭᠡ ᠥᠵᠠᠮᠵᠢ ᠭᠤᠶᠤ᠂ ᠲᠡᠤᠭᠡ ᠭᠥᠮᠤᠨ ᠨᠠᠶᠢᠭᠡᠮ ᠤᠨ ᠠᠭᠤᠯᠤᠭᠳᠠᠬᠤᠨ ᠭᠥᠨ ᠵᠤᠵᠠᠭᠠᠨ᠂ ᠤᠷᠤᠨ ᠪᠠᠶᠢᠷᠢ ᠵᠠᠮ ᠬᠠᠷᠢᠯᠴᠠᠭᠠᠨ ᠤ ᠲᠠᠪᠠᠭᠤᠯᠢᠭ ᠲᠤᠪᠤᠶᠢᠮ᠎ᠠ ᠪᠠᠶᠢᠵᠤ ᠵᠤᠭᠠᠴᠠᠯ ᠤᠨ ᠥᠢᠯᠡᠰ ᠢ ᠭᠥᠭᠵᠢᠭᠦᠯᠭᠦ ᠳᠤ ᠰᠠᠶᠢᠨ ᠨᠥᠭᠦᠴᠠᠯ ᠪᠥᠷᠢᠯᠳᠤᠭᠦᠯᠥᠭᠰᠠᠨ ᠶᠤᠮ᠃ ᠤᠷᠳᠤᠰ ᠬᠤᠳᠠ ᠶᠢᠨ ᠰᠤᠶᠤᠯ ᠵᠤᠭᠠᠴᠠᠯ ᠤᠨ ᠬᠦᠭᠵᠢᠭᠦᠯᠦᠯᠲᠡ ᠶᠢᠨ ᠪᠥᠯᠥᠭᠯᠡᠯ ᠤᠨ ᠭᠢᠵᠠᠭᠠᠷᠳᠤ ᠺᠤᠮᠫᠠᠨᠢ ᠶᠢᠨ ᠬᠢᠨ ᠤ ᠮᠠᠨ  ᠤ ᠬᠤᠰᠢᠭᠤᠨ ᠤ ᠤᠨᠴᠠᠯᠢᠭᠳᠤ ᠵᠤᠭᠠᠴᠠᠯ ᠤᠨ ᠡᠭᠢ ᠪᠠᠶᠠᠯᠢᠭ ᠢ ᠠᠭᠤᠳᠠᠯᠠᠨ ᠬᠠᠮᠳᠤᠷᠠᠨ ᠠᠵᠢᠯᠯᠠᠬᠤ ᠶᠢ ᠲᠥᠷᠭᠡᠳᠭᠡᠵᠤ᠂ ᠵᠤᠭᠠᠴᠠᠯ ᠤᠨ ᠲᠥᠷᠥᠯ ᠵᠥᠢᠯ ᠢ ᠡᠷᠳᠠ ᠨᠢᠭᠡ ᠡᠳᠤᠷ ᠭᠡᠷᠡᠭᠵᠢᠭᠦᠯᠤᠨ ᠪᠥᠳᠥᠭᠡᠨ ᠪᠠᠶᠢᠭᠤᠯᠤᠯᠳᠠ  ᠶᠢᠨ ᠠᠵᠢᠯ ᠢᠶᠠᠨ ᠡᠭᠢᠯᠠᠭᠦᠯᠵᠤ᠂ ᠪᠠᠷᠢᠮᠵᠢᠶᠠᠵᠢᠭᠰᠠᠨ᠂ ᠲᠥᠷᠢᠮᠵᠢᠭᠰᠡᠨ᠂ ᠣᠨᠴᠠᠯᠢᠭᠵᠢᠭᠰᠠᠨ ᠵᠤᠭᠠᠴᠠᠯ ᠤᠨ ᠶᠠᠷᠤᠩᠭᠡᠢ ᠴᠤᠭᠴᠠ ᠶᠢ ᠪᠥᠳᠥᠭᠡᠨ ᠪᠠᠶᠢᠭᠤᠯᠵᠤ᠂ ᠮᠠᠨ ᠤ ᠬᠤᠰᠢᠭᠤᠨ ᠤ ᠪᠥᠭᠦ ᠤᠷᠤᠨ ᠪᠦᠰᠡ ᠶᠢᠨ ᠵᠤᠭᠠᠴᠠᠯ ᠤᠨ ᠭᠥᠭᠵᠢᠯᠳᠠ ᠶᠢ ᠠᠭᠢᠭᠤᠯᠬᠤ ᠶᠢ ᠭᠥᠰᠠᠵᠤ ᠪᠠᠶᠢᠨ᠎ᠠ᠂ ᠮᠥᠨᠴᠤ ᠮᠠᠨ ᠤ ᠬᠤᠰᠢᠭᠤᠨ ᠤ ᠨᠠᠮ ᠤᠨ ᠬᠤᠷᠢᠶ᠎ᠠ ᠵᠠᠰᠠᠭ  ᠤᠨ ᠤᠷᠳᠤᠨ᠂ ᠬᠤᠯᠪᠤᠭᠳᠠᠯ ᠪᠥᠭᠦᠢ ᠠᠵᠤ ᠥᠢᠯᠡᠰ ᠤᠨ ᠲᠥᠷᠥ ᠶᠢᠨ ᠪᠤᠳᠤᠯᠭ᠎ᠠ ᠶᠢ ᠨᠠᠷᠢᠨ ᠭᠢᠨᠠᠮᠠᠭᠠᠢ ᠭᠡᠷᠡᠭᠵᠢᠭᠦᠯᠵᠤ᠂ ᠠᠵᠤ ᠠᠬᠤᠶᠢᠯᠠᠯ ᠤᠨ ᠨᠡᠭᠡᠭᠡᠯᠳᠠ ᠬᠢᠨ ᠪᠥᠳᠥᠭᠡᠨ ᠪᠠᠶᠢᠭᠤᠯᠬᠤ ᠳᠤ ᠰᠠᠶᠢᠨ ᠰᠠᠶᠢᠬᠠᠨ ᠤᠷᠴᠢᠨ ᠢ ᠪᠥᠷᠢᠯᠳᠤᠭᠦᠯᠵᠤ᠂ ᠭᠠᠵᠠᠷ ᠤᠷᠤᠨ ᠠᠵᠤ ᠠᠬᠤᠶᠢᠯᠠᠯ ᠤᠨ ᠬᠠᠮᠳᠤ ᠪᠠᠷ ᠠᠰᠢᠭ ᠭᠥᠷᠳᠡᠭᠦ ᠶᠢ ᠴᠢᠷᠮᠠᠶᠢᠨ ᠪᠠᠶᠠᠯᠠᠭᠦᠯᠤᠨ᠎ᠠ ᠭᠡᠵᠡᠢ᠃      ᠹᠧᠩ ᡁᠢ ᠮᠢᠩ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠢ ᠲᠥᠯᠥᠭᠡᠯᠡᠨ ᠤᠷᠳᠤᠰ ᠬᠤᠳᠠ ᠶᠢᠨ ᠰᠤᠶᠤᠯ ᠵᠤᠭᠠᠴᠠᠯ ᠤᠨ ᠬᠦᠭᠵᠢᠭᠦᠯᠦᠯᠲᠡ ᠶᠢᠨ ᠪᠥᠯᠥᠭᠯᠡᠯ ᠤᠨ ᠭᠢᠵᠠᠭᠠᠷᠳᠤ ᠺᠤᠮᠫᠠᠨᠢ ᠲᠠᠢ ᠬᠠᠮᠳᠤᠷᠠᠨ ᠠᠵᠢᠯᠯᠠᠬᠤ ᠪᠤᠷᠤ ᠲᠥᠯᠥᠪ ᠤᠨ ᠭᠡᠯᠡᠯᠴᠡᠭᠡᠷ ᠲᠤᠭᠳᠠᠭᠰᠠᠨ ᠪᠠᠶᠢᠨ᠎ᠠ᠃      ᠥᠯᠠᠭᠠᠭᠰᠠᠨ ᠢᠶᠠᠷ᠂ ᠤᠷᠳᠤᠰ ᠬᠤᠳᠠ ᠶᠢᠨ ᠰᠤᠶᠤᠯ ᠵᠤᠭᠠᠴᠠᠯ ᠤᠨ ᠬᠦᠭᠵᠢᠭᠦᠯᠦᠯᠲᠡ ᠶᠢᠨ ᠪᠥᠯᠥᠭᠯᠡᠯ ᠤᠨ ᠭᠢᠵᠠᠭᠠᠷᠳᠤ ᠺᠤᠮᠫᠠᠨᠢ ᠨᠢ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠤᠷᠳᠤᠨ ᠤ ᠤᠯᠤᠰ ᠤᠨ ᠪᠥᠭᠦ ᠤᠷᠤᠨ ᠪᠦᠰᠡ ᠶᠢᠨ ᠵᠢᠭᠤᠯᠴᠢᠯᠠᠯ ᠤᠨ ᠲᠠᠭᠤᠷᠢᠶᠠᠯ ᠤᠷᠤᠨ ᠪᠤᠯᠤᠨ ᠵᠤᠭᠠᠴᠠᠯ ᠤᠨ ᠥᠢᠯᠡᠰ ᠤᠨ ᠥᠭᠡᠷᠡᠴᠢᠯᠡᠯᠲᠡ ᠭᠢᠵᠤ ᠰᠢᠨ᠎ᠠ ᠶᠢ ᠡᠭᠦᠳᠭᠦ ᠶᠢ ᠣᠷᠢᠳᠠᠪᠡᠷ ᠶᠠᠪᠤᠭᠳᠠᠭᠤᠯᠬᠤ ᠤᠷᠤᠨ ᠤ ᠡᠭᠦᠳᠤᠨ ᠪᠠᠶᠢᠭᠤᠯᠤᠯᠳᠠ ᠶᠢ ᠪᠥᠭᠦ ᠲᠠᠯ᠎ᠠ ᠪᠠᠷ ᠠᠭᠢᠭᠤᠯᠬᠤ ᠪᠠᠶᠢᠷᠢᠯᠠᠭᠤᠯᠤᠯᠳᠠ ᠱᠠᠭᠠᠷᠳᠠᠯᠭ᠎ᠠ ᠶᠤᠰᠤᠭᠠᠷ᠂ ᠪᠥᠭᠦ ᠬᠤᠳᠠ ᠶᠢᠨ ᠰᠤᠶᠤᠯ ᠵᠤᠭᠠᠴᠠᠯ ᠤᠨ ᠡᠭᠢ ᠪᠠᠶᠠᠯᠢᠭ ᠢ ᠨᠡᠶᠢᠯᠡᠬᠦᠯᠬᠦ᠂ ᠰᠤᠶᠤᠯ ᠵᠤᠭᠠᠴᠠᠯ ᠤᠨ ᠠᠵᠤ ᠥᠢᠯᠡᠰ ᠤᠨ ᠪᠡᠯᠡ ᠤᠷᠤᠭᠤᠯᠤᠯᠳᠠ᠂ ᠤᠶᠤᠨᠴᠢ ᠵᠤᠭᠠᠴᠠᠯ  ᠤᠨ ᠪᠥᠳᠥᠭᠡᠨ ᠪᠠᠶᠢᠭᠤᠯᠤᠯᠳᠠ ᠵᠡᠷᠭᠡ ᠬᠠᠷᠢᠭᠤᠴᠠᠯᠭ᠎ᠠ ᠶᠢ ᠡᠭᠦᠷᠭᠡᠯᠠᠵᠤ ᠪᠠᠶᠢᠳᠠᠭ᠃ ᠲᠤᠰ ᠺᠤᠮᠫᠠᠨᠢ ᠨᠢ ᠪᠠᠶᠢᠭᠤᠯᠤᠭᠳᠠᠭᠰᠠᠨ ᠠᠴᠠ ᠨᠠᠰᠢ᠂ ᠥᠵᠡᠮᠵᠢ ᠶᠢᠨ ᠤᠷᠤᠨ᠂ ᠰᠤᠶᠤᠯ ᠤᠨ ᠬᠠᠮ ᠥᠵᠡᠰᠭᠦᠯᠡᠩ ᠢ ᠪᠠᠶᠢᠭᠤᠯᠬᠤ᠂ ᠪᠠᠭᠤᠳᠠᠯ ᠤᠨ ᠬᠠᠮᠢᠶᠠᠷᠤᠯᠳᠠ᠂ ᠵᠤᠭᠠᠴᠠᠭᠰᠠᠳ ᠲᠤ ᠥᠢᠯᠡᠴᠢᠯᠡᠭᠦ ᠵᠡᠷᠭᠡ ᠲᠤᠬᠠᠶᠢᠯᠠᠭᠰᠠᠨ ᠠᠵᠢᠯ ᠤᠨ ᠲᠤᠭᠤᠷᠢᠨ  ᠳᠤ ᠰᠤᠶᠤᠯ ᠵᠤᠭᠠᠴᠠᠯ ᠪᠤᠯᠤᠨ ᠨᠢᠭᠡ ᠬᠤᠶᠠᠷ ᠭᠤᠷᠪᠠᠳᠤᠭᠠᠷ ᠠᠵᠤ ᠥᠢᠯᠡᠰ ᠢ ᠠᠭᠤᠰᠤᠯᠴᠠᠭᠤᠯᠤᠨ ᠭᠥᠭᠵᠢᠭᠦᠯᠭᠦ  ᠶᠢ ᠠᠭᠢᠭᠤᠯᠤᠨ ᠪᠥᠭᠦ ᠤᠷᠤᠨ ᠪᠦᠰᠡ ᠶᠢᠨ ᠵᠤᠭᠠᠴᠠᠯ ᠢ ᠠᠭᠢᠭᠤᠯᠵᠤ ᠭᠠᠵᠠᠷ ᠤᠷᠤᠨ ᠤ ᠭᠥᠭᠵᠢᠯᠳᠠ ᠳᠤ ᠰᠢᠨ᠎ᠠ ᠠᠮᠢᠵᠢᠷᠠᠯ ᠤᠨ ᠭᠥᠴᠥᠨ ᠢ ᠨᠠᠮᠠᠷᠢᠯᠡᠳᠡᠭ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号