ᠮᠠᠨ ᠤ ᠬᠤᠰᠢᠭᠤ ᠣᠷᠳᠣᠰ ᠨᠠᠷᠢᠨ ᠨᠣᠣᠰᠤᠲᠤ ᠬᠤᠨᠢᠨ ᠤ ᠬᠢᠨᠠᠨ ᠲᠣᠭᠲᠠᠭᠠᠯᠲᠠ ᠶᠢᠨ ᠠᠵᠢᠯ ᠢ ᠰᠠᠶᠢᠨ ᠬᠢᠵᠦ ᠣᠷᠳᠣᠰ ᠤᠨ ᠨᠠᠷᠢᠨ ᠨᠣᠣᠰᠤᠲᠤ ᠬᠤᠨᠢᠨ ᠤ ᠨᠣᠣᠰᠤ ᠮᠢᠬᠠᠨ ᠤ ᠴᠢᠨᠠᠷ ᠢ ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2018-06-12
     ᠣᠶᠢᠷ᠎ᠠ ᠶᠢᠨ ᠵᠢᠯ ᠮᠠᠨ ᠤ ᠬᠤᠰᠢᠭᠤ ᠣᠷᠳᠣᠰ ᠨᠠᠷᠢᠨ ᠨᠣᠣᠰᠤᠲᠤ ᠬᠤᠨᠢᠨ ᠤ ᠬᠢᠨᠠᠨ ᠲᠣᠭᠲᠠᠭᠠᠯᠲᠠ ᠶᠢᠨ ᠠᠵᠢᠯ ᠢ ᠰᠠᠶᠢᠲᠤᠷ ᠬᠢᠵᠦ ᠣᠷᠳᠣᠰ ᠤᠨ ᠨᠠᠷᠢᠨ ᠨᠣᠣᠰᠤᠲᠤ ᠬᠤᠨᠢᠨ ᠤ ᠨᠣᠣᠰᠤ᠂ ᠮᠢᠬᠠᠨ ᠤ ᠴᠢᠨᠠᠷ ᠢ ᠪᠠᠲᠤᠯᠠᠨ ᠮᠠᠯᠴᠢᠳ ᠤᠨ ᠣᠷᠣᠯᠭ᠎ᠠ ᠪᠠᠨ ᠨᠡᠮᠡᠭᠳᠡᠭᠦᠯᠬᠦ ᠳᠤ ᠪᠠᠲᠤᠯᠠᠭ᠎ᠠ ᠬᠠᠩᠭᠠᠵᠤ ᠪᠠᠶᠢᠨ᠎ᠠ᠃      ᠵᠢᠯ ᠪᠣᠯᠭᠠᠨ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠬᠢᠨ ᠡᠯ᠎ᠡ ᠰᠣᠮᠤ ᠪᠠᠯᠭᠠᠰᠣᠨ  ᠤ ᠨᠠᠷᠢᠨ ᠨᠤᠤᠰᠤᠳᠣ ᠬᠤᠨᠢ ᠤᠯᠠᠨ ᠮᠠᠯᠵᠢᠵᠤ ᠪᠠᠶᠢᠭ᠎ᠠ ᠡᠷᠦᠬᠡ ᠳᠤ ᠬᠦᠷᠴᠦ ᠨᠠᠷᠢᠨ ᠨᠤᠤᠰᠣᠳᠣ ᠬᠤᠨᠢᠨ ᠤ ᠠᠬᠠᠷ ᠨᠤᠤᠰᠤ᠂ ᠪᠡᠶ᠎ᠡ ᠪᠢᠯᠳᠠᠷ᠂ ᠮᠢᠬᠠᠨ ᠤ ᠭᠠᠷᠤᠯᠲᠠ ᠵᠡᠷᠭᠡ ᠳᠤ ᠬᠢᠨᠠᠨ ᠳᠣᠭᠳᠠᠭᠠᠯᠳᠠ ᠬᠢᠵᠦ᠂ ᠬᠢᠨᠠᠨ ᠲᠤᠭᠲᠠᠭᠠᠯᠲᠠ  ᠪᠠᠷ ᠳᠠᠮᠵᠢᠨ ᠬᠢᠷᠢ ᠲᠡᠩᠴᠡᠬᠦ ᠦᠭᠡᠢ ᠬᠤᠨᠢᠳ ᠢ ᠡᠷᠲᠡᠬᠡᠨ ᠪᠣᠷᠣᠯᠠᠭᠤᠯᠬᠤ ᠶᠢ ᠮᠠᠯᠴᠢᠳ ᠲᠤ ᠰᠠᠨᠠᠭᠤᠯᠵᠤ ᠲᠡᠳᠡᠨ  ᠤ ᠨᠣᠣᠰᠤ᠂ ᠮᠢᠬᠠᠨ ᠤ ᠴᠢᠨᠠᠷ ᠰᠠᠶᠢᠨ ᠣᠷᠳᠣᠰ ᠤᠨ ᠨᠠᠷᠢᠨ ᠨᠣᠣᠰᠤᠲᠤ ᠬᠤᠨᠢ ᠮᠠᠯᠵᠢᠨ᠂ ᠣᠷᠣᠯᠭ᠎ᠠ ᠪᠠᠨ ᠨᠡᠮᠡᠭᠳᠡᠬᠦᠯᠬᠦ ᠶᠢ ᠪᠠᠳᠤᠯᠠᠳᠠᠭ ᠪᠠᠶᠢᠨ᠎ᠠ᠃      ᠮᠠᠨ ᠤ ᠬᠤᠰᠢᠭᠤ ᠪᠣᠯ ᠣᠷᠳᠣᠰ ᠤᠨ ᠨᠠᠷᠢᠨ ᠨᠣᠣᠰᠤᠲᠤ ᠬᠤᠨᠢ ᠮᠠᠯᠵᠢᠵᠤ ᠪᠠᠶᠢᠭ᠎ᠠ ᠭᠤᠣᠯᠳᠠᠯᠭ᠎ᠠ ᠲᠠᠢ  ᠭᠠᠵᠠᠷ ᠣᠷᠣᠨ ᠪᠠᠶᠢᠵᠤ᠂ ᠣᠳᠣ ᠪᠦᠬᠦ ᠬᠤᠰᠢᠭᠤᠨ ᠳᠤ 125 ᠲᠦᠮᠡᠨ ᠣᠷᠳᠣᠰ ᠤᠨ ᠨᠠᠷᠢᠨ ᠨᠣᠣᠰᠤᠲᠤ ᠬᠤᠨᠢ ᠮᠠᠯᠵᠢᠵᠤ ᠪᠤᠢ᠃ ᠣᠷᠳᠣᠰ ᠤᠨ ᠨᠠᠷᠢᠨ ᠨᠣᠣᠰᠤᠲᠤ ᠬᠤᠨᠢ ᠶᠢ ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠳᠤ ᠮᠠᠨ ᠤ ᠬᠤᠰᠢᠭᠤᠨ ᠳᠤ ᠠᠩᠬ᠎ᠠ ᠪᠣᠶᠢᠵᠢᠭᠤᠯᠵᠤ᠂ ᠬᠡᠳᠦᠨ ᠦᠶ᠎ᠡ  ᠶᠢᠨ ᠮᠠᠯᠴᠢᠳ ᠪᠣᠯᠤᠨ ᠲᠤᠰᠬᠠᠢ ᠮᠡᠷᠭᠡᠵᠢᠯᠲᠡᠨ  ᠤ ᠰᠢᠷᠭᠠᠭᠤ ᠴᠢᠷᠮᠠᠶᠢᠯᠭ᠎ᠠ ᠪᠠᠷ ᠤᠳᠤ ᠪᠣᠯᠬᠤ ᠳᠤ ᠣᠷᠳᠣᠰ ᠨᠠᠷᠢᠨ ᠨᠣᠣᠰᠤᠲᠤ ᠬᠤᠨᠢᠨ ᠤ ᠨᠣᠣᠰᠤ ᠮᠢᠬᠠᠨ ᠤ ᠴᠢᠨᠠᠷ ᠨᠢ ᠮᠠᠰᠢ ᠰᠠᠶᠢᠵᠢᠷᠠᠵᠤ ᠮᠠᠯᠴᠢᠳ ᠤᠨ ᠣᠷᠣᠯᠭ᠎ᠠ ᠶᠢᠨ ᠭᠤᠣᠯ ᠬᠡᠰᠡᠭ ᠪᠣᠯᠤᠭᠰᠠᠨ ᠶᠤᠮ᠃ ᠡᠶᠢᠮᠦ ᠠᠴᠠ ᠮᠠᠨ ᠤ ᠬᠤᠰᠢᠭᠤ ᠨᠢ ᠨᠠᠷᠢᠨ ᠨᠣᠣᠰᠤᠲᠤ ᠬᠤᠨᠢᠨ ᠤ ᠡᠭᠦᠯᠳᠡᠷ ᠤᠨ ᠲᠠᠯ᠎ᠠ ᠪᠠᠷ ᠮᠠᠰᠢ ᠶᠡᠭᠡ ᠠᠩᠬᠠᠷᠤᠯ ᠲᠠᠯᠪᠢᠵᠤ ᠬᠢᠨᠠᠨ ᠲᠣᠭᠲᠠᠭᠠᠯᠲᠠ ᠶᠢᠨ ᠠᠵᠢᠯ ᠢᠶᠠᠨ ᠰᠠᠶᠢᠲᠤᠷ ᠬᠢᠵᠦ ᠨᠣᠣᠰᠤ ᠮᠢᠬᠠᠨ ᠤ ᠴᠢᠨᠠᠷ ᠢ ᠪᠠᠳᠤᠯᠠᠵᠤ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号