ᠬᠤᠰᠢᠭᠤ ᠨᠠᠮ ᠤᠨ ᠬᠤᠷᠢᠶᠠᠨ ᠤ ᠭᠤᠤᠯ ᠲᠤᠭᠤᠶᠢᠯᠠᠩ ᠤᠨ ᠰᠣᠷᠣᠯᠴᠠᠯᠭ᠎ᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2018-06-19
   ᠣᠶᠢᠷ᠎ᠡ ᠶᠢᠨ ᠡᠳᠦᠷ᠂ ᠬᠤᠰᠢᠭᠤ ᠨᠠᠮ ᠤᠨ ᠬᠤᠷᠢᠶᠠᠨ ᠤ ᠭᠤᠤᠯ ᠲᠤᠭᠤᠶᠢᠯᠠᠩ ᠤᠨ ᠰᠣᠷᠣᠯᠴᠠᠯᠭ᠎ᠠ ᠶᠢᠨ ᠬᠤᠷᠠᠯ ᠬᠤᠷᠠᠯᠳᠤᠭᠰᠠᠨ ᠪᠠᠶᠢᠨ᠎ᠠ᠃    ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠴᠢᠶᠤᠤ ᠶᠥᠨ ᠯᠢ᠂ ᠬᠤᠰᠢᠭᠤ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠠᠮᠠᠨᠳᠤᠬᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠤᠭᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠸᠠᠩ ᠯᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠤᠮᠠᠯ ᠹᠷᠤᠨᠲ ᠶᠢᠨ ᠭᠡᠯᠳᠡᠰ ᠤᠨ ᠲᠠᠷᠤᠭ᠎ᠠ ᠠᠯᠳᠠᠠᠳᠤᠶᠠᠭ᠎ᠠ ᠵᠡᠷᠭᠡ ᠰᠢᠶᠠᠨ ᠤ ᠲᠠᠰ ᠤᠨ ᠤᠳᠤᠷᠢᠳᠤᠯᠭ᠎ᠠ ᠪᠤᠯᠤᠨ ᠬᠤᠰᠢᠭᠤ ᠰᠢᠭᠤᠳ ᠬᠠᠷᠢᠶ᠎ᠠ ᠡᠯ᠎ᠠ ᠪᠠᠶᠢᠭᠤᠯᠭ᠎ᠠ ᠨᠢᠭᠡᠴᠠ ᠶᠢᠨ ᠭᠤᠤᠯ ᠬᠠᠷᠢᠭᠤᠴᠠᠯᠭᠠᠳᠠᠨ᠂ ᠰᠤᠨᠢᠨ ᠮᠡᠳᠡᠭᠡᠨ ᠤ ᠥᠭᠦᠯᠡᠭᠴᠢ ᠬᠤᠷᠠᠯ ᠳᠤ ᠤᠷᠤᠯᠴᠠᠪᠠ    ᠬᠤᠷᠠᠯ ᠨᠢ ᠥᠪᠠᠷᠳᠡᠭᠡᠨ ᠵᠠᠰᠠᠬᠤ ᠤᠷᠤᠨ ᠤ ᠨᠠᠮ ᠤᠨ ᠰᠤᠷᠭᠠᠭᠤᠯᠢ ᠶᠢᠨ ᠨᠠᠮ ᠤᠨ ᠲᠠᠤᠭᠡ ᠨᠠᠮ ᠤᠨ ᠪᠠᠶᠢᠭᠤᠯᠤᠯᠳᠠ ᠶᠢᠨ ᠵᠢᠭᠠᠨ ᠰᠤᠳᠤᠯᠬᠤ ᠭᠠᠵᠠᠷ ᠤᠨ ᠲᠡᠳ᠋ ᠫᠷᠤᠹᠧᠰᠰᠤᠷ᠂ ᠥᠪᠤᠷ ᠮᠤᠩᠭᠤᠯ ᠤᠨ ᠨᠠᠮ ᠤᠨ ᠲᠠᠤᠭᠡ  ᠶᠢᠨ ᠨᠡᠶᠢᠭᠡᠮᠯᠢᠭ ᠤᠨ ᠪᠠᠶᠢᠩᠭᠤ ᠶᠢᠨ ᠭᠡᠷᠡᠭ ᠡᠷᠭᠢᠯᠡᠭᠴᠢ᠂ ᠥᠪᠠᠷᠳᠡᠭᠡᠨ ᠵᠰᠠᠬᠤ ᠤᠷᠤᠨ ᠤ ᠨᠠᠮ ᠤᠨ ᠬᠤᠷᠢᠶᠠᠨ ᠤ ︽ᠬᠤᠶᠠᠷ ᠢ ᠰᠤᠷᠤᠯᠴᠠᠵᠤ ᠭᠢᠷᠢ ᠲᠡᠩᠴᠡᠭᠰᠠᠨ ᠨᠠᠮ ᠤᠨ ᠭᠡᠰᠢᠭᠦᠨ ᠪᠤᠯᠬᠤ︾ ᠰᠤᠷᠤᠯᠴᠠᠯᠭ᠎ᠠ ᠭᠥᠮᠤᠵᠢᠯ ᠤᠨ ᠤᠬᠠᠭᠤᠯᠤᠨ ᠶᠠᠷᠢᠬᠤ ᠪᠥᠯᠭᠦᠮ ᠤᠨ ᠪᠥᠷᠢᠯᠳᠤᠭᠦᠨ ᠵᠤᠤ ᠱᠤ᠋ ᠯᠤ᠋ ᠪᠤᠯᠤᠨ ᠪᠡᠭᠡᠵᠢᠩ ᠶᠡᠭᠡ ᠰᠤᠷᠭᠠᠭᠤᠯᠢ ᠶᠢᠨ ᠭᠥᠨ ᠤᠬᠠᠭᠠᠨ ᠤ  ᠰᠠᠯᠪᠤᠷᠢ ᠶᠢᠨ ᠠᠰᠫᠢᠷᠠᠠᠲ᠂ ᠰᠢᠨᠬᠤᠸᠠ ᠬᠤᠷᠢᠶᠠᠨ ᠤ ᠶᠠᠷᠢᠶ᠎ᠠ ᠭᠡᠯᠡᠯᠴᠡᠭᠡᠨ ᠤ ᠪᠠᠶᠢᠳᠠᠯ ᠤᠨ ᠵᠠᠳᠠᠯᠤᠭᠴᠢ᠂ ᠰᠢᠨᠬᠤᠸᠠ ᠬᠤᠷᠢᠶᠠᠨ ᠤ ᠲᠤᠮᠳᠠᠳᠤ ᠤᠯᠤᠰ ᠤᠨ ᠠᠵᠤ ᠠᠬᠤᠢ ᠮᠡᠳᠡᠭᠡ ᠵᠠᠩᠭᠢ ᠶᠢᠨ ᠭᠠᠵᠠᠷ ᠤᠨ ᠥᠪᠤᠷ ᠮᠤᠩᠭᠤᠯ ᠳᠠᠬᠢ ᠲᠥᠪ ᠤᠨ ᠶᠠᠷᠢᠶ᠎ᠠ ᠭᠡᠯᠡᠯᠴᠡᠭᠡᠨ ᠤ ᠪᠠᠶᠢᠳᠠᠯ ᠤᠨ ᠭᠢᠨᠠᠨ ᠰᠢᠯᠭᠠᠯᠳᠠ   ᠶᠢᠨ  ᠭᠡᠯᠳᠡᠰ ᠤᠨ ᠡᠷᠭᠢᠯᠡᠭᠴᠢ ᠱᠢ ᠶᠧ ᠶᠢ ᠤᠨᠴᠠᠭᠠᠶᠢᠯᠠᠨ ᠤᠷᠢᠵᠤ᠂ ᠥᠵᠠᠯ ᠤᠬᠠᠮᠰᠠᠷ ᠤᠨ ᠭᠡᠯᠪᠠᠷᠢ ᠶᠢᠨ ᠠᠵᠢᠯ ᠤᠨ ᠤᠳᠤᠷᠢᠳᠬᠤ ᠡᠷᠭᠡ ᠶᠢ ᠪᠠᠳᠤ ᠡᠵᠡᠮᠳᠠᠵᠤ᠂ ᠥᠵᠠᠯ ᠤᠬᠠᠮᠰᠠᠷ ᠤᠨ ᠭᠡᠯᠪᠠᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠥᠷᠢᠮ ᠢ ᠪᠥᠭᠦ ᠲᠠᠯ᠎ᠠ ᠪᠠᠷ ᠨᠠᠶᠢᠳᠠᠪᠤᠷᠢᠵᠢᠭᠤᠯᠬᠤ᠂ ︽ᠰᠤᠨᠢᠨ ᠮᠡᠳᠡᠭᠡᠨ ᠤ ᠥᠭᠦᠯᠡᠭᠴᠢ ᠶᠢᠨ ᠵᠠᠭᠤᠴᠢ ᠶᠢᠨ ᠪᠤᠯᠪᠠᠰᠤᠷᠠᠯ︾ ᠭᠡᠭᠦ ᠰᠡᠳᠤᠪ ᠢᠶᠠᠷ ᠲᠤᠰᠬᠠᠢ ᠲᠠᠶᠢᠯᠤᠮᠵᠢ ᠭᠢᠯᠭᠡᠵᠤ᠂ ᠥᠵᠠᠯ ᠤᠬᠠᠮᠰᠠᠷ ᠤᠨ ᠭᠡᠯᠪᠠᠷᠢ ᠭᠡᠵᠤ ᠶᠠᠭᠤ ᠪᠤᠯᠬᠤ᠂ ᠤᠳᠤᠬᠠᠨ ᠤ ᠥᠵᠠᠯ ᠤᠬᠠᠮᠰᠠᠷ ᠤᠨ ᠭᠡᠯᠪᠠᠷᠢ ᠶᠢᠨ ᠠᠵᠢᠯ ᠳᠤ ᠲᠤᠯᠭᠠᠷᠠᠵᠤ ᠪᠠᠶᠢᠭ᠎ᠠ ᠰᠢᠨ᠎ᠠ ᠦᠷᠢᠰᠣᠯᠳᠣᠬᠡᠨ᠂ ᠨᠠᠮ ᠤᠨ ᠥᠵᠠᠯ ᠤᠬᠠᠮᠰᠠᠷ ᠤᠨ ᠭᠡᠯᠪᠠᠷᠢ ᠶᠢᠨ ᠠᠵᠢᠯ ᠤᠨ ᠤᠳᠤᠷᠢᠳᠤᠯᠭ᠎ᠠ ᠪᠤᠯᠤᠨ ᠰᠤᠨᠢᠨ ᠮᠡᠳᠡᠭᠡᠨ ᠤ ᠥᠭᠦᠯᠡᠭᠴᠢ ᠶᠢᠨ ᠵᠠᠭᠤᠴᠢ ᠶᠢᠨ ᠪᠤᠯᠪᠠᠰᠤᠷᠠᠯ ᠢ ᠭᠡᠷᠭᠢᠨ ᠰᠠᠶᠢᠵᠢᠷᠠᠭᠤᠯᠬᠤ ᠲᠤᠬᠠᠢ  ᠭᠥᠨᠵᠡᠭᠡᠢ ᠲᠠᠶᠢᠯᠪᠤᠷᠢᠯᠠᠯᠳᠠ  ᠭᠢᠯᠭᠡᠭᠰᠠᠨ ᠪᠠᠶᠢᠨ᠎ᠠ᠃    ᠹᠧᠩ ᡁᠢ ᠮᠢᠩ ᠵᠢᠭᠠᠵᠤ ᠭᠠᠷᠭᠠᠬᠤ ᠳᠤ ᠪᠠᠨ ᠲᠤᠰ ᠤᠳᠠᠭᠠᠨ ᠤ ᠲᠠᠶᠢᠯᠤᠮᠵᠢ ᠶᠢᠨ ᠠᠭᠤᠯᠭ᠎ᠠ ᠨᠢ ᠪᠠᠶᠠᠯᠢᠭ᠂  ᠡᠰᠢ ᠪᠠᠷᠢᠮᠳᠠ ᠤᠯᠠᠨ᠂  ᠪᠥᠭᠦ ᠲᠠᠯ᠎ᠠ ᠶᠢ ᠬᠠᠮᠤᠷᠤᠭᠰᠠᠨ ᠢᠶᠠᠷ ᠵᠢᠯᠤᠭᠤᠳᠤᠯᠭ᠎ᠠ ᠶᠢᠨ ᠴᠢᠨᠠᠷ ᠪᠤᠯᠤᠨ ᠤᠷᠤᠯᠳᠤᠯᠭ᠎ᠠ  ᠶᠢᠨ ᠴᠢᠨᠠᠷ ᠲᠠᠢ  ᠪᠠᠶᠢᠵᠤ᠂ ᠮᠠᠨ ᠤ ᠬᠤᠰᠢᠭᠤᠨ ᠤ ᠥᠵᠠᠯ ᠤᠬᠠᠮᠰᠠᠷ ᠤᠨ ᠭᠡᠯᠪᠠᠷᠢ ᠶᠢᠨ ᠠᠵᠢᠯ   ᠢ ᠠᠭᠢᠭᠤᠯᠬᠤ ᠪᠠ ᠰᠤᠨᠢᠨ ᠮᠡᠳᠡᠭᠡᠨ ᠤ  ᠦᠬᠦᠯᠡᠭᠴᠢ ᠶᠢᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ᠂ ᠥᠵᠠᠯ ᠤᠬᠠᠮᠰᠠᠷ ᠤᠨ ᠭᠡᠯᠪᠠᠷᠢ ᠶᠢᠨ ᠠᠵᠢᠯ ᠤᠨ ᠴᠢᠬᠤᠯᠠ ᠴᠢᠨᠠᠷ ᠢ ᠭᠥᠢᠴᠡᠳ ᠲᠠᠨᠢᠵᠤ᠂ ᠥᠵᠠᠯ ᠤᠬᠠᠮᠰᠠᠷ ᠤᠨ ᠭᠡᠯᠪᠠᠷᠢ ᠶᠢᠨ ᠠᠵᠢᠯ ᠢ ᠲᠡᠭᠡᠳᠤ ᠭᠡᠮᠵᠢᠶ᠎ᠠ ᠪᠠᠷ ᠴᠢᠬᠤᠯᠠᠴᠢᠯᠠᠨ ᠥᠵᠠᠵᠤ᠂ ᠵᠥᠪ ᠶᠠᠷᠢᠶ᠎ᠠ ᠭᠡᠯᠡᠯᠴᠡᠭᠡᠨ ᠤ ᠤᠳᠤᠷᠢᠳᠤᠮᠵᠢ ᠶᠢ ᠡᠵᠡᠮᠳᠠᠨ ᠰᠤᠨᠢᠨ ᠮᠡᠳᠡᠭᠡᠨ ᠤ ᠥᠭᠦᠯᠡᠭᠴᠢ ᠶᠢᠨ ᠲᠤᠰᠬᠠᠢ ᠮᠠᠷᠭᠡᠵᠢᠯ ᠤᠨ ᠭᠢᠷᠢ ᠲᠥᠪᠰᠢᠨ ᠢ ᠲᠡᠭᠡᠭᠰᠢᠯᠡᠭᠦᠯᠵᠤ᠂ ᠵᠠᠭᠤᠴᠢ ᠲᠠᠮᠵᠢᠭᠤᠯᠤᠭᠴᠢ ᠶᠢ ᠠᠰᠢᠭᠯᠠᠨ᠂ ᠶᠠᠷᠢᠶ᠎ᠠ ᠭᠡᠯᠡᠯᠴᠡᠭᠡᠨ ᠤ ᠤᠬᠠᠭᠤᠯᠭ᠎ᠠ ᠶᠢᠨ ᠵᠢᠯᠤᠭᠤᠳᠤᠯᠭ᠎ᠠ ᠶᠢ ᠰᠠᠶᠢᠨ ᠭᠢᠵᠤ᠂ ᠪᠥᠭᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠳᠠᠢ ᠭᠥᠭᠵᠢᠯᠳᠠ ᠳᠤ ᠭᠥᠴᠥᠷᠭᠡᠭ ᠶᠡᠭᠡ ᠤᠶᠤᠨ ᠰᠠᠨᠠᠭᠠᠨ ᠤ ᠭᠥᠳᠡᠯᠭᠡᠭᠦ ᠭᠥᠴᠤᠨ ᠬᠠᠩᠭᠠᠵᠤ᠂ ᠰᠠᠶᠢᠨ ᠰᠠᠶᠢᠬᠠᠨ ᠶᠠᠷᠢᠶ᠎ᠠ ᠭᠡᠯᠡᠯᠴᠡᠭᠡᠨ ᠤ ᠤᠷᠴᠢᠨ ᠢ ᠪᠥᠷᠢᠯᠳᠤᠭᠦᠯᠭᠦ  ᠭᠡᠷᠡᠭᠳᠠᠢ ᠭᠡᠵᠡᠢ᠃     