ᠪᠥᠭᠦ ᠬᠤᠰᠢᠭᠤᠨ ᠤ ︽ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾ ᠵᠢᠴᠢ ᠠᠶᠤᠯᠭᠦᠢ ᠥᠢᠯᠡᠳᠪᠤᠷᠢᠯᠠᠯ ᠤᠨ ᠠᠵᠢᠯ ᠤᠨ ᠲᠤᠭᠢᠷᠠᠭᠤᠯᠤᠯᠳᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2018-06-13
     6 ᠰᠠᠷ᠎ᠠ ᠶᠢᠨ 8 ᠤ ᠡᠳᠦᠷ᠂ ᠪᠥᠭᠦ ᠬᠤᠰᠢᠭᠤᠨ ᠤ ︽ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾ ᠵᠢᠴᠢ ᠠᠶᠤᠯᠭᠦᠢ ᠥᠢᠯᠡᠳᠪᠤᠷᠢᠯᠠᠯ ᠤᠨ ᠠᠵᠢᠯ ᠤᠨ ᠲᠤᠭᠢᠷᠠᠭᠤᠯᠤᠯᠳᠠ ᠶᠢᠨ ᠬᠤᠷᠠᠯ ᠬᠤᠰᠢᠭᠤ ᠵᠠᠰᠠᠭ ᠵᠠᠭᠢᠷᠭᠠᠨ ᠤ ᠥᠢᠯᠡᠴᠢᠯᠡᠭᠡᠨ ᠤ ᠲᠥᠪ ᠲᠤ ᠬᠤᠷᠠᠯᠳᠤᠭᠰᠠᠨ ᠪᠠᠶᠢᠨ᠎ᠠ᠃      ᠬᠤᠳᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠳ᠋ ᠲᠠᠷᠢᠭᠦᠯᠡᠭᠴᠢ ᠬᠤᠰᠢᠭᠤ ᠨᠠᠮ ᠤᠨ ᠬᠤᠷᠢᠶᠠᠨ ᠤ ᠱᠥᠵᠢ ᠵᠢᠷᠭᠠᠯᠳᠤ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠴᠢᠶᠤᠤ ᠶᠥᠨ ᠯᠢ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠢ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠭᠠᠯᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠴᠢᠶᠤᠤ ᠠᠢ ᠫᠢᠩ᠂ ᠬᠤᠰᠢᠭᠤ ᠨᠠᠮ  ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠵᠠᠩ ᡁᠢ ᠰᠢᠥ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠵᠤᠤ ᠶᠥᠩ ᠹᠧᠩ ᠵᠡᠷᠭᠡ ᠭᠡᠷ ᠲᠡᠭᠡᠨ ᠪᠠᠶᠢᠭ᠎ᠠ ᠰᠢᠶᠠᠨ ᠤ ᠲᠠᠰ ᠤᠨ ᠤᠳᠤᠷᠢᠳᠤᠯᠭ᠎ᠠ ᠪᠤᠯᠤᠨ ᠡᠯ᠎ᠠ ᠨᠡᠭᠡᠭᠡᠯᠳᠠ ᠶᠢᠨ ᠤᠷᠤᠨ ︵ᠭᠥᠷᠢᠶᠠᠯᠠᠩ ᠲᠤᠭᠤᠷᠢᠭ︶ ᠤ ᠭᠤᠤᠯ ᠬᠠᠷᠢᠭᠤᠴᠠᠯᠭᠠᠳᠠᠨ᠂ ᠬᠤᠯᠪᠤᠭᠳᠠᠯ ᠪᠥᠭᠦᠢ ᠬᠠᠷᠢᠭᠤᠴᠠᠯᠭᠠᠳᠠᠨ᠂ ᠡᠯ᠎ᠠ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠥᠵᠢ᠂ ᠰᠤᠮᠤ ᠪᠠᠯᠭᠠᠰᠤᠨ ᠲᠠᠷᠤᠭ᠎ᠠ᠂ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃
     ᠵᠢᠷᠭᠠᠯᠳᠤ ᠬᠤᠷᠠᠯ ᠲᠡᠭᠡᠷ᠎ᠡ ᠴᠢᠬᠤᠯᠠᠴᠢᠯᠠᠬᠤ ᠳᠤ ᠪᠠᠨ᠂ ᠡᠯ᠎ᠠ ᠭᠠᠵᠠᠷ ᠣᠷᠣᠨ ᠡᠯ᠎ᠠ ᠰᠠᠯᠠᠭ᠎ᠠ ᠮᠥᠴᠢᠷ ᠨᠢ ᠤᠯᠤᠰ ᠲᠥᠷᠥ ᠶᠢᠨ ᠵᠤᠭᠰᠤᠴᠠ ᠪᠠᠨ ᠲᠡᠭᠡᠭᠰᠢᠯᠡᠭᠦᠯᠵᠤ᠂ ︽ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾ ᠢ ᠰᠠᠶᠢᠳᠤᠷ ᠭᠢᠭᠦ ᠶᠢᠨ ᠴᠢᠬᠤᠯᠠ ᠠᠴᠢ ᠬᠤᠯᠪᠤᠭᠳᠠᠯ ᠢ ᠭᠥᠢᠴᠡᠳ ᠲᠠᠨᠢᠵᠤ᠂ ︽ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾ ᠢ ᠡᠷᠡᠰ ᠢᠯᠠᠵᠤ᠂ ᠤᠷᠤᠨ ᠬᠤᠳᠠ ᠶᠢᠨ ᠨᠠᠮ ᠤᠨ ᠬᠤᠷᠢᠶᠠᠨ ᠤ ᠰᠢᠢᠳᠪᠦᠷᠢᠳᠦ ᠪᠠᠶᠢᠷᠢᠯᠠᠭᠤᠯᠤᠯᠳᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠭᠡᠷᠡᠭᠳᠠᠢ᠃ ᠰᠢᠶᠠᠨ ᠤ ᠲᠠᠰ ᠤᠨ ᠤᠳᠤᠷᠢᠳᠤᠯᠭ᠎ᠠ᠂ ᠡᠯ᠎ᠠ ᠭᠠᠵᠠᠷ ᠣᠷᠤᠨ ᠡᠯ᠎ᠠ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠡᠭᠦᠷᠭᠡᠯᠠᠭᠦ ᠴᠢᠬᠤᠯᠠ ᠲᠠᠢ ᠬᠠᠷᠢᠭᠤᠴᠠᠯᠭ᠎ᠠ ᠪᠠᠨ ᠴᠢᠩᠭ᠎ᠠ ᠡᠭᠦᠷᠭᠡᠯᠡᠵᠤ᠂ ᠲᠠᠭᠤᠷᠢᠶᠠᠯ ᠲᠠᠭᠠᠭᠤᠯᠤᠭᠴᠢ ᠶᠢᠨ ᠥᠢᠯᠡᠳᠤᠯ ᠢᠶᠠᠨ ᠭᠥᠢᠴᠡᠳ ᠪᠠᠳᠠᠷᠠᠭᠤᠯᠵᠤ᠂ ᠲᠤᠯᠤᠭᠠᠶᠢᠯᠠᠨ ᠡᠭᠦᠷᠭᠡᠯᠡᠵᠤ ᠲᠤᠯᠤᠭᠠᠶᠢᠯᠠᠨ ᠠᠵᠢᠯᠯᠠᠵᠤ ᠲᠤᠯᠤᠭᠠᠶᠢᠯᠠᠨ ᠬᠠᠷᠢᠭᠤᠴᠠᠬᠤ ᠭᠡᠷᠡᠭᠳᠠᠢ᠃ ᠠᠷᠭ᠎ᠠ ᠪᠠᠷᠢᠯ ᠤᠨ ᠰᠢᠨ᠎ᠠ ᠶᠢ ᠡᠭᠦᠳᠴᠤ᠂ ᠠᠰᠠᠭᠤᠳᠠᠯ ᠢ ᠤᠯᠠᠨ ᠲᠠᠯ᠎ᠠ ᠠᠴᠠ ᠪᠤᠳᠤᠯᠭᠢᠯᠠᠵᠤ᠂ ᠲᠠᠷᠢᠭᠦᠨ ᠤ ᠲᠤᠷᠰᠢᠯᠭ᠎ᠠ ᠪᠠᠷ ᠲᠤᠯᠢ ᠪᠤᠯᠭᠠᠵᠤ᠂ ᠭᠥᠴᠥᠳᠠᠢ ᠰᠠᠶᠢᠨ ᠠᠷᠭ᠎ᠠ ᠭᠡᠮᠵᠢᠶ᠎ᠠ ᠲᠤᠭᠳᠠᠭᠠᠨ ᠭᠠᠷᠭᠠᠬᠤ᠂ ᠴᠡᠭᠴᠡᠯᠠᠨ ᠰᠠᠶᠢᠵᠢᠷᠠᠭᠤᠯᠤᠯᠳᠠ ᠶᠢ ᠴᠢᠩᠭ᠎ᠠ ᠠᠳᠬᠤᠵᠤ᠂ ᠢᠯᠠᠷᠡᠭᠰᠠᠨ ᠠᠰᠠᠭᠤᠳᠠᠯ ᠢ ᠡᠷᠢᠨ ᠭᠠᠷᠭᠠᠵᠤ ᠴᠠᠭ ᠲᠠᠷᠤᠢ ᠳᠤ ᠨᠢ ᠵᠠᠰᠠᠨ ᠴᠡᠭᠴᠡᠯᠠᠵᠤ᠂ ᠨᠠᠶᠢᠳᠠᠪᠤᠷᠢᠵᠢᠭᠤᠯᠤᠯᠳᠠ ᠶᠢ ᠤᠷᠤᠨᠵᠢᠭᠤᠯᠬᠤ ᠭᠡᠷᠡᠭᠳᠡᠢ᠃ ᠱᠠᠭᠠᠷᠳᠠᠨ ᠪᠠᠶᠢᠴᠠᠭᠠᠯᠳᠠ ᠶᠢ ᠴᠢᠩᠭᠠᠳᠬᠠᠵᠤ᠂ ᠤᠳᠤᠷᠢᠳᠤᠮᠵᠢ ᠶᠢ ᠲᠤᠳᠤᠷᠬᠠᠶᠢᠯᠠᠨ᠂ ᠥᠷ᠎ᠠ ᠪᠥᠳᠥᠮᠵᠢ ᠶᠢ ᠪᠤᠳᠠᠳᠠᠢ ᠭᠥᠮᠤᠨ ᠳᠤ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠡᠯ᠎ᠠ ᠲᠥᠷᠥᠯ ᠤᠨ ᠠᠵᠢᠯ ᠥᠢᠯᠡᠰ  ᠤᠨ ᠴᠢᠨᠠᠷ ᠰᠠᠶᠢᠳᠠᠢ ᠭᠥᠭᠵᠢᠯᠳᠠ ᠶᠢ ᠠᠭᠢᠭᠤᠯᠬᠤ ᠳᠤ ᠦᠵᠡᠬᠦᠯᠪᠡᠰᠦ ᠵᠤᠭᠢᠬᠤ ᠬᠤᠪᠢ ᠨᠠᠮᠠᠷᠢ ᠪᠠᠨ ᠡᠷᠭᠦᠭᠦ ᠭᠡᠷᠡᠭᠳᠠᠢ ᠭᠡᠵᠡᠢ᠃      ᠴᠢᠶᠤᠤ ᠶᠥᠨ ᠯᠢ ᠴᠢᠬᠤᠯᠠᠴᠢᠯᠠᠬᠤ ᠳᠤ ᠪᠠᠨ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠥᠴᠢᠷ ᠨᠢ ᠥᠵᠡᠯ ᠰᠠᠨᠠᠭ᠎ᠠ ᠲᠠᠨᠢᠯᠳᠠ ᠪᠠᠨ ᠤᠯᠠᠮ ᠨᠢᠭᠡ ᠠᠯᠬᠤᠮ ᠲᠡᠭᠡᠭᠰᠢᠯᠡᠭᠦᠯᠵᠤ᠂ ᠲᠥᠪ ᠤᠷᠤᠨ ᠬᠤᠳᠠ ᠶᠢᠨ ᠱᠠᠭᠠᠷᠳᠠᠯᠭ᠎ᠠ ᠶᠤᠰᠤᠭᠠᠷ ︽ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾ ᠪᠤᠯᠤᠨ ᠠᠶᠤᠯᠭᠦᠢ ᠥᠢᠯᠡᠳᠪᠤᠷᠢᠯᠠᠯ ᠤᠨ ᠠᠵᠢᠯ ᠤᠨ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠬᠤ ᠭᠡᠷᠡᠭᠳᠠᠢ᠃ ᠭᠥᠨᠳᠤ ᠶᠡᠭᠡ ᠲᠥᠭᠰᠢᠭᠦᠷᠢ ᠶᠢ ᠰᠠᠷᠭᠡᠶᠢᠯᠠᠨ ᠰᠢᠢᠳᠪᠦᠷᠢᠯᠡᠬᠦ ᠠᠵᠢᠯ ᠢ ᠰᠠᠶᠢᠨ ᠭᠢᠵᠤ᠂ ᠥᠷᠢ ᠥᠭᠴᠡᠭᠡ ᠶᠢ ᠢᠯᠭᠠᠷᠠᠭᠤᠯᠬᠤ ᠠᠷᠭ᠎ᠠ ᠵᠠᠮ ᠢ ᠥᠷᠭᠡᠳᠭᠡᠨ᠂ ᠠᠷᠭ᠎ᠠ ᠪᠠᠷᠢᠯ ᠢ ᠰᠢᠨᠡᠳᠭᠡᠵᠤ᠂ ᠥᠷᠢ ᠥᠭᠴᠡᠭᠡ ᠶᠢ ᠬᠠᠤᠯᠢ ᠶᠤᠰᠤᠭᠠᠷ ᠢᠯᠭᠠᠷᠠᠭᠤᠯᠵᠤ᠂ ᠭᠠᠵᠠᠷ ᠤᠷᠤᠨ ᠤ ᠮᠥᠩᠭᠦᠨ ᠬᠦᠢᠯᠭᠡᠭᠡᠨ ᠤ ᠲᠥᠭᠰᠢᠭᠦᠷᠢ ᠶᠢ ᠰᠠᠷᠭᠡᠶᠢᠯᠡᠭᠦ ᠭᠡᠷᠡᠭᠳᠠᠢ᠃ ᠨᠠᠷᠢᠯᠢᠭ ᠤᠨᠤᠪᠴᠢᠳᠠᠢ ᠪᠠᠷ ᠶᠠᠳᠠᠭᠤ ᠠᠴᠠ ᠠᠩᠭᠢᠵᠢᠷᠭᠤᠯᠬᠤ ᠠᠵᠢᠯ ᠢ ᠰᠠᠶᠢᠨ ᠭᠢᠵᠤ ᠠᠰᠠᠭᠤᠳᠠᠯ ᠤᠨ ᠴᠡᠭᠴᠡᠯᠠᠨ ᠰᠠᠶᠢᠵᠢᠷᠠᠭᠤᠯᠤᠯᠳᠠ ᠶᠢ ᠴᠢᠩᠭ᠎ᠠ ᠠᠳᠬᠤᠨ᠂ ᠺᠠᠳ᠋ᠷ ᠤᠨ ᠭᠥᠮᠤᠵᠢᠯ ᠪᠤᠯᠪᠠᠰᠤᠷᠠᠯ ᠢ ᠴᠢᠩᠭᠠᠳᠬᠠᠨ᠂ ᠭᠠᠴᠠᠭᠠᠨ ᠳᠤ ᠰᠠᠭᠤᠭ᠎ᠠ ᠺᠠᠳ᠋ᠷ ᠤᠨ ᠥᠢᠯᠡᠳᠤᠯ ᠢ ᠪᠠᠳᠠᠷᠠᠭᠤᠯᠵᠤ᠂ ᠱᠠᠭᠠᠷᠳᠠᠨ ᠪᠠᠶᠢᠴᠠᠭᠠᠯᠳᠠ ᠶᠢᠨ ᠬᠠᠷᠢᠭᠤᠴᠠᠯᠭ᠎ᠠ ᠨᠡᠭᠡᠮᠵᠢᠯᠠᠭᠦ ᠶᠢ ᠴᠢᠩᠭᠠᠳᠬᠠᠨ᠂ ᠬᠠᠷᠢᠭᠤᠴᠠᠯᠭ᠎ᠠ ᠨᠡᠭᠡᠮᠵᠢᠯᠠᠭᠦ ᠪᠠᠷ ᠶᠠᠳᠠᠭᠤ ᠶᠢ ᠲᠠᠳᠭᠦᠭᠦ ᠠᠵᠢᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ  ᠶᠢ ᠠᠭᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠠᠵᠢᠯ ᠢ ᠨᠡᠩ ᠤᠨᠤᠪᠴᠢᠳᠠᠢ ᠨᠡᠩ ᠨᠠᠷᠢᠯᠢᠭ ᠠᠭᠢᠭᠤᠯᠬᠤ ᠭᠡᠷᠡᠭᠳᠠᠢ᠃ ᠪᠤᠭᠢᠷᠳᠤᠯ ᠢ ᠰᠠᠷᠭᠡᠶᠢᠯᠠᠨ ᠵᠠᠰᠠᠬᠤ ᠠᠵᠢᠯ ᠢ ᠰᠠᠶᠢᠨ ᠭᠢᠵᠤ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠥᠵᠠᠯ ᠰᠠᠨᠠᠭ᠎ᠠ ᠶᠢ ᠭᠥᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠰᠠᠭᠤᠳᠠᠯ ᠢ ᠴᠡᠭᠴᠡᠯᠠᠨ ᠰᠠᠶᠢᠵᠢᠷᠠᠭᠤᠯᠬᠤ ᠭᠥᠴᠥᠯᠡᠴᠠ ᠪᠠᠨ ᠴᠢᠩᠭᠠᠳᠬᠠᠨ᠂ ᠵᠠᠭᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠵᠤᠭᠢᠰᠳᠠᠢ ᠰᠢᠢᠳᠪᠦᠷᠢᠯᠡᠬᠦ ᠭᠡᠷᠡᠭᠳᠠᠢ᠃ ᠠᠶᠤᠯᠭᠦᠢ ᠥᠢᠯᠡᠳᠪᠤᠷᠢᠯᠠᠯ ᠤᠨ ᠠᠵᠢᠯ ᠢ ᠪᠠᠶᠢᠩᠭᠤᠵᠢᠭᠤᠯᠵᠤ᠂ ︽ᠭᠠᠵᠠᠷ ᠤᠷᠤᠨ ᠤ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠠᠶᠤᠯᠭᠦᠢ ᠥᠢᠯᠠᠳᠪᠤᠷᠢᠯᠠᠯ ᠤᠨ ᠬᠠᠷᠢᠭᠤᠴᠠᠯᠭ᠎ᠠ ᠶᠢᠨ ᠲᠥᠷᠢᠮ  ᠤᠨ ᠲᠤᠭᠳᠠᠭᠠᠯ︾ ᠤᠨ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ᠂ ᠠᠶᠤᠯᠳᠠᠢ ᠭᠢᠮᠢ ᠶᠢᠨ ᠪᠤᠳᠠᠰ᠂ ᠵᠠᠮ ᠬᠠᠷᠢᠯᠴᠠᠭ᠎ᠠ ᠵᠠᠷᠭᠡ ᠭᠤᠤᠯᠳᠠᠯᠭ᠎ᠠ ᠲᠠᠢ ᠴᠠᠷᠠᠭᠠᠨ ᠤ ᠠᠶᠤᠯᠭᠦᠢ ᠥᠢᠯᠡᠳᠪᠤᠷᠢᠯᠠᠯ ᠤᠨ ᠲᠠᠯᠳᠠ ᠭᠡᠮ ᠢ ᠪᠠᠶᠢᠴᠠᠭᠠᠨ ᠴᠡᠭᠴᠡᠯᠡᠬᠦ ᠶᠢ ᠥᠷᠭᠦᠯᠵᠢᠯᠠᠨ ᠴᠢᠩᠭ᠎ᠠ ᠠᠳᠬᠤᠵᠤ᠂ 24 ᠴᠠᠭ ᠤᠨ ᠵᠢᠵᠢᠭᠦᠷᠯᠡᠭᠦ ᠲᠥᠷᠢᠮ ᠢ ᠴᠢᠩᠭ᠎ᠠ ᠭᠡᠷᠡᠭᠵᠢᠭᠦᠯᠤᠨ᠂ ᠥᠶᠠᠷ ᠢ ᠰᠠᠷᠭᠡᠶᠢᠯᠠᠨ ᠪᠠᠴᠢᠮ ᠪᠠᠶᠢᠳᠠᠯ ᠢ ᠰᠢᠢᠳᠪᠦᠷᠢᠯᠡᠬᠦ ᠪᠡᠯᠡᠳᠭᠡᠯ ᠢ ᠰᠠᠶᠢᠨ ᠭᠢᠵᠤ᠂ ᠨᠠᠶᠢᠭᠡᠮ  ᠤᠨ ᠶᠡᠭᠡ ᠪᠠᠶᠢᠳᠠᠯ ᠤᠨ ᠡᠶ᠎ᠡ ᠵᠤᠭᠢᠴᠠᠯ ᠲᠤᠭᠳᠠᠭᠤᠨ ᠢ ᠬᠠᠮᠠᠭᠠᠯᠠᠬᠤ ᠭᠡᠷᠡᠭᠳᠠᠢ ᠭᠡᠵᠡᠢ᠃      ᠬᠤᠷᠠᠯ ᠲᠡᠭᠡᠷ᠎ᠡ ᠵᠠᠩ ᡁᠢ ᠰᠢᠥ᠋ᠩ ︽ᠭᠠᠵᠠᠷ ᠤᠷᠤᠨ ᠤ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠠᠶᠤᠯᠭᠦᠢ ᠥᠢᠯᠠᠳᠪᠤᠷᠢᠯᠠᠯ ᠤᠨ ᠬᠠᠷᠢᠭᠤᠴᠠᠯᠭ᠎ᠠ ᠶᠢᠨ ᠲᠥᠷᠢᠮ ᠤᠨ ᠲᠤᠭᠳᠠᠭᠠᠯ︾ ᠤᠨ ᠵᠤᠷᠢᠭ ᠰᠠᠨᠠᠭ᠎ᠠ ᠶᠢ ᠤᠯᠠᠮᠵᠢᠯᠠᠪᠠ᠃ ᠬᠤᠰᠢᠭᠤ ᠡᠳ᠋ ᠤᠨ ᠵᠠᠰᠠᠭ ᠤᠨ ᠲᠤᠪᠴᠢᠶ᠎ᠠ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠪᠴᠢᠶ᠎ᠠ᠂ ᠶᠠᠳᠠᠭᠤ ᠶᠢ ᠲᠠᠳᠭᠦᠨ ᠨᠡᠭᠡᠭᠡᠯᠳᠠ ᠭᠢᠭᠦ ᠲᠥᠪ᠂ ᠠᠶᠤᠯᠭᠦᠢ ᠥᠢᠯᠡᠳᠪᠤᠷᠢᠯᠠᠯ ᠤᠨ ᠭᠢᠨᠠᠨ ᠬᠠᠮᠢᠶᠠᠷᠤᠯᠳᠠ ᠶᠢᠨ ᠲᠤᠪᠴᠢᠶ᠎ᠠ ᠶᠢᠨ ᠬᠠᠷᠢᠭᠤᠴᠠᠯᠭᠠᠳᠠᠨ ᠠᠴᠠ ︽ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾ ᠪᠤᠯᠤᠨ ᠠᠶᠤᠯᠭᠦᠢ ᠥᠢᠯᠡᠳᠪᠤᠷᠢᠯᠠᠯ ᠤᠨ ᠠᠵᠢᠯ ᠤᠨ ᠪᠠᠶᠢᠳᠠᠯ ᠳᠤ ᠲᠤᠰ ᠲᠤᠰ ᠬᠠᠷᠢᠭᠤ ᠮᠡᠳᠡᠭᠦᠯᠥᠯᠳᠠ ᠭᠢᠪᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号