ᠤᠶᠢᠷ᠎ᠠ ᠶᠢᠨ ᠡᠳᠣᠷ᠂ ᠦᠣᠰᠢᠨ ᠬᠤᠰᠢᠭᠤᠨ ᠤ 2018 ᠤᠨ ᠤ ᠨᠡᠶᠢᠬᠡᠮ ᠤᠨ ᠰᠢᠨᠵᠢᠯᠡᠬᠦ ᠤᠬᠠᠭᠠᠨ ᠢ | ᠲᠦᠬᠡᠮᠡᠯᠵᠢᠬᠦᠯᠬᠦ ᠭᠠᠷᠠᠭ ᠵᠢᠴᠢ ︽ᠨᠤᠮ ᠤᠨ ᠪᠤᠶᠠᠨᠲᠤ ᠦᠤᠰᠢᠨ︾ ᠤ ᠪᠦᠬᠦ ᠠᠷᠠᠳ ᠢᠶᠠᠷ ᠢᠶᠠᠨ ᠨᠤᠮ ᠤᠩᠰᠢᠬᠤ | ᠠᠵᠢᠯᠯᠠᠭ᠎ᠠ ᠰᠤᠪᠤᠷᠭ᠎ᠠ ᠠᠭᠤᠳᠠᠮ ᠲᠠᠯᠠᠪᠠᠢ ᠳᠤ ᠡᠬᠢᠯᠡᠪᠡ᠃ | ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠯᠢ ᠰᠢᠤ ᠹᠧᠩ᠂ ᠬᠤᠰᠢᠭᠤ ᠳᠡᠳ᠋ ᠲᠠᠷᠤᠭ᠎ᠠ ᠪᠠᠶᠠᠠᠴᠡᠩᠬᠡᠯ᠂ ᠬᠤᠰᠢᠭᠤ ᠤᠯᠤᠰ ᠲᠦᠷᠦ ᠶᠢᠨ | ᠵᠦᠪᠯᠡᠯᠭᠡᠨ ᠤ ᠳᠡᠳ᠋ ᠲᠡᠷᠢᠬᠦᠯᠡᠭᠴᠢ ᠤᠶᠤᠨᠪᠢᠯᠢᠭ᠌ ᠵᠢᠴᠢ ᠤᠬᠠᠭᠤᠯᠬᠤ ᠬᠡᠯᠳᠡᠰ ᠤᠨ ᠬᠠᠷᠢᠭᠤᠴᠠᠯᠭᠠᠳᠠᠨ᠂ ᠪᠦᠬᠦ | ᠬᠤᠰᠢᠭᠤᠨ ᠤ ᠡᠯ᠎ᠡ ᠠᠯᠪᠠᠨ ᠪᠠᠶᠢᠭᠤᠯᠭ᠎ᠠ ᠶᠢᠨ ᠺᠠᠳ᠋ᠷ ᠠᠵᠢᠯᠳᠠᠨ᠂ ᠦᠷᠭᠡᠨ ᠤᠯᠠᠨ ᠮᠠᠯᠴᠢᠨ ᠲᠠᠷᠢᠶᠠᠴᠢᠳ᠂ | ᠨᠡᠶᠢᠬᠡᠮ ᠤᠨ ᠡᠯ᠎ᠡ ᠡᠳᠡᠭᠡᠳ ᠤᠨ ᠬᠢᠨ ᠡᠬᠢᠯᠡᠯᠳᠡ ᠶᠢᠨ ᠶᠤᠰᠤᠯᠠᠯ ᠳᠤ ᠤᠷᠤᠯᠴᠠᠪᠠ᠃ | ᠶᠤᠰᠤᠯᠠᠯ ᠳᠡᠭᠡᠷ᠎ᠡ ᠯᠢ ᠰᠢᠤ ᠹᠧᠩ ᠠᠵᠢᠯᠯᠠᠭ᠎ᠠ ᠡᠬᠢᠯᠡᠭᠰᠡᠨ ᠢ ᠵᠠᠷᠯᠠᠵᠤ᠂ ᠪᠠᠶᠠᠠᠴᠡᠩᠬᠡᠯ ᠶᠠᠷᠢᠶ᠎ᠠ ᠲᠠᠯᠪᠢᠪᠠ᠃ | ᠲᠡᠷᠡ ᠵᠢᠭᠠᠵᠤ ᠭᠠᠷᠭᠠᠭᠰᠠᠨ ᠨᠢ᠂ ᠡᠨᠡᠬᠦ ᠠᠵᠢᠯᠯᠠᠭ᠎ᠠ ᠨᠢ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠤᠶᠤᠨ ᠤ | ᠪᠤᠯᠪᠠᠰᠤᠨ ᠤ ᠠᠮᠢᠳᠤᠷᠠᠯ ᠢ ᠪᠠᠶᠠᠯᠢᠭᠵᠢᠭᠤᠯᠬᠤ ᠪᠤᠳᠠᠲᠤ ᠠᠵᠢᠯᠯᠠᠭ᠎ᠠ ᠪᠦᠬᠡᠳ ᠪᠦᠬᠦ ᠤᠯᠤᠰ ᠤᠨ ᠰᠢᠶᠠᠨ ᠤ ᠳᠡᠰ | ᠤᠨ ᠪᠤᠯᠪᠠᠰᠤᠨ ᠬᠤᠲᠠ ᠶᠢ ᠴᠤᠭᠴᠠᠯᠠᠨ ᠪᠠᠶᠢᠭᠤᠯᠬᠤ ᠠᠵᠢᠯᠯᠠᠭᠠᠨ ᠤ ᠴᠢᠬᠤᠯᠠ ᠠᠷᠭ᠎ᠠ ᠪᠠᠷᠢᠯ ᠪᠤᠯᠤᠨ᠎ᠠ᠃ ᠨᠡᠩ | ᠴᠦ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ | ᠨᠡᠶᠢᠬᠡᠮ ᠵᠢᠷᠤᠮᠲᠤ ᠭᠤᠤᠯᠯᠠᠭᠴᠢ ᠦᠷᠳᠡᠭ ᠤᠨ ᠦᠵᠡᠯᠳᠡ ᠶᠢ ᠦᠢᠯᠡᠳᠦᠯᠬᠡᠵᠢᠬᠦᠯᠬᠦ ᠪᠤᠳᠠᠳᠣ ᠠᠵᠢᠯᠯᠠᠭ᠎ᠠ ᠪᠤᠯᠤᠨ᠎ᠠ᠃ | ᠬᠤᠵᠢᠮ ᠡᠯ᠎ᠡ ᠰᠠᠯᠠᠭ᠎ᠠ ᠮᠦᠴᠢᠷ ᠤᠨ ᠬᠢᠨ ᠨᠡᠶᠢᠬᠡᠮ ᠤᠨ ᠰᠢᠨᠵᠢᠯᠡᠬᠦ ᠤᠬᠠᠭᠠᠨ ᠤ ᠲᠦᠬᠡᠮᠡᠯᠵᠢᠬᠦᠯᠦᠯᠳᠡ ᠶᠢᠨ | ᠠᠵᠢᠯᠯᠠᠭ᠎ᠠ ᠶᠢ ᠢᠯᠡᠬᠦᠬᠡᠨ ᠦᠷᠨᠢᠬᠦᠯᠵᠦ᠂ ᠨᠤᠮ ᠤᠨ ᠪᠤᠶᠠᠨᠲᠤ ᠦᠤᠰᠢᠨ ᠤ ᠪᠠᠶᠢᠭᠤᠯᠤᠯᠳᠠ ᠶᠢ ᠲᠦᠷᠭᠡᠳᠬᠡᠨ᠂ | ᠪᠦᠬᠦ ᠠᠷᠠᠳ ᠤᠨ ᠬᠡᠪ ᠪᠤᠯᠪᠠᠰᠤᠷᠠᠯ ᠢ ᠳᠡᠭᠡᠭᠰᠢᠯᠡᠬᠦᠯᠵᠦ᠂ ᠪᠦᠬᠦ ᠠᠷᠠᠳ ᠤᠨ ᠨᠤᠮ ᠤᠩᠰᠢᠬᠤ ᠢᠳᠡᠪᠬᠢᠵᠢᠯ ᠢ | ᠲᠠᠶᠢᠴᠢᠯᠠᠨ᠂ ᠪᠦᠬᠦ ᠨᠡᠶᠢᠬᠡᠮ ᠲᠠᠶᠠᠭᠠᠷ ᠢᠶᠠᠨ ᠨᠤᠮ ᠤᠩᠰᠢᠬᠤ ᠲᠤᠷᠠᠳᠠᠢ᠂ ᠨᠤᠮ ᠢᠯᠡᠬᠦᠦ ᠤᠩᠰᠢᠬᠤ᠂ ᠰᠠᠶᠢᠨ | ᠨᠤᠮ ᠤᠩᠰᠢᠬᠤ ᠠᠭᠤᠷ ᠠᠮᠢᠰᠬᠤᠯ ᠢ ᠪᠦᠷᠢᠯᠳᠦᠬᠦᠯᠬᠦ ᠬᠡᠷᠡᠭᠲᠠᠢ ᠬᠡᠵᠡᠢ᠃ | ᠠᠵᠢᠯᠯᠠᠭᠠᠨ ᠳᠤ᠂ 2017 ᠤᠨ ᠤ ︽ᠪᠦᠬᠦ ᠤᠯᠤᠰ ᠤᠨ ᠮᠠᠯᠴᠢᠨ ᠲᠠᠷᠢᠶᠠᠴᠢᠳ ᠤᠨ ᠲᠠᠭᠤᠷᠢᠶᠠᠯ ᠨᠤᠮ | ᠤᠨ ᠦᠷᠦᠬᠡ︾ ᠪᠠ ︽ᠪᠦᠬᠦ ᠤᠷᠤᠨ ᠤ ᠨᠤᠮ ᠤᠨ ᠪᠤᠶᠠᠨᠳᠣ ᠭᠡᠷ ᠪᠦᠯᠢ︾ ᠵᠡᠷᠭᠡ ᠢᠷᠠᠭᠤ ᠠᠯᠳᠠᠷ ᠢ | ᠬᠦᠷᠳᠡᠭᠰᠡᠳ ᠢ ᠱᠠᠩᠨᠠᠨ ᠬᠦᠬᠢᠬᠦᠯᠪᠡ᠃ | ᠠᠬᠤᠢ ᠳᠠᠯᠠᠪᠤᠷ ᠲᠤ ᠠᠵᠢᠯᠯᠠᠭᠠᠨ ᠳᠤ ᠤᠷᠤᠯᠴᠠᠭᠰᠠᠳ ᠠᠴᠠ 2018 ᠤᠨ ᠤ ᠨᠡᠶᠢᠬᠡᠮ ᠤᠨ ᠰᠢᠨᠵᠢᠯᠡᠬᠦ | ᠤᠬᠠᠭᠠᠨ ᠢ ᠲᠦᠬᠡᠮᠡᠯᠵᠢᠬᠦᠯᠬᠦ ᠭᠠᠷᠠᠭ ᠵᠢᠴᠢ ︽ᠨᠤᠮ ᠤᠨ ᠪᠤᠶᠠᠨᠲᠤ ᠦᠤᠰᠢᠨ︾ ᠤ ᠪᠦᠬᠦ ᠠᠷᠠᠳ ᠢᠶᠠᠷ ᠢᠶᠠᠨ ᠨᠤᠮ | ᠤᠩᠰᠢᠬᠤ ᠠᠵᠢᠯᠯᠠᠭᠠᠨ ᠤ ᠦᠵᠡᠬᠦᠯᠦᠯᠭᠡ ᠶᠢᠨ ᠰᠠᠮᠪᠠᠷ᠎ᠠ ᠲᠡᠭᠡᠷ᠎ᠡ ᠨᠡᠷ᠎ᠡ ᠪᠠᠨ ᠦᠯᠡᠳᠡᠭᠡᠭᠰᠡᠨ ᠪᠠᠶᠢᠨ᠎ᠠ᠃ | ᠠᠵᠢᠯᠯᠠᠭᠠᠨ ᠳᠤ ᠪᠠᠰᠠ ᠰᠢᠨᠵᠢᠯᠡᠬᠦ ᠤᠬᠠᠭᠠᠨ ᠮᠡᠷᠭᠡᠵᠢᠯ᠂ ᠬᠠᠤᠯᠢ ᠴᠠᠭᠠᠵᠠ ᠵᠡᠷᠭᠡ ᠪᠠᠶᠢᠭᠤᠯᠭ᠎ᠠ ᠠᠴᠠ | ᠤᠬᠠᠭᠤᠯᠭ᠎ᠠ ᠶᠢᠨ ᠬᠠᠭᠤᠳᠠᠰᠣ ᠲᠠᠷᠬᠠᠭᠠᠨ᠂ ᠨᠡᠬᠦᠳᠡᠯ ᠨᠤᠮ ᠤᠨ ᠰᠠᠩ ᠨᠤᠮ ᠵᠢᠭᠡᠯᠡᠬᠦ ᠦᠢᠯᠡᠴᠢᠯᠡᠭᠡ ᠶᠢ ᠬᠠᠨᠭ᠍ᠭᠠᠵᠣ | ᠂ ᠬᠤᠰᠢᠭᠤ ᠤᠯᠠᠭᠠᠨᠮᠦ᠋ᠴᠢᠷ ᠤᠨ ᠲᠤᠭᠯᠠᠭᠴᠢᠳ ᠭᠤᠴᠤ ᠰᠠᠶᠢᠬᠠᠨ ᠲᠤᠭᠯᠠᠯᠳᠠ ᠪᠠᠷ ᠢᠶᠠᠨ ᠦᠵᠡᠭᠴᠢᠳ ᠢ | ᠪᠠᠶᠠᠰᠬᠠᠯ᠎ᠠ᠃ |