ᠮᠠᠨ ᠤ ᠬᠤᠰᠢᠭᠤᠨ ᠤ ᠪᠦᠬᠦ ᠤᠯᠤᠰ ᠤᠨ ᠰᠢᠶᠠᠨ ᠤ ᠲᠡᠰ ᠤᠨ ᠪᠤᠯᠪᠠᠰᠤᠨ ᠬᠤᠳᠠ ᠶᠢ ᠡᠭᠦᠳᠦᠨ | ᠪᠠᠶᠢᠭᠤᠯᠵᠤ ᠪᠠᠶᠢᠭ᠎ᠠ ᠠᠵᠠ ᠲᠤᠬᠢᠶᠠᠯ ᠢ ᠠᠳᠬᠤᠨ ᠤᠢᠢᠷ᠎ᠠ ᠶᠢᠨ ᠡᠳᠦᠷ ᠬᠤᠰᠢᠭᠤᠨ ᠤ ᠬᠠᠤᠯᠢ ᠬᠡᠷᠡᠭᠵᠢᠬᠦᠯᠬᠦ | ᠲᠤᠪᠴᠢᠶ᠎ᠠ ᠨᠢ ᠬᠠᠤᠯᠢ ᠬᠡᠷᠡᠭᠵᠢᠬᠦᠯᠦᠭᠴᠢᠳ ᠢᠶᠠᠨ ᠵᠤᠬᠢᠶᠠᠨ ᠪᠠᠶᠢᠭᠤᠯᠵᠤ ᠬᠤᠳᠠᠯᠳᠤᠭᠠᠴᠢᠨ ᠡᠷᠦᠭᠡ ᠲᠠᠢ ᠡᠭᠦᠳᠡᠨ | ᠡᠮᠦᠨᠡᠬᠢ ᠲᠠᠭᠠᠭᠠᠴᠢᠯᠠᠯᠳᠠ ᠶᠢᠨ ᠬᠠᠷᠢᠭᠤᠴᠠᠯᠭ᠎ᠠ ᠲᠤᠭᠳᠠᠬᠤ᠂ ᠵᠡᠭᠡᠯᠢ ᠭᠤᠳᠤᠮᠵᠢ ᠶᠢᠨ ᠤᠷᠴᠢᠨ ᠲᠤᠭᠤᠷᠢᠨ ᠢ | ᠵᠠᠰᠠᠨ ᠴᠡᠭᠴᠡᠯᠡᠬᠦ᠂ ᠲᠡᠷᠭᠡ ᠮᠠᠰᠢᠨ ᠢ ᠡᠮᠬᠢ ᠲᠢᠭᠯᠢᠮ ᠲᠠᠢ ᠵᠤᠭᠰᠤᠭᠠᠬᠤ ᠵᠡᠷᠭᠡ ᠠᠷᠭ᠎ᠠ ᠠᠪᠴᠤ ᠪᠤᠯᠪᠠᠰᠤᠨ | ᠬᠤᠳᠠ ᠶᠢᠨ ᠡᠭᠦᠳᠦᠨ ᠪᠠᠶᠢᠭᠤᠯᠤᠯᠳᠠ ᠳᠤ ᠴᠢᠷᠮᠠᠶᠢᠨ ᠦᠢᠯᠡᠴᠢᠯᠡᠭᠰᠡᠨ ᠪᠠᠶᠢᠨ᠎ᠠ᠃ | ᠬᠠᠤᠯᠢ ᠬᠡᠷᠡᠭᠵᠢᠬᠦᠯᠬᠦ ᠠᠵᠢᠯᠳᠠᠳ ᠨᠢ ᠪᠠᠯᠭᠠᠰᠤᠨ ᠲᠤᠭᠤᠷᠢᠭ ᠤᠨ ᠬᠤᠳᠠᠯᠳᠤᠭᠠᠴᠢᠨ ᠡᠷᠦᠭᠡ ᠪᠠ | ᠪᠠᠶᠢᠭᠤᠯᠭ᠎ᠠ ᠨᠢᠭᠡᠴᠢ ᠳᠤ ᠬᠦᠨᠵᠡᠭᠡᠶᠢᠷᠡᠵᠤ᠂ ᠡᠭᠦᠳᠡᠨ ᠡᠮᠦᠨᠡᠬᠢ ᠭᠤᠷᠪᠠᠨ ᠲᠠᠭᠠᠭᠠᠴᠢᠯᠠᠯᠳᠠ ᠶᠢᠨ | ᠬᠠᠷᠢᠭᠤᠴᠠᠯᠭ᠎ᠠ ᠶᠢᠨ ᠪᠢᠴᠢᠭ ᠲᠤᠭᠳᠠᠨ᠂ ᠡᠭᠦᠳᠡᠨ ᠡᠮᠦᠨᠡᠬᠢ ᠤᠷᠴᠢᠨ ᠲᠤᠭᠤᠷᠢᠨ ᠢᠶᠠᠨ ᠠᠷᠢᠭᠤᠨ ᠴᠡᠪᠡᠷ ᠡᠮᠬᠢ | ᠲᠢᠭᠯᠢᠮ ᠲᠠᠢ ᠪᠠᠶᠢᠯᠭᠠᠬᠤ᠂ ᠡᠭᠦᠳᠡᠨ ᠡᠮᠦᠨᠡᠬᠢ ᠡᠪᠡᠰᠦ ᠮᠤᠳᠤ ᠶᠢ ᠬᠠᠶᠢᠷᠠᠯᠠᠨ ᠬᠠᠮᠠᠭᠠᠯᠠᠬᠤ ᠶᠢ ᠪᠠᠳᠤᠯᠠᠭᠰᠠᠨ | ᠪᠠᠶᠢᠨ᠎ᠠ᠃ ᠡᠯ᠎ᠡ ᠬᠠᠤᠯᠢ ᠬᠡᠷᠡᠭᠵᠢᠬᠦᠯᠬᠦ ᠶᠡᠭᠡ ᠠᠩᠬᠢ ᠨᠢ ᠪᠠᠷᠢᠯᠭ᠎ᠠ ᠶᠢᠨ ᠭᠠᠵᠠᠷ ᠤᠨ ᠬᠤᠭ ᠨᠤᠪᠰᠢ᠂ ᠰᠠᠭᠤᠭᠠᠯᠢ | ᠠᠷᠠᠳ ᠤᠨ ᠲᠤᠭᠤᠷᠢᠭ ᠤᠨ ᠠᠮᠢᠳᠤᠷᠠᠯ ᠤᠨ ᠬᠤᠭ ᠨᠤᠪᠰᠢ ᠶᠢ ᠲᠦᠪᠯᠡᠷᠡᠬᠦᠯᠦᠨ ᠰᠢᠢᠳᠪᠤᠷᠢᠯᠡᠵᠤ᠂ ᠬᠠᠶᠠᠭᠳᠠᠮᠠᠯ | ᠡᠳ᠋ ᠢ ᠲᠦᠪᠯᠡᠷᠡᠬᠦᠯᠦᠨ ᠬᠤᠷᠢᠶᠠᠬᠤ ᠭᠠᠵᠠᠷ ᠤᠨ ᠪᠤᠬᠢᠷ ᠮᠠᠭᠤᠬᠠᠢ ᠪᠠᠶᠢᠳᠠᠯ ᠢ ᠴᠡᠭᠴᠡᠯᠡᠵᠤ᠂ ᠰᠤᠷᠳᠠᠯ | ᠤᠬᠠᠭᠤᠯᠭ᠎ᠠ ᠪᠠᠨ ᠴᠢᠩᠭᠠᠳᠬᠠᠨ ᠰᠠᠭᠤᠭᠠᠯᠢ ᠠᠷᠠᠳ ᠤᠨ ᠤᠷᠴᠢᠨ ᠲᠤᠭᠤᠷᠢᠨ ᠢᠶᠠᠨ ᠬᠠᠶᠢᠷᠠᠯᠠᠨ ᠬᠠᠮᠠᠭᠠᠯᠠᠬᠤ | ᠦᠵᠡᠯ ᠤᠬᠠᠮᠰᠠᠷ ᠢ ᠨᠢ ᠲᠡᠭᠡᠭᠰᠢᠯᠡᠬᠦᠯᠵᠡᠢ᠃ ᠵᠠᠮ ᠢ ᠪᠦᠭᠯᠡᠨ ᠵᠤᠭᠰᠤᠳᠠᠭ ᠲᠡᠷᠭᠡ ᠮᠠᠰᠢᠨ ᠪᠠ ᠡᠮᠬᠢ ᠲᠢᠭᠯᠢᠮ | ᠦᠭᠡᠢ ᠵᠤᠭᠰᠤᠭᠠᠭᠰᠠᠨ ᠲᠡᠷᠭᠡ ᠮᠠᠰᠢᠨ ᠳᠤ ᠴᠡᠭᠴᠡᠯᠡᠯᠳᠡ ᠬᠢᠵᠤ᠂ ᠲᠤᠬᠠᠢ ᠶᠢᠨ ᠭᠠᠵᠠᠷ ᠲᠤ ᠨᠢ ᠲᠡᠷᠭᠡᠨ | ᠡᠵᠡᠨ ᠢ ᠨᠢ ᠬᠠᠶᠢᠬᠤ᠂ ᠤᠳᠠᠰᠤ ᠪᠠᠷ ᠮᠡᠳᠡᠭᠳᠡᠬᠦ᠂ ᠲᠡᠷᠭᠡ ᠮᠠᠰᠢᠨ ᠢ ᠰᠢᠯᠵᠢᠬᠦᠯᠬᠦ ᠵᠡᠷᠭᠡ ᠠᠷᠭ᠎ᠠ ᠠᠪᠴᠤ᠂ | ᠰᠠᠨᠠᠭᠤᠯᠤᠮᠵᠢ ᠶᠢ ᠠᠪᠬᠤ ᠦᠭᠡᠢ ᠵᠢᠯᠤᠭᠤᠴᠢ ᠳᠤ ᠲᠤᠷᠭᠠᠭᠤᠯᠢ ᠦᠭᠬᠦ᠂ ᠠᠯᠪᠠᠳᠠᠯᠭ᠎ᠠ ᠪᠠᠷ ᠰᠢᠯᠵᠢᠬᠦᠯᠦᠨ | ᠵᠠᠶᠢᠯᠠᠭᠤᠯᠬᠤ ᠵᠡᠷᠭᠡ ᠠᠷᠭ᠎ᠠ ᠪᠠᠷ ᠵᠠᠮ ᠤᠨ ᠬᠠᠵᠠᠭᠤ ᠶᠢᠨ ᠲᠡᠷᠭᠡ ᠮᠠᠰᠢᠨ ᠤ ᠵᠤᠭᠰᠤᠭᠠᠯ ᠤᠨ ᠡᠮᠬᠢ ᠲᠢᠭᠯᠢᠮ ᠢ | ᠪᠠᠳᠤᠯᠠᠵᠤ᠂ ᠵᠡᠭᠡᠯᠢ ᠭᠤᠳᠤᠮᠵᠢ ᠪᠠᠷ ᠲᠡᠷᠭᠡ ᠮᠠᠰᠢᠨ ᠤᠷᠤᠵᠤ ᠭᠠᠷᠬᠤ ᠳᠤ ᠬᠦᠴᠢᠷ ᠠᠰᠠᠭᠤᠳᠠᠯ ᠢ | ᠰᠢᠢᠳᠪᠤᠷᠢᠯᠡᠭᠰᠡᠨ ᠪᠠᠶᠢᠨ᠎ᠠ᠃ | ᠲᠤᠰ ᠤᠳᠠᠭᠠᠨ ᠤ ᠠᠵᠢᠯᠯᠠᠭ᠎ᠠ ᠪᠠᠷ ᠲᠠᠮᠵᠢᠭᠠᠳ ᠪᠠᠯᠭᠠᠰᠤᠨ ᠲᠤᠭᠤᠷᠢᠭ ᠤᠨ ᠵᠡᠭᠡᠯᠢ ᠭᠤᠳᠤᠮᠵᠢ ᠶᠢᠨ | ᠠᠷᠢᠭᠤᠨ ᠴᠡᠪᠡᠷ ᠢ ᠪᠠᠳᠤᠯᠠᠨ᠂ ᠵᠠᠭᠡᠯᠢ ᠭᠤᠳᠤᠮᠵᠢ ᠶᠢᠨ ᠲᠦᠷᠢ ᠲᠦᠷᠬᠦ ᠶᠢ ᠭᠤᠶᠤᠵᠢᠭᠤᠯᠤᠭᠠᠳ ᠦᠤᠰᠢᠨ | ᠬᠤᠰᠢᠭᠤᠨ ᠤ ᠪᠦᠬᠦ ᠤᠯᠤᠰ ᠤᠨ ᠰᠢᠶᠠᠨ ᠤ ᠲᠡᠰ ᠤᠨ ᠪᠤᠯᠪᠠᠰᠤᠨ ᠬᠤᠳᠠ ᠶᠢᠨ ᠡᠭᠦᠳᠦᠨ ᠪᠠᠶᠢᠭᠤᠯᠤᠯᠳᠠ ᠳᠤ | ᠦᠨᠳᠦᠰᠦᠨ ᠪᠠᠳᠤᠯᠠᠭ᠎ᠠ ᠬᠠᠨᠭ᠍ᠭᠠᠭᠰᠠᠨ ᠪᠠᠶᠢᠨ᠎ᠠ᠃ |