ᠦᠤᠰᠢᠨ ᠬᠤᠰᠢᠭᠤᠨ ᠤ ᠰᠦᠯᠳᠡ ᠰᠤᠮᠤ ᠶᠢᠨ ᠳᠤᠭᠤᠷᠢᠮ ᠭᠠᠴᠠᠭ᠎ᠠ ᠪᠤᠯ ᠬᠤᠶᠢᠳᠦ ᠲᠠᠯ᠎ᠠ ᠳᠠᠭᠠᠨ | ᠴᠠᠶᠢᠳᠠᠮ ᠲᠠᠢ᠂ ᠪᠠᠷᠠᠭᠤᠨ ᠲᠠᠯ᠎ᠠ ᠳᠠᠭᠠᠨ ᠨᠠᠭᠤᠷ ᠲᠠᠢ ᠪᠠᠶᠢᠭᠠᠯᠢ ᠶᠢᠨ ᠦᠩᠬᠡ ᠦᠵᠡᠮᠵᠢ ᠪᠦᠷᠢᠳᠦᠭᠰᠡᠨ ᠦᠨᠢᠷ | ᠪᠠᠶᠠᠯᠢᠭ ᠨᠤᠳᠤᠭ ᠶᠤᠮ᠃ ᠵᠠᠭᠤ ᠭᠠᠷᠤᠢ ᠵᠢᠯ ᠤᠨ ᠳᠡᠤᠭᠡ ᠲᠠᠢ ᠳᠤᠭᠤᠷᠢᠮ ᠤᠨ ᠰᠦᠮ᠎ᠡ ᠨᠢ ᠡᠨᠡ ᠨᠤᠳᠤᠭ ᠤᠨ | ᠰᠤᠶᠤᠯ ᠲᠡᠤᠬᠡ ᠶᠢ ᠬᠦᠤᠷᠨᠢᠵᠤ ᠠᠮᠤᠷᠯᠢᠩᠭᠤᠢ ᠰᠦᠨᠳᠡᠷᠯᠡᠨ᠎ᠡ᠃ ᠳᠤᠰ ᠭᠠᠴᠠᠭᠠᠨ ᠤ ᠵᠠᠰᠠᠭᠰᠠᠨ ᠵᠤᠭᠠᠴᠠᠯ ᠰᠤᠶᠤᠯ | ᠤᠨ ᠳᠤᠰᠬᠠᠢ ᠱᠤᠭᠤᠮ ᠪᠤᠯᠬᠤ 14 ᠺᠢᠯᠦᠮᠧᠲᠷ ᠤᠨ ᠵᠠᠰᠠᠮᠠᠯ ᠵᠠᠮ ᠢᠶᠠᠷ ᠠᠶᠠᠯᠠᠬᠤ ᠳᠤ ᠮᠠᠯᠴᠢᠨ ᠡᠷᠦᠭᠡ ᠶᠢᠨ | ᠡᠬᠦᠳᠡᠨ ᠡᠮᠤᠨᠡᠬᠢ ᠰᠠᠩ ᠤᠨ ᠰᠦᠷᠦ ᠲᠡᠭᠡᠷᠡᠬᠢ ᠬᠡᠶᠢᠮᠦᠷᠢ ᠶᠢᠨ ᠲᠠᠯᠪᠠᠭ᠎ᠠ ᠰᠠᠯᠬᠢᠨ ᠤ ᠠᠶ᠎ᠠ ᠪᠠᠷ ᠨᠠᠮᠢᠷᠠᠨ ︽ | ᠠᠳᠤᠭᠤᠴᠢᠨ ᠠᠶᠢᠯ︾᠂ ︽ᠦᠬᠡᠷᠴᠢᠨ ᠠᠶᠢᠯ︾᠂ ︽ᠳᠡᠮᠡᠭᠡᠴᠢᠨ ᠠᠶᠢᠯ︾᠂ ︽ᠬᠤᠨᠢᠴᠢᠨ ᠠᠶᠢᠯ︾᠂ ︽ | ᠢᠮᠠᠭᠠᠴᠢᠨ ᠠᠶᠢᠯ︾ ᠭᠡᠵᠦ ᠬᠤᠪᠢᠶᠠᠭᠰᠠᠨ ᠫᠠᠶᠢᠰᠠ ᠨᠤᠭᠤᠳ ᠨᠢ ᠬᠦᠮᠦᠰ ᠤᠨ ᠰᠤᠨᠢᠭᠤᠴᠢ ᠰᠡᠳᠬᠢᠯ ᠢ | ᠳᠦᠷᠦᠬᠦᠯᠦᠨᠡ᠃ | ᠳᠤᠰ ᠭᠠᠴᠠᠭᠠᠨ ᠤ ᠭᠠᠴᠠᠭᠠᠨ ᠳᠠᠷᠤᠭ᠎ᠠ ᠲᠠᠯᠠᠶᠢᠪᠠᠶᠠᠷ 2011 ᠤᠨ ᠳᠤ ᠳᠠᠪᠤᠨ ᠬᠤᠰᠢᠭᠤ ᠮᠠᠯ ᠤᠨ | ᠰᠤᠶᠤᠯ ᠤᠨ ᠳᠤᠰᠬᠠᠢ ᠬᠤᠷᠰᠢᠶ᠎ᠠ ᠶᠢ ᠲᠠᠩᠰᠠᠯᠠᠭᠤᠯᠤᠨ ᠪᠠᠶᠢᠭᠤᠯᠵᠦ᠂ ᠠᠩᠬ᠎ᠠ ᠡᠬᠢᠯᠡᠬᠦ ᠳᠡᠭᠡᠨ ᠳᠠᠪᠤᠨ ᠬᠤᠰᠢᠭᠤ | ᠮᠠᠯ ᠢᠶᠠᠨ ᠦᠰᠭᠡᠵᠦ᠂ ᠠᠰᠢᠬ ᠰᠢᠮ᠎ᠡ ᠶᠢ ᠨᠢ ᠪᠤᠷᠤᠯᠠᠭᠤᠯᠬᠤ ᠵᠤᠷᠢᠯᠭ᠎ᠠ ᠲᠠᠢ ᠪᠠᠶᠢᠭᠰᠠᠨ ᠪᠤᠯ ᠤᠳᠤ ᠪᠤᠯᠬᠤ ᠳᠤ | ᠨᠢᠬᠡᠨᠳᠡ ᠳᠠᠪᠤᠨ ᠬᠤᠰᠢᠭᠤ ᠮᠠᠯ ᠤᠨ ᠰᠤᠶᠤᠯ ᠢ ᠠᠭᠤᠳᠠᠯᠤᠨ ᠬᠦᠭᠵᠢᠬᠦᠯᠵᠦ᠂ ᠮᠠᠯᠵᠢᠬᠤ ᠡᠷᠦᠬᠡ ᠠᠯᠢ ᠨᠢᠬᠡ ᠶᠢ | ᠨᠢ ᠭᠤᠤᠯᠯᠠᠨ ᠮᠠᠯᠵᠢᠵᠦ ᠪᠠᠶᠢᠪᠠᠯ ᠲᠡᠭᠦᠨ ᠢᠶᠠᠷ ᠢᠶᠠᠨ ᠤᠨᠴᠠᠯᠢᠬᠳᠦ ᠵᠤᠭᠠᠴᠠᠯ ᠡᠷᠬᠢᠯᠡᠬᠦ ᠰᠡᠳᠬᠢᠴᠡ ᠪᠠᠷ ᠠᠵᠢᠯᠯᠠᠬᠤ | ᠪᠤᠯᠵᠠᠢ᠃ ︽ᠮᠠᠨ ᠤ ᠭᠠᠴᠠᠭ᠎ᠠ ᠬᠤᠰᠢᠭᠤᠨ ᠳᠦᠪ ᠠᠴᠠ 50 ᠺᠢᠯᠤᠮᠧᠲᠷ ᠵᠠᠶᠢᠳᠠᠢ᠂ ᠵᠤᠭᠠᠴᠠᠯ ᠤᠨ ᠡᠬᠢ ᠪᠠᠶᠠᠯᠢᠭ | ᠡᠯᠪᠡᠭ ᠪᠦᠭᠡᠳ ᠮᠤᠩᠭᠤᠯᠴᠤᠳ ᠳᠦᠪᠯᠡᠷᠡᠨ ᠰᠠᠭᠤᠷᠢᠰᠢᠵᠦ᠂ ᠦᠨᠳᠦᠰᠦᠳᠡᠨ ᠤ ᠤᠯᠠᠮᠵᠢᠯᠠᠯᠳᠦ ᠵᠠᠩ ᠠᠷᠠᠨᠰᠢᠨ | ᠢᠶᠠᠨ ᠨᠡᠯᠢᠶᠡᠳ ᠪᠦᠷᠢᠨ ᠬᠦᠢᠴᠡᠳ ᠦᠪᠯᠡᠨ ᠬᠠᠳᠠᠭᠠᠯᠠᠵᠦ ᠪᠠᠶᠢᠳᠠᠭ᠃ ᠡᠮᠦᠨ᠎ᠡ ᠭᠡᠳᠦᠨ ᠵᠢᠯ ᠪᠢᠳᠡ 14 | ᠺᠢᠯᠦᠮᠧᠲᠷ ᠤᠨ ᠵᠤᠭᠠᠴᠠᠯ ᠤᠨ ᠳᠤᠰᠬᠠᠢ ᠱᠤᠭᠤᠮ ᠢ ᠵᠠᠰᠠᠵᠦ᠂ ᠡᠬᠦᠨ ᠤ ᠪᠠᠨ ᠳᠤᠭᠤᠷᠢᠨ ᠲᠠᠬᠢ ᠮᠠᠯᠴᠢᠨ ᠠᠶᠢᠯ | ᠤᠳ ᠲᠤ ᠳᠠᠪᠤᠨ ᠬᠤᠰᠢᠭᠤ ᠮᠠᠯ ᠮᠠᠯᠵᠢᠵᠦ ᠪᠠᠶᠢᠬᠤ ᠪᠠᠷ ᠨᠡᠷᠡᠶᠢᠳᠦᠭᠰᠡᠨ ᠤᠨᠴᠠᠯᠢᠭᠳᠤ ᠵᠤᠭᠠᠴᠠᠯ ᠢ | ᠬᠦᠭᠵᠢᠬᠦᠯᠬᠦ ᠪᠠᠷ ᠪᠤᠯᠤᠭᠰᠠᠨ ᠶᠤᠮ︾ ᠭᠡᠵᠦ ᠲᠡᠷᠡ ᠰᠤᠷᠪᠤᠯᠵᠢᠯᠠᠭᠴᠢ ᠳᠤ ᠬᠡᠯᠡᠨ᠎ᠡ᠃ | ᠳᠠᠪᠤᠨ ᠬᠤᠰᠢᠭᠤ ᠮᠠᠯ ᠤᠨ ᠰᠤᠶᠤᠯ ᠤᠨ ᠳᠤᠰᠬᠠᠢ ᠬᠤᠷᠰᠢᠶ᠎ᠠ ᠠᠩᠬ᠎ᠠ ᠪᠠᠶᠢᠭᠤᠯᠤᠭᠳᠠᠬᠤ ᠳᠠᠭᠠᠨ 48 | ᠡᠷᠦᠬᠡ ᠬᠤᠯᠪᠤᠭᠠᠯᠠᠵᠦ᠂ ᠲᠠᠩᠰᠠᠯᠠᠭᠤᠯᠤᠭᠰᠠᠨ ᠬᠦᠷᠦᠩᠬᠡ ᠨᠢ 380 ᠳᠦᠮᠡᠨ ᠳᠦᠬᠦᠷᠢᠭ ᠪᠠᠶᠢᠵᠦ᠂ ︽ᠳᠤᠭᠤᠷᠢᠮ | ︾ ᠭᠡᠬᠦ ᠲᠠᠸᠠᠷ ᠤᠨ ᠲᠡᠮᠳᠡᠭ ᠢᠶᠠᠷ ᠴᠠᠭᠠᠨ ᠢᠳᠡᠭᠡᠨ᠂ ᠪᠤᠷᠴᠠ ᠵᠡᠷᠭᠡ ᠪᠦᠳᠦᠬᠡᠭᠳᠡᠬᠦᠨ ᠢ ᠨᠡᠷᠢᠯᠢᠬ ᠪᠤᠭᠤᠳᠠᠯᠯᠠᠭᠠᠳ | ᠪᠤᠷᠤᠯᠠᠭᠤᠯᠵᠦ ᠪᠠᠶᠢᠭᠰᠠᠨ ᠪᠤᠯ 2016 ᠤᠨ ᠳᠤ 1000 ᠬᠤᠨᠢ ᠨᠢᠳᠤᠯᠵᠦ ᠬᠠᠳᠠᠭᠠᠯᠠᠬᠤ ᠴᠢᠳᠠᠪᠤᠷᠢ ᠲᠠᠢ | ᠬᠦᠢᠳᠡᠨ ᠬᠦᠮᠦᠷᠬᠡ ᠪᠠᠶᠢᠭᠤᠯᠵᠦ᠂ ᠨᠤᠳᠤᠭ ᠤᠨ ᠨᠠᠷᠢᠨ ᠨᠤᠤᠰᠤᠲᠤ ᠬᠤᠨᠢᠨ ᠤ ᠠᠰᠢᠭ ᠰᠢᠮ᠎ᠡ ᠶᠢ ᠡᠳ᠋ᠰᠢᠬᠦᠯᠬᠦ | ᠨᠦᠬᠦᠴᠡᠯ ᠢ ᠪᠦᠷᠢᠯᠳᠦᠬᠦᠯᠵᠤ ᠠᠪᠴᠠᠢ᠃ | ᠮᠤᠩᠭᠤᠯᠴᠤᠳ ᠳᠠᠪᠤᠨ ᠬᠤᠰᠢᠭᠤ ᠮᠠᠯ ᠢᠶᠠᠨ ᠮᠠᠯᠵᠢᠵᠦ᠂ ᠲᠡᠭᠦᠨ ᠤ ᠠᠰᠢᠬ ᠰᠢᠮ᠎ᠡ ᠪᠠᠷ ᠠᠵᠦ ᠠᠮᠢᠳᠤᠷᠠᠯ | ᠢᠶᠠᠨ ᠦᠬᠡᠳᠡᠯᠡᠬᠦᠯᠵᠦ ᠢᠷᠡᠭᠰᠡᠨ ᠪᠦᠭᠡᠳ ᠮᠠᠯᠵᠢᠬᠤ ᠰᠤᠶᠤᠯ ᠤᠨ ᠤᠬᠢ ᠰᠤᠳᠤᠨ ᠨᠢ ᠴᠤ ᠡᠬᠦᠨ ᠠᠴᠠ ᠢᠷᠡᠯᠳᠡᠢ | ᠪᠢᠯᠡ᠃ ᠢᠩᠬᠢᠭᠡᠳ ᠲᠠᠯᠠᠶᠢᠪᠠᠶᠠᠷ ᠵᠤᠭᠠᠴᠠᠯ ᠤᠨ ᠦᠢᠯᠡᠰ ᠲᠡᠭᠡᠨ ᠲᠠᠪᠤᠨ ᠬᠤᠰᠢᠭᠤ ᠮᠠᠯ ᠤᠨ ᠤᠬᠠᠭᠳᠠᠬᠤᠨ ᠢ | ᠠᠭᠤᠰᠬᠠᠨ ᠤᠷᠤᠭᠤᠯᠬᠤ ᠴᠢᠬᠤᠯᠠᠳᠠᠢ ᠭᠡᠵᠦ ᠰᠡᠷᠡᠵᠦ ᠮᠡᠳᠡᠵᠡᠢ᠃ ᠤᠳᠤᠬᠠᠨ ᠳᠤ ᠳᠡᠳᠡ ᠵᠤᠭᠠᠴᠠᠯ ᠤᠨ ᠵᠠᠮ | ᠱᠤᠭᠤᠮ ᠳᠠᠭᠠᠤ 12 ᠠᠶᠢᠯ ᠢ ᠰᠤᠩᠭᠤᠵᠦ᠂ ᠲᠠᠪᠤᠨ ᠬᠤᠰᠢᠭᠤ ᠮᠠᠯ ᠤᠨ ᠤᠨᠴᠠᠯᠢᠭ ᠢ ᠬᠦᠢᠴᠡᠳ ᠢᠯᠡᠷᠡᠬᠦᠯᠵᠦ | ᠳᠡᠶᠢᠯᠬᠦ ᠰᠤᠶᠤᠯ ᠤᠨ ᠠᠭᠤᠯᠬᠤᠨ ᠲᠠᠢ ᠮᠠᠯᠴᠢᠨ ᠠᠶᠢᠯ ᠤᠨ ᠵᠤᠭᠠᠴᠠᠯ ᠢ ᠳᠤᠷᠰᠢᠨ ᠬᠢᠵᠤ ᠪᠠᠶᠢᠨ᠎ᠡ᠃ | ᠪᠤᠩᠬᠤᠶᠤ ᠨᠠᠰᠤᠳᠠᠨ ᠡᠨᠡ ᠵᠢᠯ 66 ᠨᠠᠰᠤᠳᠠᠢ᠃ ᠳᠡᠳᠡᠨ ᠤ ᠬᠢᠨᠢ ︽ᠠᠳᠤᠭᠤᠴᠢᠨ ᠠᠶᠢᠯ︾ ᠤᠨ | ᠵᠤᠭᠠᠴᠠᠯ ᠬᠢᠵᠦ ᠪᠠᠶᠢᠨ᠎ᠠ᠃ ᠭᠡᠷ ᠤᠨ ᠢᠶᠠᠨ ᠵᠡᠬᠦᠨ ᠲᠠᠯ᠎ᠠ ᠳᠤ ᠮᠤᠩᠭᠤᠯ ᠭᠡᠷ ᠪᠤᠰᠬᠠᠨ ᠡᠮᠡᠬᠡᠯ ᠬᠠᠵᠠᠭᠠᠷ᠂ ᠨᠤᠭᠳᠤ | ᠴᠢᠳᠤᠷ᠂ ᠬᠠᠵᠠᠭᠠᠷ ᠠᠮᠠᠭᠠᠢ ᠵᠡᠷᠭᠡ ᠶᠠᠩᠵᠤ ᠪᠦᠷᠢ ᠶᠢᠨ ᠠᠳᠤᠭᠤᠨ ᠤ ᠡᠳ᠋ᠯᠡᠯ ᠢ ᠭᠡᠷ ᠲᠦᠭᠦᠷᠡᠩ ᠳᠡᠯᠭᠡᠵᠦ᠂ | ᠭᠡᠬᠦᠦ ᠰᠠᠭᠠᠵᠦ ᠴᠡᠭᠡ ᠢᠰᠭᠡᠵᠦ ᠪᠠᠶᠢᠭ᠎ᠠ ᠵᠢᠷᠤᠭ ᠰᠡᠬᠦᠳᠡᠷ ᠬᠠᠶᠠᠭ᠎ᠠ ᠳᠤᠨᠢ ᠵᠢᠭᠳᠡᠷᠡᠨ᠎ᠡ᠃ ︽ᠮᠠᠨᠠᠶᠢᠬᠢᠨ ᠠᠩᠬ᠎ᠠ | ᠡᠬᠢᠯᠡᠬᠦ ᠳᠡᠭᠡᠨ ᠴᠦᠬᠡᠪᠦᠷᠢ ᠠᠳᠤᠭᠤ ᠲᠠᠢ ᠪᠠᠶᠢᠭᠰᠠᠨ᠂ ᠭᠠᠴᠠᠭᠠᠨ ᠤ ᠪᠠᠨ ᠳᠠᠪᠤᠨ ᠬᠤᠰᠢᠭᠤ ᠮᠠᠯ ᠤᠨ ᠰᠤᠶᠤᠯ ᠤᠨ | ᠬᠤᠷᠰᠢᠶ᠎ᠠ ᠳᠤ ᠤᠷᠤᠵᠦ᠂ ᠠᠳᠤᠭᠤᠴᠢᠨ ᠠᠶᠢᠯ ᠤᠨ ᠤᠨᠴᠠᠯᠢᠭᠳᠤ ᠵᠤᠭᠠᠴᠠᠯ ᠢ ᠡᠷᠬᠢᠯᠡᠨ ᠬᠢᠬᠦ ᠪᠠᠷ ᠪᠤᠯᠵᠠᠢ᠂ ᠡᠨᠡ | ᠨᠢ ᠪᠢᠳᠡᠨ ᠢ ᠰᠤᠬᠤᠷ ᠪᠠᠯᠠᠢ ᠪᠠᠷ ᠵᠤᠭᠠᠴᠠᠭᠰᠠᠳ ᠢ ᠬᠦᠯᠢᠶᠡᠨ ᠠᠪᠬᠤ ᠦᠭᠡᠢ ᠪᠤᠯᠭᠠᠵᠦ᠂ ᠠᠯᠢ ᠲᠠᠯ᠎ᠠ ᠪᠠᠷ ᠦᠪᠡᠷ | ᠤᠨ ᠳᠠᠪᠠᠭᠤᠯᠢᠭ ᠢᠶᠠᠨ ᠪᠠᠳᠠᠷᠠᠭᠤᠯᠬᠤ ᠴᠢᠬᠤᠯᠠᠳᠠᠢ ᠭᠡᠳᠡᠭ ᠢ ᠮᠡᠳᠡᠬᠦᠯᠵᠦ᠂ ᠳᠤᠳᠤᠷ᠎ᠠ ᠪᠠᠨ ᠬᠦᠭᠵᠢᠯᠳᠡ ᠶᠢᠨ | ᠴᠢᠭᠯᠡᠯ ᠲᠠᠢ ᠪᠤᠯᠤᠭᠰᠠᠨ ᠶᠤᠮ᠃ ᠤᠳᠤ ᠠᠳᠤᠭᠤ ᠪᠠᠨ ᠦᠰᠭᠡᠭᠡᠳ 20 ᠰᠢᠬᠠᠮ ᠪᠤᠯᠭᠠᠴᠢᠬᠠᠯᠠ᠂ ᠵᠤᠨ ᠤ | ᠤᠯᠠᠷᠢᠯ ᠳᠤ ᠴᠡᠭᠡ ᠬᠤᠳᠠᠯᠳᠤᠭᠰᠠᠨ ᠤᠷᠤᠯᠭ᠎ᠠ ᠴᠤ 6 ᠳᠦᠮᠡᠨ ᠳᠦᠬᠦᠷᠢᠭ ᠬᠦᠷᠳᠡᠭ᠃ ᠬᠤᠰᠢᠭᠤᠨ ᠤ ᠳᠤᠮᠳᠠᠳᠤ | ᠪᠠᠭ᠎ᠠ ᠰᠤᠷᠭᠠᠭᠤᠯᠢ ᠶᠢᠨ ᠭᠡᠤᠭᠡᠳ ᠤᠳ ᠴᠤ ᠠᠳᠤᠭᠤᠨ ᠰᠤᠶᠤᠯ ᠤᠨ ᠬᠢᠴᠢᠶᠡᠯ ᠤᠷᠤᠬᠤ ᠭᠡᠵᠦ ᠮᠠᠨᠠᠶᠢᠬᠢᠨ ᠢᠶᠠᠷ | ᠰᠠᠶᠢᠨ ᠢᠷᠡᠳᠡᠭ ᠶᠤᠮ︾ ᠭᠡᠵᠦ ᠶᠠᠷᠢᠨ᠎ᠡ᠃ | ᠨᠠᠰᠤᠳᠠᠨ ᠤ ᠬᠢ ᠠᠴᠠ ᠪᠠᠷᠠᠭᠤᠨ ᠬᠤᠶᠢᠰᠢ ᠬᠤᠶᠠᠷ ᠺᠢᠯᠦᠮᠧᠲᠷ ᠬᠢᠷᠢᠳᠡᠢ ᠠᠶᠠᠯᠠᠪᠠᠯ ︽ᠦᠬᠡᠷᠴᠢᠨ ᠠᠶᠢᠯ︾ | ᠤᠨ ᠵᠤᠭᠠᠴᠠᠯ ᠡᠷᠬᠢᠯᠡᠵᠦ ᠪᠠᠶᠢᠭ᠎ᠠ ᠰᠤᠶᠤᠯᠪᠠᠳᠤ ᠶᠢᠨ ᠳᠤ ᠬᠦᠷᠬᠦ ᠪᠤᠯᠤᠨ᠎ᠡ᠃ ᠦᠬᠡᠷ ᠤᠨ ᠬᠠᠰᠢᠶ᠎ᠠ ᠨᠢ ᠪᠠᠶᠢᠰᠢᠩ | ᠭᠡᠷ ᠤᠨ ᠢᠶᠠᠨ ᠵᠡᠬᠦᠨ ᠵᠠᠬ᠎ᠠ ᠳᠤ ᠨᠡᠯᠢᠶᠡᠳ ᠨᠡᠭᠡᠭᠡᠯᠳᠡᠳᠡᠢ ᠪᠠᠶᠢᠷᠢᠰᠢᠵᠦ᠂ ᠵᠤᠭᠠᠴᠠᠭᠰᠠᠳ ᠬᠦᠬᠡᠷᠦᠬᠦᠨ ᠳᠤᠭᠤᠯ | ᠤᠳ ᠤᠨ ᠳᠤᠭᠯᠠᠨ ᠬᠦᠶᠦᠯᠳᠦᠬᠦ ᠶᠢ ᠰᠤᠨᠢᠷᠬᠠᠵᠦ ᠪᠤᠯᠳᠠᠭ᠃ ᠳᠡᠳᠡᠨᠡᠶᠢᠬᠢᠨ 40 ᠭᠠᠷᠤᠢ ᠦᠬᠡᠷ 260 ᠭᠠᠷᠤᠢ | ᠬᠤᠨᠢ ᠮᠠᠯᠵᠢᠵᠦ᠂ ᠵᠤᠭᠠᠴᠠᠭᠰᠠᠳ ᠲᠤ ᠦᠨᠢᠶ᠎ᠡ ᠰᠠᠭᠠᠬᠤ᠂ ᠠᠷᠭᠠᠯ ᠳᠡᠬᠦᠬᠦ᠂ ᠬᠠᠰᠠᠭ ᠲᠡᠷᠭᠡᠨ ᠳᠤ ᠰᠠᠭᠤᠬᠤ᠂ | ᠤᠰᠤ ᠳᠡᠭᠡᠭᠡᠬᠦ ᠵᠡᠷᠭᠡ ᠪᠡᠶᠡᠴᠢᠯᠡᠨ ᠤᠷᠤᠯᠴᠠᠬᠤ ᠳᠦᠷᠦᠯ ᠵᠦᠢᠯ ᠢ ᠬᠠᠩᠭᠠᠵᠦ᠂ ᠦᠪᠡᠷ ᠤᠨ ᠵᠤᠭᠠᠴᠠᠯ ᠢᠶᠠᠨ | ᠬᠠᠨᠳᠤᠯᠭᠠᠳᠤ ᠴᠢᠨᠠᠷᠲᠠᠢ ᠪᠦᠭᠡᠳ ᠪᠤᠰᠤᠳ ᠠᠶᠢᠯ ᠠᠴᠠ ᠤᠨᠴᠠᠯᠢᠭᠳᠠᠬᠤ ᠪᠤᠯᠭᠠᠵᠠᠢ᠃ | ᠭᠡᠷ ᠤᠨ ᠡᠵᠡᠨ ᠰᠤᠶᠤᠯᠪᠠᠳᠤ ᠦᠨᠳᠦᠷ ᠳᠤᠮᠳᠠᠳᠤ ᠪᠠᠨ ᠳᠡᠭᠦᠰᠭᠡᠬᠡᠳ ᠮᠠᠯᠵᠢᠬᠤ ᠠᠮᠢᠳᠤᠷᠠᠯ ᠳᠠᠭᠠᠨ | ᠪᠤᠴᠠᠭᠰᠠᠨ ᠶᠤᠮ᠃ ᠲᠡᠷᠡᠪᠡᠷ ᠢᠷᠡᠭᠤ ᠨᠠᠶᠢᠷᠠᠭ ᠲᠤ ᠪᠠᠭ᠋ᠠᠳᠠᠢ᠂ ᠵᠤᠴᠢᠯᠠᠭ᠎ᠠ ᠶᠢᠨ ᠭᠡᠷ ᠤᠨ ᠢᠶᠠᠨ ᠬᠠᠶᠠᠭᠠᠨ ᠳᠡᠭᠡᠷ᠎ᠡ | ᠦᠪᠡᠷ ᠤᠨ ᠪᠢᠴᠢᠭᠰᠡᠨ ︽ᠮᠤᠩᠭᠤᠯ ᠠᠶᠢᠯ ᠤᠨ ᠦᠷᠯᠦᠬᠡ︾ ᠭᠡᠬᠦ ᠰᠢᠯᠦᠭ ᠢᠶᠠᠨ ᠪᠢᠳᠠᠨ ᠳᠤ ᠤᠩᠰᠢᠵᠤ ᠦᠭᠭᠦᠯ᠎ᠡ | ᠃ | ᠰᠤᠶᠤᠯᠪᠠᠳᠤ ᠶᠢᠨ ᠬᠢᠨ ᠵᠤᠭᠠᠴᠠᠯ ᠤᠨ ᠦᠢᠯᠡᠰ ᠡᠷᠬᠢᠯᠡᠬᠦ ᠠᠴᠠ ᠡᠮᠤᠨ᠎ᠡ ᠭᠤᠤᠯᠳᠠᠭᠤ ᠦᠬᠡᠷ ᠮᠠᠯᠵᠢᠵᠦ᠂ | ᠵᠢᠯ ᠤᠨ ᠴᠡᠪᠡᠷ ᠤᠷᠤᠯᠭ᠎ᠠ ᠨᠢ 6 ᠳᠦᠮᠡᠨ ᠳᠦᠬᠦᠷᠢᠭ ᠲᠤ ᠬᠦᠷᠴᠦ ᠪᠠᠶᠢᠵᠠᠢ᠃ 2016 ᠤᠨ ᠠᠴᠠ ᠡᠬᠢᠯᠡᠨ | ᠭᠠᠴᠠᠭᠠᠨ ᠤ ᠪᠠᠨ ᠲᠠᠪᠤᠨ ᠬᠤᠰᠢᠭᠤ ᠮᠠᠯ ᠤᠨ ᠤᠨᠴᠠᠯᠢᠬᠳᠦ ᠡᠷᠦᠬᠡ ᠶᠢᠨ ᠵᠤᠭᠠᠴᠠᠯ ᠢ ᠡᠷᠬᠢᠯᠡᠵᠦ᠂ ᠦᠬᠡᠷ ᠤᠨ | ᠠᠰᠢᠬ ᠰᠢᠮ᠎ᠡ ᠪᠠᠨ ᠲᠠᠸᠠᠷᠵᠢᠭᠤᠯᠵᠦ᠂ ᠵᠤᠭᠠᠴᠠᠯ ᠤᠨ ᠴᠢᠬ ᠲᠡᠭᠡᠨ ᠮᠢᠬ᠎ᠠ ᠰᠦ ᠶᠢᠨ ᠳᠦᠷᠦᠯ ᠢᠶᠠᠨ ᠦᠨᠳᠦᠷ | ᠦᠷ᠎ᠡ ᠠᠰᠢᠬ ᠲᠠᠢ ᠪᠠᠷ ᠪᠤᠷᠤᠯᠠᠭᠤᠯᠵᠦ ᠡᠬᠢᠯᠡᠭᠰᠡᠨ ᠠᠴᠠ ᠤᠳᠤ ᠭᠠᠭᠴᠠ ᠵᠤᠭᠠᠴᠠᠯ ᠤᠨ ᠦᠢᠯᠡᠰ ᠠᠴᠠ ᠪᠠᠨ 10 | ᠳᠦᠮᠡᠨ ᠳᠦᠬᠦᠷᠢᠭ ᠤᠨ ᠴᠡᠪᠡᠷ ᠤᠷᠤᠯᠭ᠎ᠠ ᠤᠯᠬᠤ ᠪᠤᠯᠵᠠᠢ᠃ ︽ᠪᠢ ᠤᠷᠵᠢᠨᠤᠨ 34 ᠳᠦᠮᠡᠨ ᠳᠦᠬᠦᠷᠢᠭ ᠤᠨ | ᠪᠡᠯᠡ ᠤᠷᠤᠭᠤᠯᠵᠦ ᠬᠦᠯᠢᠶᠡᠨ ᠵᠤᠴᠢᠯᠠᠬᠤ ᠳᠤᠮᠤ ᠪᠠᠶᠢᠰᠢᠩ ᠪᠠᠷᠢᠯ᠎ᠠ᠂ ᠳᠤᠳᠤᠷᠠᠬᠢ ᠶᠢ ᠨᠢ ᠪᠦᠷ ᠮᠤᠳᠤᠨ | ᠰᠡᠶᠢᠯᠦᠮᠡᠯ ᠢᠶᠠᠷ ᠵᠠᠰᠠᠨ ᠴᠢᠮᠡᠭᠯᠡᠭᠰᠡᠨ ᠶᠤᠮ᠂ ᠵᠠᠰᠠᠭ ᠤᠨ ᠤᠷᠳᠤᠨ ᠠᠴᠠ 7 ᠳᠦᠮᠡᠨ ᠳᠦᠬᠦᠷᠢᠭ ᠤᠨ ᠨᠦᠬᠦᠪᠦᠷᠢ | ᠦᠭᠴᠡᠢ᠃ 2016 ᠤᠨ ᠠᠴᠠ ᠤᠳᠤ ᠪᠤᠯᠳᠠᠯ᠎ᠠ 200 ᠭᠠᠷᠤᠢ ᠵᠤᠭᠠᠴᠠᠬᠴᠢ ᠶᠢ ᠬᠦᠯᠢᠶᠡᠨ ᠵᠤᠴᠢᠯᠠᠭᠰᠠᠨ ᠶᠤᠮ︾ | ᠭᠡᠵᠦ ᠲᠡᠷᠡ ᠪᠠᠶᠠᠷᠳᠠᠢ ᠬᠡᠯᠡᠨ᠎ᠡ᠃ ᠡᠬᠦᠨ ᠠᠴᠠ ᠭᠠᠳᠠᠨ᠎ᠡ ᠰᠤᠶᠤᠯᠪᠠᠳᠤ ᠶᠢᠨ ᠬᠢᠨ ᠳᠤᠰᠬᠠᠢ ᠬᠤᠷᠰᠢᠶ᠎ᠠ ᠪᠠᠷ ᠢᠶᠠᠨ | ᠳᠡᠮᠵᠢᠨ ᠰᠢᠷ᠎ᠠ ᠳᠤᠰᠤ᠂ ᠠᠭᠠᠷᠤᠤᠯ ᠱᠦᠬᠦᠮᠡᠭ᠂ ᠪᠤᠷᠴᠠ ᠪᠠᠨ ᠪᠤᠷᠤᠯᠠᠭᠤᠯᠵᠦ 6 ᠳᠦᠮᠡᠨ ᠳᠦᠬᠦᠷᠢᠭ ᠤᠨ | ᠤᠷᠤᠯᠭ᠎ᠠ ᠤᠯᠵᠤ᠂ ᠵᠢᠯ ᠤᠨ ᠤᠷᠤᠯᠭ᠎ᠠ ᠨᠢ 20 ᠳᠦᠮᠡ ᠶᠢ ᠳᠠᠪᠠᠵᠤ ᠪᠤᠢ᠃ | ᠪᠤᠩᠬᠤᠶᠤ ᠨᠠᠰᠤᠳᠠᠨ᠂ ᠰᠤᠶᠤᠯᠪᠠᠳᠤ ᠰᠢᠬ ᠲᠠᠪᠤᠨ ᠬᠤᠰᠢᠭᠤ ᠮᠠᠯ ᠢᠶᠠᠷ ᠨᠡᠷᠡᠶᠢᠳᠦᠭᠰᠡᠨ ᠤᠨᠴᠠᠯᠢᠬᠳᠦ | ᠵᠤᠭᠠᠴᠠᠯ ᠡᠷᠬᠢᠯᠡᠵᠦ ᠪᠠᠶᠢᠭ᠎ᠠ ᠮᠠᠯᠴᠢᠨ ᠠᠶᠢᠯ ᠳᠤᠭᠤᠷᠢᠮ ᠭᠠᠴᠠᠭᠠᠨ ᠳᠤ 12 ᠡᠷᠦᠬᠡ ᠪᠠᠶᠢᠵᠦ᠂ ᠡᠷᠦᠬᠡ ᠪᠦᠷᠢ | ᠶᠢᠨ ᠵᠢᠯ ᠤᠨ ᠲᠤᠮᠳᠠᠴᠢ ᠤᠷᠤᠯᠭ᠎ᠠ ᠨᠢ 5 ᠳᠦᠮᠡᠨ ᠳᠦᠬᠦᠷᠢᠭ ᠨᠡᠮᠡᠭᠳᠡᠭᠰᠡᠨ ᠠᠵᠠᠢ᠃ 2017 ᠤᠨ ᠳᠤ ᠡᠳᠡᠭᠡᠷ | ᠮᠠᠯᠵᠢᠬᠤ ᠡᠷᠦᠬᠡ ᠨᠢ ᠪᠠᠰᠠ ᠬᠤᠰᠢᠭᠤᠨ ᠤ ᠪᠠᠨ ᠮᠤᠩᠭᠤᠯ ᠰᠤᠷᠭᠠᠭᠤᠯᠢ ᠨᠤᠭᠤᠳ ᠤᠨ ᠦᠨᠳᠦᠰᠦᠳᠡᠨ ᠤ ᠰᠤᠶᠤᠯ | ᠤᠨ ᠰᠤᠷᠭᠠᠨ ᠬᠦᠮᠦᠵᠢᠯ ᠤᠨ ᠰᠠᠭᠤᠷᠢᠨ ᠪᠤᠯᠤᠭᠰᠠᠨ ᠪᠠᠶᠢᠯ᠎ᠠ᠃ | ︽ᠤᠳᠤᠬᠠᠨ ᠳᠤ ᠤᠯᠤᠰ ᠤᠷᠤᠨ ᠠᠴᠠ ᠵᠤᠭᠠᠴᠠᠯ ᠤᠨ ᠦᠢᠯᠡᠰ ᠢ ᠬᠦᠭᠵᠢᠬᠦᠯᠬᠦ ᠠᠯᠢ ᠤᠯᠠᠨ ᠠᠰᠢᠬᠳᠠᠢ | ᠳᠦᠷᠦ ᠶᠢᠨ ᠪᠤᠳᠤᠯᠭ᠎ᠠ ᠶᠢ ᠳᠤᠭᠳᠠᠭᠠᠨ ᠬᠡᠷᠡᠭᠵᠢᠬᠦᠯᠵᠤ᠂ ᠮᠠᠯᠴᠢᠨ ᠠᠶᠢᠯ ᠤᠨ ᠵᠤᠭᠠᠴᠠᠯ ᠢ ᠳᠡᠮᠵᠢᠵᠦ ᠪᠠᠶᠢᠨ᠎ᠠ᠃ | ᠭᠡᠬᠦ ᠳᠤ ᠮᠠᠨ ᠤ ᠬᠦᠳᠡᠭᠡ ᠨᠤᠳᠤᠭ ᠲᠤ ᠦᠪᠡᠷ ᠤᠨ ᠤᠨᠴᠠᠯᠢᠭ ᠢᠶᠠᠨ ᠬᠦᠢᠴᠡᠳ ᠪᠠᠳᠠᠷᠠᠭᠤᠯᠵᠦ᠂ ᠳᠠᠪᠠᠭᠤᠯᠢᠭ | ᠲᠠᠯ᠎ᠠ ᠪᠠᠨ ᠤᠯᠵᠦ ᠬᠠᠷᠠᠬᠤ ᠨᠢ ᠶᠡᠭᠡ ᠴᠢᠬᠤᠯᠠ ᠶᠤᠮ᠃ ᠲᠠᠪᠤᠨ ᠬᠤᠰᠢᠭᠤ ᠮᠠᠯ ᠪᠤᠯ ᠮᠤᠩᠭᠤᠯ ᠪᠦᠳᠦᠬᠡᠭᠳᠡᠬᠦᠨ ᠤ | ᠢᠷᠡᠯᠳᠡ ᠶᠢᠨ ᠭᠤᠤᠯ ᠡᠬᠢ ᠰᠤᠷᠪᠤᠯᠵᠢ ᠭᠡᠵᠦ ᠬᠡᠯᠡᠵᠦ ᠪᠤᠯᠤᠨ᠎ᠡ᠃ ᠡᠨᠡᠬᠦ ᠰᠤᠶᠤᠯ ᠤᠨ ᠡᠬᠢ ᠪᠠᠶᠠᠯᠢᠭ ᠢᠶᠠᠨ | ᠬᠦᠢᠴᠡᠳ ᠠᠰᠢᠬᠯᠠᠨ ᠬᠦᠭᠵᠢᠬᠦᠯᠬᠦ ᠪᠤᠯ ᠬᠤᠵᠢᠮ ᠤᠨ ᠬᠠᠨᠳᠤᠰᠢ ᠪᠤᠯᠤᠨ᠎ᠡ︾ ᠬᠡᠵᠤ ᠲᠠᠯᠠᠶᠢᠪᠠᠶᠠᠷ ᠬᠡᠯᠡᠵᠤ ᠪᠠᠶᠢᠯ᠎ᠠ | ᠃ | ᠳᠤᠭᠤᠷᠢᠮ ᠭᠠᠴᠠᠭᠠᠨ ᠤ ᠵᠤᠭᠠᠴᠠᠯ ᠤᠨ ᠳᠤᠰᠬᠠᠢ ᠱᠤᠭᠤᠮ ᠢᠶᠠᠷ ᠠᠶᠠᠯᠠᠬᠤ ᠳᠤ ᠪᠡᠯᠴᠢᠨ ᠢᠳᠡᠰᠢᠯᠡᠬᠦ | ᠠᠳᠤᠭᠤᠨ ᠰᠦᠷᠦᠭ᠂ ᠠᠳᠠᠨ ᠲᠡᠮᠡᠭᠡᠳ᠂ ᠲᠠᠷᠭᠤᠨ ᠦᠬᠡᠷ ᠤᠳ᠂ ᠰᠤᠪᠤᠳ ᠤᠨ ᠴᠠᠭᠠᠨ ᠢᠮᠠᠭᠠᠳ᠂ ᠨᠠᠷᠢᠨ | ᠨᠤᠤᠰᠤᠳᠤ ᠬᠤᠨᠢᠳ ᠪᠦᠬᠦᠨ ᠨᠢᠳᠤᠨ ᠳᠤ ᠬᠠᠯᠠᠭᠤᠬᠠᠨ ᠬᠠᠷᠠᠬᠳᠠᠨ᠎ᠡ᠃ ᠳᠠᠪᠤᠨ ᠬᠤᠰᠢᠭᠤ ᠮᠠᠯ ᠤᠨ ᠬᠡᠰᠢᠭ | ᠪᠦᠷᠢᠳᠦᠭᠰᠡᠨ ᠡᠨᠡ ᠰᠠᠶᠢᠬᠠᠨ ᠳᠤᠭᠤᠷᠢᠮ ᠤᠨ ᠲᠠᠯ᠎ᠠ ᠳᠤ ᠠᠵᠢᠯᠴᠢ ᠬᠦᠳᠡᠯᠮᠦᠷᠢᠴᠢ ᠮᠠᠯᠴᠢᠨ ᠲᠦᠮᠡᠨ ᠮᠢᠨᠢ ᠦᠪᠡᠷ | ᠤᠨ ᠭᠡᠰᠡᠨ ᠤᠷ᠎ᠠ ᠤᠬᠠᠭᠠᠨ ᠢᠶᠠᠷ ᠢᠶᠠᠨ ᠴᠢᠨᠡᠭᠡᠯᠢᠭᠵᠢᠯ ᠤᠨ ᠵᠠᠮ ᠢᠶᠠᠨ ᠬᠠᠶᠢᠵᠤ ᠵᠤᠯ ᠵᠢᠷᠭᠠᠯᠲᠠᠢ | ᠠᠮᠢᠳᠤᠷᠠᠵᠠᠭᠠᠨ᠎ᠠ᠃ |