6 ᠰᠠᠷ᠎ᠠ ᠶᠢᠨ 9 ᠤ ᠡᠳᠤᠷ᠂ ᠬᠤᠳᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠳ᠋ ᠲᠡᠷᠢᠭᠦᠯᠡᠭᠴᠢ | ᠬᠤᠰᠢᠭᠤ ᠨᠠᠮ ᠤᠨ ᠬᠤᠷᠢᠶᠠᠨ ᠤ ᠱᠥᠵᠢ ᠵᠢᠷᠭᠠᠯᠳᠤ᠂ ᠰᠢᠷᠬᠤᠰᠤᠨ ᠪᠠᠯᠭᠠᠰᠤ ᠰᠥᠯᠳᠠ ᠰᠤᠮᠤ ᠪᠠᠷ ᠭᠥᠨᠵᠡᠭᠡᠶᠢᠷᠠᠨ | ᠂ ᠰᠤᠮᠤ ᠪᠠᠯᠭᠠᠰᠤᠨ ᠤ ᠡᠯ᠎ᠠ ᠲᠥᠷᠥᠯ ᠤᠨ ᠭᠤᠤᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠳᠤ ᠪᠠᠶᠢᠴᠠᠭᠠᠨ | ᠰᠤᠳᠤᠯᠤᠯᠳᠠ ᠭᠢᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶᠠᠨ ᠤ | ᠠᠯᠪᠠᠨ ᠭᠡᠷ ᠤᠨ ᠡᠷᠭᠢᠯᠡᠭᠴᠢ ᠵᠤᠤ ᠶᠥᠩ ᠹᠧᠩ᠂ ᠬᠤᠰᠢᠭᠤ ᠤᠳᠤᠷᠢᠳᠤᠯᠭ᠎ᠠ ᠸᠠᠩ ᠭᠠᠩ ᠪᠤᠯᠤᠨ ᠰᠥᠯᠳᠠ | ᠰᠤᠮᠤᠨ ᠤ ᠬᠠᠷᠢᠭᠤᠴᠠᠯᠭᠠᠳᠠᠨ ᠪᠠᠷᠠᠳᠠᠨ ᠪᠠᠶᠢᠴᠠᠭᠠᠪᠠ᠃ | ᠵᠢᠷᠭᠠᠯᠳᠤ ᠨᠠᠷ ᠤᠷᠢᠳ ᠬᠤᠵᠢᠳ ᠰᠢᠷᠬᠤᠰᠤᠨ ᠪᠠᠯᠭᠠᠰᠤᠨ ᠤ ᠰᠢᠷᠬᠤᠰᠤ ᠲᠤᠰᠬᠤᠨ᠂ ᠬᠤᠨᠵᠢᠨ ᠴᠠᠶᠢᠳᠠᠮ | ᠲᠤᠰᠬᠤᠨ᠂ ᠪᠠᠳᠤ ᠶᠢᠨ ᠲᠤᠬᠤᠢ ᠲᠤᠰᠬᠤᠨ᠂ ᠰᠥᠯᠳᠠ ᠰᠤᠮᠤᠨ ᠤ ᠱᠠᠷᠯᠢᠭ ᠭᠠᠴᠠᠭ᠎ᠠ ᠵᠡᠷᠭᠡ ᠪᠠᠷ ᠭᠥᠨᠵᠡᠭᠡᠶᠢᠷᠡᠨ᠂ | ᠭᠠᠴᠠᠭ᠎ᠠ ᠲᠤᠰᠬᠤᠨ ᠨᠠᠶᠢᠭᠡᠮ ᠲᠤᠭᠤᠷᠢᠭ ᠤᠨ ᠬᠤᠶᠠᠷ ᠵᠥᠪᠯᠠᠯ ᠤᠨ ᠬᠤᠭᠤᠴᠠᠭ᠎ᠠ ᠰᠤᠯᠢᠬᠤ᠂ ᠨᠠᠷᠢᠯᠢᠭ | ᠤᠨᠤᠪᠴᠢᠳᠠᠢ ᠪᠠᠷ ᠶᠠᠳᠠᠭᠤ ᠶᠢ ᠲᠠᠳᠭᠦᠭᠦ᠂ ᠤᠷᠴᠢᠨ ᠲᠤᠭᠤᠷᠢᠨ ᠡᠷᠡᠭᠦᠯ ᠬᠠᠮᠭᠠᠯᠠᠯ ᠤᠨ ᠴᠡᠭᠴᠡᠯᠡᠯᠳᠠ᠂ ᠲᠤᠰᠬᠤᠨ | ᠤ ᠬᠠᠮᠳᠤ ᠶᠢᠨ ᠠᠵᠤ ᠠᠬᠤᠢ ᠶᠢᠨ ᠪᠥᠳᠥᠭᠡᠨ ᠪᠠᠶᠢᠭᠤᠯᠤᠯᠳᠠ ᠶᠢᠨ ᠲᠥᠷᠥᠯ ᠵᠥᠢᠯ᠂ ᠭᠤᠷᠪᠠᠨ ᠶᠡᠭᠡ ᠪᠤᠭᠤᠮᠳᠠ | ᠰᠢᠪᠳᠤᠯᠬᠤ ᠲᠠᠶᠢᠯᠠᠯᠳᠤᠭᠠᠨ ᠵᠡᠷᠭᠡ ᠭᠤᠤᠯᠳᠠᠯᠭ᠎ᠠ ᠲᠠᠢ ᠠᠵᠢᠯ ᠳᠤ ᠲᠤᠬᠠᠢ ᠶᠢᠨ ᠭᠠᠵᠠᠷ ᠲᠤᠨᠢ ᠪᠠᠶᠢᠴᠠᠭᠠᠨ | ᠰᠤᠳᠤᠯᠤᠯᠳᠠ ᠭᠢᠭᠰᠡᠨ ᠪᠠᠶᠢᠨ᠎ᠠ᠃ ᠡᠭᠦᠨ ᠤ ᠬᠠᠮᠳᠤ ᠬᠤᠯᠪᠤᠭᠳᠠᠯ ᠪᠥᠭᠦᠢ ᠮᠠᠲ᠋ᠧᠷᠢᠶᠠᠯ ᠢ ᠪᠠᠶᠢᠴᠠᠭᠠᠨ ᠥᠵᠠᠵᠤ | ᠪᠠᠯᠭᠠᠰᠤ ᠲᠤᠰᠬᠤᠨ ᠤ ᠬᠠᠷᠢᠭᠤᠴᠠᠯᠭᠠᠳᠠᠨ ᠠᠴᠠ ᠡᠯ᠎ᠠ ᠲᠥᠷᠥᠯ ᠤᠨ ᠠᠵᠢᠯ ᠤᠨ ᠠᠭᠢᠴᠠ ᠶᠢᠨ ᠪᠠᠶᠢᠳᠠᠯ ᠢ | ᠤᠶᠢᠯᠠᠭᠠᠭᠰᠠᠨ ᠪᠠᠶᠢᠨ᠎ᠠ᠃ | ᠵᠢᠷᠭᠠᠯᠳᠤ ᠴᠢᠬᠤᠯᠠᠴᠢᠯᠠᠬᠤ ᠳᠤ ᠪᠠᠨ᠂ ᠡᠯ᠎ᠠ ᠰᠤᠮᠤ ᠪᠠᠯᠭᠠᠰᠤ ᠥᠵᠠᠯ ᠰᠠᠨᠠᠭ᠎ᠠ ᠲᠠᠨᠢᠯᠳᠠ ᠪᠠᠨ ᠤᠯᠠᠮ ᠨᠢᠭᠡ | ᠠᠯᠬᠤᠮ ᠲᠡᠭᠡᠭᠰᠢᠯᠡᠭᠦᠯᠵᠤ᠂ ᠵᠤᠭᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠡᠯ᠎ᠠ ᠲᠥᠷᠥᠯ | ᠤᠨ ᠠᠵᠢᠯ ᠢ ᠨᠠᠷᠢᠯᠢᠭ ᠪᠤᠳᠠᠳᠠᠢ ᠭᠢᠵᠤ᠂ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ | ᠭᠢᠵᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠡᠯ᠎ᠠ ᠲᠥᠷᠥᠯ ᠤᠨ ᠠᠵᠢᠯ ᠥᠢᠯᠡᠰ ᠤᠨ ᠴᠢᠨᠠᠷ | ᠰᠠᠶᠢᠳᠠᠢ ᠭᠥᠭᠵᠢᠯᠳᠠ ᠶᠢ ᠠᠭᠢᠭᠤᠯᠬᠤ ᠭᠡᠷᠡᠭᠳᠠᠢ ᠭᠡᠵᠡᠢ᠃ | ᠵᠢᠷᠭᠠᠯᠳᠤ ᠱᠠᠭᠠᠷᠳᠠᠬᠤ ᠳᠤ ᠪᠠᠨ᠂ ᠬᠠᠮᠳᠤ ᠶᠢᠨ ᠠᠵᠤ ᠠᠬᠤᠢ ᠶᠢ ᠤᠯᠠᠮ ᠭᠥᠭᠵᠢᠭᠦᠯᠵᠤ᠂ ᠲᠤᠬᠠᠢ ᠶᠢᠨ | ᠭᠠᠵᠠᠷ ᠤᠨ ᠨᠥᠭᠦᠴᠠᠯ ᠪᠤᠯᠤᠨ ᠠᠵᠤ ᠥᠢᠯᠡᠰ ᠤᠨ ᠭᠥᠭᠵᠢᠯᠳᠠ ᠲᠠᠢ ᠤᠶᠠᠯᠳᠤᠭᠤᠯᠤᠨ᠂ ᠭᠠᠴᠠᠭ᠎ᠠ ᠲᠤᠰᠬᠤᠨ ᠤ | ᠬᠠᠮᠳᠤ ᠶᠢᠨ ᠠᠵᠤ ᠠᠬᠤᠢ ᠶᠢ ᠪᠤᠵᠠᠭᠠᠶᠢᠷᠠᠭᠤᠯᠵᠤ᠂ ᠤᠯᠠᠨ ᠲᠥᠮᠡᠨ ᠳᠤ ᠠᠰᠢᠭ ᠭᠥᠷᠳᠡᠭᠡᠵᠤ᠂ ᠶᠠᠳᠠᠭᠤ ᠶᠢ | ᠲᠠᠳᠭᠦᠭᠦ ᠥᠷ᠎ᠠ ᠪᠥᠳᠥᠭᠡᠯ ᠢ ᠪᠠᠭᠢᠵᠢᠭᠦᠯᠭᠦ ᠭᠡᠷᠡᠭᠳᠠᠢ᠃ ᠤᠷᠴᠢᠨ ᠲᠤᠭᠤᠷᠢᠨ ᠤ ᠬᠠᠮᠭᠠᠯᠠᠯᠳᠠ ᠶᠢᠨ ᠡᠯ᠎ᠠ ᠲᠥᠷᠥᠯ | ᠤᠨ ᠠᠵᠢᠯ ᠢ ᠰᠠᠶᠢᠨ ᠭᠢᠵᠤ᠂ ᠭᠢᠨᠠᠯᠳᠠ ᠲᠠᠯᠪᠢᠬᠤ ᠪᠠᠶᠢᠴᠠᠭᠠᠯᠳᠠ ᠶᠢᠨ ᠭᠥᠴᠥᠯᠠᠴᠠ ᠪᠠᠨ ᠨᠡᠮᠡᠭᠳᠡᠭᠦᠯᠤᠨ᠂ ᠤᠷᠴᠢᠨ | ᠲᠤᠭᠤᠷᠢᠨ ᠤ ᠬᠠᠤᠯᠢ ᠶᠢ ᠵᠥᠷᠢᠴᠡᠭᠰᠠᠨ ᠠᠵᠢᠯᠯᠠᠭ᠎ᠠ ᠳᠤ ᠴᠤᠭᠢᠯᠳᠠ ᠥᠭᠭᠦ ᠭᠡᠷᠡᠭᠳᠠᠢ᠃ ᠲᠤᠰᠬᠤᠨ ᠨᠠᠶᠢᠭᠡᠮ | ᠲᠤᠭᠤᠷᠢᠭ ᠤᠨ ᠬᠤᠶᠠᠷ ᠵᠥᠪᠯᠠᠯ ᠤᠨ ᠬᠤᠭᠤᠴᠠᠭ᠎ᠠ ᠰᠤᠯᠢᠬᠤ ᠠᠵᠢᠯ ᠤᠨ ᠲᠤᠭᠢᠷᠠᠭᠤᠯᠤᠯᠳᠠ ᠪᠤᠯᠤᠨ ᠵᠤᠭᠢᠶᠠᠨ | ᠪᠠᠶᠢᠭᠤᠯᠤᠯᠳᠠ ᠶᠢᠨ ᠭᠡᠷᠡᠭᠵᠢᠭᠦᠯᠥᠯᠳᠠ ᠶᠢ ᠴᠢᠩᠭᠠᠳᠬᠠᠨ᠂ ᠬᠤᠭᠤᠴᠠᠭ᠎ᠠ ᠰᠤᠯᠢᠬᠤ ᠠᠵᠢᠯ ᠤᠨ ᠬᠠᠤᠯᠢ ᠶᠤᠰᠤᠭᠠᠷ | ᠡᠮᠭᠢ ᠴᠡᠭᠴᠠ ᠲᠠᠢ ᠤᠷᠤᠭᠰᠢᠳᠠᠢ ᠶᠠᠪᠤᠭᠳᠠᠬᠤ ᠶᠢ ᠪᠠᠳᠤᠯᠠᠬᠤ ᠭᠡᠷᠡᠭᠳᠠᠢ ᠭᠡᠵᠡᠢ᠃ |