ᠰᠢ ᠶᠢᠨ ᠫᠢᠩ ᠬᠤᠷᠠᠯ ᠢ ᠡᠷᠬᠢᠯᠡᠭᠰᠡᠨ ᠪᠦᠬᠡᠳ ᠴᠢᠬᠤᠯᠠ ᠶᠠᠷᠢᠶ᠎ᠠ ᠳᠠᠯᠪᠢᠵᠠᠢ | ︽ᠱᠠᠩᠬᠠᠢ ᠶᠢᠨ ᠵᠤᠷᠢᠭ ᠰᠠᠨᠠᠭ᠎ᠠ︾ ᠶᠢ ᠴᠢᠨᠠᠬᠰᠢᠳᠠ ᠪᠠᠳᠠᠷᠠᠭᠤᠯᠤᠨ ᠱᠠᠩᠬᠠᠢ ᠶᠢᠨ ᠬᠠᠮᠳᠤᠷᠠᠯᠴᠠᠭᠠᠨ ᠤ | ᠵᠤᠬᠢᠶᠠᠨ ᠪᠠᠶᠢᠭᠤᠯᠤᠯᠳᠠ ᠶᠢᠨ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠠᠶᠢᠭᠤᠯᠤᠶ᠎ᠠ ᠬᠡᠵᠤ ᠴᠢᠬᠤᠯᠠᠴᠢᠯᠠᠪᠠ | ᠰᠢᠨᠬᠤᠸᠠ ᠬᠤᠷᠢᠶᠠᠨ ᠤ ᠴᠢᠩᠳᠤᠤ ᠶᠢᠨ 6 ᠰᠠᠷ᠎ᠠ ᠶᠢᠨ 10 ᠤ ᠴᠠᠬᠢᠯᠭᠠᠨ ᠮᠡᠳᠡᠭᠡ ᠱᠠᠩᠬᠠᠢ ᠶᠢᠨ | ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ ᠶᠢᠨ ᠪᠦᠷᠢᠯᠳᠦᠬᠦᠨ ᠤᠯᠤᠰ ᠤᠳ ᠤᠨ ᠳᠦᠷᠦᠬᠦᠴᠦᠳ ᠤᠨ ᠬᠡᠷᠡᠭ | ᠡᠷᠬᠢᠯᠡᠭᠴᠢᠳ ᠤᠨ ᠬᠤᠷᠠᠯ ᠤᠨ ᠠᠷᠪᠠᠨ ᠨᠠᠶᠢᠮᠠᠳᠤᠭᠠᠷ ᠤᠳᠠᠭ᠎ᠠ ᠶᠢᠨ ᠬᠤᠷᠠᠯ 10 ᠤ ᠡᠳᠤᠷ ᠴᠢᠩᠳᠤᠤ ᠶᠢᠨ ᠤᠯᠠᠨ | ᠤᠯᠤᠰ ᠤᠨ ᠬᠤᠷᠠᠯ ᠤᠨ ᠳᠦᠪ ᠲᠤ ᠬᠤᠷᠠᠯᠳᠤᠪᠠ᠃ ᠲᠤᠮᠲᠠᠲᠦ ᠤᠯᠤᠰ ᠤᠨ ᠤᠯᠤᠰ ᠤᠨ ᠲᠡᠷᠢᠬᠦᠯᠡᠭᠴᠢ ᠰᠢ ᠶᠢᠨ | ᠫᠢᠩ ᠬᠤᠷᠠᠯ ᠢ ᠡᠷᠬᠢᠯᠡᠭᠰᠡᠡ ᠪᠦᠭᠡᠳ ᠴᠢᠬᠤᠯᠠ ᠶᠠᠷᠢᠶ᠎ᠠ ᠲᠠᠯᠪᠢᠵᠠᠢ᠃ ᠱᠠᠩᠬᠠᠢ ᠶᠢᠨ ᠬᠠᠮᠳᠤᠷᠠᠯᠴᠠᠭᠠᠨ ᠤ ᠵᠤᠬᠢᠶᠠᠨ | ᠪᠠᠶᠢᠭᠤᠯᠤᠯᠳᠠ ᠶᠢᠨ ᠪᠦᠷᠢᠯᠳᠦᠬᠦᠨ ᠤᠯᠤᠰ ᠤᠳ ᠤᠨ ᠤᠳᠤᠷᠢᠳᠬᠤ ᠬᠦᠮᠦᠨ᠂ ᠪᠠᠶᠢᠩᠭᠤ ᠶᠢᠨ ᠪᠠᠶᠢᠭᠤᠯᠤᠮᠵᠢ ᠶᠢᠨ | ᠬᠠᠷᠢᠭᠤᠴᠠᠯᠭᠠᠳᠠᠨ᠂ ᠠᠵᠢᠬᠯᠠᠬᠴᠢ ᠤᠯᠤᠰ ᠤᠳ ᠤᠨ ᠤᠳᠤᠷᠢᠳᠬᠤ ᠬᠦᠮᠦᠨ ᠵᠢᠴᠢ ᠤᠯᠠᠨ ᠤᠯᠤᠰ ᠤᠨ | ᠬᠤᠯᠪᠤᠭᠠᠳᠤ ᠪᠠᠶᠢᠭᠤᠯᠤᠯᠭ᠎ᠠ ᠵᠡᠷᠬᠡ ᠤᠯᠠᠨ ᠤᠯᠤᠰ ᠤᠨ ᠵᠤᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠳᠠᠳ | ᠬᠤᠷᠠᠯ ᠳᠤ ᠤᠷᠤᠯᠴᠠᠪᠠ᠃ ᠬᠤᠷᠠᠯ ᠳᠤ ᠤᠷᠤᠯᠴᠠᠬᠰᠠᠨ ᠡᠯ᠎ᠡ ᠳᠠᠯ᠎ᠠ ᠶᠢᠨ ᠬᠢᠨ ᠱᠠᠩᠬᠠᠢ ᠶᠢᠨ ᠬᠠᠮᠳᠤᠷᠠᠯᠴᠠᠭᠠᠨ ᠤ | ᠵᠤᠬᠢᠶᠠᠨ ᠪᠠᠶᠢᠭᠤᠯᠤᠯᠳᠠ ᠶᠢᠨ ᠬᠦᠭᠵᠢᠯᠳᠡ ᠶᠢᠨ ᠶᠠᠪᠤᠴᠠ ᠶᠢ ᠬᠠᠮᠳᠤᠪᠡᠷ ᠡᠷᠬᠢᠴᠡᠬᠦᠯᠵᠥ᠂ ᠳᠤᠰ ᠵᠤᠬᠢᠶᠠᠨ | ᠪᠠᠶᠢᠭᠤᠯᠤᠯᠳᠠ ᠶᠢᠨ ᠬᠦᠭᠵᠢᠯᠳᠡ ᠶᠢᠨ ᠤᠳᠤᠬᠢ ᠪᠠᠶᠢᠳᠠᠯ᠂ ᠡᠬᠦᠷᠬᠡ᠂ ᠬᠦᠭᠵᠢᠯᠳᠡ ᠶᠢᠨ ᠢᠷᠡᠬᠡᠳᠦᠢ ᠶᠢᠨ ᠳᠤᠬᠠᠢ | ᠰᠠᠨᠠᠯ ᠢᠶᠠᠨ ᠬᠦᠨᠵᠡᠬᠡᠢ ᠰᠤᠯᠢᠯᠴᠠᠵᠥ᠂ ᠳᠡᠯᠡᠬᠡᠢ ᠶᠢᠨ ᠪᠠ ᠭᠠᠵᠠᠷ ᠤᠷᠤᠨ ᠤ ᠴᠢᠬᠤᠯᠠ ᠶᠡᠭᠡ ᠬᠡᠷᠡᠭ ᠶᠠᠪᠤᠲᠠᠯ ᠤᠨ | ᠳᠤᠬᠠᠢ ᠵᠤᠬᠰᠤᠴᠠ ᠪᠠᠨ ᠵᠤᠬᠢᠴᠠᠭᠤᠯᠵᠥ᠂ ᠦᠷᠬᠡᠨ ᠲᠡᠯᠭᠡᠷ ᠬᠠᠮᠳᠤ ᠶᠢᠨ ᠳᠠᠨᠢᠯᠳᠠ ᠲᠠᠢ ᠪᠤᠯᠤᠭᠰᠠᠨ ᠪᠠᠶᠢᠨ᠎ᠠ᠃ | | | | | 6 ᠰᠠᠷ᠎ᠠ ᠶᠢᠨ 10 ᠤ ᠡᠳᠤᠷ᠂ ᠱᠠᠩᠬᠠᠢ ᠶᠢᠨ ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ ᠶᠢᠨ | ᠪᠦᠷᠢᠯᠳᠦᠬᠦᠨ ᠤᠯᠤᠰ ᠤᠳ ᠤᠨ ᠳᠦᠷᠦᠬᠦᠴᠦᠳ ᠤᠨ ᠬᠡᠷᠡᠭ ᠡᠷᠬᠢᠯᠡᠭᠴᠢᠳ ᠤᠨ ᠬᠤᠷᠠᠯ ᠤᠨ ᠠᠷᠪᠠᠨ ᠨᠠᠶᠢᠮᠠᠳᠤᠭᠠᠷ | ᠤᠳᠠᠭ᠎ᠠ ᠶᠢᠨ ᠬᠤᠷᠠᠯ ᠴᠢᠩᠳᠤᠤ ᠶᠢᠨ ᠤᠯᠠᠨ ᠤᠯᠤᠰ ᠤᠨ ᠬᠤᠷᠠᠯ ᠤᠨ ᠳᠦᠪ ᠲᠤ ᠬᠤᠷᠠᠯᠳᠤᠪᠠ᠃ ᠤᠯᠤᠰ ᠤᠨ | ᠲᠡᠷᠢᠬᠦᠯᠡᠭᠴᠢ ᠰᠢ ᠶᠢᠨ ᠫᠢᠩ ᠬᠤᠷᠠᠯ ᠢ ᠡᠷᠬᠢᠯᠡᠭᠰᠡᠡ ᠪᠦᠭᠡᠳ ᠴᠢᠬᠤᠯᠠ ᠶᠠᠷᠢᠶ᠎ᠠ ᠲᠠᠯᠪᠢᠵᠠᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠤᠸᠠᠢ ᠷᠧᠨ ᠰᠡᠬᠦᠳᠡᠷᠯᠡᠪᠡ᠃ | | | | | 6 ᠰᠠᠷ᠎ᠠ ᠶᠢᠨ 10 ᠤ ᠡᠳᠤᠷ᠂ ᠱᠠᠩᠬᠠᠢ ᠶᠢᠨ ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ ᠶᠢᠨ | ᠪᠦᠷᠢᠯᠳᠦᠬᠦᠨ ᠤᠯᠤᠰ ᠤᠳ ᠤᠨ ᠳᠦᠷᠦᠬᠦᠴᠦᠳ ᠤᠨ ᠬᠡᠷᠡᠭ ᠡᠷᠬᠢᠯᠡᠭᠴᠢᠳ ᠤᠨ ᠬᠤᠷᠠᠯ ᠤᠨ ᠠᠷᠪᠠᠨ ᠨᠠᠶᠢᠮᠠᠳᠤᠭᠠᠷ | ᠤᠳᠠᠭ᠎ᠠ ᠶᠢᠨ ᠬᠤᠷᠠᠯ ᠴᠢᠩᠳᠤᠤ ᠶᠢᠨ ᠤᠯᠠᠨ ᠤᠯᠤᠰ ᠤᠨ ᠬᠤᠷᠠᠯ ᠤᠨ ᠳᠦᠪ ᠲᠤ ᠬᠤᠷᠠᠯᠳᠤᠪᠠ᠃ ᠤᠯᠤᠰ ᠤᠨ | ᠲᠡᠷᠢᠬᠦᠯᠡᠭᠴᠢ ᠰᠢ ᠶᠢᠨ ᠫᠢᠩ ᠬᠤᠷᠠᠯ ᠢ ᠡᠷᠬᠢᠯᠡᠭᠰᠡᠡ ᠪᠦᠭᠡᠳ ᠴᠢᠬᠤᠯᠠ ᠶᠠᠷᠢᠶ᠎ᠠ ᠲᠠᠯᠪᠢᠵᠠᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠳ᠋ᠢᠩ ᠯᠢᠨ ᠰᠡᠬᠦᠳᠡᠷᠯᠡᠪᠡ | 6 ᠰᠠᠷ᠎ᠠ ᠶᠢᠨ ᠴᠢᠩᠳᠤᠤ ᠶᠢᠨ ᠦᠵᠡᠮᠵᠢ ᠵᠢᠷᠤᠬ ᠮᠡᠳᠤ ᠭᠤᠶᠤᠬᠠᠨ᠃ ᠤᠯᠠᠨ ᠤᠯᠤᠰ ᠤᠨ ᠬᠤᠷᠠᠯ ᠤᠨ | ᠳᠦᠪ ᠤᠨ ᠭᠠᠳᠠᠨ᠎ᠠ ᠳᠡᠭᠷᠢ ᠴᠡᠯᠮᠡᠶᠢᠨ ᠳᠠᠯᠠᠢ ᠴᠡᠩᠬᠡᠷᠳᠤᠵᠥ᠂ ᠬᠤᠷᠠᠯ ᠳᠤ ᠤᠷᠤᠯᠴᠠᠬᠴᠢ ᠡᠯ᠎ᠡ ᠤᠯᠤᠰ ᠤᠨ | ᠤᠯᠤᠰ ᠤᠨ ᠳᠤᠭ᠂ ᠱᠠᠩᠬᠠᠢ ᠶᠢᠨ ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ ᠶᠢᠨ ᠳᠤᠭ ᠬᠢᠬᠡᠳ ᠬᠤᠷᠠᠯ ᠳᠤ | ᠤᠷᠤᠯᠴᠠᠬᠴᠢ ᠤᠯᠠᠨ ᠤᠯᠤᠰ ᠤᠨ ᠵᠤᠬᠢᠶᠠᠨ ᠪᠠᠶᠢᠭᠤᠯᠤᠯᠲᠠ ᠶᠢᠨ ᠳᠤᠭ ᠰᠠᠯᠬᠢᠨ ᠤ ᠠᠶ᠎ᠠ ᠪᠠᠷ ᠨᠠᠮᠢᠷᠠᠨ᠎ᠠ᠃ | ᠦᠳᠡ ᠶᠢᠨ ᠡᠮᠤᠨᠡᠬᠢ 11 ᠴᠠᠬ ᠤᠨ ᠦᠶ᠎ᠡ ᠪᠠᠷ ᠬᠤᠷᠠᠯ ᠵᠢᠩᠬᠢᠨᠢ ᠪᠠᠷ ᠡᠬᠢᠯᠡᠪᠡ᠃ | ᠰᠢ ᠶᠢᠨ ᠫᠢᠩ ᠬᠤᠷᠠᠯ ᠡᠬᠢᠯᠡᠬᠦ ᠦᠬᠡ ᠳᠡᠭᠡᠨ ᠡᠩ ᠳᠡᠷᠢᠬᠦᠨ ᠳᠤ ᠡᠯ᠎ᠡ ᠳᠠᠯ᠎ᠠ ᠶᠢᠨ ᠬᠢᠨ ᠤ ᠲᠤᠮᠲᠠᠲᠤ | ᠤᠯᠤᠰ ᠤᠨ ᠲᠡᠷᠢᠭᠦᠯᠡᠭᠴᠢ ᠤᠯᠤᠰ ᠤᠨ ᠲᠤᠰᠢᠶᠠᠯ ᠢ ᠬᠠᠷᠢᠭᠤᠴᠠᠭᠰᠠᠠ ᠨᠢᠬᠡ ᠵᠢᠯ ᠤᠨ ᠳᠤᠷᠰᠢᠬᠢ ᠠᠵᠢᠯ ᠢ ᠪᠦᠬᠦ | ᠬᠦᠴᠦᠨ ᠢᠶᠠᠷ ᠢᠶᠠᠨ ᠳᠡᠮᠵᠢᠭᠰᠡᠨ ᠪᠠ ᠨᠢᠬᠳᠠ ᠬᠠᠮᠵᠢᠯᠴᠠᠭᠰᠠᠠ ᠳᠤ ᠳᠠᠯᠠᠷᠬᠠᠯ ᠢᠶᠠᠨ ᠳᠡᠪᠰᠢᠬᠦᠯᠵᠥ᠂ ᠡᠨᠡ | ᠤᠳᠠᠭ᠎ᠠ ᠶᠢᠨ ᠳᠦᠷᠦᠬᠦᠴᠦᠳ ᠤᠨ ᠬᠤᠷᠠᠯ ᠪᠤᠯ ᠱᠠᠩᠬᠠᠢ ᠶᠢᠨ ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ | ᠪᠦᠷᠢᠯᠳᠦᠬᠦᠨ ᠢᠶᠠᠨ ᠦᠷᠬᠡᠳᠬᠡᠭᠰᠡᠨ ᠤ ᠳᠠᠷᠠᠭ᠎ᠠ ᠬᠤᠷᠠᠯᠳᠤᠭᠤᠯᠤᠬᠰᠠᠨ ᠠᠩᠬᠠᠳᠤᠭᠠᠷ ᠤᠳᠠᠭ᠎ᠠ ᠶᠢᠨ | ᠳᠦᠷᠦᠬᠦᠴᠦᠳ ᠤᠨ ᠬᠤᠷᠠᠯ ᠪᠠᠶᠢᠵᠥ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠬᠡᠬᠡᠵᠥ ᠦᠭᠭᠦ | ᠴᠢᠬᠤᠯᠠ ᠠᠴᠢ ᠬᠤᠯᠪᠤᠬᠳᠠᠯ ᠲᠠᠢ ᠶᠤᠮ᠃ ᠡᠨᠡᠳᠬᠡᠭ ᠤᠨ ᠶᠡᠷᠦᠩᠬᠡᠢ ᠰᠠᠶᠢᠳ ᠮᠦᠸᠧᠳᠢ᠂ ᠫᠠᠺᠢᠰᠲ᠋ᠠᠨ ᠤ | ᠶᠡᠷᠦᠩᠬᠡᠶᠢᠯᠡᠭᠴᠢ ᠾᠧᠦ᠋ᠢᠰᠠᠶᠢᠶ᠋ᠢᠨ ᠠᠩᠬ᠎ᠠ ᠤᠳᠠᠭ᠎ᠠ ᠪᠦᠷᠢᠯᠳᠦᠬᠦᠨ ᠤᠯᠤᠰ ᠤᠨ ᠤᠳᠤᠷᠢᠳᠬᠤ ᠬᠦᠮᠦᠨ ᠤ | ᠬᠤᠪᠢ ᠪᠠᠷ ᠳᠦᠷᠦᠬᠦᠴᠦᠳ ᠤᠨ ᠬᠤᠷᠠᠯ ᠳᠤ ᠤᠷᠤᠯᠴᠠᠬᠰᠠᠨ ᠢ ᠪᠠᠶᠠᠷᠯᠠᠨ ᠤᠬᠳᠤᠵᠥ ᠪᠠᠶᠢᠨ᠎ᠠ ᠬᠡᠵᠥ ᠵᠢᠭᠠᠵᠥ | ᠭᠠᠷᠭᠠᠵᠠᠢ᠃ | ᠡᠬᠦᠨ ᠤ ᠲᠠᠷᠠᠭᠠᠪᠠᠷ ᠰᠢ ᠶᠢᠨ ᠫᠢᠩ ︽︿ᠱᠠᠩᠬᠠᠢ ᠶᠢᠨ ᠵᠤᠷᠢᠭ ᠰᠠᠨᠠᠭ᠎ᠠ﹀ ᠶᠢ ᠪᠠᠳᠠᠷᠠᠭᠤᠯᠵᠥ ᠬᠤᠪᠢ | ᠵᠠᠶᠠᠭᠠᠨ ᠤ ᠬᠠᠮᠳᠤ ᠶᠢᠨ ᠴᠤᠬᠴᠠ ᠶᠢ ᠪᠠᠶᠢᠭᠤᠯᠤᠶ᠎ᠠ︾ ᠬᠡᠬᠦ ᠰᠡᠳᠦᠪᠳᠤ ᠴᠢᠬᠤᠯᠠ ᠶᠠᠷᠢᠶ᠎ᠠ ᠳᠠᠯᠪᠢᠪᠠ᠃ ᠰᠢ ᠶᠢᠨ | ᠫᠢᠩ᠂ ᠱᠠᠩᠬᠠᠢ ᠶᠢᠨ ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ ᠪᠠᠶᠢᠭᠤᠯᠤᠬᠳᠠᠬᠰᠠᠨ 17 ᠵᠢᠯ ᠤᠨ ᠳᠤᠷᠰᠢ | ᠶᠡᠷᠦ ᠪᠤᠰᠤ ᠶᠢᠨ ᠬᠦᠭᠵᠢᠯᠳᠡ ᠶᠢᠨ ᠶᠠᠪᠤᠴᠠ ᠶᠢ ᠦᠩᠬᠡᠷᠡᠬᠦᠯᠵᠥ᠂ ᠴᠢᠬᠤᠯᠠ ᠶᠡᠭᠡ ᠠᠮᠵᠢᠯᠳᠠ ᠪᠦᠳᠦᠮᠵᠢ ᠤᠯᠪᠠ᠃ | ᠪᠢᠳᠡ ︽ᠱᠠᠩᠬᠠᠢ ᠶᠢᠨ ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ ᠶᠢᠨ ᠦᠨᠳᠦᠰᠦᠨ ᠳᠦᠷᠢᠮ︾᠂ ︽ | ᠱᠠᠩᠬᠠᠢ ᠶᠢᠨ ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ ᠶᠢᠨ ᠪᠦᠷᠢᠯᠳᠦᠬᠦᠨ ᠤᠯᠤᠰ ᠤᠳ ᠤᠷᠳᠤ | ᠬᠤᠭᠤᠴᠠᠭ᠎ᠠ ᠪᠠᠷ ᠡᠶᠡᠯᠰᠡᠭ ᠨᠦᠬᠦᠷᠰᠡᠭ ᠢᠶᠠᠷ ᠬᠠᠮᠳᠤᠷᠠᠯᠴᠠᠬᠤ ᠬᠡᠷ᠎ᠡ︾ ᠪᠠᠷ ᠵᠢᠷᠤᠮᠯᠠᠯ ᠪᠤᠯᠭᠠᠵᠥ᠂ ᠬᠤᠯᠪᠤᠭ᠎ᠠ | ᠪᠠᠶᠢᠭᠤᠯᠬᠤ ᠦᠬᠡᠢ᠂ ᠡᠰᠡᠷᠬᠦᠴᠡᠯᠳᠦᠬᠦ ᠦᠬᠡᠢ᠂ ᠭᠤᠷᠪᠠᠳᠤᠭᠠᠷ ᠡᠳᠡᠬᠡᠳ ᠲᠤ ᠬᠠᠨᠳᠤᠭᠤᠯᠬᠤ ᠦᠬᠡᠢ ᠪᠠᠶᠢᠬᠤ | ᠪᠦᠳᠦᠬᠡᠨ ᠪᠠᠶᠢᠭᠤᠯᠤᠯᠳᠠ ᠶᠢᠨ ᠴᠢᠨᠠᠷᠳᠠᠢ ᠬᠠᠨᠢᠳᠠᠨ ᠤ ᠬᠠᠷᠢᠯᠴᠠᠭ᠎ᠠ ᠶᠢ ᠪᠠᠶᠢᠭᠤᠯᠪᠠ᠃ ᠡᠨᠡ ᠪᠤᠯ ᠤᠯᠠᠠ | ᠤᠯᠤᠰ ᠤᠨ ᠬᠠᠷᠢᠯᠴᠠᠭ᠎ᠠ ᠶᠢᠨ ᠤᠨᠤᠯ ᠪᠤᠯᠤᠨ ᠦᠢᠯᠡᠲᠦᠯᠭᠡ ᠶᠢᠨ ᠴᠢᠬᠤᠯᠠ ᠶᠡᠭᠡ ᠰᠢᠨ᠎ᠡ ᠡᠭᠦᠳᠦᠯᠲᠡ ᠪᠠᠶᠢᠵᠥ᠂ | ᠤᠷᠤᠨ ᠪᠦᠰᠡ ᠶᠢᠨ ᠬᠠᠮᠲᠤᠷᠠᠯᠴᠠᠭ᠎ᠠ ᠶᠢᠨ ᠰᠢᠨ᠎ᠠ ᠵᠠᠭᠪᠤᠷ ᠢ ᠡᠭᠦᠳᠴᠤ᠂ ᠭᠠᠵᠠᠷ ᠤᠷᠤᠨ ᠤ ᠡᠩᠭᠡ ᠲᠠᠶᠢᠪᠤᠩ | ᠪᠤᠯᠤᠨ ᠬᠦᠭᠵᠢᠯᠲᠠ ᠳᠤ ᠰᠢᠨ᠎ᠠ ᠬᠤᠪᠢ ᠨᠡᠮᠡᠷᠢ ᠦᠵᠡᠭᠦᠯᠪᠠ᠃ ᠡᠳᠦᠬᠡ ᠱᠠᠩᠬᠠᠢ ᠶᠢᠨ ᠬᠠᠮᠲᠤᠷᠠᠯᠴᠠᠭᠠᠠ ᠤ | ᠵᠤᠬᠢᠶᠠᠠ ᠪᠠᠶᠢᠭᠤᠯᠤᠯᠲᠠ ᠨᠢᠬᠡᠨᠳᠡ ᠲᠡᠯᠡᠭᠡᠢ ᠲᠡᠭᠡᠷᠡᠬᠢ ᠨᠤᠲᠤᠭ ᠲᠡᠪᠢᠰᠭᠡᠷ ᠢᠶᠠᠷ ᠬᠠᠮᠤᠭ ᠤᠨ ᠦᠷᠭᠡᠡ ᠠᠭᠤᠲᠠᠮ᠂ | ᠬᠦᠮᠦᠨ ᠠᠮᠠ ᠪᠠᠷ ᠬᠠᠮᠤᠭ ᠤᠨ ᠤᠯᠠᠠ ᠶᠡᠷᠦᠩᠭᠡᠶᠢᠯᠡᠭᠰᠡᠡ ᠴᠢᠨᠠᠷᠲᠠᠢ ᠤᠷᠤᠨ ᠪᠦᠰᠡ ᠶᠢᠨ ᠬᠠᠮᠲᠤᠷᠠᠯᠴᠠᠭ᠎ᠠ ᠶᠢᠨ | ᠵᠤᠬᠢᠶᠠᠠ ᠪᠠᠶᠢᠭᠤᠯᠤᠯᠲᠠ ᠪᠤᠯᠵᠤ᠂ ᠳᠡᠯᠡᠬᠡᠢ ᠶᠢᠨ ᠨᠦᠯᠦᠬᠡᠯᠡᠬᠦ ᠬᠦᠴᠤᠨ ᠨᠢ ᠲᠠᠰᠤᠷᠠᠯᠲᠠ ᠦᠭᠡᠢ ᠲᠡᠭᠡᠭᠰᠢᠯᠡᠵᠦ᠂ | ᠨᠢᠭᠡᠨᠲᠡ ᠲᠡᠯᠡᠭᠡᠢ ᠶᠢᠨ ᠡᠩᠭᠡ ᠲᠠᠶᠢᠪᠤᠩ ᠪᠤᠯᠤᠨ ᠬᠦᠭᠵᠢᠯᠲᠠ ᠶᠢ ᠠᠬᠢᠭᠤᠯᠬᠤ᠂ ᠤᠯᠠᠠ ᠤᠯᠤᠰ ᠤᠨ ᠳᠦᠪ | ᠭᠤᠤᠯᠴᠢ ᠰᠢᠳᠤᠷᠭᠤ ᠶᠤᠰᠤ ᠶᠢ ᠬᠠᠮᠠᠭᠠᠯᠠᠬᠤ ᠶᠢᠨ ᠤᠮᠲᠤᠭᠠᠶᠢᠢᠯᠠᠵᠦ ᠪᠤᠯᠤᠰᠢ ᠦᠭᠡᠢ ᠴᠢᠬᠤᠯᠠ ᠬᠦᠴᠤᠨ | ᠪᠤᠯᠤᠭᠰᠠᠠ ᠪᠠᠶᠢᠨ᠎ᠠ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠱᠠᠩᠬᠠᠢ ᠶᠢᠨ ᠬᠠᠮᠲᠤᠷᠠᠯᠴᠠᠭᠠᠠ ᠤ ᠵᠤᠬᠢᠶᠠᠠ ᠪᠠᠶᠢᠭᠤᠯᠤᠯᠲᠠ ᠢᠮᠠᠭᠲᠠ ᠦᠷᠨᠢᠭᠦᠨ | ᠬᠦᠭᠵᠢᠩᠭᠦᠢ ᠠᠮᠢᠵᠢᠷᠠᠯ ᠤᠨ ᠬᠦᠴᠤᠨ ᠪᠠ ᠴᠢᠩᠭ᠎ᠠ ᠬᠦᠴᠤᠨ ᠲᠠᠢ ᠬᠠᠮᠲᠤᠷᠠᠯᠴᠠᠭ᠎ᠠ ᠶᠢᠨ ᠬᠦᠲᠡᠯᠭᠡᠬᠦ ᠬᠦᠴᠤᠨ ᠢ | ᠪᠠᠲᠤᠯᠠᠵᠤ ᠴᠢᠲᠠᠭᠰᠠᠠ ᠦᠨᠲᠦᠰᠦᠨ ᠰᠢᠯᠲᠠᠭᠠᠠ ᠪᠤᠯ ︽ᠱᠠᠩᠬᠠᠢ ᠶᠢᠨ ᠵᠤᠷᠢᠭ ᠰᠠᠨᠠᠭ᠎ᠠ︾ ᠶᠢ ᠪᠦᠲᠦᠭᠡᠯᠴᠢ | ᠴᠢᠨᠠᠷᠲᠠᠢ ᠪᠠᠷ ᠲᠤᠷᠠᠲᠤᠭᠰᠠᠠ ᠪᠦᠭᠡᠳ ᠢᠮᠠᠭᠲᠠ ᠦᠢᠯᠡᠲᠦᠯᠭᠡᠵᠢᠭᠦᠯᠵᠤ᠂ ᠬᠠᠷᠢᠯᠴᠠᠨ ᠢᠲᠡᠭᠡᠯᠴᠡᠬᠦ᠂ ᠬᠠᠷᠢᠯᠴᠠᠠ | ᠠᠰᠢᠭᠲᠠᠢ᠂ ᠡᠷᠭᠡ ᠲᠡᠭᠰᠢ ᠪᠠᠶᠢᠬᠤ᠂ ᠵᠦᠪᠲᠡᠯᠴᠡᠭᠡ ᠬᠢᠬᠦ᠂ ᠤᠯᠠᠠ ᠶᠠᠩᠵᠦ ᠶᠢᠨ ᠪᠤᠯᠪᠠᠰᠤᠨ ᠢ ᠬᠦᠨᠲᠦᠳᠭᠡᠬᠦ᠂ | ᠬᠠᠮᠲᠤ ᠶᠢᠨ ᠬᠦᠭᠵᠢᠯᠲᠠ ᠶᠢ ᠡᠷᠢᠯᠬᠢᠯᠡᠭᠰᠡᠡ ᠳᠤ ᠪᠠᠶᠢᠨ᠎ᠠ᠃ ᠤᠳᠤᠬᠠᠨ ᠤ ᠲᠡᠯᠡᠭᠡᠢ ᠶᠢᠷᠲᠢᠠᠴᠤ ᠳᠤ ᠤᠯᠠᠠ | ᠤᠯᠤᠰ ᠤᠨ ᠬᠠᠷᠢᠯᠴᠠᠭ᠎ᠠ ᠶᠢᠨ ᠠᠷᠠᠳᠴᠢᠯᠠᠯᠲᠠ ᠨᠢ ᠬᠤᠷᠢᠠᠠᠯᠠᠭᠲᠠᠰᠢ ᠦᠭᠡᠢ ᠴᠠᠭ ᠦᠶ᠎ᠠ ᠶᠢᠨ ᠤᠷᠤᠰᠬᠠᠯ ᠪᠤᠯᠵᠦ᠂ | ᠠᠮᠤᠷ ᠲᠦᠪᠰᠢᠨ ᠲᠤᠭᠲᠠᠭᠤᠨ ᠪᠠᠶᠢᠬᠤ ᠨᠢ ᠬᠦᠮᠦᠰ ᠤᠨ ᠰᠡᠳᠬᠢᠯ ᠤᠨ ᠬᠠᠨᠲᠤᠰᠢ ᠪᠤᠯᠵᠦ᠂ ᠬᠠᠮᠲᠤᠷᠠᠯᠴᠠᠵᠦ | ᠬᠠᠮᠲᠤᠪᠠᠷ ᠠᠰᠢᠭ ᠬᠦᠷᠲᠡᠬᠦ ᠨᠢ ᠪᠠᠶᠢᠲᠠᠯ ᠤᠨ ᠶᠡᠭᠡ ᠬᠠᠨᠲᠤᠰᠢ ᠪᠤᠯᠵᠦ᠂ ᠠᠲᠠᠯᠢ ᠪᠤᠰᠤ ᠶᠢᠨ ᠪᠤᠯᠪᠠᠰᠤᠨ ᠢ | ᠰᠤᠯᠢᠯᠴᠠᠵᠦ ᠬᠠᠷᠢᠯᠴᠠᠠ ᠲᠤᠯᠢ ᠪᠤᠯᠭᠠᠬᠤ ᠨᠢ ᠡᠯ᠎ᠠ ᠤᠯᠤᠰ ᠤᠨ ᠠᠷᠠᠳ ᠲᠦᠮᠡᠡ ᠤ ᠬᠠᠮᠲᠤ ᠶᠢᠨ ᠬᠦᠰᠡᠯ ᠡᠷᠡᠮᠡᠯᠵᠡᠯ | ᠪᠤᠯᠵᠠᠢ᠃ ᠪᠢᠲᠠ ︽ᠱᠠᠩᠬᠠᠢ ᠶᠢᠨ ᠵᠤᠷᠢᠭ ᠰᠠᠨᠠᠭ᠎ᠠ︾ ᠶᠢ ᠴᠢᠨᠠᠭᠰᠢᠲᠠ ᠪᠠᠲᠠᠷᠠᠭᠤᠯᠵᠤ᠂ ᠰᠢᠨ᠎ᠠ ᠶᠢ ᠡᠭᠦᠳᠬᠦ᠂ | ᠵᠤᠬᠢᠴᠠᠩᠭᠤᠢ᠂ ᠪᠤᠬᠢᠷᠲᠤᠯ ᠦᠭᠡᠢ᠂ ᠨᠡᠭᠡᠭᠡᠯᠲᠡᠳᠤ᠂ ᠬᠠᠮᠲᠤᠪᠡᠷ ᠡᠳ᠋ᠯᠡᠬᠦ ᠬᠦᠭᠵᠢᠯᠲᠠ ᠶᠢᠨ ᠦᠢᠯᠠᠭᠠᠬᠳᠠᠬᠤᠨ ᠢ | ᠰᠠᠨᠠᠭᠠᠴᠢᠯᠠᠵᠦ᠂ ᠬᠠᠮᠲᠤ ᠶᠢᠨ᠂ ᠶᠡᠷᠦᠩᠭᠡᠶᠢᠯᠡᠭᠰᠡᠡ᠂ ᠬᠠᠮᠲᠤᠷᠠᠯᠴᠠᠬᠰᠠᠨ᠂ ᠦᠷᠬᠦᠯᠵᠢᠯᠡᠭᠰᠡᠨ ᠠᠮᠤᠷ ᠲᠦᠪᠰᠢᠨ ᠤ | ᠦᠵᠡᠯᠲᠡ ᠶᠢ ᠦᠢᠯᠡᠲᠦᠯᠭᠡᠵᠢᠭᠦᠯᠵᠦ᠂ ᠨᠡᠭᠡᠭᠡᠯᠲᠡᠲᠡᠢ᠂ ᠠᠭᠤᠰᠤᠯᠴᠠᠠ ᠨᠡᠪᠲᠡᠷᠡᠯᠴᠡᠬᠦ᠂ ᠬᠠᠷᠢᠯᠴᠠᠠ ᠠᠰᠢᠭᠲᠠᠢ᠂ | ᠬᠠᠮᠲᠤᠪᠠᠷ ᠠᠰᠢᠭ ᠬᠦᠷᠲᠡᠬᠦ ᠬᠠᠮᠲᠤᠷᠠᠯᠴᠠᠭᠠᠠ ᠤ ᠦᠵᠡᠯᠲᠡ ᠶᠢ ᠪᠠᠷᠢᠮᠲᠠᠯᠠᠵᠦ᠂ ᠡᠷᠭᠡ ᠲᠡᠭᠰᠢ᠂ ᠬᠠᠷᠢᠯᠴᠠᠠ ᠲᠤᠯᠢ | ᠪᠤᠯᠭᠠᠬᠤ᠂ ᠶᠠᠷᠢᠯᠴᠠᠭ᠎ᠠ ᠬᠢᠬᠦ᠂ ᠪᠠᠭᠲᠠᠭᠠᠮᠵᠢᠲᠠᠢ ᠪᠤᠯᠪᠠᠰᠤᠨ ᠤ ᠦᠵᠡᠯᠲᠡ ᠶᠢ ᠪᠤᠢ ᠪᠤᠯᠭᠠᠵᠦ᠂ ᠬᠠᠮᠲᠤᠪᠠᠷ | ᠵᠦᠪᠲᠡᠵᠦ ᠬᠠᠮᠲᠤᠪᠠᠷ ᠪᠠᠶᠢᠭᠤᠯᠵᠦ ᠬᠠᠮᠲᠤᠪᠠᠷ ᠡᠳ᠋ᠯᠡᠬᠦ ᠪᠦᠬᠦ ᠪᠦᠮᠪᠦᠷᠴᠡᠭ ᠤᠨ ᠵᠠᠰᠠᠯᠲᠠ ᠶᠢᠨ ᠦᠵᠡᠯᠲᠡ ᠶᠢ | ᠪᠠᠷᠢᠮᠲᠠᠯᠠᠵᠦ᠂ ᠴᠠᠭ ᠦᠶ᠎ᠠ ᠶᠢᠨ ᠬᠦᠴᠢᠷ ᠠᠰᠠᠭᠤᠲᠠᠯ ᠢ ᠰᠢᠢᠳᠪᠦᠷᠢᠯᠡᠡ᠂ ᠠᠶᠤᠯ ᠲᠦᠭᠰᠢᠬᠦᠷᠢ ᠦᠷᠢᠰᠦᠯᠲᠦᠭᠡᠡ ᠢ | ᠨᠠᠮᠲᠠᠭᠤᠯᠬᠤ ᠬᠡᠷᠡᠭᠲᠡᠢ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ︽ᠱᠠᠩᠬᠠᠢ ᠶᠢᠨ ᠵᠤᠷᠢᠭ ᠰᠠᠨᠠᠭ᠎ᠠ︾ ᠪᠤᠯ ᠮᠠᠠ ᠤ ᠬᠠᠮᠲᠤ ᠶᠢᠨ ᠦᠪ ᠬᠦᠷᠦᠩᠭᠡ ᠮᠦᠨ᠂ | ᠱᠠᠩᠬᠠᠢ ᠶᠢᠨ ᠬᠠᠮᠲᠤᠷᠠᠯᠴᠠᠭᠠᠠ ᠤ ᠵᠤᠬᠢᠶᠠᠠ ᠪᠠᠶᠢᠭᠤᠯᠤᠯᠲᠠ ᠪᠤᠯ ᠮᠠᠠ ᠤ ᠬᠠᠮᠲᠤ ᠶᠢᠨ ᠭᠡᠷ ᠤᠷᠤᠨ ᠮᠦᠨ᠃ ᠪᠢᠲᠠ | ᠦᠷᠬᠦᠯᠵᠢᠯᠡᠡ ︽ᠱᠠᠩᠬᠠᠢ ᠶᠢᠨ ᠵᠤᠷᠢᠭ ᠰᠠᠨᠠᠭᠠᠨ︾ ᠤ ᠲᠠᠭᠠᠭᠤᠯᠤᠯ ᠲᠤᠤᠷ᠎ᠠ᠂ ᠵᠤᠪᠠᠯ ᠵᠢᠷᠭᠠᠯ ᠢᠶᠠᠨ ᠬᠠᠮᠲᠤᠳᠬᠠᠠ | ᠂ ᠦᠨᠡᠨ ᠰᠡᠳᠭᠢᠯ ᠠᠴᠠ ᠪᠠᠨ ᠬᠠᠮᠲᠤᠷᠠᠯᠴᠠᠵᠦ᠂ ᠰᠡᠳᠭᠢᠯ ᠢᠶᠠᠨ ᠨᠢᠭᠡᠳᠭᠡᠵᠦ ᠬᠦᠴᠤᠨ ᠢᠶᠠᠨ ᠬᠠᠮᠲᠤᠳᠬᠠᠠ | ᠱᠠᠩᠬᠠᠢ ᠶᠢᠨ ᠬᠠᠮᠲᠤᠷᠠᠯᠴᠠᠭᠠᠠ ᠤ ᠵᠤᠬᠢᠶᠠᠠ ᠪᠠᠶᠢᠭᠤᠯᠤᠯᠲᠠ ᠶᠢᠨ ᠬᠤᠪᠢ ᠵᠠᠶᠠᠭᠠᠠ ᠤ ᠬᠠᠮᠲᠤ ᠶᠢᠨ ᠴᠤᠭᠴᠠ ᠶᠢ | ᠪᠠᠶᠢᠭᠤᠯᠵᠦ᠂ ᠰᠢᠨ᠎ᠠ ᠬᠡᠯᠪᠡᠷᠢ ᠶᠢᠨ ᠤᠯᠠᠠ ᠤᠯᠤᠰ ᠤᠨ ᠬᠠᠷᠢᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠵᠦ᠂ ᠦᠨᠢ | ᠤᠳᠠᠭᠠᠨ ᠡᠩᠭᠡ ᠲᠠᠶᠢᠪᠤᠩ᠂ ᠨᠡᠶᠢᠲᠡᠮ ᠳᠡᠭᠡᠨ ᠠᠮᠤᠷ ᠲᠦᠪᠰᠢᠨ᠂ ᠬᠠᠮᠲᠤᠪᠠᠷ ᠴᠡᠴᠡᠭᠯᠡᠡ ᠬᠦᠭᠵᠢᠬᠦ᠂ ᠨᠡᠭᠡᠭᠡᠯᠲᠡᠲᠡᠢ | ᠪᠦᠭᠡᠳ ᠪᠠᠭᠲᠠᠭᠠᠮᠵᠢᠲᠠᠢ᠂ ᠠᠷᠢᠭᠤᠠ ᠴᠡᠪᠡᠷ ᠦᠵᠡᠰᠭᠦᠯᠡᠩᠲᠦ ᠰᠠᠶᠢᠬᠠᠠ ᠲᠡᠯᠡᠭᠡᠢ ᠶᠢᠷᠲᠢᠨᠴᠤ ᠲᠡᠰᠢ ᠭᠠᠷ | ᠬᠤᠯᠪᠤᠯᠴᠠᠠ ᠤᠷᠤᠭᠰᠢᠯᠠᠶ᠎ᠡ ᠭᠡᠵᠦ ᠴᠢᠬᠤᠯᠠᠴᠢᠯᠠᠪᠠ᠃ | ᠨᠢᠭᠡᠳᠦᠭᠡᠷ ᠲᠤ᠂ ᠪᠦᠯᠬᠦᠮᠳᠡᠵᠦ ᠬᠠᠷᠢᠯᠴᠠᠨ ᠢᠲᠡᠭᠡᠯᠴᠡᠬᠦ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠤᠨ᠎ᠠ᠃ | ᠪᠢᠳᠡ ᠲᠤᠰ ᠲᠤᠰ ᠤᠨ ᠢᠶᠠᠨ ᠬᠦᠭᠵᠢᠯᠲᠡ ᠶᠢᠨ ᠵᠠᠮ ᠢᠶᠠᠨ ᠰᠤᠩᠭᠤᠬᠤ ᠶᠢ ᠬᠦᠨᠳᠦᠳᠭᠡᠵᠦ᠂ ᠲᠤᠰ | ᠲᠤᠰ ᠤᠨ ᠢᠶᠠᠨ ᠭᠤᠤᠯᠯᠠᠭᠴᠢ ᠠᠰᠢᠭ ᠲᠤᠰᠠ ᠪᠤᠯᠤᠨ ᠴᠢᠬᠤᠯᠠ ᠶᠡᠭᠡ ᠬᠠᠯᠠᠮᠵᠢᠯᠠᠵᠤ ᠪᠠᠶᠢᠭ᠎ᠠ ᠠᠰᠠᠭᠤᠳᠠᠯ ᠢ | ᠬᠠᠷᠠᠭᠠᠯᠵᠠᠵᠤ᠂ ᠵᠤᠬᠢᠶᠠᠨ ᠪᠠᠶᠢᠭᠤᠯᠤᠯᠲᠠ ᠶᠢᠨ ᠨᠢᠬᠲᠡᠷᠠᠭᠤᠯᠬᠤ ᠬᠦᠴᠦᠨ ᠪᠤᠯᠤᠨ ᠲᠦᠪᠯᠡᠷᠡᠬᠦᠯᠬᠦ ᠬᠦᠴᠦᠨ ᠢ | ᠲᠠᠰᠤᠷᠠᠯᠲᠠ ᠦᠭᠡᠢ ᠨᠡᠮᠡᠭᠳᠡᠭᠦᠯᠬᠦ ᠴᠢᠬᠤᠯᠠᠳᠠᠢ᠃ | ᠬᠤᠶᠠᠳᠤᠭᠠᠷ ᠲᠤ᠂ ᠡᠩᠬᠡ ᠲᠠᠶᠢᠪᠤᠩ ᠠᠮᠤᠷ ᠲᠦᠪᠰᠢᠨ ᠤ ᠬᠠᠮᠲᠤ ᠶᠢᠨ ᠰᠠᠭᠤᠷᠢ ᠶᠢ ᠪᠠᠲᠤ ᠴᠤᠭᠴᠠᠯᠠᠨ᠎ᠠ᠃ | ᠪᠢᠳᠡ ᠰᠡᠷᠭᠡᠶᠢᠯᠡᠨ ᠬᠠᠮᠠᠭᠠᠯᠠᠯᠲᠠ ᠶᠢᠨ ᠠᠮᠤᠷ ᠲᠦᠪᠰᠢᠨ᠂ ᠬᠠᠤᠯᠢ ᠬᠡᠷᠡᠭᠵᠢᠭᠦᠯᠦᠯᠲᠡ ᠶᠢᠨ ᠠᠮᠤᠷ ᠲᠦᠪᠰᠢᠨ᠂ | ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠲᠤᠷᠠᠯᠴᠠᠭ᠎ᠠ ᠶᠢ ᠴᠢᠩᠭᠠᠳᠬᠠᠵᠤ᠂ ᠠᠹᠭᠠᠨᠢᠰᠲ᠋ᠠᠨ ᠤ ᠡᠩᠬᠡ | ᠲᠠᠶᠢᠪᠤᠩ ᠢᠶᠠᠷ ᠳᠠᠬᠢᠨ ᠪᠠᠶᠢᠭᠤᠯᠬᠤ ᠠᠬᠢᠴᠠ ᠶᠢ ᠠᠬᠢᠭᠤᠯᠤᠨ᠎ᠠ᠃ ᠢᠷᠡᠭᠡᠳᠦᠢ ᠶᠢᠨ 3 ᠵᠢᠯ ᠳᠤ᠂ ᠳᠤᠮᠳᠠᠳᠤ ᠶᠢᠨ | ᠲᠠᠯ᠎ᠠ ᠶᠢᠨ ᠬᠢᠨ ᠲᠤᠷᠠᠲᠠᠶ᠎ᠠ ᠡᠯ᠎ᠡ ᠲᠠᠯ᠎ᠠ ᠶᠢᠨ ᠬᠢᠨ ᠳᠤ 2000 ᠨᠡᠷ᠎ᠡ ᠬᠠᠤᠯᠢ ᠬᠡᠷᠡᠭᠵᠢᠭᠦᠯᠬᠦ ᠬᠦᠮᠦᠨ ᠢ | ᠪᠤᠯᠪᠠᠰᠤᠷᠠᠭᠤᠯᠤᠨ ᠦᠭᠴᠦ᠂ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠭᠤᠷᠪᠠᠳᠤᠭᠠᠷ ᠲᠤ᠂ ᠬᠠᠮᠲᠤᠪᠠᠷ ᠬᠦᠭᠵᠢᠵᠦ ᠴᠡᠴᠡᠭᠯᠡᠬᠦ ᠶᠢᠨ ᠬᠦᠴᠦᠷᠬᠡᠭ ᠶᠡᠭᠡ ᠬᠦᠳᠡᠯᠭᠡᠭᠦᠷ ᠢ | ᠴᠤᠭᠴᠠᠯᠠᠨ᠎ᠠ᠃ ᠪᠢᠳᠡ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠪᠠᠨ ᠵᠤᠯᠭᠠᠭᠤᠯᠬᠤ ᠶᠢ ᠠᠬᠢᠭᠤᠯᠵᠤ᠂ ︽ᠨᠢᠭᠡ | ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠭᠠᠵᠠᠷ ᠤᠷᠤᠨ ᠤ ᠠᠷᠠᠯᠵᠢᠶᠠᠨ ᠤ | ᠳᠦᠬᠦᠮᠵᠢᠯᠲᠡ ᠶᠢᠨ ᠠᠬᠢᠴᠠ ᠶᠢ ᠲᠦᠷᠭᠡᠳᠭᠡᠬᠦ ᠴᠢᠬᠤᠯᠠᠳᠠᠢ᠃ ᠳᠤᠮᠳᠠᠳᠤ ᠶᠢᠨ ᠲᠠᠯ᠎ᠠ ᠶᠢᠨ ᠬᠢᠨ ᠱᠠᠩᠬᠠᠢ ᠶᠢᠨ | ᠬᠠᠮᠲᠤᠷᠠᠯᠴᠠᠭᠠᠨ ᠤ ᠵᠤᠬᠢᠶᠠᠨ ᠪᠠᠶᠢᠭᠤᠯᠤᠯᠲᠠ ᠶᠢᠨ ᠪᠠᠩᠭᠢ ᠶᠢᠨ ᠬᠤᠯᠪᠤᠭᠠᠲᠤ ᠴᠤᠭᠴᠠ ᠶᠢᠨ ᠪᠤᠷᠤ ᠲᠦᠯᠦᠪ | ᠳᠤᠲᠤᠷ᠎ᠠ 300 ᠳ᠋ᠦᠡᠭᠰᠢᠭᠤᠷ ᠲᠦᠭᠦᠷᠢᠭ ᠠᠷᠠᠳ ᠤᠨ ᠵᠤᠭᠤᠰ ᠤᠨ ᠲᠡᠩᠴᠡᠭᠦᠦ ᠦᠷᠳᠡᠭ ᠪᠦᠬᠦᠢ ᠲᠤᠰᠬᠠᠢ | ᠲᠦᠷᠦᠯ ᠤᠨ ᠵᠢᠭᠡᠯᠡᠯᠭᠡ ᠶᠢᠨ ᠮᠦᠡᠭᠭᠦ ᠶᠢ ᠪᠠᠶᠢᠭᠤᠯᠤᠨ᠎ᠠ᠃ | ᠳᠦᠷᠪᠡᠳᠦᠭᠡᠷ ᠲᠤ᠂ ᠰᠤᠶᠤᠯ ᠢᠷᠭᠡᠨᠰᠢᠯ ᠤᠨ ᠰᠤᠯᠢᠯᠴᠠᠭ᠎ᠠ ᠬᠠᠮᠲᠤᠷᠠᠯᠴᠠᠭ᠎ᠠ ᠶᠢᠨ ᠬᠠᠮᠲᠤ ᠶᠢᠨ | ᠬᠤᠯᠪᠤᠭᠠᠰᠤ ᠶᠢ ᠴᠢᠩᠭᠠᠯᠠᠨ᠎ᠠ᠃ ᠪᠢᠳᠡ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠰᠤᠶᠤᠯ᠂ | ᠵᠤᠭᠠᠴᠠᠯ᠂ ᠡᠷᠡᠭᠦᠯ ᠬᠠᠮᠠᠭᠠᠯᠠᠯ᠂ ᠭᠠᠮᠰᠢᠭ ᠢ ᠪᠠᠭᠠᠰᠬᠠᠬᠤ᠂ ᠵᠠᠭᠤᠴᠢᠯᠠᠭᠤᠷ᠂ ᠤᠷᠴᠢᠨ ᠲᠤᠭᠤᠷᠢᠨ ᠤ ᠬᠠᠮᠠᠭᠠᠯᠠᠯᠲᠠ | ᠂ ᠵᠠᠯᠠᠭᠤᠴᠤᠳ ᠪᠠᠭᠠᠴᠤᠳ ᠵᠡᠷᠭᠡ ᠬᠦᠷᠢᠶᠡᠨ ᠤ ᠰᠤᠯᠢᠯᠴᠠᠭ᠎ᠠ ᠬᠠᠮᠲᠤᠷᠠᠯᠴᠠᠭ᠎ᠠ ᠶᠢ ᠯᠠᠪᠳᠠᠭᠤᠨ ᠪᠠᠲᠤᠲᠠᠢ | ᠠᠬᠢᠭᠤᠯᠬᠤ ᠴᠢᠬᠤᠯᠠᠳᠠᠢ᠃ ᠢᠷᠡᠭᠡᠳᠦᠢ ᠶᠢᠨ 3 ᠵᠢᠯ ᠳᠤ᠂ ᠳᠤᠮᠳᠠᠳᠤ ᠶᠢᠨ ᠲᠠᠯ᠎ᠠ ᠶᠢᠨ ᠬᠢᠨ ᠡᠯ᠎ᠡ ᠪᠦᠷᠢᠯᠳᠦᠬᠦᠨ | ᠤᠯᠤᠰ ᠲᠤ 3000 ᠬᠦᠮᠦᠨ ᠤ ᠬᠦᠴᠦᠨ ᠤ ᠡᠬᠢ ᠪᠠᠶᠠᠯᠢᠭ ᠢ ᠨᠡᠭᠡᠬᠡᠨ ᠬᠦᠭᠵᠢᠬᠦᠯᠬᠦ ᠪᠤᠯᠪᠠᠰᠤᠷᠠᠯ ᠤᠨ ᠤᠷᠤᠨ | ᠲᠤᠭ᠎ᠠ ᠬᠠᠨᠭ᠍ᠭᠠᠵᠤ᠂ ᠳᠤᠷᠠᠳᠠᠶ᠎ᠠ ᠹᠧᠩ ᠶᠦᠨ ᠬᠤᠶᠠᠳᠤᠭᠠᠷ ᠨᠤᠮᠧᠷᠲᠦ ᠴᠠᠭ ᠠᠭᠤᠷ ᠤᠨ ᠳᠠᠭᠠᠭᠤᠯᠢ ᠤᠳᠤ ᠶᠢ | ᠠᠰᠢᠬᠯᠠᠨ ᠡᠯ᠎ᠡ ᠲᠠᠯ᠎ᠠ ᠶᠢᠨ ᠬᠢᠨ ᠳᠤ ᠴᠠᠭ ᠠᠭᠤᠷ ᠤᠨ ᠦᠢᠯᠡᠴᠢᠯᠡᠭᠡ ᠬᠠᠩᠭᠠᠨ᠎ᠠ᠃ | ᠲᠠᠪᠤᠳᠤᠭᠠᠷ ᠲᠤ᠂ ᠬᠠᠮᠲᠤᠪᠠᠷ ᠤᠯᠠᠨ ᠤᠯᠤᠰ ᠤᠨ ᠬᠠᠮᠲᠤᠷᠠᠯᠴᠠᠭ᠎ᠠ ᠶᠢᠨ ᠬᠠᠨᠢᠲᠠᠨ ᠤ ᠲᠤᠤᠷ ᠰᠦᠯᠵᠢᠶ᠎ᠡ ᠶᠢ | ᠦᠷᠭᠡᠳᠭᠡᠨ᠎ᠡ᠃ ᠪᠢᠳᠡ ᠠᠵᠢᠬᠯᠠᠭᠴᠢ ᠤᠯᠤᠰ᠂ ᠶᠠᠷᠢᠯᠴᠠᠭᠠᠨ ᠤ ᠬᠠᠨᠢᠲᠠᠨ ᠵᠡᠷᠭᠡ ᠭᠠᠵᠠᠷ ᠤᠷᠤᠨ ᠤ | ᠤᠯᠤᠰ ᠯᠤᠭ᠎ᠠ ᠶᠢᠨ ᠰᠤᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠯᠠᠨ ᠤᠯᠤᠰ ᠤᠨ ᠬᠤᠯᠪᠤᠭᠠᠲᠤ | ᠪᠠᠶᠢᠭᠤᠯᠤᠯᠭ᠎ᠠ ᠵᠡᠷᠭᠡ ᠤᠯᠠᠨ ᠤᠯᠤᠰ ᠪᠤᠯᠤᠨ ᠭᠠᠵᠠᠷ ᠤᠷᠤᠨ ᠤ ᠵᠤᠬᠢᠶᠠᠨ ᠪᠠᠶᠢᠭᠤᠯᠤᠯᠲᠠ ᠶᠢᠨ ᠬᠠᠨᠢᠲᠠᠨ ᠤ | ᠬᠠᠷᠢᠯᠴᠠᠭ᠎ᠠ ᠶᠢ ᠨᠢᠭᠲᠠᠷᠠᠭᠤᠯᠵᠤ᠂ ᠤᠯᠠᠨ ᠤᠯᠤᠰ ᠤᠨ ᠮᠦᠡᠭᠭᠦᠨ ᠭᠦᠢᠯᠭᠡᠭᠡᠨ ᠤ ᠪᠠᠶᠢᠭᠤᠯᠤᠮᠵᠢ ᠲᠠᠢ ᠶᠠᠷᠢᠯᠴᠠᠭ᠎ᠠ | ᠦᠷᠨᠢᠭᠦᠯᠵᠦ᠂ ᠬᠠᠯᠠᠮᠰᠢᠯ ᠠᠰᠠᠭᠤᠳᠠᠯ ᠢ ᠨᠠᠮᠲᠠᠭᠠᠬᠤ ᠶᠢ ᠠᠬᠢᠭᠤᠯᠬᠤ᠂ ᠪᠦᠬᠦ ᠪᠦᠮᠪᠦᠷᠴᠡᠭ ᠤᠨ ᠵᠠᠰᠠᠯᠲᠠ ᠶᠢ | ᠲᠡᠭᠦᠯᠳᠡᠷᠵᠢᠭᠦᠯᠬᠦ ᠳᠤ ᠬᠤᠪᠢ ᠨᠡᠮᠡᠷᠢ ᠦᠵᠡᠭᠦᠯᠬᠦ ᠴᠢᠬᠤᠯᠠᠳᠠᠢ᠃ | ᠰᠢ ᠶᠢᠨ ᠫᠢᠩ ᠬᠠᠮᠤᠭ ᠤᠨ ᠰᠡᠭᠦᠯ ᠳᠤ᠂ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠡᠯ᠎ᠡ ᠪᠦᠷᠢᠯᠳᠦᠬᠦᠨ | ᠤᠯᠤᠰ ᠤᠳ ᠲᠠᠢ ᠬᠠᠮᠲᠤᠪᠠᠷ ᠢᠳᠡᠪᠬᠢᠲᠡᠢ ᠪᠦᠭᠡᠳ ᠪᠤᠲᠠᠲᠠᠢ ᠶᠢ ᠡᠷᠬᠢᠮᠯᠡᠬᠦ᠂ ᠨᠦᠬᠦᠷᠰᠡᠭ ᠢᠶᠠᠷ ᠬᠠᠮᠲᠤᠷᠠᠯᠴᠠᠬᠤ | ᠵᠤᠷᠢᠭ ᠰᠠᠨᠠᠭ᠎ᠠ ᠪᠠᠷ ᠡᠨᠡ ᠤᠳᠠᠭ᠎ᠠ ᠶᠢᠨ ᠬᠤᠷᠠᠯ ᠤᠨ ᠬᠠᠮᠲᠤ ᠶᠢᠨ ᠲᠠᠨᠢᠯᠲᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠳᠠᠷᠠᠭ᠎ᠠ ᠡᠭᠡᠯᠵᠢ ᠶᠢᠨ ᠲᠡᠷᠢᠭᠦᠯᠡᠭᠴᠢ ᠤᠯᠤᠰ ᠺᠢᠷᠭᠢᠽᠰᠲ᠋ᠠᠨ ᠤ ᠠᠵᠢᠯ ᠢ ᠳᠡᠮᠵᠢᠵᠤ᠂ | ᠱᠠᠩᠬᠠᠢ ᠶᠢᠨ ᠬᠠᠮᠲᠤᠷᠠᠯᠴᠠᠭᠠᠨ ᠤ ᠵᠤᠬᠢᠶᠠᠨ ᠪᠠᠶᠢᠭᠤᠯᠤᠯᠲᠠ ᠶᠢᠨ ᠨᠡᠩ ᠭᠡᠷᠡᠯ ᠰᠠᠴᠤᠷᠠᠩᠭᠤᠢ ᠰᠠᠶᠢᠨ ᠰᠠᠶᠢᠬᠠᠨ | ᠢᠷᠡᠭᠡᠳᠦᠢ ᠶᠢ ᠭᠠᠷ ᠬᠤᠯᠪᠤᠯᠴᠠᠨ ᠴᠤᠭᠴᠠᠯᠠᠨ᠎ᠠ ᠭᠡᠵᠦ ᠴᠢᠬᠤᠯᠠᠴᠢᠯᠠᠵᠠᠢ᠃ | ᠡᠨᠡᠳᠬᠡᠭ ᠤᠨ ᠶᠡᠷᠤᠩᠬᠡᠢ ᠰᠠᠶᠢᠳ ᠮᠦᠸᠧᠳᠢ᠂ ᠺᠠᠽᠠᠭᠰᠲ᠋ᠠᠨ ᠤ ᠶᠡᠷᠤᠩᠭᠡᠶᠢᠯᠡᠭᠴᠢ ᠨᠠᠵᠠᠷᠪᠠᠶᠧᠹ᠂ | ᠺᠢᠷᠬᠢᠽᠰᠲ᠋ᠠᠨ ᠤ ᠶᠡᠷᠤᠩᠭᠡᠶᠢᠯᠡᠭᠴᠢ ᠿᠧᠨᠪᠢᠶᠧᠺᠧᠹ᠂ ᠫᠠᠺᠢᠰᠲ᠋ᠠᠨ ᠤ ᠶᠡᠷᠤᠩᠭᠡᠶᠢᠯᠡᠭᠴᠢ ᠾᠧᠦ᠋ᠰᠠᠶᠢᠶ᠋ᠢᠨ᠂ ᠤᠷᠤᠰ ᠤᠨ | ᠶᠡᠷᠤᠩᠭᠡᠶᠢᠯᠡᠭᠴᠢ ᠫᠦᠲ᠋ᠢᠨ᠂ ᠲᠠᠵᠢᠺᠰᠲ᠋ᠠᠨ ᠤ ᠶᠡᠷᠤᠩᠭᠡᠶᠢᠯᠡᠭᠴᠢ ᠯᠠᠾᠧᠮᠸᠡᠭ᠂ ᠦᠽᠪᠧᠺᠰᠲ᠋ᠠᠨ ᠤ ᠶᠡᠷᠤᠩᠭᠡᠶᠢᠯᠡᠭᠴᠢ | ᠮᠢᠷᠵᠢᠶᠦ᠋ᠸᠧᠹ᠂ ᠱᠠᠩᠬᠠᠢ ᠶᠢᠨ ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ ᠶᠢᠨ ᠨᠠᠷᠢᠨ ᠪᠢᠴᠢᠭ ᠤᠨ ᠲᠠᠷᠤᠭ᠎ᠠ | ᠠᠯᠢᠮᠦ᠋ᠸᠧᠹ᠂ ᠱᠠᠩᠬᠠᠢ ᠶᠢᠨ ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ ᠶᠢᠨ ᠭᠠᠵᠠᠷ ᠤᠷᠤᠨ ᠤ ᠰᠦᠷᠳᠡᠭᠦᠯᠤᠯ ᠢ | ᠡᠰᠡᠷᠭᠦᠴᠡᠭᠦ ᠪᠠᠶᠢᠭᠤᠯᠤᠮᠵᠢ ᠶᠢᠨ ᠭᠦᠢᠴᠡᠳᠭᠡᠬᠦ ᠵᠦᠪᠯᠡᠯ ᠤᠨ ᠡᠷᠬᠢᠯᠡᠭᠴᠢ ᠰᠧᠰᠦ᠋ᠸᠧᠶᠧᠹ᠂ ᠠᠹᠭᠠᠨᠢᠰᠲ᠋ᠠᠨ ᠤ | ᠶᠡᠷᠤᠩᠬᠡᠶᠢᠯᠡᠭᠴᠢ ᠵᠢᠶᠠᠨᠢ᠂ ᠪᠧᠯᠤᠷᠦ᠋ᠰᠢᠶ᠎ᠠ ᠶᠢᠨ ᠶᠡᠷᠤᠩᠭᠡᠶᠢᠯᠡᠭᠴᠢ ᠯᠤᠺᠠᠱᠧᠨᠺᠧ᠂ ᠢᠷᠠᠨ ᠤ ᠶᠡᠷᠤᠩᠭᠡᠶᠢᠯᠡᠭᠴᠢ | ᠯᠤᠬᠠᠨᠢ᠂ ᠮᠤᠩᠭᠤᠯ ᠤᠯᠤᠰ ᠤᠨ ᠶᠡᠷᠤᠩᠭᠡᠶᠢᠯᠡᠭᠴᠢ ᠪᠠᠳᠤᠲᠤᠯᠭ᠎ᠠ᠂ ᠤᠯᠠᠨ ᠤᠯᠤᠰ ᠤᠨ ᠬᠤᠯᠪᠤᠭᠠᠳᠤ | ᠪᠠᠶᠢᠭᠤᠯᠤᠯᠭ᠎ᠠ ᠶᠢᠨ ᠪᠠᠶᠢᠡᠭᠭᠤ ᠶᠢᠨ ᠲᠡᠳ᠋ ᠨᠠᠷᠢᠨ ᠪᠢᠴᠢᠭ ᠤᠨ ᠲᠠᠷᠤᠭ᠎ᠠ ᠠᠮᠢᠩᠨᠠ ᠤᠷᠢᠳ ᠬᠤᠵᠢᠳ ᠦᠬᠡ ᠬᠡᠯᠡᠪᠡ | ᠃ ᠲᠠᠳᠠᠨᠠᠷ᠂ ᠲᠤᠮᠳᠠᠳᠤ ᠶᠢᠨ ᠲᠠᠯ᠎ᠠ ᠶᠢᠨ ᠬᠢᠨ ᠤ ᠱᠠᠩᠬᠠᠢ ᠶᠢᠨ ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ ᠶᠢᠨ | ᠭᠦᠭᠵᠢᠯᠳᠠ ᠶᠢ ᠠᠬᠢᠭᠤᠯᠬᠤ ᠳᠤ ᠦᠵᠡᠭᠦᠯᠦᠭᠰᠠᠨ ᠬᠤᠪᠢ ᠨᠡᠮᠡᠷᠢ ᠪᠤᠯᠤᠨ ᠲᠡᠷᠢᠭᠦᠯᠡᠭᠴᠢ ᠤᠯᠤᠰ ᠤᠨ ᠲᠤᠰᠢᠶᠠᠯ ᠢ | ᠡᠭᠦᠷᠭᠡᠯᠡᠭᠰᠡᠡ ᠬᠤᠭᠤᠴᠠᠭᠠᠨ ᠳᠠᠬᠢ ᠠᠵᠢᠯ ᠢ ᠲᠡᠭᠡᠳᠤ ᠬᠡᠮᠵᠢᠶ᠎ᠠ ᠪᠠᠷ ᠦᠨᠡᠯᠡᠵᠤ᠂ ᠱᠠᠩᠬᠠᠢ ᠶᠢᠨ ᠬᠠᠮᠳᠤᠷᠠᠯᠴᠠᠭᠠᠨ ᠤ | ᠵᠤᠬᠢᠶᠠᠨ ᠪᠠᠶᠢᠭᠤᠯᠤᠯᠳᠠ ᠡᠨᠡᠳᠬᠡᠭ᠂ ᠫᠠᠺᠢᠰᠲ᠋ᠠᠨ ᠤ ᠤᠷᠤᠯᠴᠠᠬᠤ ᠶᠢ ᠭᠦᠯᠢᠶᠠᠨ ᠠᠪᠤᠭᠰᠠᠨ ᠴᠢᠬᠤᠯᠠ ᠠᠴᠢ | ᠬᠤᠯᠪᠤᠬᠳᠠᠯ ᠢ ᠢᠳᠠᠪᠬᠢᠳᠠᠢ ᠦᠨᠡᠯᠡᠪᠠ᠃ ᠡᠯ᠎ᠠ ᠲᠠᠯ᠎ᠠ ᠶᠢᠨ ᠬᠢᠨ᠂ ︽ᠱᠠᠩᠬᠠᠢ ᠶᠢᠨ ᠵᠤᠷᠢᠭ ᠰᠠᠨᠠᠭ᠎ᠠ︾ ᠶᠢ | ᠦᠷᠭᠦᠯᠵᠢᠯᠡᠨ ᠪᠠᠷᠢᠮᠳᠠᠯᠠᠵᠤ᠂ ᠤᠯᠤᠰ ᠲᠦᠷᠤ᠂ ᠠᠮᠤᠷ ᠲᠦᠪᠰᠢᠨ᠂ ᠠᠵᠤ ᠠᠬᠤᠢ᠂ ᠰᠤᠶᠤᠯ ᠢᠷᠭᠡᠨᠰᠢᠯ ᠵᠡᠷᠭᠡ | ᠭᠦᠷᠢᠶᠡᠨ ᠳᠠᠬᠢ ᠪᠤᠳᠠᠲᠠᠢ ᠶᠢ ᠡᠷᠬᠢᠮᠯᠡᠭᠰᠡᠨ ᠬᠠᠮᠳᠤᠷᠠᠯᠴᠠᠭ᠎ᠠ ᠪᠠᠨ ᠲᠠᠰᠤᠷᠠᠯᠳᠠ ᠦᠭᠡᠢ ᠪᠠᠬᠢᠵᠢᠭᠦᠯᠵᠤ᠂ ᠪᠦᠭᠦ | ᠪᠦᠮᠪᠤᠷᠴᠡᠭ ᠤᠨ ᠠᠵᠤ ᠠᠬᠤᠢ ᠶᠢᠨ ᠵᠠᠰᠠᠯᠳᠠ ᠶᠢᠨ ᠰᠢᠰᠲᠧᠮ ᠢ ᠲᠡᠭᠦᠯᠳᠡᠷᠵᠢᠭᠦᠯᠵᠤ᠂ ᠤᠯᠠᠨ ᠲᠠᠯ᠎ᠠ ᠶᠢᠨ | ᠠᠷᠠᠯᠵᠢᠶᠠᠨ ᠤ ᠪᠠᠶᠢᠭᠤᠯᠤᠮᠵᠢ ᠶᠢ ᠪᠠᠬᠢᠵᠢᠭᠦᠯᠤᠨ ᠭᠦᠭᠵᠢᠭᠦᠯᠵᠤ᠂ ᠤᠯᠠᠨ ᠤᠯᠤᠰ ᠤᠨ ᠬᠠᠤᠯᠢ ᠶᠢᠨ ᠪᠠᠷᠢᠮᠵᠢᠶ᠎ᠠ ᠶᠢᠨ | ᠪᠤᠷᠤ ᠲᠦᠯᠦᠪ ᠲᠤᠳᠤᠷ᠎ᠠ ᠭᠠᠵᠠᠷ ᠤᠷᠤᠨ ᠤ ᠬᠠᠯᠠᠮᠰᠢᠯ ᠠᠰᠠᠭᠤᠳᠠᠯ ᠢ ᠰᠢᠢᠳᠪᠤᠷᠢᠯᠡᠵᠤ᠂ ᠬᠦᠮᠦᠨ ᠳᠦᠷᠦᠯᠬᠢᠳᠡᠨ ᠤ | ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠤ ᠰᠠᠨᠠᠯ ᠨᠢᠭᠡᠳᠤᠯᠳᠠᠢ ᠢᠯᠡᠳᠭᠡᠪᠡ | ᠃ ︽ᠨᠢᠭᠡ ᠪᠦᠰᠠ ᠨᠢᠭᠡ ᠵᠠᠮ︾ ᠤᠨ ᠰᠠᠨᠠᠭᠠᠴᠢᠯᠠᠭ᠎ᠠ ᠲᠠᠬᠢᠨᠳᠡ ᠦᠷᠭᠡᠨ ᠲᠡᠯᠭᠡᠷ ᠭᠦᠷᠢᠶᠠᠯᠠᠯ ᠪᠠ ᠲᠡᠮᠵᠢᠯᠭᠡ ᠶᠢ | ᠤᠯᠵᠠᠢ᠃ | ᠬᠤᠷᠠᠯ ᠠᠴᠠ ︽ᠱᠠᠩᠬᠠᠢ ᠶᠢᠨ ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ ᠶᠢᠨ ᠪᠦᠷᠢᠯᠳᠤᠭᠦᠨ | ᠤᠯᠤᠰ ᠤᠳ ᠤᠨ ᠲᠦᠷᠤᠭᠦᠴᠤᠳ ᠤᠨ ᠬᠡᠷᠡᠭ ᠡᠷᠬᠢᠯᠡᠭᠴᠢᠳ ᠤᠨ ᠬᠤᠷᠠᠯ ᠤᠨ ᠰᠤᠨᠢᠨ ᠮᠡᠳᠠᠭᠡᠨ ᠤ ᠠᠯᠪᠠᠨ ᠮᠡᠳᠡᠭᠡ︾ | ᠂ ︽ᠱᠠᠩᠬᠠᠢ ᠶᠢᠨ ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ ᠶᠢᠨ ᠪᠦᠷᠢᠯᠳᠤᠭᠦᠨ ᠤᠯᠤᠰ ᠤᠳ ᠤᠨ | ᠲᠦᠷᠤᠭᠦᠴᠤᠳ ᠤᠨ ᠠᠷᠠᠯᠵᠢᠶᠠᠨ ᠤ ᠳᠦᠭᠦᠮᠵᠢᠯᠲᠠ ᠶᠢᠨ ᠲᠤᠬᠠᠢ ᠬᠠᠮᠳᠤᠷᠠᠬᠰᠠᠨ ᠢᠯᠡᠷᠭᠡᠶᠢᠯᠡᠯᠳᠠ︾᠂ ︽ | ᠱᠠᠩᠬᠠᠢ ᠶᠢᠨ ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ ᠶᠢᠨ ᠪᠦᠷᠢᠯᠳᠤᠭᠦᠨ ᠤᠯᠤᠰ ᠤᠳ ᠤᠨ ᠳᠡᠷᠢᠬᠦᠨ ᠠᠴᠠ | ᠵᠠᠯᠠᠭᠤᠴᠤᠳ ᠲᠤ ᠢᠯᠡᠭᠡᠭᠰᠡᠨ ᠬᠠᠮᠳᠤ ᠶᠢᠨ ᠦᠭᠡ︾᠂ ︽ᠱᠠᠩᠬᠠᠢ ᠶᠢᠨ ᠬᠠᠮᠳᠤᠷᠠᠯᠴᠠᠭᠠᠨ ᠤ ᠵᠤᠬᠢᠶᠠᠨ | ᠪᠠᠶᠢᠭᠤᠯᠤᠯᠳᠠ ᠶᠢᠨ ᠪᠦᠷᠢᠯᠳᠤᠭᠦᠨ ᠤᠯᠤᠰ ᠤᠳ ᠤᠨ ᠳᠡᠷᠢᠬᠦᠨ ᠤ ᠱᠠᠩᠬᠠᠢ ᠶᠢᠨ ᠬᠠᠮᠳᠤᠷᠠᠯᠴᠠᠭᠠᠨ ᠤ ᠵᠤᠬᠢᠶᠠᠨ | ᠪᠠᠶᠢᠭᠤᠯᠤᠯᠳᠠ ᠶᠢᠨ ᠭᠠᠵᠠᠷ ᠤᠷᠤᠨ ᠤ ᠲᠠᠬᠤᠯ ᠡᠪᠡᠳᠴᠢᠨ ᠤ ᠰᠦᠷᠳᠡᠭᠦᠯᠤᠯ ᠢ ᠬᠠᠮᠳᠤᠪᠡᠷ ᠠᠷᠭᠠᠴᠠᠬᠤ | ᠢᠯᠡᠷᠭᠡᠶᠢᠯᠠᠯᠳᠠ︾ ᠶᠢ ᠨᠡᠶᠢᠳᠠᠯᠠᠪᠠ᠃ | ᠬᠤᠷᠠᠯ ᠠᠴᠠ ᠡᠮᠤᠨ᠎ᠠ᠂ ᠰᠢ ᠶᠢᠨ ᠫᠢᠡᠭ ᠬᠤᠷᠠᠯ ᠳᠤ ᠤᠷᠤᠯᠴᠠᠬᠤ ᠡᠯ᠎ᠠ ᠲᠠᠯ᠎ᠠ ᠶᠢᠨ ᠬᠢᠨ ᠲᠠᠢ ᠵᠤᠴᠢᠨ | ᠤᠭᠳᠤᠬᠤ ᠲᠢᠩᠬᠢᠮ ᠳᠤ ᠬᠠᠮᠳᠤ ᠶᠢᠨ ᠰᠡᠭᠦᠳᠠᠷ ᠲᠠᠳᠠᠭᠤᠯᠪᠠ᠃ | ᠳ᠋ᠢᠩ ᠰᠢᠤᠸᠠᠢ ᠰᠢᠶᠠᠩ᠂ ᠶᠠᠩ ᠵᠢᠶᠧ ᡂᠢ᠂ ᠸᠡᠩ ᠢ᠂ ᠾᠧ ᠯᠢ ᠹᠸᠡᠭ ᠨᠠᠷ ᠬᠤᠷᠠᠯ ᠳᠤ ᠤᠷᠤᠯᠴᠠᠵᠠᠢ᠃ | |