2018 ᠤᠨ ᠤ ᠪᠥᠭᠦ ᠬᠤᠰᠢᠭᠤᠨ ᠤ ᠭᠤᠤᠯ ᠤᠨ ᠲᠠᠷᠤᠭ᠎ᠠ ᠶᠢᠨ ᠠᠵᠢᠯ ᠤᠨ ᠲᠥᠷᠢᠮ ᠵᠢᠴᠢ ᠥᠶᠠᠷ ᠢ ᠰᠠᠷᠭᠡᠶᠢᠯᠠᠨ ᠭᠠᠩ ᠲᠠᠢ ᠲᠠᠮᠠᠴᠠᠭᠦ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-06-19
    ᠤᠶᠢᠷ᠎ᠡ ᠶᠢᠨ ᠡᠳᠦᠷ᠂ 2018 ᠤᠨ ᠤ ᠪᠥᠭᠦ ᠬᠤᠰᠢᠭᠤᠨ ᠤ ᠭᠤᠤᠯ ᠤᠨ ᠲᠠᠷᠤᠭ᠎ᠠ ᠶᠢᠨ ᠠᠵᠢᠯ ᠤᠨ ᠲᠥᠷᠢᠮ ᠵᠢᠴᠢ ᠥᠶᠠᠷ ᠢ ᠰᠠᠷᠭᠡᠶᠢᠯᠠᠨ ᠭᠠᠩ ᠲᠠᠢ ᠲᠠᠮᠠᠴᠠᠭᠦ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ᠃  ᠬᠤᠷᠠᠯ ᠤᠨ ᠭᠤᠤᠯ ᠡᠭᠦᠷᠭᠡ ᠪᠤᠯ ᠲᠥᠪ᠂ ᠥᠪᠠᠷᠳᠡᠭᠡᠨ ᠵᠠᠰᠠᠬᠤ ᠤᠷᠤᠨ᠂ ᠬᠤᠳᠠ ᠶᠢᠨ ᠡᠯ᠎ᠠ ᠱᠠᠳᠤᠨ ᠤ ᠭᠤᠤᠯ ᠤᠨ ᠲᠠᠷᠤᠭ᠎ᠠ ᠶᠢᠨ ᠠᠵᠢᠯ ᠤᠨ ᠲᠥᠷᠢᠮ ᠵᠢᠴᠢ ᠥᠶᠠᠷ ᠢ ᠰᠠᠷᠭᠡᠶᠢᠯᠠᠨ ᠭᠠᠩ ᠲᠠᠢ ᠲᠠᠮᠠᠴᠠᠭᠦ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠳᠤᠬᠠᠨ ᠤ ᠪᠠᠶᠢᠳᠠᠯ ᠢ ᠨᠠᠶᠢᠳᠠᠯᠠᠵᠤ᠂ ᠬᠤᠯᠪᠤᠭᠳᠠᠯ ᠪᠥᠭᠦᠢ ᠪᠠᠶᠢᠳᠠᠯ ᠳᠤ ᠪᠠᠶᠢᠷᠢᠯᠠᠭᠤᠯᠤᠯᠳᠠ ᠲᠤᠭᠢᠷᠠᠭᠤᠯᠤᠯᠳᠠ ᠭᠢᠵᠡᠢ᠃      ᠬᠤᠳᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠳ᠋ ᠲᠠᠷᠢᠭᠦᠯᠡᠭᠴᠢ᠂ ᠬᠤᠰᠢᠭᠤ ᠨᠠᠮ ᠤᠨ ᠬᠤᠷᠶᠠᠨ ᠤ ᠱᠥᠵᠢ ᠵᠢᠷᠭᠠᠯᠳᠤ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ᠂ ᠬᠤᠰᠢᠭᠤ ᠲᠠᠷᠤᠭ᠎ᠠ ᠴᠢᠶᠤᠤ ᠶᠥᠨ ᠯᠢ᠂ ᠬᠤᠰᠢᠭᠤ ᠨᠠᠮ ᠤᠨ ᠬᠤᠷᠢᠶᠠᠨ ᠤ ᠲᠠᠳ᠋ ᠱᠥᠵᠢ ᠤᠯᠤᠰ  ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠭᠠᠯᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠴᠢᠶᠤᠤ ᠠᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ  ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠵᠤᠤ ᠶᠥᠩ ᠹᠧᠩ᠂ ᠬᠤᠰᠢᠭᠤ ᠤᠳᠤᠷᠢᠳᠤᠯᠭ᠎ᠠ ᠭᠤᠤ ᠬᠤ᠋᠂ ᠵᠸᠤ ᠱᠤᠸᠠᠢ᠂ ᠪᠠᠶᠠᠨᠴᠢᠮᠡᠭ ᠪᠤᠯᠤᠨ ᠡᠯ᠎ᠠ ᠰᠤᠮᠤ ᠪᠠᠯᠭᠠᠰᠤ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠥᠭᠦᠢ ᠪᠠᠶᠢᠭᠤᠯᠭ᠎ᠠ ᠨᠢᠬᠡᠴᠡ ᠶᠢᠨ ᠭᠤᠤᠯ ᠬᠠᠷᠢᠭᠤᠴᠠᠯᠭᠠᠳᠠᠨ ᠪᠤᠯᠤᠨ ᠭᠤᠤᠯ ᠤᠨ ᠲᠠᠷᠤᠭ᠎ᠠ ᠶᠢᠨ ᠠᠵᠢᠯ ᠤᠨ ᠲᠥᠷᠢᠮ ᠤᠨ ᠠᠯᠪᠠᠨ ᠭᠡᠷ ᠤᠨ ᠪᠥᠭᠦ ᠺᠠᠳ᠋ᠷ ᠠᠵᠢᠯᠳᠠᠨ ᠭᠤᠣᠯ ᠬᠤᠷᠠᠯ ᠤᠨ ᠳᠠᠯᠠᠪᠠᠢ ᠳᠤ ᠬᠤᠷᠠᠯ ᠳᠤ ᠤᠷᠤᠯᠴᠠᠵᠤ᠂ ᠡᠯ᠎ᠠ ᠰᠤᠮᠤ ᠪᠠᠯᠭᠠᠰᠤ ᠶᠢᠨ ᠬᠤᠪᠢᠶ᠋ᠢᠷᠢᠯᠠᠨ ᠬᠠᠷᠢᠭᠤᠴᠠᠵᠤ ᠪᠠᠶᠢᠭ᠎ᠠ‌‍ᠲ᠋ᠡᠳ᠋ ᠪᠠᠯᠭᠠᠰᠤᠨ ᠳᠠᠷᠤᠭ᠎ᠠ ᠲᠡᠳ᠋ ᠰᠤᠮᠤᠨ ᠲᠠᠷᠤᠭ᠎ᠠ ᠭᠠᠴᠠᠭ᠎ᠠ ᠲᠤᠰᠬᠤᠨ ᠤ ᠨᠠᠮ ᠤᠨ ᠡᠭᠦᠷ  ᠤᠨ ᠱᠥᠵᠢ᠂ ᠭᠠᠴᠠᠭ᠎ᠠ‌‍ᠲ᠋ᠤᠰᠬᠤᠨ ᠤ ᠲᠠᠷᠤᠭ᠎ᠠ ᠪᠤᠯᠤᠨ  ᠭᠤᠤᠯ  ᠮᠥᠷᠠᠨ ᠢ ᠬᠠᠮᠢᠶᠠᠷᠴᠣ ᠪᠠᠶᠢᠭ᠎ᠠ‌‍ᠭᠥ᠋ᠮᠤᠰ ᠲᠧᠯᠸᠢᠰ ᠳ᠋ᠢᠶᠠᠩᠬᠤᠸᠠ ᠬᠤᠷᠠᠯ ᠤᠨ ᠭᠡᠯᠪᠠᠷᠢ ᠪᠠᠷ  ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ᠃      ᠭᠤᠤᠯ ᠤᠨ ᠲᠠᠷᠤᠭ᠎ᠠ ᠶᠢᠨ ᠠᠵᠢᠯ ᠤᠨ ᠲᠥᠷᠢᠮ ᠢ ᠨᠠᠶᠢᠳᠠᠪᠤᠷᠢᠵᠢᠭᠤᠯᠬᠤ ᠵᠢᠴᠢ ᠥᠶᠠᠷ ᠢ ᠰᠠᠷᠭᠡᠶᠢᠯᠠᠨ ᠭᠠᠩ  ᠲᠠᠢ ᠲᠠᠮᠠᠴᠠᠭᠦ ᠠᠵᠢᠯ   ᠢ ᠴᠢᠩᠭ᠎ᠠ ᠠᠳᠬᠤᠬᠤ ᠲᠤᠬᠠᠢ ᠵᠢᠷᠭᠠᠯᠳᠤ ᠵᠢᠭᠠᠵᠤ ᠭᠠᠷᠭᠠᠬᠤ ᠳᠤ ᠪᠠᠨ ᠬᠠᠷᠢᠭᠤᠴᠠᠯᠭ᠎ᠠ ᠡᠭᠦᠷᠭᠡᠯᠡᠭᠦ ᠪᠠᠨ ᠴᠢᠩᠭᠠᠳᠬᠠᠨ᠂ ᠠᠵᠢᠯ ᠤᠨ ᠠᠷᠭ᠎ᠠ ᠪᠠᠷᠢᠯ ᠢ ᠨᠠᠷᠢᠯᠢᠭᠵᠢᠭᠤᠯᠵᠤ᠂ ᠴᠠᠭ ᠢᠮᠠᠭᠳᠠ ᠰᠠᠷᠠᠮᠵᠢ ᠲᠠᠢ ᠪᠠᠶᠢᠬᠤ ᠭᠡᠷᠡᠭᠳᠠᠢ᠃ ᠡᠯ᠎ᠠ ᠰᠤᠮᠤ ᠪᠠᠯᠭᠠᠰᠤ ᠪᠤᠯᠤᠨ ᠬᠤᠰᠢᠭᠤ ᠰᠢᠭᠤᠳ ᠬᠠᠷᠢᠶ᠎ᠠ ᠡᠯ᠎ᠠ ᠪᠠᠶᠢᠭᠤᠯᠭ᠎ᠠ ᠨᠢᠭᠡᠴᠠ ᠶᠢᠨ  ᠬᠢᠨ ᠭᠤᠤᠯ ᠤᠨ ᠲᠠᠷᠤᠭ᠎ᠠ ᠶᠢᠨ ᠠᠵᠢᠯ ᠤᠨ ᠲᠥᠷᠢᠮ ᠢ ᠨᠠᠶᠢᠳᠠᠪᠤᠷᠢᠵᠢᠭᠤᠯᠬᠤ ᠶᠢ ᠨᠢᠭᠡ ᠲᠥᠷᠥᠯ ᠤᠨ ᠪᠠᠶᠢᠩᠭᠤ  ᠶᠢᠨ ᠠᠵᠢᠯ ᠪᠤᠯᠭᠠᠨ ᠴᠢᠩᠭ᠎ᠠ ᠠᠳᠬᠤᠵᠤ᠂ ᠡᠭᠦᠷᠭᠡ ᠬᠠᠷᠢᠭᠤᠴᠠᠯᠭ᠎ᠠ ᠶᠢ ᠪᠤᠳᠠᠳᠠᠶᠢᠵᠢᠭᠤᠯᠬᠤ ᠭᠡᠷᠡᠭᠳᠠᠢ᠃ ᠡᠯ᠎ᠠ ᠱᠠᠳᠤᠨ ᠤ ᠭᠤᠤᠯ ᠤᠨ ᠲᠠᠷᠤᠭ᠎ᠠ ᠪᠠᠶ᠎ᠠ ᠪᠠᠷ ᠢᠶᠠᠨ ᠭᠡᠪ ᠲᠥᠷᠢᠮ ᠪᠤᠯᠵᠤ᠂  ᠲᠤᠪᠤᠶᠢᠮ᠎ᠠ ᠠᠰᠠᠭᠤᠳᠠᠯ ᠳᠤ ᠬᠠᠤᠯᠢ ᠶᠤᠰᠤᠭᠠᠷ ᠵᠠᠰᠠᠨ ᠴᠡᠭᠴᠡᠯᠡᠯᠳᠠ ᠭᠢᠵᠤ᠂ ᠬᠠᠮᠢᠶᠠᠷᠤᠯᠳᠠ ᠶᠢᠨ ᠬᠠᠷᠢᠭᠤᠴᠠᠯᠭ᠎ᠠ ᠶᠢ  ᠲᠤᠳᠤᠷᠬᠠᠶᠢᠯᠠᠬᠤ ᠭᠡᠷᠡᠭᠳᠠᠢ ᠭᠡᠵᠡᠢ᠃      ᠵᠢᠷᠭᠠᠯᠳᠤ ᠴᠢᠬᠤᠯᠠᠴᠢᠯᠠᠬᠤ ᠳᠤ ᠪᠠᠨ᠂ ᠭᠤᠤᠯ ᠤᠨ ᠲᠠᠷᠤᠭ᠎ᠠ ᠶᠢᠨ ᠠᠵᠢᠯ ᠤᠨ ᠲᠥᠷᠢᠮ ᠢ ᠪᠥᠭᠦ ᠲᠠᠯ᠎ᠠ ᠪᠠᠷ ᠨᠠᠶᠢᠳᠠᠪᠤᠷᠢᠵᠢᠭᠤᠯᠬᠤ ᠪᠤᠯᠤᠨ ᠥᠶᠠᠷ ᠢ ᠰᠠᠷᠭᠡᠶᠢᠯᠠᠨ ᠭᠠᠩ ᠲᠠᠢ ᠲᠠᠮᠠᠴᠠᠭᠦ ᠠᠵᠢᠯ ᠢ ᠴᠢᠩᠭ᠎ᠠ ᠠᠳᠬᠤᠬᠤ  ᠡᠭᠦᠷᠭᠡ ᠭᠥᠨᠳᠤ ᠬᠠᠷᠢᠭᠤᠴᠠᠯᠭ᠎ᠠ ᠶᠡᠭᠡ ᠪᠠᠶᠢᠭ᠎ᠠ ᠶᠤᠮ᠂ ᠡᠯ᠎ᠠ ᠱᠠᠳᠤ ᠡᠯ᠎ᠠ  ᠰᠠᠯᠠᠭ᠎ᠠ‌ᠮᠥ᠋ᠴᠢᠷ ᠤᠨ ᠬᠢᠨ ᠲᠡᠭᠡᠳᠤ ᠭᠡᠮᠵᠢᠶ᠎ᠠ  ᠪᠠᠷ ᠴᠢᠬᠤᠯᠠᠴᠢᠯᠠᠨ ᠥᠵᠠᠵᠤ᠂ ᠲᠠᠷᠤᠢ ᠲᠥᠷᠭᠡᠨ ᠭᠥᠳᠡᠯᠤᠯᠴᠠᠨ᠂ ᠬᠠᠮᠤᠭ ᠤᠨ ᠪᠤᠳᠠᠳᠠᠢ ᠠᠷᠭ᠎ᠠ ᠭᠡᠮᠵᠢᠶ᠎ᠠ ᠪᠠᠷ ᠭᠤᠤᠯ ᠤᠨ ᠲᠠᠷᠤᠭ᠎ᠠ ᠶᠢᠨ ᠠᠵᠢᠯ ᠤᠨ ᠲᠥᠷᠢᠮ ᠪᠤᠯᠤᠨ ᠥᠶᠠᠷ ᠢ ᠰᠠᠷᠭᠡᠶᠢᠯᠠᠨ ᠭᠠᠩ ᠲᠠᠢ  ᠲᠠᠮᠠᠴᠠᠭᠦ  ᠡᠯ᠎ᠠ ᠲᠥᠷᠥᠯ ᠤᠨ ᠠᠵᠢᠯ ᠢ ᠰᠠᠶᠢᠨ ᠭᠢᠵᠤ᠂ ᠥᠷᠭᠡᠨ ᠤᠯᠠᠨ ᠲᠥᠮᠡᠨ ᠤ ᠠᠮᠢ ᠨᠠᠰᠤ ᠡᠳ᠋ ᠭᠥᠷᠥᠩᠭᠡ ᠶᠢᠨ ᠠᠮᠤᠷ ᠲᠥᠪᠰᠢᠨ ᠢ ᠪᠠᠳᠤᠯᠠᠨ᠂ ᠪᠥᠭᠦ ᠬᠤᠰᠢᠭᠤᠨ ᠤ ᠠᠵᠤ ᠠᠬᠤᠢ ᠨᠠᠶᠢᠭᠡᠮ ᠤᠨ ᠥᠷᠭᠦᠯᠵᠢᠯᠡᠭᠰᠠᠨ ᠲᠤᠭᠳᠠᠭᠤᠨ ᠡᠷᠡᠭᠦᠯ ᠭᠥᠭᠵᠢᠯᠳᠠ ᠶᠢ ᠠᠭᠢᠭᠤᠯᠬᠤ ᠭᠡᠷᠭᠳᠠᠢ ᠭᠡᠵᠡᠢ᠃      ᠴᠢᠶᠤᠤ ᠶᠥᠨ ᠯᠢ ᠶᠠᠷᠢᠶ᠎ᠠ ᠲᠠᠯᠪᠢᠵᠤ ᠵᠢᠭᠠᠬᠤ ᠳᠤ ᠪᠠᠨ᠂ ᠭᠤᠤᠯ ᠤᠨ ᠲᠠᠷᠤᠭ᠎ᠠ ᠶᠢᠨ ᠠᠵᠢᠯ ᠤᠨ ᠲᠥᠷᠢᠮ  ᠢ ᠪᠥᠭᠦ ᠲᠠᠯ᠎ᠠ ᠪᠠᠷ ᠠᠭᠢᠭᠤᠯᠬᠤ ᠪᠤᠯ ᠲᠥᠷᠥ ᠶᠢᠨ ᠶᠠᠪᠤᠳᠠᠯ ᠤᠨ ᠬᠤᠷᠢᠶᠠᠨ ᠠᠴᠠ ᠲᠤᠷᠠᠳᠤᠭᠰᠠᠨ ᠴᠢᠬᠤᠯᠠ  ᠶᠡᠭᠡ ᠪᠠᠶᠢᠷᠢᠯᠠᠭᠤᠯᠤᠯᠳᠠ ᠪᠤᠯᠤᠨ᠎ᠠ᠃ ᠡᠯ᠎ᠠ ᠭᠠᠵᠠᠷ ᠡᠯ᠎ᠠ ᠰᠠᠯᠠᠭ᠎ᠠ ᠮᠥᠴᠢᠷ ᠤᠨ ᠬᠢᠨ ᠡᠯ᠎ᠠ ᠲᠥᠷᠥᠯ ᠤᠨ ᠠᠵᠢᠯ ᠤᠨ ᠴᠢᠬᠤᠯᠠ ᠠᠴᠢ ᠬᠤᠯᠪᠤᠭᠳᠠᠯ ᠢ ᠭᠥᠨᠵᠡᠭᠡᠢ ᠲᠠᠨᠢᠵᠤ᠂ ᠤᠯᠤᠰ ᠲᠥᠷᠥ ᠶᠢᠨ ᠵᠤᠭᠰᠤᠴᠠ ᠪᠠᠨ ᠲᠡᠭᠡᠭᠰᠢᠯᠡᠭᠦᠯᠤᠨ ᠭᠤᠤᠯ ᠤᠨ ᠲᠠᠷᠤᠭ᠎ᠠ ᠶᠢᠨ ᠠᠵᠢᠯ ᠤᠨ ᠲᠥᠷᠢᠮ ᠢ ᠠᠭᠢᠭᠤᠯᠬᠤ ᠵᠢᠴᠢ  ᠥᠶᠠᠷ ᠢ ᠰᠠᠷᠭᠡᠶᠢᠯᠠᠨ ᠭᠠᠩ ᠲᠠᠢ  ᠲᠠᠮᠠᠴᠠᠭᠦ ᠠᠵᠢᠯ   ᠢ ᠰᠠᠶᠢᠨ ᠭᠢᠭᠦ ᠶᠢᠨ ᠬᠠᠷᠢᠭᠤᠴᠠᠯᠭᠠᠳᠤ ᠰᠠᠳᠭᠢᠯᠭᠡ ᠪᠤᠯᠤᠨ ᠪᠠᠴᠢᠮ ᠲᠤᠯᠭᠠᠮ᠎ᠠ ᠰᠠᠳᠭᠢᠯᠭᠡ ᠪᠠᠨ ᠨᠠᠮᠡᠭᠳᠡᠭᠦᠯᠭᠦ ᠭᠡᠷᠡᠭᠳᠠᠢ᠃ ᠭᠤᠤᠯ ᠤᠨ ᠲᠠᠷᠤᠭ᠎ᠠ ᠶᠢᠨ ᠲᠥᠷᠢᠮ ᠤᠨ ᠠᠵᠢᠯ ᠢ ᠠᠭᠢᠭᠤᠯᠬᠤ ᠶᠢ ᠨᠠᠮ ᠤᠨ ᠠᠷᠪᠡ ᠶᠢᠰᠤᠳᠤᠭᠡᠷ ᠶᠡᠭᠡ ᠬᠤᠷᠠᠯ᠂ ᠪᠥᠭᠦ ᠤᠯᠤᠰ ᠤᠨ ᠠᠮᠢ ᠠᠬᠤᠢ ᠤᠷᠴᠢᠨ ᠲᠤᠭᠤᠷᠢᠨ ᠤ ᠬᠠᠮᠭᠠᠯᠠᠯᠳᠠ ᠶᠢᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠥᠨᠵᠡᠭᠡᠢ ᠲᠤᠤᠱᠯᠠᠭᠤᠯᠬᠤ ᠪᠠ ᠪᠤᠭᠢᠷᠳᠤᠯ ᠢ ᠰᠠᠷᠭᠡᠶᠢᠯᠠᠨ ᠵᠠᠰᠠᠬᠤ ᠲᠠᠶᠢᠯᠠᠯᠳᠤᠭᠠᠨ  ᠢ ᠰᠠᠶᠢᠨ ᠭᠢᠭᠦ᠂ ᠲᠥᠪ ᠤᠨ ᠤᠷᠴᠢᠨ ᠲᠤᠭᠤᠷᠢᠨ ᠤ ᠬᠠᠮᠭᠠᠯᠠᠯᠳᠠ ᠶᠢᠨ ᠱᠠᠭᠠᠷᠳᠠᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠠᠰᠠᠭᠤᠳᠠᠯ ᠳᠤ ᠴᠡᠭᠴᠡᠯᠠᠨ ᠰᠠᠶᠢᠵᠢᠷᠠᠭᠤᠯᠤᠯᠳᠠ ᠭᠢᠭᠦ᠂ ᠠᠷᠠᠳ ᠲᠥᠮᠡᠨ ᠤ ᠡᠳᠤᠷ ᠢᠷᠠᠭᠦᠶ᠎ᠠ ᠨᠡᠮᠡᠭᠳᠡᠵᠤ ᠪᠠᠶᠢᠭ᠎ᠠ ᠭᠤᠶᠤ ᠰᠠᠶᠢᠬᠠᠨ ᠠᠮᠢ ᠠᠬᠤᠢ ᠤᠷᠴᠢᠨ ᠲᠤᠭᠤᠷᠢᠨ ᠤ ᠭᠡᠷᠡᠭᠴᠡᠭᠡ ᠶᠢ ᠬᠠᠩᠭᠠᠬᠤ ᠪᠤᠳᠠᠳᠠᠢ ᠠᠷᠭ᠎ᠠ ᠭᠡᠮᠵᠢᠶ᠎ᠠ ᠪᠤᠯᠭᠠᠨ ᠴᠢᠩᠭ᠎ᠠ ᠠᠳᠬᠤᠬᠤ ᠭᠡᠷᠡᠭᠳᠠᠢ᠃ ᠬᠠᠷᠢᠭᠤᠴᠠᠯᠭ᠎ᠠ ᠲᠤᠳᠤᠷᠬᠠᠢ᠂ ᠲᠥᠷᠢᠮ ᠲᠠᠭᠦᠯᠳᠠᠷ  ᠂ ᠥᠨᠳᠤᠷ ᠠᠰᠢᠭᠳᠣ ᠭᠤᠤᠯ ᠮᠥᠷᠠᠨ ᠤ ᠲᠠᠷᠤᠭ᠎ᠠ ᠶᠢᠨ ᠬᠠᠮᠢᠶᠠᠷᠤᠯᠳᠠ ᠶᠢᠨ ᠠᠵᠢᠯ ᠤᠨ ᠰᠢᠰᠲ᠋ᠧᠮ ᠢ ᠪᠠᠶᠢᠭᠤᠯᠬᠤ ᠭᠡᠷᠡᠭᠳᠠᠢ᠃ ᠤᠰᠤᠨ ᠤ ᠡᠭᠢ ᠪᠠᠶᠠᠯᠢᠭ ᠤᠨ ᠬᠠᠮᠭᠠᠯᠠᠯᠳᠠ᠂ ᠤᠰᠤᠨ ᠤ ᠪᠤᠭᠢᠷᠳᠤᠯ ᠤᠨ ᠰᠠᠷᠭᠡᠶᠢᠯᠠᠯᠳᠠ᠂ ᠬᠠᠤᠯᠢ ᠭᠡᠷᠡᠭᠵᠢᠭᠦᠯᠭᠦ ᠭᠢᠨᠠᠯᠳᠠ ᠲᠠᠯᠪᠢᠬᠤ ᠵᠡᠷᠭᠡ ᠶᠢᠨ ᠠᠵᠢᠯ ᠢ ᠴᠢᠩᠭᠠᠳᠬᠠᠨ᠂ ᠤᠬᠠᠭᠤᠯᠭ᠎ᠠ ᠭᠥᠮᠤᠵᠢᠯ ᠢ ᠰᠠᠶᠢᠨ ᠭᠢᠵᠤ᠂ ᠪᠥᠭᠦ ᠬᠤᠰᠢᠭᠤᠨ ᠤ ᠭᠤᠤᠯ ᠤᠨ ᠲᠠᠷᠤᠭ᠎ᠠ ᠶᠢᠨ ᠲᠥᠷᠢᠮ ᠤᠨ ᠠᠵᠢᠯ ᠤᠨ ᠰᠢᠨ᠎ᠠ ᠥᠷ᠎ᠠ ᠪᠥᠳᠥᠮᠵᠢ ᠤᠯᠬᠠᠤ ᠶᠢ ᠠᠭᠢᠭᠤᠯᠬᠤ  ᠭᠡᠷᠡᠭᠳᠠᠢ ᠭᠡᠵᠡᠢ᠃     ᠴᠢᠶᠤᠤ ᠶᠥᠨ ᠯᠢ ᠴᠢᠬᠤᠯᠠᠴᠢᠯᠠᠬᠤ ᠳᠤ ᠪᠠᠨ᠂ ᠥᠶᠠᠷ ᠢ ᠰᠠᠷᠭᠡᠶᠢᠯᠠᠨ ᠭᠠᠩ ᠲᠠᠢ  ᠲᠠᠮᠠᠴᠠᠭᠦ ᠠᠵᠢᠯ   ᠨᠢ ᠠᠷᠠᠳ  ᠲᠥᠮᠡᠨ ᠤ ᠠᠮᠢ ᠨᠠᠰᠤ ᠡᠳ᠋ ᠭᠥᠷᠥᠩᠭᠡ ᠶᠢᠨ ᠠᠮᠤᠷ ᠲᠥᠪᠰᠢᠨ ᠲᠠᠢ ᠬᠤᠯᠪᠤᠭᠳᠠᠵᠤ ᠪᠠᠶᠢᠳᠠᠭ᠂ ᠡᠯ᠎ᠠ ᠭᠠᠵᠠᠷ ᠡᠯ᠎ᠠ ᠰᠠᠯᠭ᠎ᠠ ᠮᠥᠴᠢᠷ᠂ ᠲᠡᠭᠡᠳᠤ ᠭᠡᠮᠵᠢᠶ᠎ᠠ ᠪᠠᠷ ᠭᠥᠨᠳᠤᠳᠭᠡᠨ ᠥᠵᠡᠵᠤ᠂  ᠰᠤᠨᠤᠷ ᠰᠠᠷᠠᠮᠵᠢ ᠪᠠᠨ  ᠲᠡᠭᠡᠭᠰᠢᠯᠡᠭᠦᠯᠭᠦ ᠭᠡᠷᠡᠭᠳᠠᠢ᠃ ᠥᠶᠠᠷ ᠢ ᠰᠠᠷᠭᠡᠶᠢᠯᠠᠨ ᠭᠠᠩ ᠲᠠᠢ ᠲᠠᠮᠠᠴᠠᠭᠦ ᠠᠵᠢᠯ ᠤᠨ ᠬᠠᠷᠢᠭᠤᠴᠠᠯᠭ᠎ᠠ ᠶᠢᠨ ᠲᠥᠷᠢᠮ  ᠢ ᠴᠢᠩᠭ᠎ᠠ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯᠳᠠ ᠶᠢ ᠲᠤᠳᠤᠷᠬᠠᠶᠢᠯᠠᠨ ᠠᠵᠢᠯ ᠤᠨ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ ᠥᠶᠠᠷ ᠢ ᠰᠠᠷᠭᠡᠶᠢᠯᠡᠭᠦ ᠲᠠᠯᠳᠠ ᠭᠡᠮ ᠤᠨ ᠪᠠᠶᠢᠴᠠᠭᠠᠯᠳᠠ ᠶᠢ ᠪᠠᠶᠢᠩᠭᠤᠵᠢᠭᠤᠯᠵᠤ᠂ ᠭᠤᠤᠯᠳᠠᠯᠭ᠎ᠠ ᠲᠠᠢ ᠬᠦᠷᠢᠶᠠᠨ ᠤ ᠥᠶᠠᠷ ᠢ ᠰᠠᠷᠭᠡᠶᠢᠯᠡᠭᠦ ᠠᠵᠢᠯ ᠢ ᠰᠠᠶᠢᠨ ᠭᠢᠵᠤ᠂ ᠪᠠᠴᠢᠮ ᠪᠠᠶᠢᠳᠠᠯ ᠢ ᠰᠢᠢᠳᠪᠣᠷᠢᠯᠡᠬᠦ ᠡᠩᠨᠡᠭᠡᠨ ᠤ ᠪᠠᠶᠢᠭᠤᠯᠤᠯᠳᠠ᠂ ᠪᠠᠴᠢᠮ ᠪᠠᠶᠢᠳᠠᠯ ᠢ ᠰᠢᠢᠳᠪᠣᠷᠢᠯᠡᠬᠦ ᠡᠳ᠋ ᠪᠤᠳᠠᠰ ᠤᠨ ᠪᠡᠯᠡᠳᠭᠡᠯ ᠪᠤᠯᠤᠨ ᠪᠠᠴᠢᠮ ᠪᠠᠶᠢᠳᠠᠯ ᠢ ᠰᠢᠢᠳᠪᠣᠷᠢᠯᠡᠬᠦ ᠲᠥᠰᠥᠪ ᠭᠠᠷᠭᠠᠬᠤ ᠵᠡᠷᠭᠡ ᠶᠢᠨ ᠪᠡᠯᠡᠳᠭᠡᠯ ᠠᠵᠢᠯ ᠢ ᠰᠠᠶᠢᠨ ᠭᠢᠵᠤ᠂ ᠠᠮᠤᠷ ᠲᠥᠪᠰᠢᠨ ᠢᠶᠠᠷ ᠥᠶᠠᠷ ᠤᠨ ᠬᠤᠭᠤᠴᠠᠭ᠎ᠠ ᠶᠢ ᠲᠤᠭᠤᠯᠬᠤ ᠶᠢ ᠪᠠᠳᠤᠯᠠᠬᠤ ᠭᠡᠷᠡᠭᠳᠠᠢ ᠭᠡᠵᠡᠢ᠃    ᠬᠤᠷᠠᠯ ᠲᠡᠭᠡᠷ᠎ᠡ ᠵᠸᠤ ᠱᠤᠸᠠᠢ᠂ ᠪᠥᠭᠦ ᠬᠤᠰᠢᠭᠤᠨ ᠤ ᠭᠤᠤᠯ ᠤᠨ ᠲᠠᠷᠤᠭ᠎ᠠ ᠶᠢᠨ ᠠᠵᠢᠯ ᠤᠨ ᠨᠠᠶᠢᠳᠠᠪᠤᠷᠢᠵᠢᠭᠤᠯᠤᠯᠳᠠ ᠶᠢᠨ ᠪᠠᠶᠢᠳᠠᠯ ᠪᠤᠯᠤᠨ 2018 ᠤᠨ ᠤ ᠥᠶᠠᠷ ᠢ ᠰᠠᠷᠭᠡᠶᠢᠯᠠᠨ ᠭᠠᠩ ᠲᠠᠢ ᠲᠠᠮᠠᠴᠠᠭᠦ ᠠᠵᠢᠯ ᠤᠨ  ᠦᠷᠨᠢᠯᠳᠡ ᠶᠢᠨ ᠪᠠᠶᠢᠳᠠᠯ   ᠢ ᠨᠠᠶᠢᠳᠠᠯᠠᠪᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号