ᠦᠣᠰᠢᠨ ᠬᠤᠰᠢᠭᠤᠨ ᠤ 2018 ᠣᠨ ᠤ ᠣᠷᠳᠣᠰ ᠨᠠᠷᠢᠨ ᠨᠣᠣᠰᠣᠳᠣ ᠬᠤᠨᠢᠨ ᠠᠬᠠᠷ ᠤᠨ ᠰᠢᠭᠤᠳ ᠪᠣᠷᠣᠯᠠᠭᠤᠯᠭ᠎ᠠ ᠶᠢᠨ ᠠᠵᠢᠯᠯᠠᠭᠠᠨ ᠪᠣᠯᠣᠨ ᠬᠤᠨᠢᠨ ᠣᠷᠣᠯᠳᠣᠭᠠᠨ ᠤ ᠴᠣᠭᠯᠠᠭᠠᠨ ᠢ ᠠᠮᠵᠢᠯᠳᠠᠳᠠᠢ ᠶᠠᠪᠣᠭᠳᠠᠪᠠ
ᠨᠡᠶᠢᠲᠡᠯᠡᠭᠰᠡᠨ ᠴᠠᠭ᠄
2018-06-12
      6 ᠰᠠᠷ᠎ᠠ ᠶᠢᠨ 8 ᠡᠳᠦᠷ᠂ ᠮᠠᠨ ᠤᠨ ᠬᠤᠰᠢᠭᠤᠨ ᠤ 2018 ᠣᠨ ᠤ ᠣᠷᠳᠣᠰ ᠨᠠᠷᠢᠨ ᠨᠣᠣᠰᠣᠳᠣ ᠬᠤᠨᠢᠨ ᠠᠬᠠᠷ ᠤᠨ ᠰᠢᠭᠤᠳ ᠪᠣᠷᠣᠯᠠᠭᠤᠯᠭ᠎ᠠ ᠶᠢᠨ ᠠᠵᠢᠯᠯᠠᠭᠠᠨ ᠤ ᠡᠬᠢᠯᠡᠯᠳᠡ ᠶᠢᠨ ᠶᠣᠰᠣᠯᠠᠯ ᠪᠣᠯᠣᠨ ᠨᠠᠷᠢᠨ ᠨᠣᠣᠰᠣᠳᠣ ᠬᠤᠨᠢᠨ ᠣᠷᠣᠯᠳᠣᠭᠠᠨ ᠤ ᠴᠣᠭᠯᠠᠭᠠᠨ ᠨᠢ ᠨᠣᠣᠰᠣ ᠬᠠᠳᠠᠭᠠᠯᠠᠬᠤ ᠲᠦᠪ ᠲᠤ ᠶᠠᠪᠣᠭᠳᠠᠪᠠ᠃ ᠳᠣᠮᠳᠠᠳᠣ ᠣᠯᠣᠰ ᠤᠨ ᠮᠠᠯ ᠤᠨ ᠠᠰᠢᠭ ᠰᠢᠮ᠎ᠡ ᠶᠢᠨ ᠬᠦᠢᠯᠬᠡᠬᠡᠨ ᠤ ᠠᠵᠢᠯ ᠤᠨ ᠨᠡᠶᠢᠬᠡᠮᠯᠢᠭ ᠤᠨ ᠬᠤᠨᠢᠨ ᠠᠬᠠᠷ ᠤᠨ ᠠᠵᠢᠯ  ᠤᠨ ᠬᠤᠪᠢᠶᠠᠷᠢ ᠨᠡᠶᠢᠬᠡᠮᠯᠢᠭ ᠤᠨ ᠨᠠᠷᠢᠨ ᠪᠢᠴᠢᠬᠡᠴᠢ ᠶᠢᠨ ᠳᠠᠷᠤᠭ᠎ᠠ ᠹᠧᠩ ᠪᠢᠨ᠂ ᠦᠪᠡᠷᠳᠡᠬᠡᠨ ᠵᠠᠰᠠᠬᠤ ᠣᠷᠣᠨ ᠤ ᠰᠢᠷᠭᠡᠭᠯᠢᠭ ᠡᠳ᠋ ᠤᠨ ᠪᠠᠶᠢᠴᠠᠭᠠᠯᠳᠠ ᠶᠢᠨ ᠳᠣᠪᠴᠢᠶᠠᠨ ᠤ ᠳᠣᠪᠴᠢᠶᠠᠨ ᠳᠠᠷᠤᠭ᠎ᠠ ᠸᠠᠩ ᠯᠢ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠴᠢᠶᠣᠣ ᠶᠦᠨ ᠯᠢ᠂ ᠬᠤᠰᠢᠭᠤ ᠠᠷᠠᠳ  ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠣᠶᠠᠠᠮᠠᠠᠳᠣᠬᠤ᠂ ᠬᠤᠰᠢᠭᠤ ᠣᠯᠣᠰ ᠲᠦᠷᠦ ᠶᠢᠨ ᠵᠦᠪᠯᠡᠯᠬᠡᠨ ᠤ ᠳᠠᠷᠢᠬᠦᠯᠡᠭᠴᠢ ᠬᠤᠣ ᠸᠧᠢ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠣᠯᠣᠰ ᠲᠦᠷᠦ ᠬᠠᠣᠯᠢ ᠴᠠᠭᠠᠵᠠ ᠶᠢᠨ ᠬᠤᠷᠢᠶᠠᠨ ᠤ ᠱᠦᠵᠢ ᠰᠣᠷᠭᠠᠯᠳᠣ᠂ ᠬᠤᠰᠢᠭᠤ ᠣᠳᠣᠷᠢᠳᠣᠯᠭ᠎ᠠ ᠸᠠᠩ ᠶᠥᠩ ᠴᠢᠩ᠂ ᠪᠠᠶᠠᠠᠴᠡᠩᠬᠡᠯ᠂ ᠯᠢ᠊ ᠵᠢᠷᠣᠮᠳᠣ ᠪᠣᠯᠣᠨ ᠦᠪᠡᠷᠳᠡᠬᠡᠨ ᠵᠠᠰᠠᠬᠤ ᠣᠷᠣᠨ᠂ ᠬᠤᠳᠠ᠂ ᠬᠤᠰᠢᠭᠤᠨ ᠤ ᠡᠯ᠎ᠡ ᠱᠠᠳᠣᠨ ᠤ ᠬᠤᠯᠪᠣᠭᠳᠠᠯ ᠪᠦᠬᠦᠢ ᠰᠠᠯᠠᠭ᠎ᠠ ᠮᠦᠴᠢᠷ᠂ ᠨᠠᠷᠢᠨ ᠨᠣᠣᠰᠣᠳᠣ ᠬᠤᠨᠢᠨ ᠠᠬᠠᠷ ᠳᠡᠬᠡᠬᠡᠪᠣᠷᠢᠯᠡᠵᠣ ᠪᠤᠷᠣᠯᠠᠭᠤᠯᠬᠤ ᠠᠵᠣ ᠠᠬᠤᠶᠢᠯᠡᠯ ᠤᠨ ᠬᠠᠷᠢᠭᠤᠴᠠᠯᠭᠠᠳᠠᠨ ᠬᠤᠷᠠᠯ ᠳᠤ ᠣᠷᠢᠯᠭ᠎ᠠ ᠪᠠᠷ ᠰᠠᠭᠠᠳᠠᠵᠣ᠂ ᠪᠦᠬᠦ ᠬᠤᠰᠢᠭᠤᠨ ᠤ ᠡᠯ᠎ᠡ ᠰᠣᠮᠣ ᠪᠠᠯᠭᠠᠰᠣᠨ ᠤ ᠮᠠᠯᠵᠢᠯ ᠤᠨ ᠡᠷᠦᠬᠡ ᠶᠢᠨ ᠲᠥᠯᠥᠬᠡᠯᠡᠭᠴᠢᠳ ᠬᠤᠷᠠᠯ ᠳᠤ ᠣᠷᠣᠯᠴᠠᠪᠠ᠃
         ᠬᠤᠷᠠᠯ ᠳᠡᠬᠡᠷ᠎ᠡ ᠳᠣᠮᠳᠠᠳᠣ ᠣᠯᠣᠰ ᠤᠨ ᠮᠠᠯ ᠤᠨ ᠠᠰᠢᠭ ᠰᠢᠮ᠎ᠡ ᠶᠢᠨ ᠬᠦᠢᠯᠬᠡᠬᠡᠨ ᠤ ᠠᠵᠢᠯ ᠤᠨ ᠨᠡᠶᠢᠬᠡᠮᠯᠢᠭ ᠤᠨ ᠬᠤᠨᠢᠨ ᠠᠬᠠᠷ ᠤᠨ ᠠᠵᠢᠯ ᠤᠨ ᠬᠤᠪᠢᠶᠠᠷᠢ ᠨᠡᠶᠢᠬᠡᠮᠯᠢᠭ ᠤᠨ ᠨᠠᠷᠢᠨ ᠪᠢᠴᠢᠬᠡᠴᠢ ᠶᠢᠨ ᠳᠠᠷᠤᠭ᠎ᠠ ᠹᠧᠩ ᠪᠢᠨ ᠨᠦᠬᠦᠷ ᠠᠴᠠ 2018 ᠣᠨ ᠤ ᠨᠠᠷᠢᠨ ᠨᠣᠣᠰᠣᠳᠣ ᠬᠤᠨᠢᠨ ᠠᠬᠠᠷ ᠤᠨ ᠵᠠᠬ᠎ᠠ ᠳᠡᠯᠬᠡᠬᠦᠷ ᠤᠨ ᠦᠨ᠎ᠡ  ᠶᠢᠨ ᠪᠠᠶᠢᠳᠠᠯ ᠢ ᠨᠠᠶᠢᠳᠠᠯᠠᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠴᠢᠶᠣᠣ ᠶᠦᠨ ᠯᠢ 2018 ᠣᠨ ᠤ ᠦᠣᠰᠢᠨ ᠬᠤᠰᠢᠭᠤᠨ ᠤ ᠣᠷᠳᠣᠰ ᠨᠠᠷᠢᠨ ᠨᠣᠣᠰᠣᠳᠣ ᠬᠤᠨᠢᠨ ᠠᠬᠠᠷ ᠤᠨ ᠰᠢᠭᠤᠳ ᠪᠣᠷᠣᠯᠠᠭᠤᠯᠭ᠎ᠠ ᠶᠢᠨ ᠠᠵᠢᠯᠯᠠᠭᠠᠨ ᠡᠬᠢᠯᠡᠭᠰᠡᠨ ᠢ ᠵᠠᠷᠯᠠᠪᠠ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠣᠯᠣᠰ ᠲᠦᠷᠦ ᠬᠠᠣᠯᠢ ᠴᠠᠭᠠᠵᠠ ᠶᠢᠨ ᠬᠤᠷᠢᠶᠠᠨ ᠤ ᠱᠦᠵᠢ ᠰᠣᠷᠭᠠᠯᠳᠣ ᠶᠡᠷᠢᠶ᠎ᠠ ᠳᠠᠯᠪᠢᠨ ᠵᠢᠭᠠᠵᠣ ᠭᠠᠷᠭᠠᠭᠰᠠᠨ ᠨᠢ ᠦᠣᠰᠢᠨ ᠬᠤᠰᠢᠭᠤ ᠪᠣᠯ ᠣᠷᠳᠣᠰ ᠨᠠᠷᠢᠨ ᠨᠣᠣᠰᠣᠳᠣ ᠬᠤᠨᠢᠨ ᠭᠤᠣᠯ ᠭᠠᠷᠣᠯᠳᠠᠳᠣ ᠣᠷᠣᠨ ᠪᠠᠶᠢᠵᠣ ᠵᠢᠷᠠ ᠭᠠᠷᠦᠢ ᠵᠢᠯ ᠤᠨ ᠨᠠᠷᠢᠨ ᠨᠣᠣᠰᠣᠳᠣ ᠬᠤᠨᠢ ᠶᠢ ᠰᠣᠳᠣᠯᠣᠨ ᠪᠣᠶᠢᠵᠢᠭᠤᠯᠣᠭᠰᠠᠨ ᠳᠡᠣᠬᠡ ᠲᠠᠢ ᠶᠣᠮ᠃ ᠳᠡᠬᠡᠷ᠎ᠡ ᠵᠠᠭᠤᠨ ᠤ ᠳᠠᠪᠢᠭᠠᠳ ᠣᠨ ᠠᠴᠠ ᠡᠬᠢᠯᠡᠨ ᠬᠤᠭᠤᠴᠠᠭ᠎ᠠ ᠪᠣᠯᠭᠠᠨ ᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠠᠷᠢᠨ ᠨᠣᠣᠰᠣᠳᠣ ᠬᠤᠨᠢᠨ ᠬᠠᠮᠠᠭᠠᠯᠠᠯᠳᠠ ᠪᠠ ᠬᠦᠭᠵᠢᠯᠳᠡ ᠶᠢᠨ ᠠᠵᠢᠯ ᠢ ᠳᠡᠬᠡᠳᠣ ᠬᠡᠮᠵᠢᠶ᠎ᠠ ᠪᠠᠷ ᠴᠢᠬᠤᠯᠠᠴᠢᠯᠡᠨ ᠰᠢᠯᠢᠳᠡᠭ ᠡᠬᠦᠯᠳᠡᠷ ᠢ ᠪᠣᠶᠢᠵᠢᠭᠤᠯᠣᠨ ᠮᠠᠯᠵᠢᠬᠤ᠂ ᠬᠡᠪᠴᠢᠶᠠᠵᠢᠯ ᠲᠠᠢ ᠮᠠᠯᠵᠢᠬᠤ᠂ ᠬᠤᠨᠢᠨ ᠠᠬᠠᠷ ᠢ ᠰᠢᠭᠤᠳ ᠪᠣᠷᠣᠯᠠᠭᠤᠯᠬᠤ᠂ ᠮᠢᠬᠠᠨ ᠲᠦᠷᠥᠯ ᠢ ᠨᠠᠷᠢᠯᠢᠭ ᠪᠣᠯᠪᠠᠰᠣᠷᠠᠭᠤᠯᠬᠤ᠂ ᠨᠠᠷᠠᠳᠣ ᠳᠡᠮᠳᠡᠭᠳᠣ ᠶᠢ ᠪᠣᠢ ᠪᠣᠯᠭᠠᠬᠤ᠂ ᠢᠬᠢᠷᠯᠡᠬᠦᠯᠬᠦ ᠮᠡᠷᠬᠡᠵᠢᠯ ᠤᠨ ᠡᠬᠦᠳᠣᠯᠳᠡ᠂ ᠲᠦᠷᠦ ᠶᠢᠨ ᠪᠣᠳᠣᠯᠭ᠎ᠠ ᠪᠠᠷ ᠳᠡᠮᠵᠢᠬᠦ ᠵᠡᠷᠬᠡ ᠠᠷᠭ᠎ᠠ ᠪᠠᠷᠢᠯ ᠢᠶᠠᠷ ᠳᠠᠮᠵᠢᠨ ᠨᠠᠷᠢᠨ ᠨᠣᠣᠰᠣᠳᠣ ᠬᠤᠨᠢᠨ ᠤ ᠡᠬᠦᠯᠳᠡᠷ ᠢ ᠰᠢᠯᠢᠳᠡᠭᠵᠢᠬᠦᠯᠬᠦ ᠪᠠ ᠨᠠᠷᠠᠳᠣ ᠳᠡᠮᠳᠡᠭᠳᠣ ᠶᠢᠨ ᠦᠷ᠎ᠡ ᠠᠰᠢᠭ ᠢ ᠴᠢᠨᠠᠭᠰᠢᠳᠠ ᠳᠡᠬᠡᠭᠰᠢᠯᠡᠬᠦᠯᠵᠣ ᠣᠷᠳᠣᠰ ᠨᠠᠷᠢᠨ ᠨᠣᠣᠰᠣᠳᠣ ᠬᠤᠨᠢᠨ ᠠᠬᠠᠷ ᠤᠨ ᠦᠪᠡᠷᠮᠢᠴᠡ ᠣᠨᠴᠠᠯᠢᠭ ᠲᠠᠢ ᠨᠡᠷᠡᠳᠣ ᠳᠡᠮᠳᠡᠭᠳᠣ  ᠶᠢ ᠪᠣᠢ ᠪᠣᠯᠭᠠᠨ ᠠᠵᠣ ᠠᠬᠤᠢ᠂ ᠨᠡᠶᠢᠬᠡᠮ ᠪᠠ ᠠᠮᠢ ᠠᠬᠤᠢ ᠶᠢᠨ ᠦᠷ᠎ᠡ ᠠᠰᠢᠭ ᠢ ᠣᠯᠵᠣ᠂ ᠮᠠᠯ ᠳᠠᠷᠢᠶᠠᠯᠠᠩ ᠠᠵᠣ ᠠᠬᠤᠢ ᠶᠢᠨ ᠦᠷ᠎ᠡ ᠠᠰᠢᠭ ᠢ ᠨᠡᠮᠡᠭᠳᠡᠬᠦᠯᠣᠨ ᠮᠠᠯᠴᠢᠨ ᠳᠠᠷᠢᠶᠠᠴᠢᠨ ᠤ ᠣᠷᠣᠯᠭ᠎ᠠ ᠶᠢ ᠨᠡᠮᠡᠭᠳᠡᠬᠦᠯᠵᠣ ᠮᠠᠯᠵᠢᠬᠤ ᠳᠠᠷᠢᠶᠠᠯᠠᠬᠤ ᠣᠷᠣᠨ ᠤ ᠨᠣᠮᠢᠨ ᠨᠣᠭᠤᠭᠠᠨ ᠬᠦᠭᠵᠢᠯᠳᠡ ᠶᠢ ᠠᠬᠢᠭᠤᠯᠣᠨ᠂ ᠪᠦᠬᠦ ᠬᠤᠳᠠ ᠴᠢᠨᠠᠭᠰᠢᠯᠠᠪᠠᠯ ᠪᠦᠬᠦ ᠣᠷᠣᠨ ᠤ ᠨᠠᠷᠢᠨ ᠨᠣᠣᠰᠣᠳᠣ ᠬᠤᠨᠢᠨ ᠠᠵᠣ ᠣᠶᠢᠯᠡᠰ ᠤᠨ ᠬᠦᠭᠵᠢᠯᠳᠡ ᠳᠤ ᠴᠢᠬᠤᠯᠠ ᠪᠣᠯᠬᠤ ᠰᠦᠪᠡᠭᠴᠢᠯᠡᠯᠳᠡ ᠪᠠ ᠣᠶᠢᠯᠡᠳᠣᠯᠬᠡ ᠶᠢᠨ ᠬᠤᠪᠢ ᠨᠠᠮᠡᠷᠢ ᠶᠢ ᠦᠵᠡᠬᠦᠯᠥᠭᠰᠡᠨ ᠪᠠᠶᠢᠨ᠎ᠠ᠃ ᠣᠳᠣᠬᠠᠨ ᠪᠣᠯᠳᠠᠯ᠎ᠠ ᠪᠦᠬᠦ ᠬᠤᠰᠢᠭᠤᠨ ᠤ ᠮᠠᠯᠵᠢᠵᠣ ᠪᠠᠶᠢᠬᠤ ᠨᠠᠷᠢᠨ ᠨᠣᠣᠰᠣᠳᠣ ᠬᠤᠨᠢ 125 ᠲᠦᠮᠠ ᠳᠤ ᠬᠦᠷᠦᠨ ᠵᠢᠯ ᠳᠤ 50 ᠲᠦᠮᠡ ᠪᠣᠷᠣᠯᠠᠭᠤᠯᠵᠣ᠂ 4000 ᠭᠠᠷᠦᠢ ᠳᠣᠨᠨ᠋ᠨ ᠬᠤᠨᠢᠨ ᠠᠬᠠᠷ ᠬᠠᠶᠢᠴᠢᠯᠠᠵᠣ 10000 ᠭᠠᠷᠦᠢ ᠳᠣᠨᠨ᠋ᠨ ᠬᠤᠨᠢᠨ ᠮᠢᠬ᠎ᠠ ᠣᠶᠢᠯᠡᠳᠪᠣᠷᠢᠯᠡᠵᠣ᠂ ᠨᠠᠷᠢᠨ ᠨᠣᠣᠰᠣᠳᠣ ᠬᠤᠨᠢᠨ ᠠᠵᠣ ᠣᠶᠢᠯᠡᠰ ᠤᠨ ᠳᠣᠯᠣᠭᠠᠶᠢᠯᠠᠭᠴᠢ ᠠᠵᠣ ᠠᠬᠤᠶᠢᠯᠠᠯ ᠢ 5᠂ ᠳᠣᠰᠬᠠᠢ ᠬᠤᠷᠰᠢᠶᠠᠵᠢᠯ ᠢ 103᠂ ᠳᠣᠮᠣ ᠬᠡᠯᠪᠠᠷᠢ ᠶᠢᠨ ᠬᠤᠨᠢᠨ ᠠᠬᠠᠷ ᠬᠤᠳᠠᠯᠳᠣᠨ ᠠᠪᠬᠤ ᠦᠷᠳᠡᠭᠡ ᠶᠢ 7᠂ ᠡᠬᠦᠯᠳᠡᠷ ᠤᠨ ᠮᠠᠯ ᠤᠨ ᠳᠠᠯᠠᠪᠠᠢ ᠶᠢ 1 ᠪᠠᠶᠢᠭᠤᠯᠵᠣ ᠵᠢᠯ ᠤᠨ ᠠᠵᠣ ᠠᠬᠤᠢ ᠶᠢᠨ ᠦᠷ᠎ᠡ ᠠᠰᠢᠭ ᠢ 6.5 ᠳ᠋ᠦᠩᠰᠢᠭᠤᠷ ᠲᠦᠬᠦᠷᠢᠭ ᠡᠬᠦᠳᠴᠣ ᠪᠠᠶᠢᠨ᠎ᠠ᠃ ᠣᠨᠴᠠᠭᠠᠶᠢᠯᠠᠨ ᠮᠠᠯᠵᠢᠬᠤ ᠣᠷᠣᠨ ᠳᠤ ᠨᠠᠷᠢᠨ ᠨᠣᠣᠰᠣᠳᠣ ᠬᠤᠨᠢᠨ  ᠤ ᠠᠰᠢᠭ ᠣᠷᠣᠯᠭ᠎ᠠ ᠨᠢ ᠮᠠᠯᠴᠢᠳ ᠤᠨ ᠶᠠᠷᠦᠩᠬᠡᠢ ᠣᠷᠣᠯᠭ᠎ᠠ ᠶᠢᠨ 60% ᠠᠴᠠ ᠳᠡᠬᠡᠭᠰᠢ ᠡᠵᠡᠯᠡᠨ ᠨᠠᠷᠢᠨ ᠨᠣᠣᠰᠣᠳᠣ ᠬᠤᠨᠢ ᠮᠠᠯᠵᠢᠬᠤ ᠨᠢ ᠮᠠᠯᠴᠢᠨ ᠳᠠᠷᠢᠶᠠᠴᠢᠳ ᠤᠨ ᠠᠵᠣ ᠠᠮᠢᠳᠣᠷᠠᠯ ᠤᠨ ᠴᠢᠬᠤᠯᠠ ᠪᠣᠯᠬᠤ ᠪᠦᠷᠢᠯᠳᠦᠬᠦᠨ ᠬᠡᠰᠡᠭ᠂ ᠠᠬᠠᠷ ᠮᠢᠬ᠎ᠠ ᠶᠢ ᠨᠢ ᠵᠡᠷᠬᠡᠪᠡᠷ ᠬᠡᠷᠡᠭᠯᠡᠵᠣ ᠪᠣᠳᠠ ᠪᠠᠶ᠎ᠠ ᠪᠠᠷ ᠢᠶᠠᠨ ᠡᠷᠳᠡᠨᠢ ᠪᠣᠯᠬᠤ ᠦᠪᠡᠷᠮᠢᠴᠡ ᠣᠨᠴᠠᠯᠢᠭ  ᠲᠠᠢ ᠰᠣᠶᠣᠯ ᠤᠨ ᠠᠭᠤᠯᠬᠤᠨ ᠢ ᠳᠠᠯ᠎ᠠ ᠨᠣᠳᠤᠭ ᠲᠤ ᠬᠦᠨ ᠦᠨᠳᠣᠰᠣᠯᠡᠬᠦᠯᠵᠣ ᠮᠠᠯᠴᠢᠨ ᠳᠠᠷᠢᠶᠠᠴᠢᠳ ᠤᠨ ᠰᠠᠳᠬᠢᠯ ᠵᠢᠷᠣᠭᠡᠨ ᠳᠤ ᠠᠭᠤᠰᠬᠠᠵᠠᠢ᠃ ᠣᠷᠳᠣᠰ ᠨᠠᠷᠢᠨ ᠨᠣᠣᠰᠣᠳᠣ ᠬᠤᠨᠢᠨ ᠠᠵᠣ ᠣᠶᠢᠯᠡᠰ ᠨᠢ ᠦᠣᠰᠢᠨ ᠬᠤᠰᠢᠭᠤᠨ ᠤ ᠣᠳᠣ ᠦᠶ᠎ᠡ ᠶᠢᠨ ᠮᠠᠯ ᠳᠠᠷᠢᠶᠠᠯᠠᠩ ᠠᠵᠣ ᠠᠬᠤᠢ ᠶᠢᠨ ᠬᠦᠭᠵᠢᠯᠳᠡ ᠶᠢᠨ ᠳᠣᠯᠭᠠᠭᠤᠷᠢᠯᠠᠬᠤ ᠴᠢᠨᠡᠷᠳᠡᠢ ᠠᠵᠣ ᠣᠶᠢᠯᠡᠰ ᠤᠨ ᠨᠢᠬᠡ ᠪᠣᠯᠵᠡᠢ᠃
           ᠨᠠᠷᠢᠨ ᠨᠣᠣᠰᠣᠳᠣ ᠬᠤᠨᠢᠨ ᠣᠷᠣᠯᠳᠣᠭᠠᠨ ᠤ ᠴᠣᠭᠯᠠᠭᠠᠨ ᠳᠤ ᠣᠷᠣᠯᠳᠣᠭᠠᠨ ᠳᠤ ᠣᠷᠣᠯᠴᠠᠭᠰᠠᠨ ᠮᠠᠯᠴᠢᠨ ᠳᠠᠷᠢᠶᠠᠴᠢᠳ ᠪᠠᠶ᠎ᠠ ᠨᠢ ᠶᠡᠭᠡ᠂ ᠬᠠᠶᠢᠴᠢᠯᠠᠬᠤ ᠠᠬᠠᠷ ᠤᠨ ᠵᠢᠩ ᠢᠶᠠᠷ ᠬᠦᠨᠳᠣ ᠦᠬᠢᠨ ᠰᠢᠳᠣᠯᠠᠩ ᠢ ᠰᠣᠩᠭᠤᠨ ᠬᠡᠷ ᠪᠦᠯᠢ ᠪᠠᠷ ᠨᠢᠬᠡᠴᠢᠯᠡᠨ ᠬᠤᠨᠢᠨ ᠠᠬᠠᠷ ᠬᠠᠶᠢᠴᠢᠯᠠᠬᠤ ᠣᠷᠣᠯᠳᠣᠭᠠᠨ ᠶᠠᠪᠣᠭᠳᠠᠭᠤᠯᠵᠣ᠂ ᠣᠷᠣᠯᠳᠣᠭᠠᠨ ᠳᠤ ᠨᠠᠷᠢᠨ ᠨᠣᠣᠰᠣᠳᠣ ᠬᠤᠨᠢᠨ ᠤ ᠬᠠᠶᠢᠴᠢᠯᠠᠭᠰᠠᠨ ᠠᠬᠠᠷ ᠤᠨ ᠬᠡᠮᠵᠢᠶ᠎ᠠ ᠶᠢ ᠰᠢᠯᠭᠠᠷᠠᠭᠤᠯᠪᠠ︔ ᠠᠬᠤᠢ ᠳᠠᠯᠠᠪᠣᠷ ᠲᠤ ᠪᠠᠰᠠ ᠨᠠᠷᠢᠨ ᠨᠣᠣᠰᠣᠳᠣ ᠬᠤᠨᠢᠨ ᠠᠬᠠᠷ ᠢ ᠮᠠᠰᠢᠨ ᠢᠶᠠᠷ ᠬᠠᠶᠢᠴᠢᠯᠠᠬᠤ ᠣᠷᠣᠯᠳᠣᠭᠠᠨ ᠢ ᠶᠠᠪᠣᠭᠳᠠᠭᠤᠯᠵᠣ ᠣᠷᠣᠯᠳᠣᠭᠠᠨ  ᠳᠤ ᠣᠷᠣᠯᠴᠠᠭᠴᠢᠳ ᠪᠣᠱᠢᠭᠤ ᠰᠠᠯᠠᠮᠠᠭᠠᠢ ᠣᠷᠠᠨ ᠡᠷᠳᠡᠮ ᠢᠶᠠᠷ ᠢᠶᠠᠨ ᠳᠡᠳᠡᠨ ᠤ ᠬᠤᠨᠢ ᠬᠠᠶᠢᠴᠢᠯᠠᠬᠤ ᠣᠷ᠎ᠠ ᠳᠠᠮ  ᠢᠶᠠᠨ ᠭᠠᠶᠢᠬᠠᠭᠤᠯᠵᠣ᠂ ᠬᠢᠨᠠᠭᠴᠢᠳ ᠠᠴᠠ ᠠᠬᠠᠷ ᠬᠠᠶᠢᠴᠢᠯᠠᠬᠤ ᠬᠤᠷᠳᠣᠴᠡ᠂ ᠠᠷᠠᠰᠣ ᠶᠢ ᠨᠢ ᠬᠠᠶᠢᠴᠢᠯᠠᠨ ᠰᠢᠷᠬᠠᠳᠣᠭᠤᠯᠬᠤ ᠪᠠᠶᠢᠳᠠᠯ᠂ ᠠᠬᠠᠷ ᠤᠨ ᠰᠢᠷᠬᠡᠭ ᠤᠨ ᠶᠠᠰᠣ ᠴᠢᠨᠡᠷ᠂ ᠠᠬᠠᠷ ᠢ ᠪᠦᠳᠦᠨ ᠰᠠᠶᠢᠬᠠᠨ ᠬᠠᠶᠢᠴᠢᠯᠠᠬᠤ ᠵᠡᠷᠬᠡ ᠳᠠᠯ᠎ᠠ ᠪᠠᠷ ᠬᠤᠪᠢ ᠣᠯᠭᠤᠨ ᠬᠤᠷᠴᠡ ᠰᠢᠷᠦᠬᠦᠨ ᠦᠷᠢᠰᠣᠯᠳᠦᠬᠡᠨ ᠢᠶᠠᠷ ᠳᠠᠮᠵᠢᠨ ᠨᠠᠰᠣ ᠬᠦᠢᠴᠡᠭᠰᠡᠨ ᠡᠮ᠎ᠡ ᠬᠤᠨᠢ ᠪᠠ ᠦᠬᠢᠨ ᠰᠢᠳᠣᠯᠠᠩ ᠤᠨ ᠣᠨᠴᠠ ᠳᠠᠰ ᠤᠨ ᠱᠠᠩᠨᠠᠯ ᠪᠣᠯᠣᠨ ᠨᠢᠬᠡᠳᠣᠬᠡᠷ ᠬᠤᠶᠠᠳᠣᠭᠠᠷ ᠭᠤᠷᠪᠠᠳᠣᠭᠠᠷ ᠳᠠᠰ ᠤᠨ ᠱᠠᠩᠨᠠᠯ᠂ ᠬᠤᠨᠢᠨ ᠠᠬᠠᠷ ᠢ ᠮᠠᠰᠢᠨ ᠢᠶᠠᠷ ᠬᠠᠶᠢᠴᠢᠯᠠᠬᠤ ᠣᠷᠣᠯᠳᠣᠭᠠᠨ ᠤ ᠨᠢᠬᠡᠳᠣᠬᠡᠷ ᠬᠤᠶᠠᠳᠣᠭᠠᠷ ᠭᠤᠷᠪᠠᠳᠣᠭᠠᠷ ᠳᠠᠰ ᠤᠨ ᠱᠠᠩᠨᠠᠯ᠂ ᠣᠷᠳᠣᠰ ᠨᠠᠷᠢᠨ ᠨᠣᠣᠰᠣᠳᠣ ᠬᠤᠨᠢᠨ ᠤ ᠮᠠᠯᠵᠢᠯ ᠤᠨ ᠳᠣᠮᠣ ᠡᠷᠦᠬᠡ᠂ ᠣᠷᠳᠣᠰ ᠨᠠᠷᠢᠨ ᠨᠣᠣᠰᠣᠳᠣ ᠬᠤᠨᠢᠨ ᠤ ᠰᠢᠨᠵᠢᠯᠡᠭᠡ ᠮᠡᠷᠬᠡᠵᠢᠯ ᠤᠨ ᠡᠬᠦᠳᠣᠯᠳᠡ ᠶᠢᠨ ᠡᠷᠦᠬᠡ᠂ ᠣᠷᠳᠣᠰ ᠤᠨ ᠨᠠᠷᠢᠨ ᠨᠣᠣᠰᠣᠳᠣ ᠬᠤᠨᠢᠨ ᠠᠵᠣ ᠣᠶᠢᠯᠡᠰ ᠤᠨ ᠬᠦᠭᠵᠢᠯᠳᠡ ᠶᠢ ᠠᠬᠢᠭᠤᠯᠣᠭᠰᠠᠨ ᠳᠠᠷᠢᠬᠦᠨ ᠤ ᠬᠠᠮᠳᠣ ᠵᠡᠷᠬᠡ ᠶᠢ ᠰᠢᠯᠭᠠᠷᠠᠭᠤᠯᠣᠨ ᠱᠠᠩᠨᠠᠨ ᠬᠦᠭᠢᠬᠦᠯᠥᠭᠰᠠᠨ ᠪᠠᠶᠢᠨ᠎ᠠ᠃      ᠣᠶᠢᠯᠠᠭᠠᠭᠰᠠᠨ ᠢᠶᠠᠷ ᠳᠣᠰ ᠣᠳᠠᠭᠠᠨ ᠤ ᠰᠢᠭᠤᠳ ᠪᠣᠷᠣᠯᠠᠭᠤᠯᠭ᠎ᠠ ᠶᠢᠨ ᠠᠵᠢᠯᠯᠠᠭᠠᠨ ᠨᠢ ᠣᠷᠣᠨ ᠤ ᠭᠠᠳᠠᠨᠠᠬᠢ ᠨᠢᠬᠡ ᠪᠦᠯᠥᠭ ᠬᠤᠳᠠᠯᠳᠣᠭᠠᠴᠢᠳ ᠤᠨ ᠰᠣᠨᠢᠷᠬᠠᠯ ᠢ ᠳᠠᠳᠠᠨ ᠮᠠᠨ ᠤ ᠬᠤᠰᠢᠭᠤᠨ ᠳᠤ ᠢᠷᠡᠵᠣ ᠵᠦᠪᠳᠡᠯᠴᠡᠬᠡᠷ ᠬᠢᠵᠣ᠂ ᠲᠦᠰᠦᠬᠡᠯᠡᠪᠠᠯ ᠠᠬᠠᠷ ᠠᠷᠠᠯᠵᠢᠶᠠᠯᠠᠬᠤ ᠲᠦᠪ ᠪᠠᠷ ᠳᠠᠮᠵᠢᠨ 4000 ᠭᠠᠷᠦᠢ ᠲᠦᠮᠡᠨ ᠳᠣᠨᠨ᠋ᠨ ᠨᠠᠷᠢᠨ ᠨᠣᠣᠰᠣᠳᠣ ᠬᠤᠨᠢᠨ ᠠᠬᠠᠷ ᠪᠣᠷᠣᠯᠠᠭᠤᠯᠪᠠ᠃ ᠣᠯᠣᠰ ᠤᠨ ᠳᠣᠳᠣᠭᠠᠳᠣ ᠭᠠᠳᠠᠭᠠᠳᠣ ᠶᠢᠨ ᠬᠤᠨᠢᠨ ᠠᠬᠠᠷ ᠤᠨ ᠵᠠᠬ᠎ᠠ ᠳᠡᠯᠬᠡᠬᠦᠷ ᠤᠨ ᠨᠦᠯᠥᠬᠡᠯᠡᠯ ᠪᠠ ᠨᠡᠬᠡᠮᠡᠯ ᠤᠨ ᠪᠦᠳᠦᠬᠡᠭᠳᠡᠬᠦᠨ ᠤ ᠣᠭ ᠮᠠᠲ᠋ᠧᠷᠢᠶᠠᠯ ᠤᠨ ᠱᠠᠭᠠᠷᠳᠠᠯᠭ᠎ᠠ ᠬᠡᠷᠡᠭᠴᠡᠬᠡᠨ ᠤ ᠨᠡᠮᠡᠭᠳᠡᠯ᠂ ᠦᠨ᠎ᠡ ᠶᠢᠨ ᠦᠰᠦᠯᠳᠠ ᠠᠴᠠ ᠪᠣᠯᠵᠣ ᠦᠨᠣ ᠵᠢᠯ ᠤᠨ ᠬᠤᠨᠢᠨ ᠠᠬᠠᠷ ᠨᠢ ᠨᠢᠳᠣᠨᠣᠨ ᠵᠢᠯ ᠤᠨ ᠦᠨ᠎ᠡ ᠠᠴᠠ 25% ᠣᠷᠴᠢᠮ ᠨᠡᠮᠡᠭᠳᠡᠵᠣ᠂ ᠵᠢᠩ ᠪᠦᠷᠢ ᠳᠡᠭᠡᠨ ᠬᠤᠳᠠᠯᠳᠣᠬᠤ ᠦᠨ᠎ᠡ ᠨᠢ 18 ᠲᠦᠬᠦᠷᠢᠭ ᠠᠴᠠ 24 ᠲᠦᠬᠦᠷᠢᠭ ᠲᠤ ᠬᠦᠷᠦᠭᠰᠠᠨ ᠪᠠᠶᠢᠨ᠎ᠠ᠃ ᠳᠣᠰ ᠣᠳᠠᠭᠠᠨ ᠤ ᠠᠵᠢᠯᠯᠠᠭᠠᠨ ᠢᠶᠠᠷ ᠳᠠᠮᠵᠢᠨ ᠮᠠᠯᠴᠢᠨ ᠳᠠᠷᠢᠶᠠᠴᠢᠳ ᠤᠨ ᠳᠣᠰ ᠵᠢᠯ ᠤᠨ ᠬᠤᠨᠢᠨ ᠠᠬᠠᠷ ᠪᠣᠷᠣᠯᠠᠭᠠᠯᠣᠭᠰᠠᠨ ᠣᠷᠣᠯᠭ᠎ᠠ ᠨᠢ 4400 ᠭᠠᠷᠦᠢ ᠲᠦᠮᠡᠨ ᠲᠦᠬᠦᠷᠢᠭ ᠲᠤ ᠬᠦᠷᠴᠡᠢ᠃
 
ᠢᠷᠡᠯᠲᠡ᠄ ᠳᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号