ᠨᠤᠳᠤᠭ ᠪᠡᠯᠴᠢᠬᠡᠷ ᠪᠤᠯ ᠮᠠᠯᠴᠢᠨ ᠲᠠᠷᠢᠶᠠᠴᠢᠳ ᠤᠨ ᠠᠮᠢᠨ ᠲᠡᠵᠢᠬᠡᠯ ᠶᠤᠮ᠃ ᠲᠤᠭ ᠪᠠᠯᠭᠠᠰᠤ ᠤᠷᠤᠨ | ᠨᠤᠳᠤᠭ ᠤᠨ ᠤᠨᠴᠠᠯᠢᠭ ᠲᠠᠭᠠᠨ ᠲᠤᠬᠢᠷᠠᠭᠰᠠᠨ ᠠᠮᠢᠳᠤᠯᠢᠭ ᠠᠷᠭ᠎ᠠ ᠪᠠᠷᠢᠯ ᠢᠶᠠᠷ ᠨᠤᠳᠤᠭ ᠪᠡᠯᠴᠢᠬᠡᠷ ᠤᠨ ᠡᠷᠬᠡ ᠶᠢ | ᠳᠣᠭᠲᠠᠭᠠᠵᠤ ᠮᠠᠯᠴᠢᠨ ᠲᠠᠷᠢᠶᠠᠴᠢᠳ ᠤᠨ ᠦᠢᠯᠡᠳᠪᠤᠷᠢᠯᠡᠯ ᠢᠶᠠᠨ ᠬᠦᠭᠵᠢᠬᠦᠯᠵᠦ ᠠᠮᠢᠳᠤᠷᠠᠯ ᠢᠶᠠᠨ ᠲᠡᠬᠡᠭᠰᠢᠯᠡᠬᠦᠯᠬᠦ | ᠳᠤ ᠴᠢᠬᠤᠯᠠ ᠪᠠᠲᠤᠯᠠᠭ᠎ᠠ ᠬᠠᠩᠭᠠᠭᠰᠠᠨ ᠪᠠᠶᠢᠨ᠎ᠠ᠃ | ᠲᠤᠭ ᠪᠠᠯᠭᠠᠰᠤ ᠨᠡᠶᠢᠳᠡ 235 ᠲᠦᠮᠡᠨ ᠮᠤ᠋ ᠨᠤᠳᠤᠭ ᠪᠡᠯᠴᠢᠬᠡᠷ᠂ 10 ᠭᠠᠴᠠᠭ᠎ᠠ ᠲᠤᠰᠬᠤᠨ ᠲᠠᠢ ᠪᠠᠶᠢᠵᠣ | 1997 ᠤᠨ ᠳᠤ ᠨᠤᠳᠤᠭ ᠪᠡᠯᠴᠢᠬᠡᠷ ᠤᠨ ᠡᠷᠬᠡ ᠶᠢ ᠳᠣᠭᠲᠠᠭᠠᠬᠤ ᠦᠶ᠎ᠡ ᠳᠤ ᠬᠦᠮᠦᠨ ᠤ ᠬᠦᠴᠦ ᠪᠠᠷ | ᠬᠤᠪᠢᠶᠠᠭᠰᠠᠨ ᠪᠤᠯᠬᠤᠷ ᠠᠭᠠᠵᠢᠮ ᠳᠠᠭᠠᠨ ᠪᠡᠯᠴᠢᠬᠡᠷ ᠨᠤᠳᠤᠭ ᠤᠨ ᠵᠢᠭᠤᠷᠠᠭᠠᠨ ᠲᠠᠰᠤᠷᠠᠬᠤ ᠦᠬᠡᠢ᠂ ᠪᠡᠯᠴᠢᠬᠡᠷ | ᠨᠤᠳᠤᠭ ᠤᠨ ᠬᠡᠷᠡᠭᠯᠡᠯᠳᠡ ᠶᠢᠨ ᠦᠷ᠎ᠡ ᠪᠦᠳᠦᠮᠵᠢ ᠲᠤᠤᠷ᠎ᠠ ᠵᠡᠷᠬᠡ ᠪᠠᠶᠢᠳᠠᠯ ᠤᠷᠤᠰᠢᠭᠰᠠᠭᠠᠷ ᠢᠷᠡᠵᠡᠢ᠃ ᠡᠨᠡᠬᠦ | ᠪᠠᠶᠢᠳᠠᠯ ᠳᠤ ᠴᠢᠭᠯᠡᠬᠦᠯᠦᠨ ᠲᠤᠭ ᠪᠠᠯᠭᠠᠰᠤ ᠬᠠᠥᠯᠢ ᠶᠢᠨ ᠵᠦᠪᠯᠡᠭᠴᠢ᠂ ᠠᠬᠠᠮᠠᠳ ᠨᠠᠮ ᠤᠨ ᠬᠡᠰᠢᠬᠦᠨ᠂ ᠠᠬᠠᠮᠠᠳ | ᠺᠠᠳ᠋ᠷ᠂ ᠦᠩᠬᠡᠷᠡᠭᠰᠡᠨ ᠳᠤ ᠭᠠᠵᠠᠷ ᠬᠤᠪᠢᠶᠠᠬᠤ ᠳᠤ ᠣᠷᠤᠯᠴᠠᠵᠤ ᠪᠠᠶᠢᠭᠰᠠᠨ ᠬᠦᠮᠦᠰ ᠵᠡᠷᠬᠡ ᠶᠢ ᠲᠠᠶᠢᠴᠢᠯᠠᠬᠤ ᠶᠢᠨ | ᠬᠠᠮᠳᠤ ᠲᠤᠰᠬᠠᠢ ᠮᠡᠷᠬᠡᠵᠢᠯ ᠳᠤ ᠲᠦᠰᠢᠭᠯᠡᠵᠦ ᠨᠤᠳᠤᠭ ᠪᠡᠯᠴᠢᠬᠡᠷ ᠤᠨ ᠡᠷᠬᠡ ᠶᠢ ᠳᠣᠭᠲᠠᠭᠠᠭᠰᠠᠨ ᠪᠠᠶᠢᠨ᠎ᠠ᠃ | ᠨᠤᠲᠤᠭ ᠪᠡᠯᠴᠢᠭᠡᠷ ᠤᠨ ᠡᠷᠬᠡ ᠶᠢ ᠳᠣᠭᠲᠠᠭᠠᠭᠰᠠᠨ ᠤ ᠳᠠᠷᠠᠭ᠎ᠠ ᠭᠠᠵᠠᠷ ᠣᠰᠤᠨ ᠤ ᠵᠢᠭᠤᠷᠠᠭᠠᠨ ᠴᠦᠭᠡᠷᠡᠨ | ᠬᠤᠪᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠦᠨᠡᠨᠬᠦ ᠬᠠᠮᠠᠭᠠᠯᠠᠵᠤ ᠴᠢᠳᠠᠬᠤ ᠵᠡᠷᠭᠡ ᠮᠠᠯᠴᠢᠨ ᠲᠦᠮᠡᠨ ᠳᠤ | ᠠᠰᠢᠭᠲᠠᠢ ᠲᠠᠯ᠎ᠠ ᠤᠯᠠᠨ ᠪᠤᠢ᠃ ᠲᠣᠰ ᠠᠵᠢᠯ ᠤᠨ ᠠᠮᠵᠢᠯᠲᠠᠲᠡᠢ ᠶᠠᠪᠤᠭᠳᠠᠬᠤ ᠶᠢ ᠳᠠᠭᠠᠯᠳᠤᠨ ᠭᠠᠴᠠᠭᠠᠨ ᠤ | ᠮᠠᠯᠴᠢᠳ ᠰᠢᠨ᠎ᠡ ᠠᠵᠤ ᠦᠢᠯᠡᠰ ᠢᠶᠠᠨ ᠲᠥᠯᠥᠪᠵᠢᠭᠦᠯᠦᠨ ᠬᠡᠰᠡᠭ ᠮᠠᠯᠴᠢᠳ ᠥᠪᠡᠷ ᠤᠨ ᠳᠠᠪᠠᠭᠤᠯᠢᠭ | ᠨᠦᠬᠦᠴᠡᠯ ᠢᠶᠠᠨ ᠠᠰᠢᠭᠯᠠᠵᠤ ᠨᠣᠲᠤᠭ ᠪᠡᠯᠴᠢᠭᠡᠷ ᠢᠶᠠᠨ ᠬᠤᠷᠰᠢᠶᠠᠵᠢᠯ ᠤᠨ ᠬᠡᠯᠪᠡᠷᠢ ᠪᠠᠷ ᠨᠡᠶᠢᠯᠡᠭᠦᠯᠵᠦ᠂ ᠲᠠᠷᠠᠬᠠᠢ | ᠪᠣᠲᠠᠷᠬᠠᠢ ᠡᠵᠡᠩᠨᠡᠨ ᠠᠰᠢᠭ ᠣᠷᠣᠯᠭ᠎ᠠ ᠳᠣᠣᠷ᠎ᠠ ᠪᠠᠶᠢᠬᠤ ᠪᠠᠶᠢᠳᠠᠯ ᠢ ᠥᠭᠡᠷᠡᠴᠢᠯᠡᠵᠦ ᠬᠡᠪᠴᠢᠶᠡᠵᠢᠭᠦᠯᠦᠨ ᠡᠵᠡᠩᠨᠡᠬᠦ | ᠵᠠᠮ ᠢᠶᠠᠷ ᠵᠠᠮᠨᠠᠨ ᠦᠢᠯᠡᠳᠪᠦᠷᠢᠯᠡᠯ ᠠᠮᠢᠳᠣᠷᠠᠯ ᠢᠶᠠᠨ ᠴᠢᠨᠠᠭᠰᠢᠳᠠ ᠬᠦᠭᠵᠢᠬᠦᠯᠬᠦ ᠳᠤ ᠴᠢᠬᠤᠯᠠ ᠰᠠᠭᠤᠷᠢ ᠶᠢ | ᠲᠠᠯᠪᠢᠭᠰᠠᠨ ᠪᠠᠶᠢᠨ᠎ᠠ᠃ | |