ᠲᠤᠰ ᠤᠳᠠᠭᠠᠨ ᠤ ᠬᠤᠷᠠᠯ ᠨᠢ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ  ᠲᠤᠤᠱᠯᠠᠭᠤᠯᠵᠤ᠂ ᠥᠵᠠᠯ ᠤᠬᠠᠮᠰᠠᠷ ᠤᠨ ᠭᠡᠯᠪᠠᠷᠢ ᠶᠢᠨ ᠠᠵᠢᠯ ᠤᠨ ᠤᠳᠤᠷᠢᠳᠬᠤ ᠡᠷᠭᠡ ᠶᠢ ᠪᠠᠳᠤ ᠡᠵᠡᠮᠳᠠᠨ᠂ ᠥᠵᠠᠯ ᠤᠬᠠᠮᠰᠠᠷ ᠤᠨ ᠭᠡᠯᠪᠠᠷᠢ ᠶᠢᠨ ᠬᠠᠷᠢᠭᠤᠴᠠᠯᠭ᠎ᠠ ᠶᠢᠨ ᠲᠥᠷᠢᠮ ᠤᠨ ᠨᠠᠶᠢᠳᠠᠪᠤᠷᠢᠵᠢᠭᠤᠯᠤᠯᠳᠠ ᠶᠢ ᠴᠢᠩᠭᠠᠳᠬᠠᠵᠤ᠂ ᠥᠵᠠᠯ ᠤᠬᠠᠮᠰᠠᠷ ᠤᠨ ᠭᠡᠯᠪᠠᠷᠢ ᠶᠢᠨ ᠴᠢᠬᠤᠯᠠ ᠴᠢᠨᠠᠷ ᠪᠤᠯᠤᠨ ᠪᠣᠳᠣᠯᠢᠶᠠᠨᠳᠣ ᠴᠢᠨᠠᠷ ᠤᠨ ᠲᠤᠬᠠᠢ ᠲᠠᠨᠢᠯᠳᠠ ᠣᠶᠢᠯᠠᠭᠠᠯᠳᠠ ᠶᠢ ᠥᠨᠠᠠᠭᠦ ᠲᠡᠭᠡᠭᠰᠢᠯᠡᠭᠦᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠥᠵᠠᠯ ᠤᠬᠠᠮᠰᠠᠷ ᠤᠨ ᠭᠡᠯᠪᠠᠷᠢ ᠶᠢᠨ ᠠᠵᠢᠯ ᠤᠨ   ᠴᠢᠳᠠᠪᠤᠷᠢ ᠶᠢ ᠨᠡᠮᠡᠭᠳᠡᠭᠦᠯᠤᠨ ᠪᠥᠭᠦ ᠬᠤᠰᠢᠭᠤᠨ ᠤ ᠰᠤᠨᠢᠨ ᠮᠡᠳᠡᠭᠡᠨ ᠤ ᠤᠬᠠᠭᠤᠯᠭ᠎ᠠ ᠶᠢᠨ ᠬᠠᠮᠢᠶᠠᠷᠤᠯᠳᠠ ᠶᠢ ᠤᠯᠠᠮ ᠨᠢᠭᠡ ᠠᠯᠬᠤᠮ ᠲᠥᠷᠢᠮᠵᠢᠭᠦᠯᠵᠤ᠂ ᠰᠤᠨᠢᠨ ᠮᠡᠳᠡᠭᠡᠨ ᠤ ᠥᠭᠦᠯᠡᠭᠴᠢ ᠶᠢᠨ ᠡᠩᠨᠡᠭᠡᠨ ᠤ ᠲᠤᠰᠬᠠᠢ ᠮᠡᠷᠭᠡᠵᠢᠯ ᠤᠨ ᠭᠢᠷᠢ ᠲᠥᠪᠰᠢᠨ ᠢ ᠲᠠᠭᠡᠭᠰᠢᠯᠡᠭᠦᠯᠭᠦ ᠶᠢ ᠵᠤᠷᠢᠭᠰᠠᠨ ᠪᠠᠶᠢᠨ᠎ᠠ
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号