ᠮᠠᠨ ᠤ ᠬᠤᠰᠢᠭᠤᠨ ᠤ ᠵᠠᠮ ᠬᠠᠷᠢᠯᠴᠠᠭᠠᠨ ᠤ ᠶᠡᠭᠡ ᠠᠩᠬᠢ ᠶᠢᠨ ᠬᠢᠨ ᠵᠠᠮ ᠬᠠᠷᠢᠯᠴᠠᠭᠠᠨ ᠤ ᠠᠮᠦᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠪᠠ
ᠨᠡᠶᠢᠲᠡᠯᠡᠭᠰᠡᠨ ᠴᠠᠭ᠄
2018-06-12
      ᠰᠤᠷᠭᠠᠭᠤᠯᠢ ᠶᠢᠨ ᠪᠠᠭᠰᠢ ᠰᠤᠷᠤᠭᠴᠢ᠂ ᠬᠠᠷᠢᠶ᠎ᠠ ᠲᠤᠭᠤᠷᠢᠬ ᠤᠨ ᠠᠷᠠᠳ ᠤᠯᠠᠨ ᠤ ᠵᠠᠮ ᠬᠠᠷᠢᠯᠴᠠᠭᠠᠨ ᠤ ᠠᠮᠦᠷ ᠲᠦᠪᠰᠢᠨ ᠤ ᠲᠠᠨᠢᠯᠳᠠ ᠶᠢ ᠲᠡᠭᠡᠭᠰᠢᠯᠡᠬᠦᠯᠵᠤ᠂ ᠵᠠᠮ ᠬᠠᠷᠢᠯᠴᠠᠭᠠᠨ ᠤ ᠬᠠᠤᠯᠢ ᠲᠦᠷᠢᠮ ᠢ ᠤᠬᠠᠮᠰᠡᠷ ᠠᠴᠠ ᠪᠠᠨ ᠵᠢᠷᠤᠮᠯᠠᠨ ᠰᠠᠬᠢᠵᠤ᠂ ᠵᠠᠮ ᠬᠠᠷᠢᠯᠴᠠᠭᠠᠨ ᠤ ᠡ᠊ᠨᠳᠠᠯ ᠭᠠᠷᠬᠤ ᠶᠢ ᠰᠡᠷᠬᠡᠶᠢᠯᠡᠬᠦ ᠶᠢᠨ ᠲᠦᠯᠦᠬᠡ᠂ ᠤᠢᠢᠷ᠎ᠠ ᠶᠢᠨ ᠡᠳᠦᠷ ᠮᠠᠨ ᠤ ᠬᠤᠰᠢᠭᠤᠨ ᠤ ᠵᠠᠮ ᠬᠠᠷᠢᠯᠴᠠᠭᠠᠨ ᠤ ᠶᠡᠭᠡ ᠠᠩᠬᠢ ᠶᠢᠨ ᠲᠠᠪᠴᠠᠭ ᠵᠠᠩᠭᠤᠳᠤ ᠲᠤᠮᠳᠠ ᠠᠩᠬᠢ ᠶᠢᠨ ᠠᠷᠠᠳ ᠤᠨ ᠴᠠᠭᠳᠠᠭ᠎ᠠ ᠨᠡᠷ ᠱᠠᠷᠯᠢᠭ ᠭᠤᠤᠯᠳᠠᠯᠭᠠᠳᠤ ᠪᠠᠭ᠎ᠠ ᠰᠤᠷᠭᠠᠭᠤᠯᠢ ᠲᠠᠢ ᠬᠠᠮᠳᠤᠷᠠᠵᠦ ᠵᠠᠮ ᠬᠠᠷᠢᠯᠴᠠᠭᠠᠨ ᠤ ᠠᠮᠦᠷ ᠲᠦᠪᠰᠢᠨ ᠢ ᠪᠠᠳᠤᠯᠠᠬᠤ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠠᠢ᠃      