ᠦᠦᠰᠢᠨ ᠬᠤᠰᠢᠭᠤᠨ ᠤ ᠡᠷᠡᠬᠦᠯ ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠬᠦᠬᠦ ᠠᠵᠢᠯ ᠤᠨ ᠲᠣᠰᠬᠠᠢ ᠲᠦᠷᠥᠯ ᠤᠨ ᠠᠬᠢᠭᠤᠯᠬᠤ ᠲᠥᠰᠥᠯ ᠢ ᠳᠠᠷᠤᠮᠠᠯᠯᠠᠨ ᠲᠠᠷᠬᠠᠭᠠᠬᠤ ᠲᠣᠬᠠᠢ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2018-06-15
ᠡᠯ᠎ᠡ ᠰᠣᠮᠣ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ ᠠᠵᠤ ᠠᠬᠤᠶᠢᠯᠠᠯ ᠠᠵᠤ ᠦᠢᠯᠡᠰ ᠤᠨ ᠪᠠᠶᠢᠭᠤᠯᠭ᠎ᠠ ᠨᠢᠭᠡᠴᠢ᠄     ᠬᠤᠰᠢᠭᠤ ᠠᠷᠠᠳ ᠤᠨ ᠵᠠᠰᠠᠭ ᠤᠨ ᠣᠷᠳᠣᠨ ᠤ ᠵᠦᠪᠰᠢᠶᠡᠷᠡᠯ ᠢᠶᠠᠷ ᠳᠠᠮᠵᠢᠭᠠᠳ ᠡᠳᠦᠭᠡ ︽ᠦᠦᠰᠢᠨ ᠬᠤᠰᠢᠭᠤᠨ ᠤ ᠡᠷᠡᠬᠦᠯ ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠬᠦᠬᠦ ᠠᠵᠢᠯ ᠤᠨ ᠲᠣᠰᠬᠠᠢ ᠲᠦᠷᠥᠯ ᠤᠨ ᠠᠬᠢᠭᠤᠯᠬᠤ ᠲᠥᠰᠥᠯ︾ ᠢ ᠳᠠᠷᠤᠮᠠᠯᠯᠠᠨ ᠲᠠᠷᠬᠠᠭᠠᠯ᠎ᠠ᠂ ᠲᠠᠨᠠᠷ ᠪᠣᠳᠠᠲᠦ ᠪᠠᠶᠢᠳᠠᠯ ᠲᠠᠢ ᠪᠠᠨ ᠤᠶᠠᠯᠳᠣᠭᠤᠯᠣᠨ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠦᠭᠡᠷᠡᠢ᠃                                                                                                                 ᠦᠦᠰᠢᠨ ᠬᠤᠰᠢᠭᠤᠨ ᠤ ᠠᠷᠠᠳ ᠵᠠᠰᠠᠭ ᠤᠨ ᠣᠷᠳᠣᠨ ᠤ ᠠᠯᠪᠠᠨ ᠭᠡᠷ                         2018 ᠣᠨ ᠤ 6 ᠰᠠᠷ᠎ᠠ ᠶᠢᠨ 11 ᠤ ᠡᠳᠦᠷ                     ᠦᠦᠰᠢᠨ ᠬᠤᠰᠢᠭᠤᠨ ᠤ ᠡᠷᠡᠬᠦᠯ ᠡᠩᠬᠡ ᠶᠢᠨ ᠦᠢᠯᠡᠰ ᠢᠶᠠᠷ ᠶᠠᠳᠠᠭᠤ ᠶᠢ               ᠳᠡᠳᠬᠦᠬᠦ ᠠᠵᠢᠯ ᠤᠨ ᠲᠣᠰᠬᠠᠢ ᠲᠦᠷᠥᠯ ᠤᠨ ᠠᠬᠢᠭᠤᠯᠬᠤ ᠲᠥᠰᠥᠯ      ᠣᠯᠣᠰ᠂ ᠥᠪᠡᠷᠳᠡᠭᠡᠨ ᠵᠠᠰᠠᠬᠤ ᠣᠷᠣᠨ᠂ ᠬᠤᠲᠠ ᠪᠣᠯᠣᠨ ᠮᠠᠨ ᠤ ᠬᠤᠰᠢᠭᠤᠨ ᠤ ᠣᠨᠣᠪᠴᠢᠲᠡᠢ ᠪᠠᠷ ᠶᠠᠳᠠᠭᠤ ᠠᠴᠠ ᠠᠩᠬᠢᠵᠢᠷᠠᠭᠤᠯᠬᠤ ᠰᠢᠪᠲᠣᠯᠤᠯᠲᠠ ᠶᠢᠨ ᠬᠠᠮᠢᠶ᠎ᠠ ᠪᠦᠬᠦᠢ ᠲᠥᠷᠦ ᠶᠢᠨ ᠪᠣᠳᠣᠯᠭ᠎ᠠ ᠪᠣᠯᠣᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ ᠨᠠᠶᠢᠲᠠᠪᠤᠷᠢᠵᠢᠭᠤᠯᠵᠤ᠂ ᠡᠯ᠎ᠡ ᠰᠠᠯᠠᠭ᠎ᠠ ᠮᠦᠴᠢᠷ ᠵᠢᠴᠢ ᠬᠤᠯᠪᠤᠭᠳᠠᠯ ᠪᠦᠬᠦᠢ ᠪᠠᠶᠢᠭᠤᠯᠭ᠎ᠠ ᠶᠢᠨ ᠡᠷᠡᠬᠦᠯ ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠬᠦᠬᠦ ᠶᠢ ᠠᠬᠢᠭᠤᠯᠬᠤ ᠠᠵᠢᠯ ᠤᠨ ᠢᠳᠡᠪᠬᠢᠲᠦ ᠴᠢᠨᠠᠷ ᠪᠣᠯᠣᠨ ᠬᠥᠳᠡᠯᠥᠩᠬᠦᠢ ᠴᠢᠨᠠᠷ ᠢ ᠭᠦᠢᠴᠡᠳ ᠳᠠᠶᠢᠴᠢᠯᠠᠵᠤ᠂ ᠠᠷᠭ᠎ᠠ ᠪᠠᠷᠢᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠡᠭᠦᠷᠭᠡ ᠪᠠᠨ ᠨᠠᠷᠢᠯᠢᠭᠵᠢᠭᠤᠯᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠶᠠᠳᠠᠭᠤ ᠬᠦᠴᠢᠷᠳᠡᠯᠲᠡᠢ ᠡᠪᠡᠳᠴᠢᠲᠡᠨ ᠤ ᠶᠡᠭᠡ ᠡᠪᠡᠳᠴᠢᠨ ᠢ ᠲᠥᠪᠯᠡᠷᠡᠭᠦᠯᠦᠨ ᠡᠮᠨᠡᠬᠦ ᠨᠢ ᠰᠢᠨᠵᠢᠯᠡᠬᠦ ᠣᠬᠠᠭᠠᠨᠴᠢ ᠪᠦᠭᠡᠳ ᠵᠦᠢ ᠵᠣᠬᠢᠰᠲᠡᠢ᠂ ᠤᠳᠠᠭᠠᠨ ᠴᠢᠨᠠᠷᠲᠠᠢ ᠡᠪᠡᠳᠴᠢᠨ ᠢ ᠭᠡᠷ᠎ᠡ ᠳᠤᠭᠲᠠᠨ ᠦᠢᠯᠡᠴᠢᠯᠡᠬᠦ ᠨᠢ ᠰᠢᠯᠢᠳᠡᠭ ᠪᠦᠭᠡᠳ ᠳᠦᠭᠦᠮ ᠲᠥᠳᠡ᠂ ᠬᠦᠨᠳᠦ ᠡᠪᠡᠳᠴᠢᠨ ᠤ ᠰᠠᠭᠤᠷᠢ ᠶᠢ ᠨᠢ ᠪᠠᠲᠣᠯᠠᠬᠤ ᠨᠢ ᠣᠨᠣᠪᠴᠢᠲᠠᠢ ᠪᠦᠭᠡᠳ ᠡᠷᠴᠢᠮᠲᠡᠢ ᠪᠠᠶᠢᠬᠤ ᠶᠢ ᠪᠠᠲᠣᠯᠠᠬᠤ ᠶᠢᠨ ᠲᠣᠰᠠᠳᠠ ᠲᠣᠰ ᠲᠥᠰᠥᠯ ᠢ ᠲᠣᠭᠲᠠᠭᠠᠪᠠ᠃      ᠨᠢᠭᠡ᠂ ᠡᠷᠡᠬᠦᠯ ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠬᠦᠬᠦ ᠠᠵᠢᠯ ᠤᠨ ᠳᠡᠳᠬᠦᠬᠦᠯᠬᠦ ᠡᠲᠡᠭᠡᠳ ᠢ ᠲᠣᠳᠣᠳᠬᠠᠬᠤ ᠬᠡᠷᠡᠭᠲᠡᠢ     ᠲᠥᠪ᠂ ᠥᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤᠨ ᠤ ᠡᠷᠡᠬᠦᠯ ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠬᠦᠬᠦ ᠠᠵᠢᠯ ᠤᠨ ᠳᠡᠳᠬᠦᠭᠦᠯᠬᠦ ᠡᠲᠡᠭᠡᠳ ᠪᠣᠯ ᠬᠥᠳᠡᠭᠡ ᠲᠣᠰᠬᠤᠨ ᠮᠠᠯᠵᠢᠬᠤ ᠤᠷᠤᠨ ᠤ ᠶᠡᠭᠡ ᠡᠪᠡᠳᠴᠢᠨ᠂ ᠣᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠶᠠᠳᠠᠭᠤ ᠬᠦᠴᠢᠷᠳᠡᠯᠲᠡᠢ ᠡᠪᠡᠳᠴᠢᠲᠡᠨ ︵ᠳᠣᠣᠷ᠎ᠠ ᠶᠠᠳᠠᠭᠤ ᠬᠦᠴᠢᠷᠳᠡᠯᠲᠡᠢ ᠡᠪᠡᠳᠴᠢᠲᠡᠨ ᠭᠡᠵᠦ ᠳᠦᠭᠦᠮᠴᠢᠯᠡᠨ᠎ᠡ︶ ᠪᠣᠯᠣᠨ᠎ᠠ      ᠬᠤᠶᠠᠷ᠂ ᠡᠷᠡᠬᠦᠯ ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠬᠦᠬᠦ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ      ︵ᠨᠢᠭᠡ︶ ᠠᠵᠢᠯ ᠤᠨ ᠪᠠᠶᠢᠭᠤᠯᠤᠮᠵᠢ ᠶᠢ ᠪᠦᠷᠢᠨᠰᠢᠭᠦᠯᠵᠦ ᠰᠠᠯᠠᠭ᠎ᠠ ᠮᠦᠴᠢᠷ ᠤᠨ ᠵᠣᠬᠢᠴᠠᠭᠤᠯᠤᠨ ᠬᠠᠮᠵᠢᠯᠴᠠᠬᠤ ᠠᠵᠢᠯ ᠤᠨ ᠬᠦᠢᠴᠡᠳ ᠪᠣᠰᠤ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃    ⒈ᠮᠡᠳᠡᠭᠡ ᠵᠠᠩᠬᠢ ᠶᠢ ᠬᠠᠮᠲᠤ ᠪᠠᠷ ᠡᠳ᠋ᠯᠡᠬᠦ ᠪᠠᠶᠢᠭᠤᠯᠤᠮᠵᠢ ᠶᠢ ᠪᠠᠶᠢᠭᠤᠯᠬᠤ ᠬᠡᠷᠡᠭᠲᠡᠢ᠃ ᠡᠷᠡᠬᠦᠯ ᠬᠠᠮᠠᠭᠠᠯᠠᠯ ᠪᠠ ᠲᠥᠯᠥᠪᠯᠡᠭᠡᠲᠦ ᠬᠥᠩᠭᠡᠵᠢᠯ ᠤᠨ ᠰᠠᠯᠠᠭ᠎ᠠ ᠮᠦᠴᠢᠷ ︵ᠡᠷᠡᠬᠦᠯ ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠬᠦᠬᠦ ᠲᠣᠰᠬᠠᠢ ᠠᠵᠢᠯ ᠤᠨ ᠣᠳᠣᠷᠳᠬᠤ ᠪᠠᠭ᠎ᠠ ᠳᠣᠭᠤᠶᠢᠯᠠᠩ ᠤᠨ ᠠᠯᠪᠠᠨ ᠭᠡᠷ︶ ᠲᠡᠷᠢᠭᠦᠯᠡᠵᠦ᠂ ᠶᠠᠳᠠᠭᠤ ᠶᠢ ᠳᠡᠳᠬᠦᠬᠦ ᠰᠠᠯᠠᠭ᠎ᠠ ᠮᠦᠴᠢᠷ ᠤᠨ ᠶᠠᠳᠠᠭᠤ ᠬᠦᠴᠢᠷᠳᠡᠯᠲᠡᠢ ᠡᠪᠡᠳᠴᠢᠲᠡᠨ ᠤ ᠰᠠᠭᠤᠷᠢ ᠲᠤᠭᠠᠨ ᠤ ᠬᠥᠳᠡᠯᠦᠩᠬᠦᠢ ᠲᠣᠬᠢᠷᠠᠭᠤᠯᠤᠯᠲᠠ ᠶᠢᠨ ᠪᠠᠶᠢᠳᠠᠯ ᠢ ᠴᠠᠭ ᠲᠣᠬᠠᠢ ᠳᠤᠨᠢ ᠡᠵᠡᠮᠰᠢᠵᠦ᠂ ᠬᠦᠮᠦᠨ ᠤ ᠬᠦᠴᠦᠨ ᠪᠠ ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠣᠳᠠᠯ᠂ ᠶᠠᠳᠠᠭᠤ ᠶᠢ ᠳᠡᠳᠬᠦᠬᠦ ᠵᠡᠷᠭᠡ ᠬᠤᠯᠪᠤᠭᠳᠠᠯ ᠪᠦᠬᠦᠢ ᠰᠠᠯᠠᠭ᠎ᠠ ᠮᠥᠴᠢᠷ ᠵᠢᠴᠢ ᠳᠠᠭᠠᠳᠬᠠᠯ ᠤᠨ ᠺᠣᠮᠫᠠᠨᠢ᠂ ᠡᠮᠨᠡᠯᠭᠡ ᠶᠢᠨ ᠪᠠᠶᠢᠭᠤᠯᠭ᠎ᠠ ᠨᠢᠭᠡᠴᠢ ᠲᠠᠢ ᠳᠤᠭᠲᠠᠭᠰᠠᠨ ᠬᠤᠭᠤᠴᠠᠭ᠎ᠠ ᠲᠠᠢ ᠪᠠᠷ ᠮᠡᠳᠡᠭᠡ ᠵᠠᠩᠬᠢ ᠪᠠᠨ ᠬᠤᠪᠢᠶᠠᠯᠴᠠᠨ᠎ᠠ᠃ ᠡᠯ᠎ᠡ ᠰᠤᠮᠤ ᠪᠠᠯᠭᠠᠰᠤ᠂ ᠠᠷᠠᠳ ᠤᠨ ᠶᠠᠪᠣᠳᠠᠯ᠂ ᠬᠦᠮᠦᠨ ᠤ ᠬᠦᠴᠦᠨ ᠪᠠ ᠨᠡᠶᠢᠭᠡᠮ ᠤᠨ ᠪᠠᠲᠤᠯᠠᠭ᠎ᠠ᠂ ᠶᠠᠳᠠᠭᠤ ᠶᠢ ᠳᠡᠳᠬᠦᠬᠦ ᠵᠡᠷᠭᠡ ᠰᠠᠯᠠᠭ᠎ᠠ ᠮᠥᠴᠢᠷ ᠳᠤᠰᠬᠠᠢ ᠬᠦᠮᠦᠨ ᠲᠣᠮᠢᠯᠠᠨ ᠰᠠᠷ᠎ᠠ ᠪᠦᠷᠢ ᠶᠢᠨ 2 ᠤ ᠡᠳᠦᠷ ᠠᠴᠠ ᠡᠮᠦᠨ᠎ᠡ ᠳᠡᠭᠡᠷ᠎ᠡ ᠰᠠᠷ᠎ᠠ ᠶᠢᠨ ᠶᠠᠳᠠᠭᠤ ᠬᠦᠴᠢᠷᠳᠡᠯᠲᠡᠢ ᠡᠪᠡᠳᠴᠢᠲᠡᠨ ᠤ ᠡᠮᠨᠡᠭᠦᠯᠦᠭᠰᠡᠨ ᠪᠠᠶᠢᠳᠠᠯ᠂ ᠪᠦᠬᠦ ᠵᠠᠷᠣᠳᠠᠯ ᠢ ᠳᠡᠩᠰᠠᠨ ᠠᠴᠠ ᠲᠠᠶᠢᠯᠤᠭᠰᠠᠨ ᠪᠠᠶᠢᠳᠠᠯ ᠪᠣᠯᠣᠨ ᠬᠠᠮᠢᠶ᠎ᠠ ᠪᠦᠬᠦᠢ ᠠᠵᠢᠯ ᠢ ᠶᠠᠪᠤᠭᠳᠠᠭᠤᠯᠤᠭᠰᠠᠨ ᠪᠠᠶᠢᠳᠠᠯ ᠢ ᠡᠷᠡᠬᠦᠯ ᠬᠠᠮᠠᠭᠠᠯᠠᠯ ᠪᠠ ᠲᠥᠯᠥᠪᠯᠡᠭᠡᠲᠦ ᠬᠦᠩᠭᠡᠵᠢᠯ ᠤᠨ ᠰᠠᠯᠠᠭ᠎ᠠ ᠮᠥᠴᠢᠷ  ᠲᠤ ᠮᠡᠳᠡᠭᠦᠯᠦᠨ᠎ᠡ᠃ ᠡᠷᠡᠬᠦᠯ ᠬᠠᠮᠠᠭᠠᠯᠠᠯ ᠪᠠ ᠲᠥᠯᠥᠪᠯᠡᠭᠡᠲᠦ ᠬᠦᠩᠭᠡᠵᠢᠯ ᠤᠨ ᠰᠠᠯᠠᠭ᠎ᠠ ᠮᠥᠴᠢᠷ ᠲᠣᠰᠬᠠᠢ ᠬᠦᠮᠦᠨ ᠲᠣᠮᠢᠯᠠᠨ ᠪᠦᠷᠢᠳᠬᠡᠭᠰᠡᠨ ᠤ ᠳᠠᠷᠠᠭ᠎ᠠ ᠬᠤᠰᠢᠭᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠣᠳᠣᠷᠢᠳᠥᠯᠭ᠎ᠠ ᠪᠠᠷ ᠬᠢᠨᠠᠨ ᠬᠠᠷᠭᠤᠭᠤᠯᠵᠤ ᠭᠠᠷ ᠤᠨ ᠦᠰᠦᠭ ᠵᠢᠷᠤᠭᠤᠯᠤᠭᠠᠳ ᠬᠤᠲᠠ ᠶᠢᠨ ᠬᠤᠯᠪᠤᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ᠎ᠡ᠃     ⒉ᠬᠤᠯᠪᠤᠭᠠᠲᠤ ᠬᠤᠷᠠᠯ ᠤᠨ ᠳᠦᠷᠢᠮ ᠢ ᠪᠠᠶᠢᠭᠤᠯᠬᠤ ᠬᠡᠷᠡᠭᠲᠡᠢ᠃ ᠬᠤᠰᠢᠭᠤ ᠡᠷᠡᠬᠦᠯ ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠬᠦᠬᠦ ᠲᠣᠰᠬᠠᠢ ᠠᠵᠢᠯ ᠤᠨ ᠣᠳᠣᠷᠢᠳᠬᠤ ᠪᠠᠭ᠎ᠠ ᠳᠣᠭᠤᠶᠢᠯᠠᠩ ᠤᠨ ᠡᠯ᠎ᠡ ᠪᠦᠷᠢᠯᠳᠦᠬᠦᠨ ᠪᠠᠶᠢᠭᠤᠯᠭ᠎ᠠ ᠬᠤᠯᠪᠤᠭᠠᠲᠦ ᠬᠤᠷᠠᠯ ᠤᠨ ᠳᠦᠷᠢᠮ ᠢ ᠪᠠᠶᠢᠭᠤᠯᠵᠤ ᠳᠤᠭᠲᠠᠭᠰᠠᠨ ᠬᠤᠭᠤᠴᠠᠭ᠎ᠠ ᠲᠠᠢ ᠬᠤᠷᠠᠯ ᠬᠤᠷᠠᠯᠳᠣᠭᠤᠯᠵᠤ ᠡᠷᠡᠬᠦᠯ ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠬᠦᠬᠦ ᠠᠵᠢᠯ ᠤᠨ ᠠᠬᠢᠴᠠ ᠶᠢᠨ ᠪᠠᠶᠢᠳᠠᠯ ᠢ ᠵᠠᠷᠯᠠᠨ ᠠᠵᠢᠯ ᠤᠨ ᠪᠠᠶᠢᠭᠤᠯᠤᠮᠵᠢ ᠶᠢ ᠪᠠᠶᠢᠭᠤᠯᠤᠨ ᠲᠡᠭᠦᠯᠳᠡᠷᠵᠢᠭᠦᠯᠵᠦ ᠡᠷᠡᠬᠦᠯ ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠬᠦᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠰᠣᠳᠣᠯᠣᠨ ᠰᠢᠢᠳᠪᠦᠷᠢᠯᠡᠬᠦ ᠶᠢᠨ ᠬᠠᠮᠲᠤ ᠠᠵᠢᠯ ᠤᠨ ᠪᠠᠶᠢᠳᠠᠯ ᠢᠶᠠᠨ ᠴᠠᠭ ᠳᠠᠷᠤᠢ ᠳᠤᠨᠢ ᠬᠤᠰᠢᠭᠤ ᠨᠠᠮ ᠤᠨ ᠬᠤᠷᠢᠶ᠎ᠠ᠂ ᠬᠤᠰᠢᠭᠤ ᠠᠷᠠᠳ ᠤᠨ ᠵᠠᠰᠠᠭ ᠤᠨ ᠣᠷᠳᠣᠨ ᠳᠤ ᠮᠡᠳᠡᠬᠦᠯᠦᠨ᠎ᠡ᠃     ︵ᠬᠤᠶᠠᠷ︶ ᠡᠷᠡᠬᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢ ᠪᠦᠬᠦ ᠲᠠᠯ᠎ᠠ ᠪᠠᠷ ᠬᠡᠷᠡᠭᠵᠢᠬᠦᠯᠵᠦ ᠶᠠᠳᠠᠭᠤ ᠬᠦᠴᠢᠷᠳᠡᠯᠲᠡᠢ ᠡᠪᠡᠳᠴᠢᠲᠡᠨ ᠤ ᠡᠪᠡᠳᠴᠢᠨ ᠢ ᠵᠦᠪ ᠢᠶᠠᠷ ᠣᠨᠣᠰᠢᠯᠠᠭᠰᠠᠨ ᠦᠭᠡᠢ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃    ⒈ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ ᠬᠡᠷᠡᠭᠵᠢᠬᠦᠯᠬᠦ ᠬᠡᠷᠡᠭᠲᠡᠢ᠃ 2016 ᠣᠨ ᠠᠴᠠ ᠨᠠᠰᠢ ᠣᠯᠣᠰ ᠤᠨ ᠳᠡᠰ ᠤᠨ ᠶᠠᠳᠠᠭᠤ ᠬᠦᠴᠢᠷᠳᠡᠯᠲᠡᠢ ᠡᠷᠦᠬᠡ ᠪᠠᠷ ᠳᠣᠭᠲᠠᠭᠠᠭᠳᠠᠭᠰᠠᠨ ᠡᠪᠡᠳᠴᠢᠲᠡᠳ ᠲᠤ ᠦᠨ᠎ᠡ ᠲᠥᠯᠥᠪᠦᠷᠢ ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠵᠦ ᠪᠡᠶ᠎ᠡ ᠶᠢᠨ ᠪᠠᠶᠢᠴᠠᠭᠠᠯᠲᠠ ᠶᠢᠨ ᠪᠠᠷᠢᠮᠵᠢᠶ᠎ᠡ ᠨᠢ ᠬᠦᠮᠦᠨ ᠲᠣᠲᠣᠮ 300 ᠲᠥᠭᠦᠷᠢᠭ ᠂ ᠪᠡᠶ᠎ᠡ ᠶᠢᠨ ᠪᠠᠶᠢᠴᠠᠭᠠᠯᠲᠠ ᠶᠢᠨ ᠨᠤᠷᠮ᠎ᠠ ᠶᠢ 85% ᠠᠴᠠ ᠳᠣᠷᠣᠭᠰᠢ ᠪᠠᠶᠢᠯᠭᠠᠬᠤ ᠦᠭᠡᠢ᠃ ᠪᠡᠶ᠎ᠡ ᠶᠢᠨ ᠪᠠᠶᠢᠴᠠᠭᠠᠯᠲᠠ ᠶᠢ ᠬᠠᠷᠢᠭᠤᠴᠠᠬᠤ ᠪᠠᠶᠢᠭᠤᠯᠭ᠎ᠠ ᠨᠢ ᠵᠠᠷᠴᠢᠮ ᠳᠡᠭᠡᠷ᠎ᠡ ᠪᠠᠨ ᠰᠣᠮᠣ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶ᠎ᠠ ᠪᠠᠶᠢᠵᠤ᠂ ᠬᠡᠷᠪᠡ ᠡᠷᠡᠬᠦᠯ ᠬᠠᠮᠠᠭᠠᠯᠠᠯ ᠤᠨ ᠬᠤᠷᠢᠶ᠎ᠠ ᠨᠢ ᠪᠡᠶ᠎ᠡ ᠶᠢᠨ ᠪᠠᠶᠢᠴᠠᠭᠠᠯᠲᠠ ᠶᠢᠨ ᠲᠥᠬᠦᠭᠡᠷᠦᠮᠵᠢ ᠪᠦᠷᠢᠨ ᠭᠦᠢᠴᠡᠳ ᠦᠭᠡᠢ ᠪᠣᠯ ᠬᠤᠰᠢᠭᠤᠨ ᠳᠡᠰ ᠤᠨ ᠡᠷᠡᠬᠦᠯ ᠬᠠᠮᠠᠭᠠᠯᠠᠯ ᠤᠨ ᠪᠠᠶᠢᠭᠤᠯᠭ᠎ᠠ ᠳᠤ ᠤᠴᠢᠵᠤ ᠪᠡᠶ᠎ᠡ ᠶᠢᠨ ᠪᠠᠶᠢᠴᠠᠭᠠᠯᠲᠠ ᠬᠢᠨ᠎ᠡ᠃ ᠳᠣᠭᠲᠠᠭᠰᠠᠨ ᠭᠠᠵᠠᠷ ᠪᠡᠶ᠎ᠡ ᠶᠢᠨ ᠪᠠᠶᠢᠴᠠᠭᠠᠯᠲᠠ ᠬᠢᠬᠦ ᠂ ᠭᠡᠷ ᠲᠤ ᠨᠢ ᠤᠴᠢᠵᠤ ᠪᠡᠶ᠎ᠡ ᠶᠢᠨ ᠪᠠᠶᠢᠴᠠᠭᠠᠯᠲᠠ ᠬᠢᠬᠦ ᠪᠣᠯᠣᠨ ᠪᠡᠶ᠎ᠡ ᠶᠢᠨ ᠪᠠᠶᠢᠴᠠᠭᠠᠯᠲᠠ ᠶᠢᠨ ᠮᠡᠳᠡᠬᠦᠯᠦᠯᠲᠡ ᠶᠢ ᠪᠠᠲᠤᠯᠠᠬᠤ ᠵᠡᠷᠭᠡ ᠠᠷᠭ᠎ᠠ ᠬᠡᠯᠪᠡᠷᠢ ᠪᠠᠷ ᠵᠣᠬᠢᠶᠠᠨ ᠪᠠᠶᠢᠭᠤᠯᠤᠨ ᠬᠡᠷᠡᠭᠵᠢᠬᠦᠯᠵᠦ ᠪᠣᠯᠣᠨ᠎ᠠ᠃     ⒉ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠬᠤ ᠬᠡᠷᠡᠭᠲᠡᠢ᠃ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠶᠢ ᠴᠠᠭ ᠲᠣᠬᠠᠢ ᠳᠤᠨᠢ ᠦᠢᠯᠡᠴᠢᠯᠡᠭᠡᠨ ᠤ ᠡᠲᠡᠭᠡᠳ ᠲᠤ ᠮᠡᠳᠡᠭᠳᠡᠬᠦ ᠬᠡᠷᠡᠭᠲᠡᠢ᠃ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠨᠢ ᠲᠣᠳᠣᠷᠬᠠᠢ᠂ ᠣᠨᠣᠰᠢᠯᠠᠯᠲᠠ ᠨᠢ ᠪᠦᠷᠢᠨ ᠭᠦᠢᠴᠡᠳ ᠪᠣᠯ ᠪᠡᠶ᠎ᠡ ᠶᠢᠨ ᠪᠠᠶᠢᠴᠠᠭᠠᠯᠲᠠ ᠶᠢᠨ ᠪᠠᠶᠢᠭᠤᠯᠤᠮᠵᠢ ᠠᠴᠠ ᠣᠨᠣᠰᠢᠯᠠᠯᠲᠠ ᠶᠢᠨ ᠭᠡᠷᠡᠴᠢ ᠭᠠᠷᠭᠠᠵᠤ ᠦᠢᠯᠡᠴᠢᠯᠡᠭᠡᠨ ᠤ ᠡᠲᠡᠭᠡᠳ ᠲᠤ ᠭᠠᠷᠳᠠᠭᠤᠯᠤᠨ᠎ᠠ᠃ ᠰᠣᠮᠣ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶᠠᠨ ᠠᠴᠠ ᠣᠨᠣᠰᠢᠯᠠᠵᠤ ᠲᠡᠶᠢᠯᠬᠦ ᠦᠭᠡᠢ ᠶᠢ  ᠨᠢ ᠳᠡᠭᠡᠷ᠎ᠡ ᠱᠠᠳᠣᠨ ᠤ ᠡᠮᠨᠡᠯᠭᠡ ᠶᠢᠨ ᠪᠠᠶᠢᠭᠤᠯᠤᠮᠵᠢ ᠳᠤ ᠲᠣᠰᠢᠶᠠᠵᠤ ᠣᠨᠣᠰᠢᠯᠠᠭᠤᠯᠬᠤ ᠶᠢᠨ ᠬᠠᠮᠲᠣ  ᠣᠨᠣᠰᠢᠯᠠᠯᠲᠠ ᠶᠢᠨ ᠭᠡᠷᠡᠴᠢ ᠭᠠᠷᠭᠠᠵᠤ ᠦᠢᠯᠡᠴᠢᠯᠡᠭᠡᠨ ᠤ ᠡᠲᠡᠭᠡᠳ ᠲᠤ ᠭᠠᠷᠳᠠᠭᠤᠯᠣᠨ᠎ᠠ᠃ ᠰᠣᠮᠣ ᠪᠠᠯᠭᠠᠰᠣᠨ ᠤ ᠡᠷᠡᠬᠦᠯ ᠬᠠᠮᠠᠭᠠᠯᠠᠯ ᠤᠨ ᠬᠤᠷᠢᠶ᠎ᠠ ᠣᠨᠣᠰᠢᠯᠠᠯᠲᠠ ᠶᠢᠨ ᠭᠡᠷᠡᠴᠢ ᠶᠢ ᠥᠨᠳᠦᠰᠦᠯᠡᠵᠦ ᠶᠠᠳᠠᠭᠤ ᠬᠦᠴᠢᠷᠳᠡᠯᠲᠡᠢ ᠡᠪᠡᠳᠴᠢᠲᠡᠨ ᠤ ᠡᠪᠡᠳᠴᠢᠨ ᠤ ᠪᠠᠶᠢᠳᠠᠯ ᠢ ᠨᠠᠷᠢᠨ ᠣᠨᠣᠪᠴᠢᠲᠡᠢ ᠨᠣᠲᠠᠯᠠᠵᠤ ᠶᠡᠭᠡ ᠡᠪᠡᠳᠴᠢᠨ ᠪᠣᠯᠣᠨ ᠣᠳᠠᠭᠠᠨ ᠴᠢᠨᠠᠷᠲᠠᠢ ᠡᠪᠡᠳᠴᠢᠨ ᠢ ᠲᠦᠷᠥᠯ ᠬᠤᠪᠢᠶᠠᠨ ᠬᠠᠮᠢᠶᠠᠷᠬᠤ ᠶᠢᠨ ᠬᠠᠮᠲᠤ ᠳᠡᠩᠰᠡ ᠪᠠᠶᠢᠭᠤᠯᠵᠤ ᠳᠣᠭᠲᠠᠭᠰᠠᠨ ᠬᠤᠭᠤᠴᠠᠭ᠎ᠠ ᠲᠠᠢ ᠬᠠᠮᠢᠶ᠎ᠠ ᠪᠦᠬᠦᠢ ᠪᠠᠶᠢᠳᠠᠯ ᠢ ᠬᠤᠰᠢᠭᠤ ᠡᠷᠡᠬᠦᠯ ᠬᠠᠮᠠᠭᠠᠯᠠᠯ ᠪᠠ ᠲᠥᠯᠥᠪᠯᠡᠭᠡᠲᠦ ᠬᠦᠩᠭᠡᠵᠢᠯ ᠤᠨ ᠰᠠᠯᠠᠭ᠎ᠠ ᠮᠥᠴᠢᠷ ᠲᠤ ᠮᠡᠳᠡᠬᠦᠯᠦᠨ᠎ᠡ᠃      ︵ᠭᠤᠷᠪᠠ︶ ᠡᠮᠴᠢᠯᠡᠬᠦᠯᠬᠦ ᠵᠢᠯᠣᠭᠤᠳᠣᠮᠵᠢ ᠶᠢᠨ ᠦᠢᠯᠡᠴᠢᠯᠡᠭᠡ ᠶᠢ ᠴᠢᠩᠭᠠᠳᠬᠠᠵᠤ ᠶᠠᠳᠠᠭᠤ ᠬᠦᠴᠢᠷᠳᠡᠯᠲᠡᠢ ᠡᠪᠡᠳᠴᠢᠲᠡᠨ ᠤ ᠡᠮᠬᠢ ᠳᠠᠷᠠᠭᠠᠯᠠᠯ ᠦᠭᠡᠢ ᠡᠮᠨᠡᠬᠦᠯᠬᠦ᠂ ᠬᠡᠳᠦᠷᠡᠲᠡᠯ᠎ᠡ ᠡᠮᠨᠡᠬᠦᠯᠬᠦ᠂ ᠳᠤᠷ᠎ᠠ ᠲᠠᠪᠠ ᠪᠠᠷ ᠢᠶᠠᠨ ᠡᠮᠨᠡᠬᠦᠯᠬᠦ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃      ⒈ ︽ᠨᠢᠭᠡ ᠡᠪᠡᠳᠴᠢᠲᠡᠨ ᠨᠢᠭᠡ ᠪᠣᠳᠣᠯᠭ᠎ᠠ︾ ᠶᠢᠨ ᠬᠠᠮᠢᠶᠠᠷᠣᠯᠲᠠ ᠶᠢ ᠬᠡᠷᠡᠭᠵᠢᠭᠦᠯᠬᠦ ᠬᠡᠷᠡᠭᠲᠡᠢ᠃ ᠡᠷᠡᠬᠦᠯ ᠬᠠᠮᠠᠭᠠᠯᠠᠯ ᠪᠠ ᠲᠥᠯᠥᠪᠯᠡᠭᠡᠲᠦ ᠬᠦᠩᠭᠡᠵᠢᠯ ᠤᠨ ᠰᠠᠯᠠᠭ᠎ᠠ ᠮᠥᠴᠢᠷ ᠮᠠᠨ ᠤ ᠬᠤᠰᠢᠭᠤᠨ ᠤ ᠬᠤᠶᠠᠳᠣᠭᠠᠷ ᠳᠡᠰ ᠤᠨ ᠡᠮᠨᠡᠯᠭᠡ ᠶᠢᠨ ᠬᠤᠷᠢᠶᠠᠨ ᠤ ᠬᠤᠯᠪᠤᠭᠳᠠᠭᠤᠯᠬᠤ ᠡᠮᠴᠢ ᠶᠢ ᠳᠣᠭᠲᠠᠭᠠᠵᠤ᠂ ᠶᠠᠳᠠᠭᠤ ᠬᠦᠴᠢᠷᠳᠡᠯᠲᠡᠢ ᠡᠪᠡᠳᠴᠢᠲᠡᠨ ᠤ ᠶᠡᠭᠡ ᠡᠪᠡᠳᠴᠢᠨ ᠢ ᠣᠨᠣᠰᠢᠯᠠᠨ ᠵᠠᠰᠠᠬᠤ᠂ ᠡᠮᠴᠢᠯᠡᠬᠦᠯᠬᠦ ᠶᠢ ᠵᠢᠯᠣᠭᠤᠳᠬᠤ ᠪᠠ ᠡᠮᠨᠡᠯᠭᠡ ᠰᠢᠯᠵᠢᠨ ᠡᠮᠨᠡᠬᠦᠯᠬᠦ ᠠᠵᠢᠯ ᠢ ︽ᠨᠢᠭᠡ ᠳᠤ ᠨᠢᠭᠡ︾ ᠬᠠᠷᠢᠭᠤᠴᠠᠬᠤ ᠂  ᠭᠡᠷ ᠪᠦᠯᠢ ᠶᠢᠨ ᠡᠮᠴᠢ ᠶᠢᠨ ᠭᠡᠷ᠎ᠡ ᠳᠣᠭᠲᠠᠨ ᠦᠢᠯᠡᠴᠢᠯᠡᠬᠦ ᠪᠦᠯᠬᠦᠮ ᠤᠨ ᠬᠡᠰᠢᠬᠦᠨ ᠶᠠᠳᠠᠭᠤ ᠬᠦᠴᠢᠷᠳᠡᠯᠲᠡᠢ ᠡᠪᠡᠳᠴᠢᠲᠡᠨ ᠤ ᠣᠳᠠᠭᠠᠨ ᠴᠢᠨᠠᠷᠲᠠᠢ ᠡᠪᠡᠳᠴᠢᠨ᠂ ᠦᠷᠭᠦᠯᠵᠢ ᠳᠤᠬᠢᠶᠠᠯᠳᠤᠬᠤ ᠡᠪᠡᠳᠴᠢᠨ ᠢ  ᠡᠮᠨᠡᠬᠦ ᠪᠠ ᠡᠮᠴᠢᠯᠡᠬᠦᠯᠬᠦ ᠶᠢ ᠵᠢᠯᠣᠭᠤᠳᠬᠤ ᠠᠵᠢᠯ ᠢ ︽ᠨᠢᠭᠡ ᠳᠤ ᠨᠢᠭᠡ︾ ᠬᠠᠷᠢᠭᠤᠴᠠᠬᠤ ᠶᠢ ᠳᠣᠭᠲᠠᠭᠠᠵᠤ᠂ ᠬᠤᠯᠪᠤᠭᠳᠠᠭᠤᠯᠬᠤ ᠡᠮᠴᠢ᠂ ᠭᠡᠷ ᠪᠦᠯᠢ ᠶᠢᠨ ᠡᠮᠴᠢ ᠶᠢᠨ ᠭᠡᠷ᠎ᠡ ᠳᠣᠭᠲᠠᠨ ᠦᠢᠯᠡᠴᠢᠯᠡᠬᠦ ᠪᠦᠯᠬᠦᠮ ᠤᠨ ᠬᠡᠰᠢᠭᠦᠨ ᠶᠠᠳᠠᠭᠤ ᠬᠦᠴᠢᠷᠳᠡᠯᠲᠡᠢ ᠡᠪᠡᠳᠴᠢᠲᠡᠨ ᠲᠠᠢ ᠰᠣᠯᠢᠯᠴᠠᠭ᠎ᠠ ᠪᠠᠨ ᠨᠢᠭᠲᠠᠷᠠᠭᠤᠯᠬᠤ ᠬᠡᠷᠡᠭᠲᠡᠢ᠃ ᠡᠷᠦᠬᠡ ᠳᠤ ᠣᠷᠣᠨ ᠰᠣᠷᠪᠤᠯᠵᠢᠯᠠᠬᠤ᠂ ᠣᠲᠠᠰᠤ ᠪᠠᠷ ᠰᠣᠷᠪᠣᠯᠵᠢᠯᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ ᠶᠠᠳᠠᠭᠤ ᠬᠦᠴᠢᠷᠳᠡᠯᠲᠡᠢ ᠡᠪᠡᠳᠴᠢᠲᠡᠨ ᠨᠢᠭᠡᠪᠦᠷᠢ ᠳᠤ ᠨᠠᠷᠢᠨ ᠣᠨᠣᠪᠴᠢᠲᠡᠢ ᠡᠮᠴᠢᠯᠡᠭᠡ ᠶᠢᠨ ᠳᠥᠰᠥᠯ ᠪᠣᠯᠣᠨ ᠥᠪᠡᠷᠮᠢᠴᠡ ᠡᠷᠡᠬᠦᠯ ᠮᠡᠨᠳᠦ ᠶᠢᠨ ᠵᠢᠯᠣᠭᠤᠳᠣᠮᠵᠢ ᠶᠢᠨ ᠳᠥᠰᠥᠯ ᠢ ᠳᠣᠭᠲᠠᠭᠠᠵᠤ ᠶᠠᠳᠠᠭᠤ ᠬᠦᠴᠢᠷᠳᠡᠯᠲᠡᠢ ᠡᠪᠡᠳᠴᠢᠲᠡᠨ ᠤ ᠰᠢᠨᠵᠢᠯᠡᠬᠦ ᠣᠬᠠᠭᠠᠨᠴᠢ ᠪᠠᠷ ᠡᠮᠨᠡᠬᠦᠯᠵᠦ ᠵᠦᠢ ᠵᠣᠬᠢᠰᠲᠡᠢ ᠪᠠᠷ ᠡᠮ ᠬᠡᠷᠡᠭᠯᠡᠬᠦ ᠶᠢ ᠤᠳᠤᠷᠢᠳᠤᠨ᠎ᠠ᠃ ᠠᠳᠠᠭ ᠲᠠᠭᠠᠨ ᠰᠠᠷ᠎ᠠ ᠪᠦᠷᠢ ᠨᠢᠭᠡ ᠤᠳᠠᠭ᠎ᠠ ᠶᠠᠳᠠᠭᠤ ᠬᠦᠴᠢᠷᠳᠡᠯᠲᠡᠢ ᠡᠪᠡᠳᠴᠢᠲᠡᠨ ᠤ ᠡᠷᠡᠬᠦᠯ ᠮᠡᠨᠳᠦ ᠶᠢᠨ ᠪᠠᠶᠢᠳᠠᠯ᠂ ᠡᠮᠴᠢᠯᠡᠭᠰᠡᠨ ᠪᠠᠶᠢᠳᠠᠯ᠂ ᠡᠮᠴᠢᠯᠡᠭᠡ ᠶᠢᠨ ᠵᠠᠷᠤᠳᠠᠯ ᠢ ᠳᠡᠩᠰᠠᠨ ᠠᠴᠠ ᠲᠠᠶᠢᠯᠤᠭᠰᠠᠨ ᠪᠠᠶᠢᠳᠠᠯ ᠢ ᠣᠶᠢᠯᠠᠭᠠᠬᠤ ᠶᠢᠨ ᠬᠠᠮᠲᠤ ᠪᠣᠳᠠᠲᠤ ᠪᠠᠶᠢᠳᠠᠯ ᠢ ᠥᠨᠳᠦᠰᠦᠯᠡᠵᠦ ᠳᠥᠰᠥᠯ ᠲᠤ ᠳᠣᠬᠢᠷᠠᠭᠤᠯᠤᠯᠲᠠ ᠬᠢᠨ᠎ᠡ᠃ ᠬᠠᠷᠢᠯᠴᠠᠬᠤ ᠠᠷᠭ᠎ᠠ ᠪᠠᠨ ᠨᠡᠶᠢᠲᠡᠯᠡᠵᠦ ᠪᠦᠬᠦ ᠰᠠᠳᠬᠢᠯ ᠪᠦᠬᠦ ᠰᠠᠨᠠᠭ᠎ᠠ ᠪᠦᠬᠦ ᠬᠦᠴᠦᠨ ᠢᠶᠠᠷ ᠢᠶᠠᠨ ᠡᠷᠡᠬᠦᠯ ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠬᠦᠬᠦ ᠠᠵᠢᠯ ᠢ ᠶᠠᠪᠤᠭᠳᠠᠭᠤᠯᠵᠤ᠂ ᠶᠠᠳᠠᠭᠤ ᠬᠦᠴᠢᠷᠳᠡᠯᠲᠡᠢ ᠡᠪᠡᠳᠴᠢᠲᠡᠨ  ᠤ ᠡᠪᠡᠳᠴᠢᠨ ᠤ ᠣᠳᠣᠬᠢ ᠪᠠᠶᠢᠳᠠᠯ᠂ ᠬᠦᠭᠵᠢᠯᠲᠡ ᠶᠢᠨ ᠬᠠᠨᠳᠣᠰᠢ ᠪᠣᠯᠣᠨ ᠡᠵᠡᠮᠳᠡᠬᠦ ᠠᠷᠭ᠎ᠠ ᠪᠠᠷᠢᠯ ᠢ ᠨᠠᠷᠢᠨ ᠲᠠᠶᠢᠯᠪᠤᠷᠢᠯᠠᠨ ᠶᠠᠳᠠᠭᠤ ᠬᠦᠴᠢᠷᠳᠡᠯᠲᠡᠢ ᠡᠪᠡᠳᠴᠢᠲᠡᠨ ᠢ ᠡᠪᠡᠳᠴᠢᠨ ᠤ ᠪᠠᠨ ᠲᠣᠬᠠᠢ ᠰᠢᠨᠵᠢᠯᠡᠬᠦ ᠣᠬᠠᠭᠠᠨᠴᠢ ᠪᠠᠷ ᠲᠠᠨᠢᠭᠤᠯᠵᠤ᠂ ᠡᠪᠡᠳᠴᠢᠲᠡᠨ ᠢ ᠬᠠᠪᠰᠤᠷᠤᠨ ᠡᠷᠡᠬᠦᠯ ᠮᠡᠨᠳᠦ ᠶᠢᠨ ᠠᠰᠠᠭᠤᠳᠠᠯ ᠢ ᠰᠢᠢᠳᠪᠦᠷᠢᠯᠡᠬᠦ ᠪᠠᠷ ᠴᠢᠷᠮᠠᠶᠢᠨ᠎ᠠ᠃      ⒉ ᠶᠡᠭᠡ ᠡᠪᠡᠳᠴᠢᠨ ᠢ ᠲᠥᠪᠯᠡᠷᠡᠭᠦᠯᠦᠨ ᠡᠮᠨᠡᠬᠦ ᠶᠢ ᠥᠷᠨᠢᠭᠦᠯᠬᠦ ᠬᠡᠷᠡᠭᠲᠡᠢ᠃ ︽ᠳᠥᠷᠪᠡ ᠶᠢ ᠳᠣᠭᠲᠠᠭᠠᠵᠤ ᠬᠤᠶᠠᠷ ᠢ ᠴᠢᠩᠭᠠᠳᠬᠠᠬᠤ︾ ᠵᠠᠷᠴᠢᠮ ︵ᠦᠢᠯᠡᠴᠢᠯᠡᠭᠡᠨ ᠤ ᠳᠣᠭᠲᠠᠮᠠᠯ ᠴᠡᠭ ᠤᠨ ᠡᠮᠨᠡᠯᠭᠡ ᠶᠢᠨ ᠬᠤᠷᠢᠶ᠎ᠠ ᠶᠢ ᠳᠣᠭᠲᠠᠭᠠᠬᠤ᠂ ᠡᠮᠴᠢᠯᠡᠭᠡᠨ ᠤ ᠳᠥᠰᠥᠯ ᠢ ᠳᠣᠭᠲᠠᠭᠠᠬᠤ᠂ ᠰᠣᠶᠢᠳᠬᠡᠯ ᠬᠤᠷᠢᠶᠠᠬᠤ ᠪᠠᠷᠢᠮᠵᠢᠶ᠎ᠠ ᠶᠢ ᠳᠣᠭᠲᠠᠭᠠᠬᠤ᠂ ᠳᠡᠩᠰᠠᠨ ᠠᠴᠠ ᠲᠠᠶᠢᠯᠬᠤ ᠬᠠᠷᠢᠴᠠᠯ ᠢ ᠳᠣᠭᠲᠠᠭᠠᠬᠤ᠂ ᠶᠠᠰᠤ ᠴᠢᠨᠠᠷ ᠤᠨ ᠬᠠᠮᠢᠶᠠᠷᠣᠯᠲᠠ ᠶᠢ ᠴᠢᠩᠭᠠᠳᠬᠠᠬᠤ᠂ ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠬᠤ ᠶᠢ ᠴᠢᠩᠭᠠᠳᠬᠠᠬᠬᠤ︶ ᠶᠣᠰᠣᠭᠠᠷ ᠶᠡᠭᠡ ᠡᠪᠡᠳᠴᠢᠨ ᠢ ᠲᠥᠪᠯᠡᠷᠡᠭᠦᠯᠦᠨ ᠡᠮᠨᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ ᠡᠮᠨᠡᠬᠦ ᠶᠣᠰᠣᠲᠠᠢ ᠶᠢ ᠨᠢ ᠪᠦᠭᠦᠳᠡ ᠶᠢ ᠡᠮᠨᠡᠬᠦ ᠶᠢ ᠪᠠᠲᠣᠯᠠᠨ᠎ᠠ᠃ ᠬᠤᠰᠢᠭᠤ ᠳᠡᠰ ᠤᠨ ᠶᠡᠭᠡ ᠡᠪᠡᠳᠴᠢᠨ ᠢ ᠲᠥᠪᠯᠡᠷᠡᠭᠦᠯᠥᠨ ᠡᠮᠨᠡᠬᠦ ᠦᠢᠯᠡᠴᠢᠯᠡᠭᠡᠨ ᠤ ᠳᠣᠭᠲᠠᠮᠠᠯ ᠴᠡᠭ ᠪᠣᠯᠬᠤ ᠡᠮᠨᠡᠯᠭᠡ ᠶᠢᠨ ᠬᠤᠷᠢᠶ᠎ᠠ ᠪᠣᠯ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ᠂ ᠬᠤᠲᠠ ᠶᠢᠨ ᠳᠡᠰ ᠤᠨ ᠶᠡᠭᠡ ᠡᠪᠡᠳᠴᠢᠨ ᠢ ᠲᠥᠪᠯᠡᠷᠡᠭᠦᠯᠥᠨ ᠡᠮᠨᠡᠬᠦ ᠦᠢᠯᠡᠴᠢᠯᠡᠭᠡᠨ ᠤ ᠳᠣᠭᠲᠠᠮᠠᠯ ᠴᠡᠭ ᠪᠣᠯᠬᠤ ᠡᠮᠨᠡᠯᠭᠡ ᠶᠢᠨ ᠬᠤᠷᠢᠶ᠎ᠠ ᠪᠣᠯ ᠣᠷᠳᠣᠰ ᠬᠤᠲᠠ ᠶᠢᠨ ᠭᠤᠣᠯᠳᠠᠯᠭᠠᠲᠤ ᠡᠮᠨᠡᠯᠭᠡ ᠶᠢᠨ ᠬᠤᠷᠢᠶ᠎ᠠ ᠪᠣᠯᠣᠨ᠎ᠠ᠃ ᠡᠷᠡᠬᠦᠯ ᠬᠠᠮᠠᠭᠠᠯᠠᠯ ᠪᠠ ᠲᠥᠯᠥᠪᠯᠡᠭᠡᠲᠦ ᠬᠦᠩᠭᠡᠵᠢᠯ ᠤᠨ ᠰᠠᠯᠠᠭ᠎ᠠ ᠮᠥᠴᠢᠷ ᠦᠢᠯᠡᠴᠢᠯᠡᠭᠡᠨ ᠤ ᠳᠣᠭᠲᠠᠮᠠᠯ ᠴᠡᠭ ᠪᠣᠯᠬᠤ ᠡᠮᠴᠢᠯᠡᠭᠡᠨ ᠤ ᠪᠠᠶᠢᠭᠤᠯᠣᠮᠵᠢ ᠳᠤ 14 ᠲᠦᠷᠥᠯ ᠤᠨ ᠶᠡᠭᠡ ᠡᠪᠡᠳᠴᠢᠨ ︵ᠤᠯᠠᠭᠠᠨ ᠬᠤᠭᠤᠯᠠᠢ ᠶᠢᠨ ᠦᠮᠡᠨ᠂ ᠬᠤᠳᠣᠭᠤᠳᠤᠨ ᠦᠮᠡᠨ᠂ ᠬᠤᠲᠣᠷᠢᠩᠬᠠᠢ ᠭᠡᠳᠡᠰᠦᠨ ᠦᠮᠡᠨ᠂ ᠬᠤᠰᠬᠢᠨᠠᠭ ᠤᠨ ᠦᠮᠡᠨ᠂ ᠰᠡᠭᠦᠯᠴᠢ ᠶᠢᠨ ᠬᠤᠭᠤᠴᠠᠭᠠᠨ ᠤ ᠪᠦᠭᠡᠷ᠎ᠡ ᠶᠢᠨ ᠡᠪᠡᠳᠴᠢᠨ᠂ ᠬᠡᠦᠭᠡᠳ ᠤᠨ ᠲᠦᠷᠭᠡᠨ ᠴᠢᠨᠠᠷᠲᠦ ᠯᠢᠮᠪᠠ ᠡᠰᠲᠦ ᠴᠢᠰᠦ ᠴᠠᠶᠢᠬᠤ ᠡᠪᠡᠳᠴᠢᠨ᠂ ᠬᠡᠦᠭᠡᠳ ᠤᠨ ᠠᠩᠬᠠᠨ ᠤ ᠪᠡᠯᠴᠢᠷ ᠮᠥᠬᠦᠯᠢᠭ ᠡᠰᠲᠦ ᠴᠢᠰᠤ ᠴᠠᠶᠢᠬᠤ ᠡᠪᠡᠳᠴᠢᠨ᠂ ᠬᠡᠦᠭᠡᠳ ᠤᠨ ᠲᠦᠷᠥᠯᠬᠢ ᠵᠢᠷᠣᠬᠡᠨ ᠲᠣᠰᠬᠤᠭᠤᠷ ᠤᠨ ᠳᠠᠰᠤᠯᠤᠪᠴᠢ ᠪᠦᠷᠢᠨ ᠪᠣᠰᠤ ᠡᠪᠡᠳᠴᠢᠨ᠂ ᠬᠡᠦᠭᠡᠳ ᠤᠨ ᠲᠦᠷᠦᠯᠬᠢ ᠵᠢᠷᠤᠬᠡᠨ ᠬᠤᠪᠳᠤᠯ ᠤᠨ ᠳᠠᠰᠣᠯᠣᠪᠴᠢ ᠪᠦᠷᠢᠨ ᠪᠤᠰᠤ ᠡᠪᠡᠳᠴᠢᠨ᠂ ᠠᠭᠤᠰᠬᠢᠨ ᠦᠮᠡᠨ᠂ ᠬᠦᠬᠦᠨ ᠪᠤᠯᠴᠢᠷᠬᠠᠢ ᠶᠢᠨ ᠦᠮᠡᠨ᠂ ᠰᠠᠪᠠᠨ ᠬᠦᠵᠦᠬᠦᠨ ᠤ ᠦᠮᠡᠨ᠂ ᠬᠡᠦᠭᠡᠳ ᠤᠨ ᠪᠡᠲᠡᠬᠢᠲᠦ ᠬᠠᠪᠤᠳᠠᠷ ᠪᠣᠯᠣᠨ ᠠᠭᠤᠰᠬᠢᠨ ᠲᠣᠭᠤᠰᠤᠳᠠᠯ ᠢ ᠪᠠᠭᠲᠠᠭᠠᠨ᠎ᠠ︶ ᠳᠤ ᠨᠡᠷᠪᠡᠭᠳᠡᠭᠰᠡᠨ ᠶᠠᠳᠠᠭᠤ ᠬᠦᠴᠢᠷᠳᠡᠯᠲᠡᠢ ᠬᠦᠮᠦᠰ ᠤᠨ ᠨᠡᠷ᠎ᠡ ᠵᠢᠴᠢ ᠡᠮᠦᠨ᠎ᠡ ᠬᠤᠭᠤᠴᠠᠭᠠᠨ ᠳᠠᠬᠢ ᠡᠮᠨᠡᠭᠦᠯᠦᠭᠰᠡᠨ ᠪᠠᠶᠢᠳᠠᠯ ᠢ ᠴᠠᠭ ᠲᠣᠬᠠᠢ ᠳᠤᠨᠢ ᠬᠠᠩᠭᠠᠵᠤ᠂ ᠬᠤᠰᠢᠭᠤ ᠳᠡᠰ ᠤᠨ ᠦᠢᠯᠡᠴᠢᠯᠡᠭᠡᠨ ᠤ ᠳᠣᠭᠲᠠᠮᠠᠯ ᠴᠡᠭ ᠪᠣᠯᠬᠤ ᠡᠮᠨᠡᠯᠭᠡ ᠶᠢᠨ ᠬᠤᠷᠢᠶ᠎ᠠ ᠶᠠᠳᠠᠭᠤ ᠬᠦᠴᠢᠷᠳᠡᠯᠲᠡᠢ ᠡᠪᠡᠳᠴᠢᠲᠡᠨ ᠢ ᠡᠮᠨᠡᠨ ᠵᠠᠰᠠᠬᠤ ᠶᠠᠪᠣᠴᠠ ᠳᠣᠮᠳᠠ ᠶᠠᠳᠠᠭᠤ ᠬᠦᠴᠢᠷᠳᠡᠯᠲᠡᠢ ᠡᠪᠡᠳᠴᠢᠲᠡᠨ ᠳᠤ ᠶᠡᠭᠡ ᠡᠪᠡᠳᠴᠢᠨ ᠢ ᠡᠮᠨᠡᠨ ᠵᠠᠰᠠᠬᠤ ᠲᠥᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠲᠠᠶᠢᠯᠪᠤᠷᠢᠯᠠᠨ ᠡᠪᠡᠳᠴᠢᠲᠡᠨ ᠤ ᠵᠦᠢ ᠵᠣᠬᠢᠰᠲᠡᠢ ᠪᠠᠷ ᠡᠮᠨᠡᠬᠦᠯᠬᠦ ᠶᠢ ᠣᠳᠣᠷᠢᠳᠬᠤ ᠶᠣᠰᠣᠲᠠᠢ᠃ ᠡᠮᠨᠡᠨ ᠵᠠᠰᠠᠬᠤ ᠨᠦᠬᠦᠴᠡᠯ ᠳᠤ ᠬᠦᠷᠦᠯᠴᠡᠬᠦ ᠦᠭᠡᠢ ᠶᠢ ᠨᠢ ᠳᠡᠭᠡᠷ᠎ᠡ ᠱᠠᠲᠤᠨ ᠤ ᠡᠮᠨᠡᠯᠭᠡ ᠶᠢᠨ ᠬᠤᠷᠢᠶᠠᠨ ᠳᠤ ᠰᠢᠯᠵᠢᠭᠦᠯᠦᠨ ᠡᠮᠨᠡᠬᠦᠯᠦᠨ᠎ᠡ᠃ ᠦᠢᠯᠡᠴᠢᠯᠡᠭᠡᠨ ᠤ ᠳᠣᠭᠲᠠᠮᠠᠯ ᠴᠡᠭ ᠪᠣᠯᠬᠤ ᠡᠮᠨᠡᠯᠭᠡ ᠶᠢᠨ ᠬᠤᠷᠢᠶᠠᠨ ᠳᠤ ᠲᠣᠰᠬᠠᠢ ᠮᠡᠷᠭᠡᠵᠢᠯᠲᠡᠨ ᠤᠷᠢᠵᠤ ᠡᠮᠨᠡᠨ ᠵᠠᠰᠠᠬᠤ ᠠᠵᠢᠯ ᠢ ᠵᠢᠯᠣᠭᠤᠳᠤᠭᠤᠯᠵᠤ ᠴᠦ ᠪᠣᠯᠣᠨ᠎ᠠ᠃      ⒊ᠣᠳᠠᠭᠠᠨ ᠴᠢᠨᠠᠷᠲᠠᠢ ᠡᠪᠡᠳᠴᠢᠨ ᠢ ᠭᠡᠷ᠎ᠡ ᠳᠤᠭᠲᠠᠨ ᠦᠢᠯᠡᠴᠢᠯᠡᠬᠦ ᠶᠢ ᠴᠢᠩᠭᠠᠳᠬᠠᠬᠤ ᠬᠡᠷᠡᠭᠲᠡᠢ᠃ ᠰᠣᠮᠣ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶ᠎ᠠ ᠪᠣᠯᠣᠨ ᠬᠤᠰᠢᠭᠤ ᠳᠡᠰ ᠤᠨ ᠡᠮᠨᠡᠯᠭᠡ ᠶᠢᠨ ᠬᠤᠷᠢᠶᠠᠨ ᠤ ᠲᠣᠰᠬᠠᠢ ᠮᠡᠷᠭᠡᠵᠢᠯ ᠤᠨ ᠡᠮᠴᠢ ᠪᠠᠷ ᠪᠦᠷᠢᠯᠳᠦᠭᠰᠡᠨ ᠭᠡᠷ ᠪᠦᠯᠢ ᠶᠢᠨ ᠡᠮᠴᠢ ᠶᠢᠨ ᠭᠡᠷ᠎ᠡ ᠳᠤᠭᠲᠠᠨ ᠦᠢᠯᠡᠴᠢᠯᠡᠬᠦ ᠪᠦᠯᠬᠦᠮ ᠣᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠶᠠᠳᠠᠭᠤ ᠬᠦᠴᠢᠷᠳᠡᠯᠲᠡᠢ ᠡᠪᠡᠳᠴᠢᠲᠡᠨ ᠲᠠᠢ ᠭᠡᠷ᠎ᠡ ᠳᠣᠭᠲᠠᠵᠤ ᠦᠢᠯᠡᠴᠢᠯᠡᠬᠦ ᠶᠢ ᠬᠡᠷᠡᠭᠵᠢᠭᠦᠯᠵᠦ ᠰᠠᠷ᠎ᠠ ᠪᠦᠷᠢ ᠠᠳᠠᠭ ᠲᠠᠭᠠᠨ ᠨᠢᠭᠡ ᠤᠳᠠᠭ᠎ᠠ ᠣᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠶᠠᠳᠠᠭᠤ ᠬᠦᠴᠢᠷᠳᠡᠯᠲᠡᠢ ᠡᠪᠡᠳᠴᠢᠲᠡᠨ ᠤ ᠪᠠᠶᠢᠳᠠᠯ ᠢ ᠤᠶᠢᠯᠠᠭᠠᠬᠤ ᠬᠡᠷᠡᠭᠲᠡᠢ᠃ ᠡᠮᠨᠡᠯᠭᠡ ᠶᠢᠨ ᠬᠤᠷᠢᠶᠠᠨ ᠳᠤ ᠰᠠᠭᠤᠵᠣ ᠡᠮᠴᠢᠯᠡᠬᠦ ᠬᠡᠷᠡᠭᠴᠡᠭᠡ ᠲᠠᠢ ᠣᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠶᠠᠳᠠᠭᠤ ᠬᠦᠴᠢᠷᠳᠡᠯᠲᠡᠢ ᠡᠪᠡᠳᠴᠢᠲᠡᠨ ᠦᠢᠷ᠎ᠠ ᠬᠠᠪᠢ ᠶᠢᠨ ᠴᠢᠳᠠᠪᠬᠢ ᠪᠠᠷ ᠪᠦᠷᠢᠨ ᠡᠮᠴᠢᠯᠡᠭᠡᠨ ᠤ ᠪᠠᠶᠢᠭᠤᠯᠤᠮᠵᠢ ᠳᠤ ᠡᠮᠨᠡᠬᠦᠯᠦᠨ ᠵᠠᠰᠠᠵᠤ᠂ ᠡᠮᠨᠡᠯᠭᠡ ᠳᠤ ᠰᠠᠭᠤᠬᠤ ᠬᠡᠷᠡᠭᠴᠡᠭᠡ ᠦᠭᠡᠢ ᠪᠣᠯᠪᠠᠴᠤ ᠣᠷᠳᠣ ᠬᠤᠭᠤᠴᠠᠭ᠎ᠠ ᠪᠠᠷ ᠡᠮᠴᠢᠯᠡᠬᠦᠯᠦᠨ ᠡᠷᠡᠬᠦᠯᠵᠢᠬᠦ ᠴᠢᠬᠤᠯᠠᠲᠠᠢ ᠣᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠶᠠᠳᠠᠭᠤ ᠬᠦᠴᠢᠷᠳᠡᠯᠲᠡᠢ ᠡᠪᠡᠳᠴᠢᠲᠡᠨ ᠳᠤ ᠳᠡᠭᠡᠷ᠎ᠡ ᠱᠠᠲᠤᠨ ᠤ ᠡᠮᠨᠡᠯᠭᠡ ᠶᠢᠨ ᠬᠤᠷᠢᠶᠠᠨ ᠤ ᠡᠮᠴᠢ ᠶᠢᠨ ᠵᠢᠯᠣᠭᠤᠳᠣᠯᠭ᠎ᠠ ᠳᠣᠣᠷ᠎ᠠ ᠡᠮᠴᠢᠯᠡᠭᠡ ᠪᠠ ᠡᠷᠡᠬᠦᠯᠵᠢᠯ ᠤᠨ ᠬᠠᠮᠢᠶᠠᠷᠣᠯᠲᠠ ᠶᠠᠪᠤᠭᠤᠯᠤᠨ᠎ᠠ᠃ ᠡᠪᠡᠳᠴᠢᠨ ᠤ ᠪᠠᠶᠢᠳᠠᠯ ᠳᠤ ᠬᠤᠪᠢᠷᠠᠯᠲᠠ ᠭᠠᠷᠴᠦ ᠲᠦᠷᠭᠡᠨ ᠭᠡᠮ ᠪᠣᠶᠣ ᠶᠡᠭᠡ ᠡᠪᠡᠳᠴᠢᠨ ᠪᠣᠯᠬᠤ ᠪᠤᠯᠤᠯᠴᠠᠭ᠎ᠠ ᠲᠠᠢ ᠪᠣᠯ ᠵᠣᠬᠢᠶᠠᠨ ᠪᠠᠶᠢᠭᠤᠯᠬᠤ ᠪᠠ ᠳᠠᠶᠢᠴᠢᠯᠠᠬᠤ ᠠᠵᠢᠯ ᠢ ᠰᠠᠶᠢᠲᠦᠷ ᠬᠢᠵᠦ ᠳᠡᠭᠡᠷ᠎ᠡ ᠱᠠᠲᠣᠨ ᠤ ᠡᠮᠨᠡᠯᠭᠡ ᠶᠢᠨ ᠬᠤᠷᠢᠶᠠᠨ ᠳᠤ ᠰᠢᠯᠵᠢᠭᠦᠯᠦᠨ ᠡᠮᠨᠡᠭᠦᠯᠦᠨ᠎ᠡ᠃ ᠣᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠶᠠᠳᠠᠭᠤ ᠬᠦᠴᠢᠷᠳᠡᠯᠲᠡᠢ ᠡᠪᠡᠳᠴᠢᠲᠡᠨ ᠤ ᠡᠮᠴᠢᠯᠡᠭᠡᠨ ᠳᠤ ᠬᠡᠷᠡᠭᠯᠡᠭᠰᠡᠨ ᠡᠮ ᠤᠨ ᠵᠦᠢᠯ᠂ ᠡᠮᠴᠢᠯᠡᠭᠡᠨ ᠤ ᠲᠥᠷᠦᠯ ᠵᠦᠢᠯ ᠪᠣᠯᠣᠨ ᠡᠮᠴᠢᠯᠡᠭᠡᠨ ᠤ ᠦᠢᠯᠡᠴᠢᠯᠡᠭᠡ ᠶᠢᠨ ᠲᠥᠬᠦᠭᠡᠷᠦᠮᠵᠢ ᠨᠢ ᠣᠨᠣᠰᠢᠯᠠᠯᠲᠠ ᠶᠢᠨ ᠭᠡᠷᠡᠴᠢᠯᠡᠯ ᠲᠠᠢ ᠨᠡᠶᠢᠴᠡᠬᠦ ᠬᠡᠷᠡᠭᠲᠡᠢ᠃ ᠣᠨᠣᠰᠢᠯᠠᠯᠲᠠ  ᠨᠢ ᠲᠣᠳᠣᠷᠬᠠᠢ᠂ ᠡᠪᠡᠳᠴᠢᠨ ᠤ ᠪᠠᠶᠢᠳᠠᠯ ᠨᠢ ᠳᠣᠭᠲᠠᠭᠤᠨ᠂ ᠡᠮ ᠬᠡᠷᠡᠭᠯᠡᠬᠦ ᠨᠢ ᠲᠣᠭᠲᠠᠪᠤᠷᠢ ᠲᠠᠢ᠂ ᠬᠥᠳᠡᠯᠬᠦ ᠳᠤ ᠳᠦᠭᠦᠮ ᠦᠭᠡᠢ ᠣᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠶᠠᠳᠠᠭᠤ ᠬᠦᠴᠢᠷᠳᠡᠯᠲᠡᠢ ᠡᠪᠡᠳᠴᠢᠲᠡᠨ ᠢ ᠰᠣᠮᠣ ᠪᠠᠯᠭᠠᠰᠣᠨ ᠤ ᠡᠷᠡᠬᠦᠯ ᠬᠠᠮᠠᠭᠠᠯᠠᠯ ᠤᠨ ᠬᠤᠷᠢᠶ᠎ᠠ ᠠᠴᠠ ᠣᠨᠣᠰᠢᠯᠠᠯᠲᠠ ᠶᠢᠨ ᠭᠡᠷᠡᠴᠢ᠂ ᠣᠷᠳᠣ ᠬᠤᠭᠤᠴᠠᠭ᠎ᠠ ᠪᠠᠷ ᠡᠮ ᠬᠡᠷᠡᠭᠯᠡᠬᠦ ᠵᠣᠷ ᠢ ᠰᠠᠷ᠎ᠠ ᠪᠦᠷᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠤᠨ ᠲᠥᠪ ᠲᠤ ᠮᠡᠳᠡᠬᠦᠯᠵᠦ ᠬᠢᠨᠠᠨ ᠴᠤᠬᠤᠯᠠᠪᠤᠷᠢᠯᠠᠨ ᠳᠡᠩᠰᠡᠯᠠᠭᠤᠯᠵᠤ ᠭᠡᠷ ᠪᠦᠯᠢ ᠶᠢᠨ ᠡᠮᠴᠢ ᠶᠢᠨ ᠭᠡᠷ᠎ᠡ ᠳᠣᠭᠲᠠᠨ ᠦᠢᠯᠡᠴᠢᠯᠡᠬᠦ ᠪᠦᠯᠬᠦᠮ ᠤᠷᠤᠯᠠᠨ ᠡᠮ ᠤᠨ ᠵᠦᠢᠯ ᠢ ᠬᠤᠳᠠᠯᠳᠣᠨ ᠠᠪᠴᠦ ᠡᠮ ᠪᠠ ᠡᠮᠴᠢᠯᠡᠭᠡ ᠬᠦᠷᠭᠡᠬᠦ ᠦᠢᠯᠡᠴᠢᠯᠡᠭᠡ ᠥᠷᠨᠢᠭᠦᠯᠦᠨ᠎ᠡ᠃ ᠡᠷᠡᠬᠦᠯ ᠬᠠᠮᠠᠭᠠᠯᠠᠯ ᠪᠠ ᠲᠥᠯᠥᠪᠯᠡᠭᠡᠲᠦ ᠬᠦᠩᠭᠡᠵᠢᠯ ᠤᠨ ᠰᠠᠯᠠᠭ᠎ᠠ ᠮᠥᠴᠢᠷ ᠣᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠶᠠᠳᠠᠭᠤ ᠬᠦᠴᠢᠷᠳᠡᠯᠲᠡᠢ ᠡᠪᠡᠳᠴᠢᠲᠡᠨ ᠤ ᠡᠮ ᠬᠡᠷᠡᠭᠯᠡᠭᠰᠡᠨ ᠪᠠᠶᠢᠳᠠᠯ ᠢ ᠥᠨᠳᠦᠰᠦᠯᠡᠨ ᠡᠮ ᠪᠠ ᠡᠮᠴᠢᠯᠡᠭᠡ ᠬᠦᠷᠭᠡᠬᠦ ᠭᠠᠷᠴᠠᠭ ᠢ ᠳᠣᠭᠲᠠᠭᠠᠨ᠎ᠠ᠃      ⒋ᠳᠡᠭᠡᠷ᠎ᠡ ᠳᠣᠣᠷ᠎ᠠ ᠱᠠᠲᠣᠨ ᠤ ᠡᠮᠨᠡᠯᠭᠡ ᠶᠢᠨ ᠬᠤᠷᠢᠶᠠᠨ ᠳᠤ ᠰᠢᠯᠵᠢᠭᠦᠯᠦᠨ ᠡᠮᠨᠡᠬᠦ ᠠᠵᠢᠯ ᠢ ᠰᠠᠶᠢᠳᠦᠷ ᠬᠢᠬᠦ ᠬᠡᠷᠡᠭᠲᠡᠢ᠃ ᠬᠤᠰᠢᠭᠤ ᠳᠡᠰ ᠤᠨ ᠡᠮᠨᠡᠯᠭᠡ ᠶᠢᠨ ᠬᠤᠷᠢᠶ᠎ᠠ ᠶᠠᠳᠠᠭᠤ ᠬᠦᠴᠢᠷᠳᠡᠯᠲᠡᠢ ᠡᠪᠡᠳᠴᠢᠲᠡᠨ ᠤ ᠰᠢᠯᠵᠢᠨ ᠡᠮᠨᠡᠬᠦᠯᠬᠦ ᠠᠵᠢᠯ ᠢ ᠬᠠᠷᠢᠭᠤᠴᠠᠵᠤ ᠳᠡᠭᠡᠷ᠎ᠡ ᠱᠠᠲᠤᠨ ᠤ ᠡᠮᠨᠡᠯᠭᠡ ᠶᠢᠨ ᠬᠤᠷᠢᠶ᠎ᠠ᠂ ᠬᠤᠯᠪᠤᠭᠳᠠᠭᠤᠯᠬᠤ ᠡᠮᠴᠢ᠂ ᠭᠡᠷ ᠪᠦᠯᠢ ᠶᠢᠨ ᠡᠮᠴᠢ ᠶᠢᠨ ᠭᠡᠷ᠎ᠡ ᠳᠣᠭᠲᠠᠨ ᠦᠢᠯᠡᠴᠢᠯᠡᠬᠦ ᠪᠦᠯᠬᠦᠮ ᠤᠨ ᠳᠤᠷᠠᠳᠴᠤ ᠭᠠᠷᠭᠠᠭᠰᠠᠨ ᠰᠢᠯᠵᠢᠭᠦᠯᠦᠨ ᠡᠮᠨᠡᠬᠦ ᠭᠤᠶᠣᠴᠢᠯᠠᠯ ᠢ ᠴᠠᠭ ᠲᠣᠬᠠᠢ ᠳᠤᠨᠢ ᠬᠢᠨᠠᠨ ᠬᠠᠷᠭᠤᠭᠤᠯᠵᠤ ᠰᠢᠯᠵᠢᠭᠦᠯᠦᠨ ᠡᠮᠨᠡᠬᠦ ᠳᠦᠷᠢᠮ ᠳᠤ ᠨᠡᠶᠢᠴᠡᠭᠰᠡᠨ ᠡᠪᠡᠳᠴᠢᠲᠡᠨ ᠢ ᠬᠠᠪᠰᠤᠷᠴᠤ ᠰᠢᠯᠵᠢᠨ ᠡᠮᠨᠡᠬᠦᠯᠬᠦ ᠶᠠᠪᠤᠴᠠ ᠶᠢ ᠪᠡᠶᠡᠯᠡᠬᠦᠯᠦᠨ᠎ᠡ᠃ ᠬᠤᠰᠢᠭᠤ ᠱᠠᠲᠣᠨ ᠤ ᠡᠯ᠎ᠡ ᠡᠮᠴᠢᠯᠡᠭᠡᠨ ᠤ ᠪᠠᠶᠢᠭᠤᠯᠣᠮᠵᠢ ᠲᠣᠰᠪᠦᠷᠢ ᠰᠢᠯᠵᠢᠭᠦᠯᠦᠨ ᠡᠮᠨᠡᠬᠦ ᠬᠠᠷᠢᠯᠴᠠᠭᠠᠨ ᠤ ᠬᠦᠮᠦᠨ ᠢ ᠨᠢᠭᠡ ᠳᠣᠬᠢᠷᠠᠭᠤᠯᠵᠤ ᠶᠠᠳᠠᠭᠤ ᠬᠦᠴᠢᠷᠳᠡᠯᠲᠡᠢ ᠡᠪᠡᠳᠴᠢᠲᠡᠨ ᠤ ᠰᠢᠯᠵᠢᠨ ᠡᠮᠨᠡᠬᠦᠯᠬᠦ ᠳᠤ ᠳᠦᠬᠦᠮ ᠦᠵᠡᠬᠦᠯᠬᠦ ᠶᠢᠨ ᠬᠠᠮᠲᠤ ᠰᠢᠯᠵᠢᠨ ᠡᠮᠨᠡᠬᠦᠯᠦᠭᠰᠡᠨ ᠡᠪᠡᠳᠴᠢᠲᠡᠨ ᠢ ᠳᠣᠰᠢᠶᠠᠨ ᠠᠪᠤᠭᠰᠠᠨ 3 ᠡᠳᠦᠷ ᠤᠨ ᠳᠣᠲᠣᠷ᠎ᠠ ᠬᠠᠮᠢᠶ᠎ᠠ ᠪᠦᠬᠦᠢ ᠪᠠᠶᠢᠳᠠᠯ ᠢ ᠡᠷᠡᠬᠦᠯ ᠬᠠᠮᠠᠭᠠᠯᠠᠯ ᠪᠠ ᠲᠥᠯᠥᠪᠯᠡᠭᠡᠲᠦ ᠬᠦᠩᠭᠡᠵᠢᠯ ᠤᠨ ᠰᠠᠯᠠᠭ᠎ᠠ ᠮᠥᠴᠢᠷ ᠲᠤ ᠮᠡᠳᠡᠬᠦᠯᠦᠨ᠎ᠡ᠃ ᠳᠦᠷᠢᠮ ᠶᠣᠰᠣᠭᠠᠷ ᠭᠠᠳᠠᠷ ᠣᠷᠣᠨ ᠳᠤ ᠶᠠᠪᠤᠵᠤ ᠡᠮᠴᠢᠯᠡᠭᠦᠯᠦᠭᠰᠡᠨ ᠡᠪᠡᠳᠴᠢᠲᠡᠨ ᠢ ᠰᠢᠯᠵᠢᠭᠦᠯᠦᠨ ᠡᠮᠨᠡᠬᠦ ᠬᠠᠷᠢᠯᠴᠠᠭᠠᠨ ᠤ ᠬᠦᠮᠦᠨ ᠬᠠᠷᠢᠭᠤᠴᠠᠵᠤ ᠡᠷᠡᠬᠦᠯ ᠬᠠᠮᠠᠭᠠᠯᠠᠯ ᠪᠠ ᠲᠥᠯᠥᠪᠯᠡᠭᠡᠲᠦ ᠬᠦᠩᠭᠡᠵᠢᠯ ᠤᠨ ᠰᠠᠯᠠᠭ᠎ᠠ ᠮᠥᠴᠢᠷ ᠲᠤ ᠬᠠᠮᠢᠶ᠎ᠠ ᠪᠦᠬᠦᠢ ᠪᠠᠶᠢᠳᠠᠯ ᠢ ᠮᠡᠳᠡᠬᠦᠯᠦᠨ᠎ᠡ᠃      ︵ᠳᠥᠷᠪᠡ︶ ᠰᠠᠭᠤᠷᠢ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ ᠶᠠᠳᠠᠭᠤ ᠬᠦᠴᠢᠷᠳᠡᠯᠲᠡᠢ ᠡᠪᠡᠳᠴᠢᠲᠡᠨ  ᠤ ᠡᠪᠡᠳᠴᠢᠨ ᠦᠵᠡᠬᠦᠯᠥᠭᠰᠡᠨ ᠵᠠᠷᠣᠳᠠᠯ ᠤᠨ ᠳᠠᠷᠣᠭᠠᠰᠤ ᠬᠦᠨᠳᠦ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃     ⒈ᠳᠠᠩᠰᠠᠨ ᠠᠴᠠ ᠲᠠᠶᠢᠯᠬᠤ ᠬᠠᠷᠢᠴᠠᠯ ᠢ ᠲᠣᠳᠣᠳᠬᠠᠬᠤ ᠬᠡᠷᠡᠭᠲᠡᠢ᠃ ︽ᠣᠷᠳᠣᠰ ᠬᠤᠲᠠ ᠶᠢᠨ ᠳᠠᠩᠰᠠ ᠪᠠᠶᠢᠭᠤᠯᠵᠤ ᠺᠠᠷᠲ ᠪᠣᠰᠬᠠᠭᠰᠠᠨ ᠶᠠᠳᠠᠭᠤ ᠬᠦᠴᠢᠷᠳᠡᠯᠳᠡᠢ ᠡᠪᠡᠳᠴᠢᠲᠡᠳ ᠢ ᠡᠷᠡᠭᠦᠯ ᠡᠩᠬᠡ ᠶᠢᠨ ᠦᠢᠯᠡᠰ ᠢᠶᠠᠷ ᠶᠠᠳᠠᠭᠤ ᠶᠢ ᠤᠨᠤᠪᠴᠢᠲᠠᠢ ᠲᠡᠳᠬᠦᠬᠦ ᠵᠢᠷᠭᠤᠭᠠᠨ ᠲᠥᠷᠥᠯ ᠤᠨ ᠪᠠᠲᠣᠯᠠᠭ᠎ᠠ ᠶᠢᠨ ᠬᠡᠷᠡᠭᠵᠢᠭᠦᠯᠬᠦ ᠠᠷᠭ᠎ᠠ ︵ᠲᠣᠷᠰᠢᠨ ᠬᠡᠷᠡᠭᠵᠢᠭᠦᠯᠬᠦ︶︾ ︵ᠣᠷᠳᠣᠰ ᠵᠠᠰᠠᠭ ᠲᠠᠷᠬᠠᠭᠠᠬᠤ ﹇2018﹈ 9 ᠳ᠋ᠦ᠋ᠭᠡᠷ ᠲᠤᠭᠠᠲᠤ︶ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠬᠤᠰᠢᠭᠤ ᠶᠠᠳᠠᠭᠤ ᠶᠢ ᠳᠡᠳᠬᠦᠨ ᠨᠡᠭᠡᠭᠡᠯᠲᠡ ᠬᠢᠬᠦ ᠶᠡᠷᠦᠩᠬᠡᠶᠢᠯᠡᠭᠰᠡᠨ ᠲᠥᠪ ᠠᠴᠠ ᠬᠠᠮᠢᠶ᠎ᠠ ᠪᠦᠬᠦᠢ ᠲᠥᠷᠦ ᠶᠢᠨ ᠪᠣᠳᠣᠯᠭ᠎ᠠ ᠶᠣᠰᠣᠭᠠᠷ ᠶᠠᠳᠠᠭᠤ ᠬᠦᠴᠢᠷᠳᠡᠯᠲᠡᠢ ᠡᠪᠡᠳᠴᠢᠲᠡᠳ ᠲᠤ ᠨᠢᠭᠡᠳᠦᠯᠲᠡᠢ ᠪᠠᠷ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠣᠷᠣᠯᠠᠨ ᠲᠣᠰᠢᠶᠠᠬᠤ ᠶᠢᠨ ᠬᠠᠮᠲᠤ ᠦᠨᠳᠦᠰᠦᠨ ᠡᠮᠨᠡᠯᠭᠡ ᠶᠢᠨ ᠳᠠᠭᠠᠳᠬᠠᠯ᠂ ᠶᠡᠭᠡ ᠡᠪᠡᠳᠴᠢᠨ ᠤ ᠬᠤᠳᠠᠯᠳᠣᠭᠠᠨ ᠤ ᠶᠠᠪᠤᠳᠠᠯ ᠤᠨ ᠳᠠᠭᠠᠳᠬᠠᠯ᠂ ᠰᠠᠨᠠᠮᠰᠠᠷ ᠦᠭᠡᠢ ᠰᠢᠷᠬᠠᠳᠠᠯ ᠤᠨ ᠳᠠᠭᠠᠳᠬᠠᠯ᠂ ᠠᠷᠠᠳ ᠤᠨ ᠶᠠᠪᠤᠳᠠᠯ ᠤᠨ ᠡᠮ ᠡᠮᠨᠡᠯᠭᠡ ᠶᠢᠨ ᠲᠤᠰᠠᠯᠠᠮᠵᠢ᠂ ᠶᠠᠳᠠᠭᠤ ᠠᠴᠠ ᠠᠩᠭᠢᠵᠢᠷᠠᠭᠤᠯᠬᠤ ᠳᠠᠭᠠᠳᠬᠠᠯ ᠪᠠ ᠶᠠᠳᠠᠭᠤ ᠶᠢ ᠳᠡᠳᠬᠦᠨ ᠰᠠᠭᠤᠷᠢ ᠶᠢ ᠨᠢ ᠪᠠᠲᠤᠯᠠᠬᠤ ᠵᠡᠷᠭᠡ ᠵᠢᠷᠭᠤᠭᠠᠨ ᠲᠦᠷᠦᠯ ᠤᠨ ᠪᠠᠲᠤᠯᠠᠭ᠎ᠠ ᠶᠢᠨ ᠠᠷᠭ᠎ᠠ ᠪᠠᠷᠢᠯ ᠢ ᠬᠡᠷᠡᠭᠵᠢᠭᠦᠯᠬᠦ ᠪᠠᠷ ᠳᠠᠮᠵᠢᠭᠤᠯᠤᠨ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠡᠮᠨᠡᠯᠭᠡ ᠶᠢᠨ ᠵᠢᠯ ᠤᠨ ᠵᠠᠷᠣᠲᠠᠯ ᠢ 100% ᠪᠠᠷ ᠳᠠᠩᠰᠠᠨ ᠠᠴᠠ ᠲᠠᠶᠢᠯᠬᠤ ᠶᠢ ᠪᠡᠶᠡᠯᠡᠭᠦᠯᠦᠨ᠎ᠡ᠃      ⒉ᠴᠠᠭ ᠳᠠᠷᠤᠢ ᠳᠤᠨᠢ ᠳᠠᠰᠤᠯᠣᠨ ᠪᠣᠳᠣᠵᠤ ᠳᠠᠩᠰᠠᠨ ᠠᠴᠠ ᠲᠠᠶᠢᠯᠬᠤ ᠬᠡᠷᠡᠭᠲᠡᠢ᠃ ᠶᠠᠳᠠᠭᠤ ᠬᠦᠴᠢᠷᠳᠡᠯᠲᠡᠢ ᠡᠪᠡᠳᠴᠢᠲᠡᠳ ᠲᠤ ︽ᠤᠷᠢᠳᠠᠪᠠᠷ ᠡᠪᠡᠳᠴᠢᠨ ᠦᠵᠡᠭᠦᠯᠵᠦ ᠳᠠᠷᠠᠭ᠎ᠠ ᠨᠢ ᠰᠦᠢᠳᠬᠡᠯ ᠲᠣᠰᠢᠶᠠᠬᠤ︾ ᠳᠥᠷᠢᠮ ᠪᠣᠯᠣᠨ ︽ᠨᠢᠭᠡ ᠥᠷᠲᠡᠭᠡᠨ ᠤ ᠬᠡᠯᠪᠡᠷᠢ︾  ᠶᠢᠨ ᠴᠠᠭ ᠳᠠᠷᠤᠢ ᠳᠤᠨᠢ ᠳᠠᠰᠤᠯᠣᠨ ᠪᠣᠳᠣᠵᠤ ᠳᠠᠩᠰᠠᠨ ᠠᠴᠠ ᠲᠠᠶᠢᠯᠬᠤ ᠦᠢᠯᠡᠴᠢᠯᠡᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠬᠤᠰᠢᠭᠤᠨ ᠤ ᠭᠠᠳᠠᠨᠠᠬᠢ ᠭᠠᠵᠠᠷ ᠣᠷᠣᠨ ᠳᠤ ᠡᠮᠨᠡᠭᠦᠯᠦᠭᠰᠡᠨ ᠡᠪᠡᠳᠴᠢᠲᠡᠳ ᠲᠤᠰ ᠬᠦᠮᠦᠨ ᠤ ᠪᠡᠶ᠎ᠡ ᠶᠢᠨ ᠦᠨᠡᠮᠯᠡᠯ ᠪᠣᠯᠣᠨ ᠡᠪᠡᠳᠴᠢᠨ ᠤ ᠳᠠᠩᠰᠠ ᠮᠠᠲ᠋ᠧᠷᠢᠶᠠᠯ ᠢᠶᠠᠨ ᠠᠪᠴᠤ ᠬᠤᠰᠢᠭᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠤᠨ ᠲᠥᠪ ᠤᠨ ︽ᠨᠢᠭᠡ ᠥᠷᠲᠡᠭᠡᠨ ᠤ ᠬᠡᠯᠪᠡᠷᠢ︾ ᠶᠢᠨ ᠳᠠᠰᠤᠯᠣᠨ ᠪᠣᠳᠣᠬᠤ ᠦᠢᠯᠡᠴᠢᠯᠡᠭᠡᠨ ᠤ ᠴᠣᠩᠬᠤᠨ ᠳᠤ ᠬᠦᠷᠴᠤ ᠡᠮᠨᠡᠯᠭᠡ ᠶᠢᠨ ᠵᠠᠷᠤᠳᠠᠯ ᠢᠶᠠᠨ ᠳᠠᠩᠰᠠᠨ ᠠᠴᠠ ᠲᠠᠶᠢᠯᠤᠨ᠎ᠠ᠃ ᠬᠤᠰᠢᠭᠤᠨ ᠤ ᠲᠣᠳᠣᠷᠠᠬᠢ ᠦᠢᠯᠡᠴᠢᠯᠡᠭᠡᠨ ᠤ ᠳᠣᠭᠲᠠᠮᠠᠯ ᠴᠡᠭ ᠪᠣᠯᠬᠤ ᠡᠮᠨᠡᠯᠭᠡ ᠶᠢᠨ ᠪᠠᠶᠢᠭᠤᠯᠤᠮᠵᠢ ᠳᠤ ᠡᠮᠨᠡᠭᠦᠯᠦᠭᠰᠡᠨ ᠶᠠᠳᠠᠭᠤ ᠬᠦᠴᠢᠷᠳᠡᠯᠲᠡᠢ ᠡᠪᠡᠳᠴᠢᠲᠡᠳ ᠡᠮᠨᠡᠯᠭᠡ ᠠᠴᠠ ᠭᠠᠷᠬᠤ ᠦᠶᠡᠰ ᠵᠥᠪᠬᠡᠨ ᠡᠷᠡᠭᠦᠯ ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠬᠦᠬᠦ ︽ᠨᠢᠭᠡ ᠥᠷᠲᠡᠭᠡᠨ ᠤ ᠬᠡᠯᠪᠡᠷᠢ︾ ᠶᠢᠨ ᠳᠠᠰᠤᠯᠣᠨ ᠪᠣᠳᠣᠭᠰᠠᠨ ᠪᠠᠶᠢᠳᠠᠯ ᠤᠨ ᠮᠡᠳᠡᠭᠳᠡᠬᠦ ᠪᠢᠴᠢᠭ ᠢ ᠭᠠᠷᠳᠠᠨ᠎ᠠ᠃       ⒊ ᠶᠡᠭᠡ ᠡᠪᠡᠳᠴᠢᠨ ᠤ ᠳᠤᠰᠠᠯᠠᠮᠵᠢ ᠶᠢ ᠰᠠᠶᠢᠨ ᠬᠢᠬᠦ ᠬᠡᠷᠡᠭᠲᠡᠢ᠃ ᠭᠡᠨᠡᠳᠲᠡ ᠪᠠᠷ ᠬᠦᠨᠳᠦ ᠶᠡᠭᠡ ᠡᠪᠡᠳᠴᠢᠨ ᠣᠯᠣᠭᠰᠠᠨ ᠠᠴᠠ ᠪᠣᠯᠵᠤ ᠠᠮᠢᠳᠤᠷᠠᠯ ᠨᠢ ᠲᠦᠢᠯ ᠤᠨ ᠬᠦᠴᠢᠷᠳᠡᠯᠲᠡᠢ ᠪᠣᠯᠣᠭᠰᠠᠨ ᠶᠠᠳᠠᠭᠤ ᠬᠦᠴᠢᠷᠳᠡᠯᠲᠡᠢ ᠬᠦᠮᠦᠨ ᠠᠮᠠ ᠳᠤ ᠨᠡᠶᠢᠭᠡᠮ ᠤᠨ ᠲᠤᠰᠠᠯᠠᠮᠵᠢ ᠶᠢᠨ ᠬᠦᠴᠦᠯᠡᠴᠡ ᠶᠢ ᠨᠡᠮᠡᠭᠳᠡᠭᠦᠯᠦᠨ᠎ᠡ᠃ ᠵᠢᠷᠤᠮᠵᠢᠯ ᠶᠤᠰᠤᠭᠠᠷ ᠰᠢᠯᠵᠢᠨ ᠡᠮᠨᠡᠭᠦᠯᠵᠤ᠂ ᠦᠢᠯᠡᠴᠢᠯᠡᠭᠡᠨ ᠤ ᠳᠣᠭᠲᠠᠮᠠᠯ ᠴᠡᠭ ᠪᠣᠯᠬᠤ ᠡᠮᠨᠡᠯᠭᠡ ᠶᠢᠨ ᠪᠠᠶᠢᠭᠤᠯᠤᠮᠵᠢ ᠳᠤ ᠡᠮᠨᠡᠯᠭᠡ ᠳᠤ ᠰᠠᠭᠤᠨ ᠡᠮᠨᠡᠭᠦᠯᠦᠭᠡᠳ ᠵᠠᠷᠤᠳᠠᠯ ᠢᠶᠠᠨ ᠲᠥᠯᠦᠬᠦ ᠴᠢᠳᠠᠪᠤᠷᠢ ᠦᠭᠡᠢ ᠶᠠᠳᠠᠭᠤ ᠬᠦᠴᠢᠷᠳᠡᠯᠲᠡᠢ ᠬᠦᠮᠦᠨ ᠠᠮᠠ ᠶᠢ ᠲᠦᠷ ᠴᠠᠭ ᠲᠡᠳᠬᠦᠨ ᠲᠤᠰᠠᠯᠠᠬᠤ᠂ ᠪᠤᠶᠠᠨ ᠤ ᠦᠢᠯᠡᠰ ᠢᠶᠠᠷ ᠲᠡᠳᠬᠦᠨ ᠲᠤᠰᠠᠯᠠᠬᠤ ᠪᠣᠯᠣᠨ ᠵᠠᠰᠠᠭ ᠤᠨ ᠣᠷᠳᠣᠨ ᠤ ᠰᠠᠭᠤᠷᠢ ᠶᠢ ᠨᠢ ᠪᠠᠲᠤᠯᠠᠨ ᠳᠡᠮᠵᠢᠨ ᠳᠤᠰᠠᠯᠠᠬᠤ ᠬᠡᠪᠴᠢᠶᠡᠨ ᠳᠤ ᠤᠷᠤᠭᠤᠯᠤᠨ᠎ᠠ᠃     ︵ᠲᠠᠪᠤ︶ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠵᠤ ᠶᠠᠳᠠᠭᠤ ᠬᠦᠴᠢᠷᠳᠡᠯᠲᠡᠢ ᠡᠪᠡᠳᠴᠢᠲᠡᠳ ᠤᠨ ︽ᠴᠦᠭᠡᠨ ᠡᠪᠡᠳᠴᠢᠯᠡᠵᠤ︾ ᠬᠤᠴᠣᠷᠣᠩᠭᠤᠢ ᠶᠢ ᠬᠠᠮᠢᠶᠠᠷᠬᠤ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃       ⒈ᠡᠷᠡᠭᠦᠯ ᠮᠡᠨᠳᠦ ᠶᠢᠨ ᠬᠦᠮᠦᠵᠢᠯ ᠤᠨ ᠠᠵᠢᠯᠯᠠᠭ᠎ᠠ ᠥᠷᠨᠢᠭᠦᠯᠬᠦ ᠬᠡᠷᠡᠭᠲᠡᠢ᠃ ᠡᠷᠡᠭᠦᠯ ᠮᠡᠨᠳᠦ ᠶᠢᠨ ᠬᠡᠪ ᠪᠤᠯᠪᠠᠰᠤᠷᠠᠯ ᠤᠨ ᠦᠨᠳᠦᠰᠦᠨ ᠮᠡᠳᠡᠯᠭᠡ ᠪᠣᠯᠣᠨ ᠮᠡᠷᠭᠡᠵᠢᠯ᠂ ᠦᠷᠭᠦᠯᠵᠢ ᠲᠣᠬᠢᠶᠠᠯᠳᠤᠬᠤ ᠡᠪᠡᠳᠴᠢᠨ ᠪᠣᠯᠣᠨ ᠬᠢᠯᠪᠠᠷᠬᠠᠨ ᠣᠯᠳᠠᠭ ᠡᠪᠡᠳᠴᠢᠨ ᠢ ᠰᠡᠷᠭᠡᠶᠢᠯᠡᠬᠦ᠂ ᠴᠢᠰᠤᠨ ᠳᠠᠷᠤᠯᠲᠠ ᠥᠨᠳᠦᠷ᠂ ᠰᠢᠬᠢᠷ ᠰᠢᠵᠢᠩ ᠡᠪᠡᠳᠴᠢᠨ᠂ ᠵᠢᠷᠦᠭᠡ ᠲᠠᠷᠢᠬᠢᠨ ᠴᠢᠰᠦᠨ ᠰᠤᠳᠠᠯ ᠤᠨ ᠡᠪᠡᠳᠴᠢᠨ ᠵᠡᠷᠭᠡ ᠤᠳᠠᠭᠠᠨ ᠴᠢᠨᠠᠷᠲᠠᠢ ᠡᠪᠡᠳᠴᠢᠨ ᠢ ᠡᠷᠡᠭᠦᠯ ᠮᠡᠨᠳᠦ ᠪᠠᠷ ᠬᠠᠮᠢᠶᠠᠷᠬᠤ ᠵᠡᠷᠭᠡ ᠪᠠᠷ ᠭᠤᠣᠯᠳᠠᠯᠭ᠎ᠠ ᠪᠣᠯᠭᠠᠵᠣ ᠶᠠᠳᠠᠭᠤ ᠬᠦᠴᠢᠷᠳᠡᠯᠲᠡᠢ ᠬᠦᠮᠦᠨ ᠠᠮᠠ ᠤᠨ ᠡᠷᠡᠬᠦᠯ ᠮᠡᠨᠳᠦ ᠶᠢᠨ ᠬᠦᠮᠦᠵᠢᠯ ᠢ ᠴᠢᠩᠭᠠᠳᠬᠠᠨ ᠶᠠᠳᠠᠭᠤ ᠬᠦᠴᠢᠷᠳᠡᠯᠲᠡᠢ ᠬᠦᠮᠦᠰ ᠲᠤ ᠲᠣᠯᠢ ᠪᠣᠯᠭᠠᠨ ᠦᠵᠡᠵᠦ ᠪᠣᠯᠬᠤᠶᠢᠴᠠ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠶᠡᠷᠦ ᠶᠢᠨ ᠮᠡᠳᠡᠯᠭᠡ ᠶᠢ ᠬᠠᠩᠭᠠᠵᠤ᠂ ᠲᠡᠳᠡᠨ ᠢ ᠵᠢᠯᠣᠭᠤᠳᠤᠨ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠪᠣᠯᠣᠨ ᠡᠷᠡᠭᠦᠯ ᠡᠩᠬᠡ ᠠᠮᠢᠳᠤᠷᠠᠬᠤᠢ ᠶᠢᠨ ᠬᠡᠯᠪᠡᠷᠢ ᠶᠢ ᠪᠦᠷᠢᠯᠳᠦᠭᠦᠯᠦᠨ᠎ᠡ᠃ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠥᠪ ᠨᠢ ᠡᠷᠡᠭᠦᠯ ᠮᠡᠨᠳᠦ ᠶᠢᠨ ᠬᠦᠮᠦᠵᠢᠯ ᠢ ᠲᠤᠭᠤᠷᠢᠨ ᠤᠬᠠᠭᠤᠯᠤᠨ ᠰᠤᠷᠲᠠᠯᠴᠢᠯᠠᠬᠤ ᠬᠦᠳᠡᠯᠭᠡᠭᠡᠨ ᠥᠷᠨᠢᠭᠦᠯᠵᠤ ᠪᠦᠬᠦ ᠰᠤᠮᠤ ᠪᠠᠯᠭᠠᠰᠤᠨ ᠳᠤ ᠬᠦᠷᠴᠦ ᠰᠤᠷᠲᠠᠯᠴᠢᠯᠠᠨ ᠤᠬᠠᠭᠤᠯᠬᠤ ᠬᠡᠷᠡᠭᠲᠡᠢ᠃ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠡ ᠨᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠡᠷᠡᠭᠦᠯ ᠮᠡᠨᠳᠦ ᠶᠢᠨ ᠬᠦᠮᠦᠵᠢᠯ ᠤᠨ ᠠᠵᠢᠯ ᠲᠠᠢ ᠤᠶᠠᠯᠳᠤᠭᠤᠯᠤᠨ ᠶᠠᠳᠠᠭᠤ ᠬᠦᠴᠢᠷᠳᠡᠯᠲᠡᠢ ᠬᠦᠮᠦᠰ ᠢ ᠵᠣᠬᠢᠶᠠᠨ ᠪᠠᠶᠢᠭᠤᠯᠵᠤ ᠡᠷᠡᠭᠦᠯ ᠮᠡᠨᠳᠦ ᠶᠢᠨ ᠬᠦᠮᠦᠵᠢᠯ ᠤᠨ ᠬᠦᠳᠡᠯᠭᠡᠭᠡᠨ ᠥᠷᠨᠢᠭᠦᠯᠵᠤ᠂ ᠪᠦᠬᠦ ᠵᠢᠯ ᠳᠤ ᠠᠳᠠᠭ ᠲᠠᠭᠠᠨ 12 ᠤᠳᠠᠭ᠎ᠠ ᠥᠷᠨᠢᠭᠦᠯᠦᠭᠰᠡᠨ ᠪᠠᠶᠢᠬᠤ ᠬᠡᠷᠡᠭᠲᠡᠢ᠃       ⒉ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠡᠷᠡᠭᠲᠡᠢ᠃ ᠤᠬᠠᠭᠤᠯᠬᠤ ᠬᠡᠯᠲᠡᠰ᠂ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠬᠥᠩᠭᠡᠵᠢᠯ᠂ ᠷᠠᠳᠢᠣ᠋ ᠲᠧᠯᠸᠢᠰ ᠵᠡᠷᠭᠡ ᠰᠠᠯᠠᠭ᠎ᠠ ᠮᠦᠴᠢᠷ ᠨᠢ ᠲᠧᠯᠸᠢᠰ᠂ ᠷᠠᠳᠢᠣ᠋᠂ ᠲᠣᠣᠷ ᠰᠦᠯᠵᠢᠶ᠎ᠡ ᠵᠡᠷᠭᠡ ᠠᠴᠢᠶᠠᠯᠠᠪᠤᠷᠢ ᠪᠠᠷ ᠳᠠᠮᠵᠢᠭᠤᠯᠤᠨ ᠡᠷᠡᠭᠦᠯ ᠮᠡᠨᠳᠦ ᠶᠢᠨ ᠮᠡᠳᠡᠯᠭᠡ ᠶᠢ ᠤᠬᠠᠭᠤᠯᠤᠨ ᠰᠤᠷᠲᠠᠯᠴᠢᠯᠠᠬᠤ ᠪᠠᠨ ᠴᠢᠩᠭᠠᠳᠬᠠᠨ᠎ᠠ᠃ ᠡᠯ᠎ᠡ ᠡᠮᠨᠡᠯᠭᠡ ᠶᠢᠨ ᠪᠠᠶᠢᠭᠤᠯᠤᠮᠵᠢ ᠦᠪᠡᠷᠲᠡᠭᠡᠨ ᠪᠠᠶᠢᠭ᠎ᠠ ᠡᠯᠧᠺᠲᠷᠣᠨ ᠳᠡᠯᠭᠡᠴᠠ᠂ ᠤᠬᠠᠭᠤᠯᠬᠤ ᠰᠠᠮᠪᠠᠷ᠎ᠠ ᠵᠡᠷᠭᠡ ᠳᠡᠭᠡᠨ ᠳᠦᠰᠢᠭᠯᠡᠨ ᠡᠷᠡᠭᠦᠯ ᠮᠡᠨᠳᠦ ᠶᠢᠨ ᠮᠡᠳᠡᠯᠭᠡ ᠶᠢ ᠤᠬᠠᠭᠤᠯᠬᠤ ᠠᠵᠢᠯ ᠢ ᠳᠠᠰᠤᠷᠠᠯᠲᠠ ᠦᠭᠡᠢ ᠶᠠᠪᠤᠭᠳᠠᠭᠤᠯᠤᠨ᠎ᠠ᠃ ᠰᠤᠮᠤ ᠪᠠᠯᠭᠠᠰᠤᠨ ᠨᠢ ᠡᠷᠡᠭᠦᠯ ᠬᠠᠮᠠᠭᠠᠯᠠᠯ ᠤᠨ ᠬᠤᠷᠢᠶ᠎ᠡ ᠨᠢ ᠭᠡᠷ ᠪᠦᠯᠢ ᠶᠢᠨ ᠡᠮᠴᠢ ᠶᠢᠨ ᠭᠡᠷ᠎ᠡ ᠲᠤᠭᠲᠠᠨ ᠦᠢᠯᠡᠴᠢᠯᠡᠬᠦ ᠲᠠᠢ ᠤᠶᠠᠯᠳᠤᠭᠤᠯᠤᠨ ᠢᠵᠢᠯ ᠠᠯᠬᠤᠮ ᠢᠶᠠᠷ ᠡᠷᠦᠬᠡ ᠳᠤ ᠭᠦᠨᠵᠡᠭᠡᠶᠢᠷᠡᠨ ᠶᠠᠷᠢᠨ ᠰᠤᠷᠲᠠᠯᠴᠢᠯᠠᠵᠤ ᠤᠬᠠᠭᠤᠯᠭ᠎ᠠ ᠶᠢᠨ ᠬᠠᠭᠤᠲᠠᠰᠤ ᠲᠠᠷᠬᠠᠭᠠᠨ᠂ ᠤᠯᠠᠨ ᠲᠦᠮᠡᠨ ᠤ ᠲᠤᠷᠠᠲᠠᠢ᠂ ᠬᠢᠯᠪᠠᠷ ᠬᠦᠯᠢᠶᠡᠵᠦ ᠠᠪᠬᠤ ᠬᠡᠯᠪᠡᠷᠢ ᠪᠠᠷ ᠳᠠᠮᠵᠢᠭᠤᠯᠤᠨ ᠡᠷᠡᠭᠦᠯ ᠮᠡᠨᠳᠦ ᠶᠢᠨ ᠬᠦᠮᠦᠵᠢᠯ ᠢ ᠪᠦᠬᠦ ᠲᠠᠯ᠎ᠠ ᠪᠠᠷ ᠬᠢᠨ᠎ᠡ᠃       ⒊ᠭᠤᠣᠯᠳᠠᠯᠭᠠᠲᠤ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠬᠤ ᠬᠡᠷᠡᠭᠲᠡᠢ᠃ ᠡᠷᠡᠭᠦᠯ ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠬᠦᠬᠦ ᠠᠵᠢᠯ ᠤᠨ ᠡᠪᠡᠳᠴᠢᠨ ᠬᠢᠵᠢᠭ ᠢ ᠰᠡᠷᠭᠡᠶᠢᠯᠡᠡ ᠡᠵᠡᠮᠳᠡᠬᠦ ᠲᠦᠰᠦᠯ ᠢ ᠬᠤᠰᠢᠭᠤ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠥᠪ ᠠᠴᠠ ᠬᠠᠷᠢᠭᠤᠴᠠᠵᠤ ᠲᠤᠭᠲᠠᠭᠠᠨ ᠬᠠᠯᠳᠠᠪᠤᠷᠢᠲᠤ ᠡᠪᠡᠳᠴᠢᠨ᠂ ᠤᠳᠠᠭᠠᠨ ᠴᠢᠨᠠᠷᠲᠠᠢ ᠡᠪᠡᠳᠴᠢᠨ ᠪᠣᠯᠣᠨ ᠬᠦᠨᠳᠦ ᠨᠤᠴᠢᠲᠠᠢ ᠣᠶᠣᠨ ᠮᠡᠳᠡᠷᠡᠯ ᠤᠨ ᠰᠠᠭᠠᠳ ᠲᠠᠢ ᠡᠪᠡᠳᠴᠢᠲᠡᠳ ᠲᠤ ᠵᠢᠷᠤᠮᠵᠢᠭᠰᠠᠨ ᠬᠠᠮᠢᠶᠠᠷᠤᠯᠲᠠ ᠬᠢᠵᠣ᠂ ᠬᠡᠦᠬᠡᠳ ᠤᠨ ᠰᠡᠷᠭᠡᠶᠢᠯᠡᠭᠡ ᠶᠢᠨ ᠵᠡᠭᠦᠦ ᠶᠢᠨ ᠲᠡᠷᠢᠯᠭ᠎ᠠ᠂ ᠠᠭᠤᠰᠬᠢᠨ ᠰᠦᠷᠢᠶ᠎ᠡ ᠶᠢᠨ ᠵᠢᠷᠤᠮᠵᠢᠭᠰᠠᠨ ᠬᠠᠮᠢᠶᠠᠷᠤᠯᠲᠠ᠂ ᠴᠢᠰᠤᠨ ᠳᠠᠷᠤᠯᠲᠠ ᠦᠨᠳᠦᠷ ᠪᠠ ᠰᠢᠭᠢᠷ ᠰᠢᠵᠢᠩ ᠡᠪᠡᠳᠴᠢᠨ ᠤ ᠵᠢᠷᠤᠮᠵᠢᠭᠰᠠᠨ ᠬᠠᠮᠢᠶᠠᠷᠤᠯᠲᠠ᠂ ᠭᠡᠨᠡᠳᠲᠠ ᠶᠢᠨ ᠴᠢᠨᠠᠷᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠴᠢᠩᠭᠠᠳᠬᠠᠨ ᠭᠤᠣᠯᠳᠠᠯᠭᠠᠲᠤ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠬᠦᠴᠦᠯᠡᠴᠡ ᠪᠠᠨ ᠨᠡᠮᠡᠭᠳᠡᠭᠦᠯᠦᠨ᠎ᠡ᠃        ⒋ᠡᠮᠡᠭᠲᠡᠶᠢᠴᠦᠳ ᠬᠡᠦᠬᠡᠳ ᠪᠠᠭᠠᠴᠤᠳ ᠤᠨ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠬᠤ ᠬᠡᠷᠡᠭᠲᠡᠢ᠃ ᠬᠦᠳᠡᠭᠡ ᠲᠤᠰᠬᠤᠨ ᠮᠠᠯᠵᠢᠬᠤ ᠣᠷᠣᠨ ᠳᠤ ᠵᠢᠷᠮᠦᠰᠦᠯᠡᠬᠦ ᠠᠴᠠ ᠡᠮᠦᠨᠡᠬᠢ ᠡᠷᠡᠭᠦᠯ ᠮᠡᠨᠳᠦ ᠶᠢᠨ ᠪᠠᠶᠢᠴᠠᠭᠠᠯᠲᠠ᠂ ᠡᠮᠡᠭᠲᠡᠶᠢᠴᠦᠳ ᠤᠨ ᠨᠠᠪᠴᠢᠨ ᠬᠦᠴᠢᠯ ᠨᠥᠬᠦᠪᠦᠷᠢᠯᠡᠨ ᠮᠡᠳᠡᠷᠡᠯ ᠤᠨ ᠳᠠᠮᠵᠢᠭᠤᠯᠬᠤ ᠭᠤᠤᠷᠰᠤ ᠶᠢᠨ ᠲᠤᠲᠠᠭᠤᠳᠠᠯ ᠢ ᠰᠡᠷᠭᠡᠶᠢᠯᠡᠬᠦ᠂ ᠰᠠᠪᠠᠨ ᠬᠦᠵᠦᠭᠦᠨ ᠤ ᠦᠮᠠᠨ ᠪᠣᠯᠣᠨ ᠬᠦᠬᠦᠨ ᠪᠤᠯᠴᠢᠷᠬᠠᠢ ᠶᠢᠨ ᠦᠮᠠᠨ ᠢ ᠰᠢᠭᠰᠢᠨ ᠪᠠᠶᠢᠴᠠᠭᠠᠬᠤ᠂ ᠰᠢᠨ᠎ᠡ ᠮᠡᠨᠳᠦᠯᠡᠭᠰᠡᠨ ᠬᠡᠦᠬᠡᠳ ᠤᠨ ᠡᠪᠡᠳᠴᠢᠨ ᠬᠢᠵᠢᠭ ᠢ ᠰᠢᠭᠰᠢᠨ ᠪᠠᠶᠢᠴᠠᠭᠠᠬᠤ ᠵᠡᠷᠭᠡ ᠲᠦᠷᠦᠯ ᠵᠦᠢᠯ ᠢ ᠪᠦᠬᠦ ᠲᠠᠯ᠎ᠠ ᠪᠠᠷ ᠬᠡᠷᠡᠭᠵᠢᠭᠦᠯᠵᠦ ᠡᠮᠡᠭᠲᠡᠶᠢᠴᠦᠳ ᠬᠡᠦᠬᠡᠳ ᠪᠠᠭᠠᠴᠤᠳ ᠤᠨ ᠡᠷᠡᠭᠦᠯ ᠮᠡᠨᠳᠦ ᠶᠢᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃      ︵ᠵᠢᠷᠭᠤᠭ᠎ᠠ︶ ᠡᠷᠡᠭᠦᠯ ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠬᠦᠬᠦ ᠲᠦᠷᠥ ᠶᠢᠨ ᠪᠣᠳᠣᠯᠭ᠎ᠠ ᠶᠢ ᠤᠬᠠᠭᠤᠯᠵᠤ ᠬᠠᠪᠰᠤᠷᠤᠨ ᠳᠡᠳᠬᠦᠭᠴᠢ ᠪᠠ ᠬᠠᠪᠰᠤᠷᠤᠭᠤᠯᠤᠨ ᠲᠡᠳᠬᠦᠭᠦᠯᠵᠦ ᠪᠠᠶᠢᠭ᠎ᠠ ᠬᠦᠮᠦᠨ ᠤ ᠲᠦᠷᠥ ᠶᠢᠨ ᠪᠣᠳᠣᠯᠭ᠎ᠠ ᠶᠢ ᠤᠶᠢᠯᠠᠭᠠᠬᠤ ᠨᠤᠷᠮ᠎ᠠ ᠳᠤᠤᠷ᠎ᠠ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃      ⒈ᠡᠮᠴᠢᠯᠡᠭᠦᠯᠬᠦ ᠵᠢᠯᠣᠭᠤᠳᠤᠮᠵᠢ ᠶᠢᠨ ᠲᠠᠶᠢᠯᠪᠤᠷᠢ ᠵᠢᠷᠤᠭ ᠢ ᠲᠤᠭᠲᠠᠭᠠᠬᠤ ᠬᠡᠷᠡᠭᠲᠡᠢ᠃ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠬᠥᠩᠭᠡᠵᠢᠯ ᠤᠨ ᠰᠠᠯᠠᠭ᠎ᠠ ᠮᠦᠴᠢᠷ ᠨᠢ ᠬᠤᠲᠠ ᠶᠢᠨ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠬᠥᠩᠭᠡᠵᠢᠯ ᠤᠨ ᠬᠤᠷᠢᠶᠠᠨ ᠤ ᠲᠤᠭᠲᠠᠭᠠᠭᠰᠠᠨ ᠡᠮᠴᠢᠯᠡᠭᠦᠯᠬᠦ ᠵᠢᠯᠣᠭᠤᠳᠤᠮᠵᠢ ᠶᠢᠨ ᠲᠠᠶᠢᠯᠪᠤᠷᠢ ᠵᠢᠷᠤᠭ ᠢ ᠦᠨᠳᠦᠰᠦᠯᠡᠨ ᠮᠠᠨ ᠤ ᠬᠤᠰᠢᠭᠤᠨ ᠤ ᠪᠤᠳᠠᠳᠤ ᠪᠠᠶᠢᠳᠠᠯ ᠲᠠᠢ ᠨᠡᠶᠢᠴᠡᠭᠰᠡᠨ ᠡᠮᠴᠢᠯᠡᠭᠦᠯᠬᠦ ᠵᠢᠯᠣᠭᠤᠳᠤᠮᠵᠢ ᠶᠢᠨ ᠲᠠᠶᠢᠯᠪᠤᠷᠢ ᠵᠢᠷᠤᠭ ᠢ ᠲᠤᠭᠲᠠᠭᠠᠵᠤ ᠡᠪᠡᠳᠴᠢᠨ ᠬᠢᠵᠢᠭ ᠤᠨ ᠠᠩᠭᠢᠯᠠᠯ᠂ ᠡᠮᠴᠢᠯᠡᠭᠦᠯᠬᠦ ᠬᠡᠯᠪᠡᠷᠢ᠂ ᠳᠠᠩᠰᠠᠨ ᠠᠴᠠ ᠲᠠᠶᠢᠯᠬᠤ ᠪᠠᠷᠢᠮᠵᠢᠶ᠎ᠠ ᠵᠡᠷᠭᠡ ᠶᠢ ᠪᠠᠭᠲᠠᠭᠠᠭᠰᠠᠨ ᠡᠮᠴᠢᠯᠡᠭᠡᠨ ᠤ ᠶᠡᠷᠦ ᠶᠢᠨ ᠮᠡᠳᠡᠯᠭᠡ ᠶᠢ ᠳᠦᠭᠦᠮ ᠲᠣᠳᠤᠷᠬᠠᠢ ᠤᠬᠠᠭᠤᠯᠵᠤ ᠤᠯᠠᠨ ᠲᠦᠮᠡᠨ ᠤ ᠵᠦᠢ ᠵᠣᠬᠢᠰᠲᠡᠢ ᠡᠮᠨᠡᠭᠦᠯᠬᠦ ᠶᠢ ᠵᠢᠯᠣᠭᠤᠳᠤᠨ᠎ᠠ᠃     ⒉ᠶᠠᠳᠠᠭᠤ ᠶᠢ ᠳᠡᠳᠬᠦᠬᠦ ᠲᠦᠷᠥ ᠶᠢᠨ ᠪᠣᠳᠣᠯᠭ᠎ᠠ ᠶᠢᠨ ᠪᠣᠯᠪᠠᠰᠤᠷᠠᠯ ᠢ ᠰᠠᠶᠢᠨ ᠬᠢᠬᠦ ᠬᠡᠷᠡᠭᠲᠡᠢ᠃ ᠬᠤᠰᠢᠭᠤ ᠡᠷᠡᠭᠦᠯ ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠬᠦᠬᠦ ᠠᠵᠢᠯ ᠤᠨ ᠲᠤᠰᠬᠠᠢ ᠣᠳᠣᠷᠢᠳᠬᠤ ᠪᠠᠭ᠎ᠠ ᠳᠤᠭᠤᠶᠢᠯᠠᠩ ᠤᠨ ᠡᠯ᠎ᠡ ᠪᠦᠷᠢᠯᠳᠦᠭᠦᠨ ᠪᠠᠶᠢᠭᠤᠯᠭ᠎ᠠ ᠨᠢ ᠠᠵᠢᠯ ᠤᠨ ᠬᠤᠪᠢᠶᠠᠷᠢᠯᠠᠯ ᠬᠠᠷᠢᠭᠤᠴᠠᠯᠭ᠎ᠠ ᠪᠠᠨ ᠦᠨᠳᠦᠰᠦᠯᠡᠨ ᠡᠷᠡᠭᠦᠯ ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠬᠦᠬᠦ ᠲᠥᠷᠥ ᠶᠢᠨ ᠪᠣᠳᠣᠯᠭ᠎ᠠ ᠶᠢᠨ ᠪᠣᠯᠪᠠᠰᠤᠷᠠᠯ ᠢ ᠴᠢᠩᠭᠠᠳᠬᠠᠭᠠᠳ ᠦᠨᠳᠦᠰᠦᠨ ᠱᠠᠲᠤᠨ ᠤ ᠺᠠᠳ᠋ᠷ᠂ ᠭᠠᠴᠠᠭ᠎ᠠ ᠲᠤᠰᠬᠤᠨ ᠳᠤ ᠰᠠᠭᠤᠭ᠎ᠠ ᠠᠵᠢᠯᠲᠠᠨ᠂ ᠡᠮᠨᠡᠯᠭᠡ ᠶᠢᠨ ᠠᠵᠢᠯᠲᠠᠨ ᠪᠣᠯᠣᠨ ᠭᠡᠷ ᠪᠦᠯᠢ ᠶᠢᠨ ᠡᠮᠴᠢ ᠳᠤ ᠡᠷᠡᠭᠦᠯ ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠬᠦᠬᠦ ᠲᠥᠷᠥ ᠶᠢᠨ ᠪᠣᠳᠣᠯᠭ᠎ᠠ ᠶᠢ ᠲᠣᠳᠣᠷᠬᠠᠢ ᠮᠡᠳᠡᠭᠦᠯᠵᠦ ᠡᠷᠡᠭᠦᠯ ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠬᠦᠬᠦ ᠲᠥᠷᠥ ᠶᠢᠨ ᠪᠣᠳᠣᠯᠭ᠎ᠠ ᠶᠢᠨ ᠰᠠᠶᠢᠨ ᠤᠬᠠᠭᠤᠯᠤᠭᠴᠢ ᠪᠣᠯᠭᠠᠨ᠎ᠠ᠃     ⒊ᠶᠠᠷᠢᠶ᠎ᠠ ᠬᠡᠯᠡᠯᠴᠡᠭᠡᠨ ᠤ ᠣᠬᠢ ᠰᠠᠶᠢᠨ ᠣᠷᠴᠢᠨ ᠠᠬᠤᠢ ᠶᠢ ᠪᠦᠷᠢᠯᠳᠦᠭᠦᠯᠬᠦ ᠬᠡᠷᠡᠭᠲᠡᠢ᠃ ᠡᠷᠡᠭᠦᠯ ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠬᠦᠬᠦ ᠲᠥᠷᠥ ᠶᠢᠨ ᠪᠣᠳᠣᠯᠭ᠎ᠠ ᠶᠢ ᠣᠯᠠᠨ ᠰᠠᠯᠠᠭ᠎ᠠ ᠮᠦᠴᠢᠷ ᠠᠴᠠ ᠬᠠᠮᠲᠤᠷᠠᠨ ᠤᠬᠠᠭᠤᠯᠵᠤ ᠣᠯᠠᠨ ᠲᠦᠮᠡᠨ ᠤ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠤᠷᠮ᠎ᠠ ᠶᠢ ᠳᠡᠭᠡᠭᠰᠢᠯᠡᠭᠦᠯᠦᠨ᠎ᠡ᠃ ᠭᠤᠣᠯ ᠮᠡᠳᠡᠭᠡ ᠵᠠᠭᠤᠴᠢ ᠪᠠ ᠸᠢᠴᠠᠲ᠂ ᠭᠠᠳᠠᠨᠠᠬᠢ ᠤᠬᠠᠭᠤᠯᠭ᠎ᠠ ᠶᠢᠨ ᠵᠠᠷ᠂ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠤᠷᠢᠶ᠎ᠠ ᠵᠡᠷᠭᠡ ᠤᠯᠠᠨ ᠵᠠᠭᠤᠴᠢᠯᠠᠭᠤᠷ ᠢ ᠠᠰᠢᠭᠯᠠᠨ ᠡᠷᠡᠭᠦᠯ ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠬᠦᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠡᠪᠴᠢᠶ᠎ᠡ ᠶᠢ ᠥᠷᠭᠡᠳᠬᠡᠨ᠎ᠡ᠃ ᠶᠡᠭᠡ ᠡᠪᠡᠳᠴᠢᠨ ᠢ ᠲᠥᠪᠯᠡᠷᠡᠭᠦᠯᠦᠨ ᠡᠮᠨᠡᠬᠦ ᠪᠠᠷ ᠦᠢᠯᠡᠴᠢᠯᠡᠭᠡᠨ ᠤ ᠳᠣᠭᠲᠠᠮᠠᠯ ᠴᠡᠭ ᠪᠣᠯᠬᠤ ᠡᠮᠨᠡᠯᠭᠡ ᠶᠢᠨ ᠪᠠᠶᠢᠭᠤᠯᠤᠮᠵᠢ᠂ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ︽ᠨᠢᠭᠡ ᠥᠷᠲᠡᠭᠡᠨ ᠤ ᠬᠡᠯᠪᠡᠷᠢ︾ ᠶᠢᠨ ᠳᠠᠰᠤᠯᠣᠨ ᠪᠣᠳᠣᠵᠣ ᠳᠠᠩᠰᠠᠨ ᠠᠴᠠ ᠲᠠᠶᠢᠯᠬᠤ ᠴᠣᠩᠬᠤ ᠵᠡᠷᠭᠡ ᠪᠠᠶᠢᠭᠤᠯᠭ᠎ᠠ ᠳᠤ ᠤᠬᠠᠭᠤᠯᠤᠨ ᠰᠤᠷᠲᠠᠯᠴᠢᠯᠠᠬᠤ ᠲᠣᠭᠲᠠᠮᠠᠯ ᠹᠷᠣᠨᠲ ᠪᠠᠶᠢᠭᠤᠯᠵᠤ᠂ ︽ᠣᠷᠢᠳᠠᠪᠠᠷ ᠡᠮᠴᠢᠯᠡᠭᠦᠯᠵᠦ ᠳᠠᠷᠠᠭ᠎ᠠ ᠨᠢ ᠰᠦᠢᠳᠭᠡᠯ ᠲᠤᠰᠢᠶᠠᠬᠤ︾᠂ ᠡᠷᠡᠭᠦᠯ  ᠡᠩᠬᠡ ᠶᠢᠨ ᠦᠢᠯᠡᠰ ᠢᠶᠠᠷ ᠶᠠᠳᠠᠭᠤ ᠶᠢ ᠤᠨᠤᠪᠴᠢᠲᠠᠢ ᠳᠡᠳᠬᠦᠬᠦ ︽ᠵᠢᠷᠭᠤᠭᠠᠨ ᠲᠦᠷᠦᠯ︾ ᠤᠨ ᠪᠠᠲᠤᠯᠠᠭ᠎ᠠ ᠶᠢᠨ ᠬᠡᠷᠡᠭᠵᠢᠭᠦᠯᠬᠦ ᠠᠷᠭ᠎ᠠ ᠵᠡᠷᠭᠡ ᠲᠥᠷᠥ ᠶᠢᠨ ᠪᠣᠳᠣᠯᠭ᠎ᠠ ᠶᠢ ᠪᠠᠶᠢᠩᠭᠤᠵᠢᠭᠤᠯᠤᠨ ᠤᠬᠠᠭᠤᠯᠵᠤ᠂ ᠶᠠᠳᠠᠭᠤ ᠬᠦᠴᠢᠷᠳᠡᠯᠲᠡᠢ ᠬᠦᠮᠦᠰ ᠤᠨ ᠦᠵᠡᠵᠦ ᠣᠶᠢᠯᠠᠭᠠᠬᠤ ᠶᠢ ᠪᠠᠲᠤᠯᠠᠨ᠎ᠠ᠃ ᠶᠠᠳᠠᠭᠤ ᠬᠦᠴᠢᠷᠳᠡᠯᠲᠡᠢ ᠬᠦᠮᠦᠰ ᠤᠨ ᠡᠷᠡᠭᠦᠯ ᠮᠡᠨᠳᠦ ᠶᠢᠨ ᠠᠰᠠᠭᠤᠳᠠᠯ ᠢ ᠰᠢᠢᠳᠪᠦᠷᠢᠯᠡᠭᠰᠡᠨ ᠲᠠᠯ᠎ᠠ ᠪᠠᠷ ᠲᠣᠪᠣᠶᠢᠮ᠎ᠠ ᠢᠯᠡᠷᠡᠯ ᠲᠠᠢ ᠦᠨᠳᠦᠰᠦᠨ ᠱᠠᠲᠤᠨ ᠤ ᠺᠠᠳ᠋ᠷ ᠪᠣᠯᠣᠨ ᠡᠮᠨᠡᠭᠡ ᠶᠢᠨ ᠠᠵᠢᠯᠲᠠᠨ ᠢ ᠶᠡᠬᠡᠪᠡᠷ ᠰᠤᠷᠲᠠᠯᠴᠢᠯᠠᠵᠤ ᠠᠮᠢᠳᠤᠯᠢᠭ ᠦᠢᠯᠡ ᠶᠠᠪᠤᠳᠠᠯ ᠪᠣᠯᠣᠨ ᠬᠦᠮᠦᠨ ᠢ ᠳᠣᠭᠳᠣᠯᠤᠭᠤᠯᠤᠭᠰᠠᠨ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠣᠯᠠᠨ ᠲᠦᠮᠡᠨ ᠤ ᠡᠷᠡᠭᠦᠯ ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠬᠦᠬᠦ ᠠᠵᠢᠯ ᠢ ᠢᠲᠡᠭᠡᠬᠦ ᠬᠡᠮᠵᠢᠶ᠎ᠡ ᠪᠠ ᠬᠠᠨᠤᠮᠵᠢ ᠶᠢ ᠳᠡᠭᠡᠭᠰᠢᠯᠡᠭᠦᠯᠦᠨ ᠡᠷᠡᠭᠦᠯ ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠬᠦᠬᠦ ᠶᠢ ᠬᠦᠨᠵᠡᠭᠡᠢ ᠠᠬᠢᠭᠤᠯᠬᠤ ᠳᠤ ᠶᠠᠷᠢᠶ᠎ᠠ ᠬᠡᠯᠡᠯᠴᠡᠭᠡᠨ ᠤ ᠣᠬᠢ ᠰᠠᠶᠢᠨ ᠣᠷᠴᠢᠨ ᠠᠬᠤᠢ ᠶᠢ ᠪᠦᠷᠢᠯᠳᠦᠭᠦᠯᠦᠨ᠎ᠡ᠃       ᠭᠤᠷᠪᠠ᠂ ᠡᠷᠡᠭᠦᠯ ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠬᠦᠬᠦ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ     ︵ᠨᠢᠭᠡ︶ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠂ ᠡᠯ᠎ᠡ ᠰᠠᠯᠠᠭ᠎ᠠ ᠮᠦᠴᠢᠷ ᠨᠢ ᠡᠷᠡᠭᠦᠯ ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠬᠦᠬᠦ ᠠᠵᠢᠯ ᠢ ᠶᠠᠳᠠᠭᠤ ᠠᠴᠠ ᠠᠩᠭᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠢᠯᠠᠯᠲᠠ ᠣᠯᠬᠤ ᠭᠤᠣᠯᠳᠠᠯᠭ᠎ᠠ ᠶᠢᠨ ᠭᠤᠣᠯᠳᠠᠯᠭ᠎ᠠ ᠪᠣᠯᠭᠠᠵᠣ ᠨᠠᠷᠢᠨ ᠬᠢᠨᠠᠮᠠᠭᠠᠢ ᠰᠤᠳᠤᠯᠤᠨ᠂ ᠡᠷᠡᠭᠦᠯ ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠬᠦᠬᠦ ᠠᠵᠢᠯ ᠤᠨ ᠳᠤᠮᠳᠠᠬᠢ ᠬᠦᠨᠳᠦ ᠴᠢᠬᠤᠯᠠ ᠠᠰᠠᠭᠤᠳᠠᠯ ᠢ ᠨᠢᠭᠡᠳᠦᠯᠲᠡᠢ ᠪᠠᠶᠢᠷᠢᠯᠠᠭᠤᠯᠤᠨ ᠰᠢᠢᠳᠪᠦᠷᠢᠯᠡᠵᠦ ᠬᠦᠮᠦᠨ ᠤ ᠬᠦᠴᠦ ᠪᠤᠳᠠᠰ ᠤᠨ ᠬᠦᠴᠦ ᠡᠳ᠋ ᠤᠨ ᠬᠦᠴᠦᠨ ᠤ ᠲᠠᠯ᠎ᠠ ᠪᠠᠷ ᠡᠷᠡᠭᠦᠯ ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠬᠦᠬᠦ ᠠᠵᠢᠯ ᠤᠨ ᠣᠷᠣᠭᠰᠢᠲᠠᠢ ᠠᠬᠢᠬᠤ ᠶᠢ ᠪᠦᠬᠦ ᠬᠦᠴᠦᠨ ᠢᠶᠠᠷ ᠪᠠᠲᠤᠯᠠᠬᠤ ᠬᠡᠷᠡᠭᠲᠡᠢ᠃ ᠡᠯ᠎ᠡ ᠰᠤᠮᠤ ᠪᠠᠯᠭᠠᠰᠤᠨ ᠤ ᠭᠤᠣᠯ ᠣᠳᠣᠷᠢᠳᠤᠯᠭ᠎ᠠ ᠲᠤᠰ ᠪᠡᠶ᠎ᠡ ᠪᠠᠷ ᠢᠶᠠᠨ ᠲᠣᠬᠢᠷᠠᠭᠤᠯᠵᠤ ᠡᠯ᠎ᠡ ᠬᠤᠪᠢᠶᠠᠷᠢᠯᠠᠨ ᠬᠠᠷᠢᠭᠤᠴᠠᠵᠤ ᠪᠠᠶᠢᠬᠤ ᠤᠳᠤᠷᠢᠳᠤᠯᠭ᠎ᠠ ᠬᠠᠷᠢᠭᠤᠴᠠᠯᠭ᠎ᠠ ᠲᠤᠰᠢᠶᠠᠯ ᠤᠨ ᠬᠡᠪᠴᠢᠶᠡᠨ ᠤ ᠪᠠᠨ ᠳᠤᠳᠤᠷ᠎ᠠ ᠨᠠᠶᠢᠳᠠᠪᠤᠷᠢᠵᠢᠭᠤᠯᠤᠯᠲᠠ ᠶᠢ ᠰᠠᠶᠢᠨ ᠠᠳᠬᠤᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠦᠪᠡᠷ ᠦᠪᠡᠷ ᠤᠨ ᠢᠶᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠤ ᠨᠢᠭᠲᠠ ᠬᠠᠮᠵᠢᠯᠴᠠᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠠᠵᠢᠯ ᠤᠨ ᠡᠭᠦᠷᠭᠡ ᠪᠠᠨ ᠲᠣᠳᠣᠷᠬᠠᠶᠢᠯᠠᠨ᠂ ᠬᠠᠷᠢᠭᠤᠴᠠᠯᠭ᠎ᠠ ᠶᠢ ᠬᠦᠮᠦᠨ᠂ ᠠᠵᠢᠯ ᠤᠨ ᠪᠠᠶᠢᠷᠢ ᠪᠣᠯᠲᠠᠯ᠎ᠠ ᠨᠠᠶᠢᠳᠠᠪᠤᠷᠢᠵᠢᠭᠤᠯᠵᠤ ᠨᠠᠷᠢᠯᠢᠭᠵᠢᠭᠤᠯᠤᠭᠰᠠᠨ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠬᠥᠩᠭᠡᠵᠢᠯ ᠤᠨ ᠲᠣᠪᠴᠢᠶ᠎ᠠ ᠨᠢ ᠬᠦᠮᠦᠨ ᠤ ᠬᠦᠴᠦᠨ ᠪᠠ ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠤᠳᠠᠯ᠂ ᠶᠠᠳᠠᠭᠤ ᠶᠢ ᠲᠡᠳᠬᠦᠬᠦ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠪᠣᠯᠣᠨ ᠡᠮ ᠡᠮᠨᠡᠯᠭᠡ ᠡᠷᠡᠭᠦᠯ ᠬᠠᠮᠠᠭᠠᠯᠠᠯ ᠤᠨ ᠰᠠᠯᠠᠭ᠎ᠠ ᠮᠦᠴᠢᠷ ᠲᠠᠢ ᠵᠤᠬᠢᠴᠠᠭᠤᠯᠤᠨ ᠬᠠᠷᠢᠯᠴᠠᠬᠤ ᠶᠢ ᠬᠠᠷᠢᠭᠤᠴᠠᠵᠤ᠂ ᠡᠷᠡᠭᠦᠯ ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠬᠦᠬᠦ ᠠᠵᠢᠯ ᠢ ᠨᠢᠭᠡ ᠰᠠᠷ᠎ᠠ ᠨᠢᠭᠡ ᠤᠳᠠᠭ᠎ᠠ ᠵᠣᠬᠢᠴᠠᠭᠤᠯᠵᠤ᠂ ᠰᠠᠷ᠎ᠠ ᠪᠦᠷᠢ ᠨᠢᠭᠡ ᠤᠳᠠᠭ᠎ᠠ ᠬᠢᠨᠠᠨ ᠰᠢᠯᠭᠠᠵᠤ᠂ ᠰᠠᠷ᠎ᠠ ᠪᠣᠯᠭᠠᠨ ᠨᠡᠷ᠎ᠡ ᠶᠢᠨ ᠳ᠋ᠤᠭᠠᠷ ᠭᠠᠷᠭᠠᠬᠤ ᠶᠢᠨ ᠬᠠᠮᠲᠤ ᠣᠳᠣᠷᠢᠳᠬᠤ ᠪᠠᠭ ᠪᠣᠯᠣᠨ ᠣᠳᠣᠷᠢᠳᠬᠤ ᠺᠠᠳ᠋ᠷ ᠤᠨ ᠣᠨ ᠳᠡᠰ ᠤᠨ ᠪᠤᠳᠠᠳᠤ ᠪᠦᠲᠦᠮᠵᠢ ᠶᠢᠨ ᠬᠢᠨᠠᠨ ᠰᠢᠯᠭᠠᠯᠲᠠ ᠬᠢᠬᠦ ᠴᠢᠬᠤᠯᠠ ᠠᠭᠤᠯᠭ᠎ᠠ ᠪᠣᠯᠭᠠᠵᠤ᠂ ᠡᠷᠡᠭᠦᠯ ᠡᠩᠬᠡ ᠶᠢᠨ ᠦᠢᠯᠡᠰ ᠢᠶᠠᠷ ᠶᠠᠳᠠᠭᠤ ᠶᠢ ᠲᠡᠳᠬᠦᠬᠦ ᠢᠨᠵᠧᠨᠧᠷᠢᠩ ᠤᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠪᠦᠬᠦ ᠲᠠᠯ᠎ᠠ ᠪᠠᠷ ᠴᠢᠩᠭ᠎ᠠ ᠠᠳᠬᠤᠨ᠂ ᠠᠵᠢᠯ ᠢ ᠲᠦᠯᠬᠢᠨ ᠤᠷᠤᠭᠰᠢᠯᠠᠭᠤᠯᠤᠭᠰᠠᠨ ᠢᠶᠠᠷ ᠬᠦᠷᠦᠯᠴᠡᠬᠦ ᠦᠭᠡᠢ ᠰᠠᠯᠠᠭ᠎ᠠ ᠮᠦᠴᠢᠷ ᠪᠣᠯᠣᠨ ᠬᠤᠪᠢ ᠬᠦᠮᠦᠨ  ᠤ  ᠬᠠᠷᠢᠭᠤᠴᠠᠯᠭ᠎ᠠ ᠶᠢ ᠲᠥᠪ ᠴᠢᠩᠭ᠎ᠠ ᠪᠠᠷ ᠨᠡᠬᠡᠮᠵᠢᠯᠡᠨ᠎ᠡ᠃ ᠠᠷᠠᠳ ᠤᠨ ᠶᠠᠪᠤᠳᠠᠯ ᠤᠨ ᠲᠣᠪᠴᠢᠶ᠎ᠠ ᠬᠠᠷᠢᠭᠤᠴᠠᠵᠤ ᠡᠮ ᠡᠮᠨᠡᠯᠭᠡ ᠪᠠᠷ ᠠᠪᠤᠷᠠᠨ ᠲᠤᠰᠠᠯᠠᠬᠤ ᠲᠦᠷᠥ ᠶᠢᠨ ᠪᠣᠳᠣᠯᠭ᠎ᠠ ᠲᠣᠭᠲᠠᠭᠠᠵᠤ ᠪᠦᠷᠢᠨᠰᠢᠭᠦᠯᠦᠨ ᠬᠦᠨᠳᠦ ᠣᠨᠴᠠᠭᠠᠢ ᠶᠡᠭᠡ ᠡᠪᠡᠳᠴᠢᠨ ᠬᠢᠵᠢᠭ ᠠᠴᠠ ᠠᠪᠤᠷᠠᠨ ᠲᠤᠰᠠᠯᠠᠬᠤ ᠠᠵᠢᠯ ᠢ ᠪᠦᠬᠦ ᠲᠠᠯ᠎ᠠ ᠪᠠᠷ ᠬᠢᠨ᠎ᠡ᠃ ᠡᠳ᠋ ᠤᠨ ᠵᠠᠰᠠᠭ ᠤᠨ ᠲᠣᠪᠴᠢᠶ᠎ᠠ ᠠᠵᠢᠯ ᠤᠨ ᠬᠡᠷᠡᠭᠴᠡᠭᠡ ᠶᠢ ᠦᠨᠳᠦᠰᠦᠯᠡᠨ ᠣᠳᠣᠬᠠᠨ ᠤ ᠠᠷᠭ᠎ᠠ ᠵᠠᠮ ᠢᠶᠠᠷ ᠳᠠᠮᠵᠢᠭᠤᠯᠤᠨ ᠡᠷᠡᠭᠦᠯ  ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠬᠦᠬᠦ ᠠᠵᠢᠯ ᠳᠤ ᠪᠡᠯᠡ ᠮᠥᠩᠭᠦᠨ ᠤ ᠳᠡᠮᠵᠢᠯᠭᠡ ᠬᠠᠩᠭᠠᠬᠤ ᠶᠢᠨ ᠬᠠᠮᠲᠤ ᠪᠡᠯᠡ ᠮᠥᠩᠭᠦᠨ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ᠃ ᠬᠦᠮᠦᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢ ᠬᠤᠰᠢᠭᠤᠨ ᠤ ᠭᠠᠳᠠᠨ᠎ᠠ ᠡᠮᠨᠡᠭᠦᠯᠦᠭᠰᠡᠨ ᠶᠠᠳᠠᠭᠤ ᠬᠦᠴᠢᠷᠳᠡᠯᠲᠡᠢ ᠬᠦᠮᠦᠰ ᠲᠤ ᠴᠠᠭ ᠳᠠᠷᠤᠢ ᠳᠤᠨᠢ ︽ᠨᠢᠭᠡ ᠥᠷᠲᠡᠭᠡᠨ ᠤ ᠬᠡᠯᠪᠡᠷᠢ︾ ᠶᠢᠨ ᠲᠠᠰᠤᠯᠤᠨ ᠪᠤᠳᠤᠵᠣ ᠳᠠᠩᠰᠠᠨ ᠠᠴᠠ ᠲᠠᠶᠢᠯᠬᠤ ᠠᠵᠢᠯ ᠢ ᠬᠢᠬᠦ ᠶᠢᠨ ᠬᠠᠮᠲᠤ ︽ᠨᠢᠭᠡ ᠬᠦᠮᠦᠨ ᠨᠢᠭᠡ ᠳᠠᠩᠰᠠ ᠡᠪᠬᠡᠮᠡᠯ︾ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠤᠰᠤᠭᠠᠷ ᠳᠠᠩᠰᠠ ᠡᠪᠬᠡᠮᠡᠯ ᠪᠢᠴᠢᠭ ᠮᠠᠲ᠋ᠧᠷᠢᠶᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠶᠠᠳᠠᠭᠤ ᠬᠦᠴᠢᠷᠳᠡᠯᠲᠡᠢ ᠬᠦᠮᠦᠰ ᠲᠤ ︽ᠬᠤᠶᠠᠷ ᠢ ᠳᠡᠭᠡᠭᠰᠢᠯᠡᠬᠦᠯᠵᠦ ᠬᠤᠶᠠᠷ ᠢ ᠳᠣᠷᠣᠭᠰᠢᠯᠠᠭᠤᠯᠬᠤ︾ ᠲᠥᠷᠦ ᠶᠢᠨ ᠪᠣᠳᠣᠯᠭ᠎ᠠ ᠶᠢ ᠨᠠᠶᠢᠲᠠᠪᠤᠷᠢᠵᠢᠭᠤᠯᠤᠨ᠎ᠡ᠃ ᠵᠠᠷᠤᠳᠠᠯ ᠢ ᠳᠠᠩᠰᠠᠨ ᠠᠴᠠ ᠲᠠᠶᠢᠯᠬᠤ ᠡᠯ᠎ᠡ ᠪᠠᠶᠢᠭᠤᠯᠭ᠎ᠠ ᠨᠢ ︽ᠨᠢᠭᠡ ᠦᠷᠲᠡᠭᠡᠨ ᠤ ᠬᠡᠯᠪᠡᠷᠢ︾ ᠶᠢᠨ ᠲᠠᠰᠤᠯᠤᠨ ᠪᠤᠳᠤᠬᠤ ᠶᠠᠪᠤᠴᠠ ᠶᠢ ᠳᠦᠭᠦᠮᠴᠢᠯᠠᠵᠤ ᠠᠵᠢᠯ ᠤᠨ ᠪᠦᠲᠦᠮᠵᠢ ᠶᠢ ᠳᠡᠭᠡᠭᠰᠢᠯᠡᠭᠦᠯᠦᠨ ᠶᠠᠳᠠᠭᠤ ᠬᠦᠴᠢᠷᠳᠡᠯᠲᠡᠢ ᠡᠪᠡᠳᠴᠢᠲᠡᠳ ᠤᠨ ᠡᠮᠴᠢᠯᠡᠭᠦᠯᠦᠭᠰᠡᠨ ᠵᠠᠷᠤᠳᠠᠯ ᠢᠶᠠᠨ ᠳᠠᠩᠰᠠᠨ ᠠᠴᠠ ᠲᠠᠶᠢᠯᠬᠤ ᠬᠤᠭᠤᠴᠠᠭ᠎ᠠ ᠶᠢ ᠣᠬᠤᠷ ᠪᠣᠯᠭᠠᠵᠤ ᠬᠠᠮᠢᠶ᠎ᠠ ᠪᠦᠬᠦᠢ ᠶᠠᠪᠤᠴᠠ ᠵᠢᠷᠤᠮ ᠶᠤᠰᠤᠭᠠᠷ ᠡᠮᠴᠢᠯᠡᠭᠦᠯᠦᠭᠰᠡᠨ ᠵᠠᠷᠤᠳᠠᠯ ᠢ ᠴᠠᠭ ᠳᠠᠷᠤᠢ ᠳᠤᠨᠢ ᠬᠢᠨᠠᠨ ᠪᠤᠳᠤᠵᠤ ᠳᠠᠩᠰᠠᠨ ᠠᠴᠠ ᠲᠠᠶᠢᠯᠤᠨ ᠶᠠᠳᠠᠭᠤ ᠬᠦᠴᠢᠷᠳᠡᠯᠲᠡᠢ ᠭᠡᠷ ᠪᠦᠯᠢ ᠶᠢᠨ ᠠᠵᠤ ᠠᠬᠤᠢ ᠶᠢᠨ ᠳᠠᠷᠤᠭᠠᠰᠤ ᠶᠢ ᠦᠨᠡᠨᠬᠦ ᠬᠥᠩᠭᠡᠯᠡᠨ᠎ᠡ᠃ ᠶᠠᠳᠠᠭᠤ ᠶᠢ ᠲᠡᠳᠬᠦᠬᠦ ᠠᠯᠪᠠᠨ ᠭᠡᠷ ᠨᠢ ᠡᠷᠡᠭᠦᠯ ᠡᠩᠬᠡ ᠶᠢᠨ ᠦᠢᠯᠡᠰ ᠢᠶᠠᠷ ᠶᠠᠳᠠᠭᠤ ᠶᠢ ᠲᠡᠳᠬᠦᠬᠦ ᠢᠨᠵᠧᠨᠧᠷᠢᠩ ᠲᠤ ᠪᠡᠯᠡ ᠤᠷᠤᠭᠤᠯᠬᠤ ᠪᠠᠨ ᠨᠡᠮᠡᠭᠳᠡᠭᠦᠯᠵᠦ ︽ᠦᠥᠰᠢᠨ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠣᠯᠣᠯᠲᠠ ᠶᠢᠨ ᠠᠵᠢᠯ ᠢ ᠰᠢᠪᠲᠤᠯᠬᠤ ᠪᠠᠴᠢᠮ ᠬᠡᠷᠡᠭᠯᠡᠭᠡᠨ ᠤ ᠪᠡᠯᠡ ᠮᠥᠩᠭᠦᠨ ᠤ ᠬᠠᠮᠢᠶᠠᠷᠤᠯᠲᠠ ᠶᠢᠨ ᠠᠷᠭ᠎ᠠ︾  ᠶᠢ ᠴᠢᠩᠭ᠎ᠠ ᠬᠡᠷᠡᠭᠵᠢᠭᠦᠯᠦᠨ ᠬᠦᠨᠳᠦ ᠶᠡᠭᠡ ᠡᠪᠡᠳᠴᠢᠨ ᠳᠤ ᠨᠡᠷᠪᠡᠭᠳᠡᠭᠰᠡᠨ ᠶᠠᠳᠠᠭᠤ ᠬᠦᠴᠢᠷᠳᠡᠯᠲᠡᠢ ᠬᠦᠮᠦᠰ ᠲᠤ ᠡᠮᠴᠢᠯᠡᠭᠦᠯᠬᠦ ᠳᠤ ᠵᠢᠭᠡᠯᠡᠨ ᠵᠠᠷᠤᠴᠠᠭᠤᠯᠬᠤ ᠪᠡᠯᠡ ᠮᠥᠩᠭᠦᠨ ᠤ ᠪᠠᠲᠤᠯᠠᠭ᠎ᠠ ᠬᠠᠩᠭᠠᠨ᠎ᠠ᠃ ᠡᠯ᠎ᠡ ᠰᠠᠯᠠᠭ᠎ᠠ ᠮᠦᠴᠢᠷ ︵ᠡᠯ᠎ᠡ ᠳᠠᠭᠠᠳᠬᠠᠯ ᠤᠨ ᠺᠣᠮᠫᠠᠨᠢ ᠪᠠᠭᠲᠠᠨ᠎ᠠ︶ ᠪᠡᠯᠡ ᠮᠥᠩᠭᠦᠨ ᠤ ᠣᠣᠯ ᠤᠨ ᠲᠥᠯᠥᠪᠦᠷᠢᠯᠡᠬᠦ ᠠᠷᠭ᠎ᠠ ᠬᠡᠯᠪᠡᠷᠢ ᠪᠠᠨ ᠬᠤᠪᠢᠷᠠᠭᠤᠯᠵᠤ ᠪᠡᠯᠡ ᠮᠥᠩᠭᠦ ᠶᠢ ᠡᠯ᠎ᠡ ᠡᠮᠴᠢᠯᠡᠭᠡᠨ ᠤ ᠪᠠᠶᠢᠭᠤᠯᠤᠮᠵᠢ ᠳᠤ ᠤᠷᠢᠳᠴᠢᠯᠠᠨ ᠥᠭᠬᠦ ᠠᠷᠭ᠎ᠠ ᠶᠢ ᠬᠡᠷᠡᠭᠯᠡᠨ ᠡᠭᠦᠨ ᠤ ᠤᠯᠠᠮ ᠢᠶᠠᠷ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠶᠢᠨ ᠵᠠᠷᠤᠳᠠᠯ ᠢ ᠣᠷᠣᠯᠠᠨ ᠥᠭᠬᠦ ᠳᠠᠷᠤᠭᠠᠰᠤ ᠶᠢ ᠬᠥᠩᠭᠡᠯᠡᠨ ᠡᠷᠡᠭᠦᠯ ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠬᠦᠬᠦ ᠠᠵᠢᠯ ᠢ ᠨᠡᠩ ᠰᠠᠶᠢᠨ ᠶᠠᠪᠤᠭᠳᠠᠭᠤᠯᠬᠤ ᠳᠤ ᠪᠡᠯᠡ ᠮᠥᠩᠭᠦᠨ ᠤ ᠬᠦᠴᠦᠲᠡᠢ ᠪᠠᠲᠤᠯᠠᠭ᠎ᠠ ᠬᠠᠩᠭᠠᠨ᠎ᠠ᠃ ᠬᠢᠨᠠᠨ ᠪᠣᠳᠣᠬᠤ ᠳᠣᠪᠴᠢᠶ᠎ᠠ ᠶᠠᠳᠠᠭᠤ ᠶᠢ ᠳᠡᠳᠬᠦᠬᠦ ᠪᠡᠯᠡ ᠮᠥᠩᠬᠦᠨ ᠤ ᠬᠡᠷᠡᠭᠯᠡᠯᠲᠡ ᠶᠢᠨ ᠪᠠᠶᠢᠳᠠᠯ ᠢ ᠬᠢᠨᠠᠨ ᠪᠣᠳᠣᠵᠤ ᠬᠢᠨᠠᠯᠲᠠ ᠲᠠᠯᠪᠢᠬᠤ ᠪᠠᠨ ᠴᠢᠩᠭᠠᠳᠬᠠᠵᠤ ᠪᠡᠯᠡ ᠮᠥᠩᠬᠦ ᠶᠢᠨ ᠬᠡᠷᠡᠭᠯᠡᠯᠲᠡ ᠶᠢᠨ ᠠᠮᠤᠷ ᠳᠦᠪᠰᠢᠨ ᠪᠠᠶᠢᠬᠤ ᠶᠢ ᠦᠨᠡᠨᠬᠦ ᠪᠠᠲᠣᠯᠠᠬᠤ ᠬᠡᠷᠡᠭᠲᠡᠢ᠃      ︵ᠬᠤᠶᠠᠷ︶ ᠠᠵᠢᠯ ᠤᠨ ᠲᠥᠷᠢᠮ ᠢ ᠲᠣᠭᠲᠠᠭᠠᠨ ᠲᠡᠭᠦᠯᠳᠡᠷᠵᠢᠭᠦᠯᠬᠦ ᠬᠡᠷᠡᠭᠲᠡᠢ᠃ ᠱᠠᠲᠤ ᠬᠤᠪᠢᠶᠠᠨ ᠡᠮᠴᠢᠯᠡᠭᠦᠯᠬᠦ ᠲᠥᠷᠢᠮ ᠢ ᠴᠢᠩᠭ᠎ᠠ ᠬᠡᠷᠡᠭᠵᠢᠭᠦᠯᠵᠦ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠡ ᠠᠴᠠ ᠱᠠᠭᠠᠷᠳᠠᠯᠭ᠎ᠠ ᠶᠤᠰᠤᠭᠠᠷ ᠠᠩᠬᠠᠨ ᠤ ᠡᠮᠴᠢᠯᠡᠭᠡ ᠶᠢᠨ ᠬᠠᠷᠢᠭᠤᠴᠠᠯᠭ᠎ᠠ ᠶᠢᠨ ᠲᠥᠷᠢᠮ ᠢ ᠨᠠᠶᠢᠳᠠᠪᠤᠷᠢᠵᠢᠭᠤᠯᠵᠤ ᠶᠡᠳᠠᠭᠤ ᠬᠦᠴᠢᠷᠳᠡᠯᠲᠡᠢ ᠡᠪᠡᠳᠴᠢᠲᠡᠨ ᠢ ᠲᠣᠭᠲᠠᠭᠰᠠᠨ ᠬᠤᠭᠤᠴᠠᠭ᠎ᠠ ᠲᠠᠢ ᠰᠤᠷᠪᠤᠯᠵᠢᠯᠠᠬᠤ ᠬᠡᠷᠡᠭᠲᠡᠢ᠃ ᠶᠠᠳᠠᠭᠤ ᠬᠦᠴᠢᠷᠳᠡᠯᠲᠡᠢ ᠡᠪᠡᠳᠴᠢᠲᠡᠨ ᠵᠠᠷᠴᠢᠮ ᠳᠡᠭᠡᠷ᠎ᠡ ᠪᠠᠨ ᠦᠢᠯᠡᠴᠢᠯᠡᠭᠡᠨ ᠤ ᠳᠣᠭᠲᠠᠮᠠᠯ ᠴᠡᠭ ᠪᠣᠯᠬᠤ ᠡᠮᠴᠢᠯᠡᠭᠡᠨ ᠤ ᠪᠠᠶᠢᠭᠤᠯᠤᠮᠵᠢ ᠳᠤ ᠡᠮᠴᠢᠯᠡᠭᠦᠯᠵᠦ᠂ ᠦᠨᠡᠨᠬᠦ ᠳᠡᠭᠡᠷ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠰᠢᠯᠵᠢᠨ ᠡᠮᠴᠢᠯᠡᠭᠦᠯᠬᠦ ᠴᠢᠬᠤᠯᠠ ᠲᠠᠢ ᠪᠣᠯ ᠮᠠᠨ ᠤ ᠬᠤᠰᠢᠭᠤᠨ ᠤ ᠲᠤᠭᠲᠠᠭᠠᠭᠰᠠᠨ ᠰᠢᠯᠵᠢᠨ ᠡᠮᠴᠢᠯᠡᠭᠦᠯᠬᠦ ᠲᠥᠷᠢᠮ ᠪᠣᠯᠣᠨ ᠶᠠᠪᠤᠴᠠ ᠢᠶᠠᠷ ᠶᠠᠪᠤᠭᠳᠠᠭᠤᠯᠬᠤ ᠶᠢᠨ ᠬᠠᠮᠲᠤ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠬᠥᠩᠭᠡᠵᠢᠯ ᠤᠨ ᠰᠠᠯᠠᠭ᠎ᠠ ᠮᠥᠴᠢᠷ ᠲᠤ ᠲᠣᠭᠲᠠᠭᠰᠠᠨ ᠬᠤᠭᠤᠴᠠᠭ᠎ᠠ ᠲᠠᠢ ᠪᠠᠷ ᠮᠡᠳᠡᠭᠦᠯᠵᠤ ᠬᠢᠨᠠᠨ ᠪᠠᠶᠢᠴᠠᠭᠠᠵᠤ ᠳᠠᠩᠰᠠᠯᠠᠭᠤᠯᠤᠨ᠎ᠠ᠃ ᠦᠢᠯᠡᠴᠢᠯᠡᠭᠡᠨ ᠤ ᠳᠤᠭᠲᠠᠮᠠᠯ ᠴᠡᠭ ᠪᠣᠯᠬᠤ ᠡᠯ᠎ᠡ ᠡᠮᠴᠢᠯᠡᠭᠡᠨ ᠤ ᠪᠠᠶᠢᠭᠤᠯᠤᠮᠵᠢ ᠨᠢ ᠡᠮᠴᠢᠯᠡᠭᠦᠯᠬᠦ ᠠᠷᠭ᠎ᠠ ᠵᠠᠮ ᠪᠣᠯᠣᠨ ᠡᠮᠴᠢᠯᠡᠬᠦᠯᠬᠦ ᠵᠢᠷᠤᠮᠵᠢᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠢ ᠡᠪᠡᠳᠴᠢᠲᠡᠨ ᠢ ᠡᠮᠨᠡᠬᠦ ᠳᠡᠭᠡᠨ ᠦᠨᠳᠦᠰᠦᠨ ᠡᠮᠨᠡᠯᠭᠡ ᠶᠢᠨ ᠳᠠᠭᠠᠳᠬᠠᠯ ᠤᠨ ᠬᠦᠷᠢᠶ᠎ᠡ ᠬᠡᠪᠴᠢᠶᠡᠨ ᠳᠤ ᠪᠠᠶᠢᠭ᠎ᠠ ᠡᠮ ᠤᠨ ᠵᠦᠢᠯᠡᠰ᠂ ᠡᠮᠴᠢᠯᠡᠭᠡᠨ ᠤ ᠲᠦᠷᠦᠯ ᠵᠦᠢᠯ ᠪᠣᠯᠣᠨ ᠡᠮᠴᠢᠯᠡᠭᠡᠨ ᠤ ᠲᠥᠬᠦᠭᠡᠷᠦᠮᠵᠢ ᠶᠢ ᠤᠷᠢᠳᠠᠪᠠᠷ ᠬᠡᠷᠡᠭᠯᠡᠨ᠂ ᠦᠨᠳᠦᠰᠦᠨ ᠡᠮᠨᠡᠯᠭᠡ ᠶᠢᠨ ᠳᠠᠭᠠᠳᠬᠠᠯ ᠠᠴᠠ ᠭᠠᠳᠠᠨᠠᠬᠢ ᠡᠮ ᠤᠨ ᠵᠦᠢᠯᠡᠰ᠂ ᠡᠮᠴᠢᠯᠡᠭᠡᠨ ᠤ ᠲᠦᠷᠦᠯ ᠵᠦᠢᠯ ᠪᠣᠯᠣᠨ ᠡᠮᠴᠢᠯᠡᠭᠡᠨ ᠤ ᠲᠥᠬᠦᠭᠡᠷᠦᠮᠵᠢ ᠶᠢ ᠦᠨᠡᠨᠬᠦ ᠬᠡᠷᠡᠭᠯᠡᠬᠦ ᠴᠢᠬᠤᠯᠠ ᠲᠠᠢ ᠪᠣᠯ ᠬᠠᠷᠢᠴᠠᠯ ᠢ ᠴᠢᠩᠭ᠎ᠠ ᠡᠵᠡᠮᠳᠡᠵᠤ ᠬᠡᠮᠵᠢᠶᠡᠨ ᠠᠴᠠ ᠬᠡᠲᠦᠷᠡᠲᠡᠯ᠎ᠡ ᠡᠮᠴᠢᠯᠡᠬᠦ ᠶᠢ ᠡᠷᠡᠰ ᠬᠤᠷᠢᠭᠯᠠᠨ᠎ᠠ᠃      ︵ᠭᠤᠷᠪᠠ︶ ᠮᠡᠳᠡᠭᠡ ᠵᠠᠩᠭᠢ ᠮᠠᠲ᠋ᠧᠷᠢᠶᠠᠯ ᠢ ᠪᠦᠷᠢᠨᠰᠢᠭᠦᠯᠬᠦ ᠬᠡᠷᠡᠭᠲᠡᠢ᠃ ᠡᠯ᠎ᠡ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠨᠢ ᠪᠦᠬᠦ ᠤᠯᠤᠰ ᠤᠨ ᠡᠷᠡᠭᠦᠯ ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠬᠦᠬᠦ ᠬᠥᠳᠡᠯᠦᠩᠭᠦᠢ ᠬᠠᠮᠢᠶᠠᠷᠤᠯᠲᠠ ᠶᠢᠨ ᠰᠢᠰᠲ᠋ᠧᠮ ᠢ ᠲᠠᠭᠯᠠᠨ ᠮᠡᠳᠡᠭᠦᠯᠬᠦ ᠠᠵᠢᠯ ᠢ ᠱᠠᠭᠠᠷᠳᠠᠯᠭ᠎ᠠ ᠶᠤᠰᠤᠭᠠᠷ ᠬᠢᠨᠠᠮᠠᠭᠠᠢ ᠰᠠᠶᠢᠨ ᠬᠢᠬᠦ ᠬᠡᠷᠡᠭᠲᠡᠢ᠃ ᠶᠠᠳᠠᠭᠤ ᠬᠦᠴᠢᠷᠳᠡᠯᠲᠡᠢ ᠬᠦᠮᠦᠰ ᠡᠷᠡᠭᠦᠯ ᠮᠡᠨᠳᠦ ᠶᠢᠨ ᠪᠠᠶᠢᠴᠠᠭᠠᠯᠲᠠ ᠬᠢᠭᠰᠡᠨ ᠤ ᠳᠠᠷᠠᠭ᠎ᠠ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠳᠠᠷᠤᠢ ᠳᠤᠨᠢ ᠰᠢᠰᠲ᠋ᠧᠮ ᠳᠤ ᠣᠷᠣᠭᠤᠯᠬᠤ ᠬᠡᠷᠡᠭᠲᠡᠢ᠃ ᠶᠠᠳᠠᠭᠤ ᠬᠦᠴᠢᠷᠳᠡᠯᠲᠡᠢ ᠡᠪᠡᠳᠴᠢᠲᠡᠨ ᠡᠮᠨᠡᠯᠭᠡ ᠳᠤ ᠰᠠᠭᠤᠵᠤ ᠡᠮᠴᠢᠯᠡᠭᠦᠯᠦᠭᠰᠡᠨ ᠪᠣᠯ ᠡᠮᠨᠡᠯᠭᠡ ᠠᠴᠠ ᠭᠠᠷᠤᠭᠰᠠᠨ ᠨᠢᠭᠡ ᠭᠠᠷᠠᠭ ᠤᠨ ᠲᠣᠳᠤᠷ᠎ᠠ ᠡᠮᠴᠢᠯᠡᠭᠦᠯᠦᠭᠰᠡᠨ ᠮᠡᠳᠡᠭᠡ ᠵᠠᠩᠭᠢ ᠪᠣᠯᠣᠨ ᠡᠮ ᠡᠮᠨᠡᠯᠭᠡ ᠶᠢᠨ ᠶᠡᠷᠦᠩᠬᠡᠢ ᠵᠠᠷᠤᠳᠠᠯ ᠤᠨ ᠪᠠᠶᠢᠳᠠᠯ ᠢ ᠲᠠᠭᠯᠠᠨ ᠮᠡᠳᠡᠭᠦᠯᠵᠤ ᠰᠠᠭᠤᠷᠢ ᠶᠢ ᠨᠢ ᠪᠠᠲᠤᠯᠠᠬᠤ ᠳᠠᠩᠰᠠᠨ ᠠᠴᠠ ᠲᠠᠶᠢᠯᠤᠭᠰᠠᠨ ᠤ ᠳᠠᠷᠠᠭ᠎ᠠ ᠳᠠᠷᠤᠢ  ᠳᠤᠨᠢ ᠬᠠᠮᠢᠶ᠎ᠠ ᠪᠦᠬᠦᠢ ᠮᠡᠳᠡᠭᠡ ᠵᠠᠩᠭᠢ ᠶᠢ ᠪᠦᠷᠢᠨᠰᠢᠭᠦᠯᠬᠦ ᠬᠡᠷᠡᠭᠲᠡᠢ᠃ ᠶᠠᠳᠠᠭᠤ ᠬᠦᠴᠢᠷᠳᠡᠯᠲᠡᠢ ᠡᠪᠡᠳᠴᠢᠲᠡᠨ ᠤ ᠡᠭᠦᠳᠡᠨ ᠡᠮᠨᠡᠯᠭᠡ ᠳᠤ ᠡᠮᠴᠢᠯᠡᠭᠦᠯᠦᠭᠰᠡᠨ᠂ ᠡᠮ ᠪᠠ ᠡᠮᠴᠢᠯᠡᠭᠡ ᠬᠥᠷᠭᠡᠭᠦᠯᠦᠭᠰᠡᠨ ᠵᠡᠷᠭᠡ ᠬᠠᠮᠢᠶ᠎ᠠ ᠪᠦᠬᠦᠢ ᠰᠤᠷᠠᠭ ᠵᠠᠩᠭᠢ ᠶᠢ ᠴᠦ ᠴᠠᠭ ᠳᠠᠷᠤᠢ ᠳᠤᠨᠢ ᠰᠢᠰᠲ᠋ᠧᠮ ᠳᠤ ᠣᠷᠣᠭᠤᠯᠬᠤ ᠬᠡᠷᠡᠭᠲᠡᠢ᠃      ︵ᠳᠥᠷᠪᠡ︶ ᠳᠠᠩᠰᠠ ᠡᠪᠬᠡᠮᠡᠯ ᠤᠨ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠢ᠃ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠡᠷᠡᠭᠦᠯ ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠬᠦᠬᠦ ᠳᠠᠩᠰᠠ ᠡᠪᠬᠡᠮᠡᠯ ᠤᠨ ᠬᠠᠮᠢᠶ᠎ᠠ ᠪᠦᠬᠦᠢ ᠰᠤᠷᠠᠭ ᠵᠠᠩᠭᠢ ᠨᠢ ᠡᠷᠡᠭᠦᠯ ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠬᠦᠬᠦ ᠬᠥᠳᠡᠯᠦᠩᠭᠦᠢ ᠬᠠᠮᠢᠶᠠᠷᠤᠯᠲᠠ ᠶᠢᠨ ᠰᠢᠰᠲ᠋ᠧᠮ ᠤᠨ ᠰᠤᠷᠠᠭ ᠵᠠᠩᠭᠢ ᠲᠠᠢ ᠨᠡᠶᠢᠴᠡᠭᠰᠡᠨ ᠪᠠᠶᠢᠬᠤ ᠬᠡᠷᠡᠭᠲᠡᠢ᠃ ᠭᠡᠷ ᠪᠦᠯᠢ ᠶᠢᠨ ᠡᠮᠴᠢ ᠶᠢᠨ ᠭᠡᠷ᠎ᠡ ᠲᠤᠭᠲᠠᠨ ᠦᠢᠯᠡᠴᠢᠯᠡᠬᠦ ᠪᠦᠯᠬᠦᠮ ᠨᠢ ᠭᠡᠷ᠎ᠡ ᠪᠠᠨ ᠦᠨᠳᠦᠰᠦᠯᠡᠨ ᠦᠢᠯᠡᠴᠢᠯᠡᠵᠤ᠂ ︽ᠨᠢᠭᠡ ᠡᠪᠡᠳᠴᠢᠲᠡᠨ ᠨᠢᠭᠡ ᠪᠣᠳᠣᠯᠭ᠎ᠠ ︾ ᠶᠢᠨ ᠱᠠᠭᠠᠷᠳᠠᠯᠭ᠎ᠠ ᠪᠠᠷ ᠶᠠᠳᠠᠭᠤ ᠬᠦᠴᠢᠷᠳᠡᠯᠲᠡᠢ ᠡᠪᠡᠳᠴᠢᠲᠡᠨ ᠢ ᠬᠠᠪᠰᠤᠷᠤᠨ ᠳᠠᠩᠰᠠ ᠡᠪᠬᠡᠮᠡᠯ ᠡᠮᠬᠢᠯᠡᠬᠦ ᠠᠵᠢᠯ ᠢ ᠰᠠᠶᠢᠨ ᠬᠢᠨ᠎ᠡ᠃ ᠡᠭᠦᠨ ᠳᠤ᠄ ᠡᠷᠡᠭᠦᠯ ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠬᠦᠬᠦ ᠣᠨᠣᠪᠴᠢᠲᠠᠢ ᠦᠢᠯᠡᠴᠢᠯᠡᠭᠡᠨ ᠤ ᠭᠠᠷ ᠳᠡᠪᠲᠡᠷ ᠳᠡᠭᠡᠷ᠎ᠡ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠦᠨᠳᠦᠰᠦᠨ ᠪᠠᠶᠢᠳᠠᠯ ᠪᠠ ᠡᠮᠴᠢᠯᠡᠭᠡᠨ ᠤ ᠵᠢᠯᠤᠭᠤᠳᠤᠮᠵᠢ ᠶᠢ ᠲᠤᠰᠬᠠᠨ᠎ᠠ᠃ ᠣᠨᠣᠰᠢᠯᠠᠯᠲᠠ ᠶᠢᠨ ᠪᠢᠴᠢᠭ ᠳᠡᠭᠡᠷ᠎ᠡ ᠶᠠᠳᠠᠭᠤ ᠬᠦᠴᠢᠷᠳᠡᠯᠲᠡᠢ ᠡᠪᠡᠳᠴᠢᠲᠡᠨ ᠤ ᠡᠪᠡᠳᠴᠢᠨ ᠳᠤ ᠨᠡᠷᠪᠡᠭᠳᠡᠭᠰᠡᠨ ᠪᠠᠶᠢᠳᠠᠯ ᠢ ᠲᠤᠰᠬᠠᠨ᠎ᠠ᠃ ᠭᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ ᠭᠡᠷ᠎ᠡ ᠪᠢᠴᠢᠭ ᠳᠡᠭᠡᠷ᠎ᠡ ᠭᠡᠷ᠎ᠡ ᠲᠣᠭᠲᠠᠨ ᠦᠢᠯᠡᠴᠢᠯᠡᠭᠰᠡᠨ ᠪᠠᠶᠢᠳᠠᠯ᠂ ᠭᠡᠷ᠎ᠡ ᠭᠦᠢᠴᠡᠳᠭᠡᠵᠤ ᠪᠠᠶᠢᠭ᠎ᠠ ᠪᠠᠶᠢᠳᠠᠯ᠂ ᠡᠮ ᠪᠠ ᠡᠮᠴᠢᠯᠡᠭᠡ ᠬᠦᠷᠭᠡᠵᠦ ᠦᠢᠯᠡᠴᠢᠯᠡᠭᠰᠡᠨ ᠪᠠᠶᠢᠳᠠᠯ ᠢ ᠳᠣᠰᠬᠠᠨ᠎ᠠ᠃ ︽ᠨᠢᠭᠡ ᠥᠷᠲᠡᠭᠡᠨ ᠤ ᠬᠡᠯᠪᠡᠷᠢ︾ ᠶᠢᠨ ᠳᠠᠰᠤᠯᠤᠨ ᠪᠤᠳᠤᠭᠰᠠᠨ ᠬᠠᠭᠤᠳᠠᠰᠤᠨ ᠳᠡᠭᠡᠷ᠎ᠡ ᠡᠮ ᠡᠮᠨᠡᠯᠭᠡ ᠶᠢᠨ ᠵᠠᠷᠤᠳᠠᠯ ᠢ ᠰᠠᠭᠤᠷᠢ ᠶᠢ ᠪᠠᠲᠤᠯᠠᠨ ᠳᠠᠩᠰᠠᠨ ᠠᠴᠠ ᠲᠠᠶᠢᠯᠤᠭᠰᠠᠨ ᠪᠠᠶᠢᠳᠠᠯ ᠢ ᠲᠤᠰᠬᠠᠨ᠎ᠠ᠃ ᠤᠬᠠᠭᠤᠯᠭ᠎ᠠ ᠶᠢᠨ ᠬᠠᠭᠤᠳᠠᠰᠤᠨ ᠳᠡᠭᠡᠷ᠎ᠡ ᠡᠷᠦᠬᠡ ᠳᠤ ᠭᠦᠨᠵᠡᠭᠡᠶᠢᠷᠡᠨ ᠰᠤᠷᠲᠠᠯᠴᠢᠯᠠᠭ᠎ᠠ ᠬᠢᠭᠰᠡᠨ ᠪᠠᠶᠢᠳᠠᠯ ᠢ ᠲᠤᠰᠬᠠᠨ᠎ᠠ︔ ᠪᠤᠰᠤᠳ ᠮᠠᠲ᠋ᠧᠷᠢᠶᠠᠯ ᠢ ᠪᠠᠶᠢᠳᠠᠯ ᠢ ᠦᠵᠡᠵᠦ ᠪᠠᠶᠢᠭᠠᠳ ᠡᠮᠬᠢᠯᠡᠨ᠎ᠡ᠃ ᠬᠤᠰᠢᠭᠤ ᠡᠷᠡᠬᠦᠯ ᠬᠠᠮᠠᠭᠠᠯᠠᠯ ᠪᠠ ᠲᠥᠯᠥᠪᠯᠡᠭᠡᠲᠦ ᠬᠦᠩᠭᠡᠵᠢᠯ ᠤᠨ ᠰᠠᠯᠠᠭ᠎ᠠ ᠮᠥᠴᠢᠷ ᠲᠡᠷᠢᠬᠦᠯᠡᠨ ᠠᠷᠠᠳ ᠤᠨ ᠶᠠᠪᠤᠳᠠᠯ᠂ ᠳᠡᠩᠰᠡ ᠡᠪᠬᠡᠮᠡᠯ᠂ ᠶᠠᠳᠠᠭᠤ ᠶᠢ ᠳᠡᠳᠬᠦᠬᠦ ᠵᠡᠷᠭᠡ ᠰᠠᠯᠠᠭ᠎ᠠ ᠮᠥᠴᠢᠷ ᠨᠢᠭᠲᠠ ᠬᠠᠮᠵᠢᠯᠴᠠᠵᠤ ᠴᠠᠭ ᠲᠤᠬᠠᠢ ᠳᠤᠨᠢ ᠮᠠᠨ ᠤ ᠬᠤᠰᠢᠭᠤᠨ ᠤ ᠡᠷᠡᠬᠦᠯ ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠬᠦᠭᠰᠡᠨ ᠳᠡᠩᠰᠡ ᠡᠪᠬᠡᠮᠡᠯ ᠢ ᠡᠮᠬᠢᠯᠡᠬᠦ ᠪᠠᠷᠢᠮᠵᠢᠶ᠎ᠠ ᠶᠢ ᠳᠣᠭᠲᠠᠭᠠᠵᠤ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠳᠡᠩᠰᠡ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠪᠠᠶᠢᠭᠤᠯᠤᠨ ᠲᠡᠭᠦᠯᠳᠡᠷᠵᠢᠭᠦᠯᠦᠨ᠎ᠡ᠃
 
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号