ᠠᠵᠢᠯᠯᠠᠭᠠᠨ ᠤ ᠲᠤᠮᠳᠠ ᠠᠷᠠᠳ ᠤᠨ ᠴᠠᠭᠳᠠᠭ᠎ᠠ ᠠᠴᠠ ᠪᠠᠭᠰᠢ ᠰᠤᠷᠤᠭᠴᠢᠳ ᠲᠤ ᠲᠤᠮᠳᠠ ᠪᠠᠭ᠎ᠠ ᠰᠤᠷᠭᠠᠭᠤᠯᠢ ᠶᠢᠨ ᠰᠤᠷᠤᠭᠴᠢᠳ ᠵᠠᠮ ᠬᠠᠷᠢᠯᠴᠠᠭᠠᠨ ᠤ ᠠᠮᠦᠷ ᠲᠦᠪᠰᠢᠨ ᠤ ᠮᠡᠳᠡᠯᠬᠡ ᠶᠢ ᠬᠡᠷᠬᠢᠨ ᠡᠵᠡᠮᠰᠢᠬᠦ᠂ ᠵᠠᠮ ᠬᠠᠷᠢᠯᠴᠠᠭᠠᠨ ᠤ ᠲᠤᠬᠢᠶ᠎ᠠ ᠲᠡᠮᠳᠡᠭ ᠢ ᠲᠡᠨᠢᠬᠤ᠂ ᠵᠠᠮ ᠬᠠᠷᠢᠯᠴᠠᠭᠠᠨ ᠤ ᠡ᠊ᠨᠳᠠᠯ ᠭᠠᠷᠪᠡᠯ ᠦᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠠᠵᠢᠯ ᠢ ᠬᠡᠷᠬᠢᠨ ᠬᠢᠬᠦ ᠵᠡᠷᠬᠡ ᠦᠨᠳᠦᠰᠦᠨ ᠴᠢᠳᠠᠪᠤᠷᠢ ᠶᠢ ᠠᠮᠢᠳᠤᠯᠢᠭ ᠢᠶᠠᠷ ᠲᠠᠶᠢᠯᠪᠤᠷᠢᠯᠠᠪᠠ᠃ ᠲᠠᠷᠠᠭ᠎ᠠ ᠨᠢ ᠰᠤᠷᠤᠭᠴᠢᠳ ᠢ ᠬᠤᠶᠡᠷ ᠲᠤᠭᠤᠢᠢᠯᠠᠩ ᠪᠤᠯᠭᠠᠨ ᠬᠤᠪᠢᠶᠠᠵᠤ᠂ ᠨᠢᠬᠡ ᠲᠤᠭᠤᠢᠢᠯᠠᠩ ᠨᠢ ᠰᠦᠯᠳᠠ ᠰᠦᠮᠦᠨ ᠤ ᠲᠤᠮᠢᠯᠠᠭᠰᠠᠨ ᠰᠠᠯᠪᠤᠷᠢ᠂ ᠬᠦᠳᠡᠭᠡ ᠲᠤᠰᠬᠤᠨ ᠤ ᠢᠳᠡᠬᠡᠮᠵᠢ ᠶᠢᠨ ᠬᠤᠷᠰᠢᠶ᠎ᠠ᠂ ᠤᠯᠤᠰ ᠤᠨ ᠭᠠᠵᠡᠷ ᠰᠢᠷᠤᠢ ᠶᠢᠨ ᠲᠤᠪᠴᠢᠶ᠎ᠠ᠂ ᠤᠢ ᠰᠢᠭᠤᠢ ᠶᠢᠨ ᠲᠤᠮᠢᠯᠠᠭᠰᠠᠨ ᠰᠠᠯᠪᠤᠷᠢ᠂ ᠪᠤᠷᠤᠬᠦ᠋ᠳᠡᠭᠡ ᠭᠠᠴᠠᠭ᠎ᠠ᠂ ᠰᠦᠯᠳᠠ ᠰᠤᠮᠤᠨ ᠤ ᠠᠷᠠᠳ ᠤᠨ ᠵᠠᠰᠠᠭ ᠤᠨ ᠤᠷᠳᠤᠨ ᠳᠤ ᠬᠦᠷᠴᠦ᠂ ᠨᠦᠬᠦᠬᠡ ᠲᠤᠭᠤᠢᠢᠯᠠᠩ ᠨᠢ ᠱᠠᠷᠯᠢᠭ ᠰᠤᠮᠤᠨ ᠤ ᠠᠷᠠᠯᠵᠢᠶ᠎ᠠ ᠬᠤᠳᠠᠯᠳᠤᠭᠠᠨ ᠤ ᠡᠷᠦᠬᠡ᠂ ᠴᠤᠭᠯᠠᠭ᠎ᠠ ᠮᠠᠶᠢᠮᠠᠢ ᠳᠤ ᠬᠦᠷᠴᠦ ᠤᠬᠠᠭᠤᠯᠬᠤ ᠬᠠᠭᠤᠳᠠᠰᠤ ᠮᠠᠲ᠋ᠧᠷᠢᠶᠠᠯ ᠢ ᠲᠠᠷᠬᠠᠭᠠᠨ ᠤᠬᠠᠭᠤᠯᠭ᠎ᠠ ᠬᠢᠵᠤ ᠵᠠᠮ ᠬᠠᠷᠢᠯᠴᠠᠭᠠᠨ ᠤ ᠠᠮᠦᠷ ᠲᠦᠪᠰᠢᠨ ᠢ ᠪᠠᠳᠤᠯᠠᠬᠤ ᠤᠯᠠᠨ ᠲᠠᠯ᠎ᠠ ᠶᠢᠨ ᠮᠡᠳᠡᠯᠬᠡ ᠶᠢ ᠤᠯᠠᠨ ᠲᠦᠮᠡᠨ ᠳᠤ ᠤᠬᠠᠭᠤᠯᠵᠤ᠂ ᠨᠡᠶᠢᠳᠠ ᠲᠦᠷᠪᠡᠨ ᠵᠠᠭᠤ ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠠᠢ᠃ ᠰᠤᠷᠤᠭᠴᠢᠳ ᠦᠪᠡᠷᠰᠡᠳ ᠢᠶᠠᠨ ᠵᠠᠮ ᠬᠠᠷᠢᠯᠴᠠᠭᠠᠨ ᠤ ᠠᠮᠦᠷ ᠲᠦᠪᠰᠢᠨ ᠢ ᠤᠬᠠᠭᠤᠯᠬᠤ ᠬᠡᠰᠢᠬᠦᠨ ᠪᠤᠯᠵᠤ ᠤᠬᠠᠭᠤᠯᠭ᠎ᠠ ᠶᠢᠨ ᠠᠵᠢᠯᠯᠠᠭ᠎ᠠ ᠳᠤ ᠪᠡᠶᠡᠴᠢᠯᠠᠨ ᠤᠷᠤᠯᠴᠠᠵᠤ᠂ ᠵᠠᠮ ᠬᠠᠷᠢᠯᠴᠠᠭᠠᠨ ᠤ ᠮᠡᠳᠡᠯᠬᠡ ᠶᠢ ᠡᠵᠡᠮᠰᠢᠭᠰᠡᠨ ᠤ ᠬᠠᠮᠳᠤ ᠦᠪᠡᠷ ᠢ ᠪᠠᠨ ᠬᠠᠮᠠᠭᠠᠯᠠᠬᠤ ᠴᠢᠳᠠᠪᠤᠷᠢ ᠶᠢ ᠲᠡᠭᠡᠭᠰᠢᠯᠡᠬᠦᠯᠦᠭᠰᠡᠨ ᠪᠠᠶᠢᠨ᠎ᠠ᠃  
 
ᠢᠷᠡᠯᠲᠡ᠄ ᠣᠷᠳᠣᠰ ᠤᠨ ᠮᠣᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号