ᠣᠶᠢᠷ᠎ᠠ ᠶᠢᠨ ᠡᠳᠦᠷ 2018 ᠣᠨ ᠤ ᠪᠦᠬᠦ ᠬᠤᠰᠢᠭᠤᠨ ᠤ ᠡᠳ᠋ ᠤᠨ ᠵᠠᠰᠠᠭ ᠭᠠᠶᠢᠯᠢ ᠶᠢᠨ ᠶᠠᠪᠣᠳᠠᠯ | ᠮᠦᠩᠬᠦᠨ ᠬᠦᠢᠯᠬᠡᠬᠡᠨ ᠤ ᠠᠵᠢᠯ ᠤᠨ ᠬᠤᠷᠠᠯ ᠬᠤᠰᠢᠭᠤ ᠵᠠᠰᠠᠭ ᠵᠠᠬᠢᠷᠭᠠᠨ ᠤ ᠦᠢᠯᠡᠴᠢᠯᠡᠬᠡᠨ ᠤ ᠲᠦᠪ ᠲᠤ | ᠬᠤᠷᠠᠯᠳᠣᠪᠠ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠬᠤᠰᠢᠭᠤ ᠳᠡᠳ᠋ ᠳᠠᠷᠤᠭ᠎ᠠ ᠵᠠᠩ ᡁᠢ ᠰᠢᠶᠦ᠋ᠩ᠂ | ᠬᠤᠰᠢᠭᠤ ᠣᠳᠣᠷᠢᠳᠣᠯᠭ᠎ᠠ ᠪᠠᠶᠠᠨᠴᠡᠩᠬᠡᠯ ᠬᠤᠷᠠᠯ ᠳᠤ ᠣᠷᠣᠯᠴᠠᠪᠠ᠃ ᠡᠯ᠎ᠡ ᠠᠵᠣ ᠠᠬᠤᠢ ᠶᠢᠨ ᠨᠡᠬᠡᠬᠡᠯᠳᠡ ᠶᠢᠨ | ᠣᠷᠣᠨ ︵ᠳᠣᠭᠤᠷᠢᠭ︶᠂ ᠡᠯ᠎ᠡ ᠰᠣᠮᠣ ᠪᠠᠯᠭᠠᠰᠣᠨ ᠤ ᠬᠤᠪᠢᠶᠠᠷᠢᠯᠠᠨ ᠬᠠᠷᠢᠭᠤᠴᠠᠵᠣ ᠪᠠᠶᠢᠭ᠎ᠠ ᠬᠠᠷᠢᠭᠤᠴᠠᠯᠭᠠᠳᠠᠨ᠂ | ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠪᠠᠶᠢᠭᠤᠯᠭ᠎ᠠ ᠨᠢᠭᠡᠴᠡ ᠵᠢᠴᠢ ᠠᠵᠢᠯ ᠦᠢᠯᠡᠰ ᠤᠨ | ᠪᠠᠶᠢᠭᠤᠯᠭ᠎ᠠ ᠶᠢᠨ ᠬᠠᠷᠢᠭᠤᠴᠠᠯᠭᠠᠳᠠᠨ᠂ ᠬᠤᠰᠢᠭᠤ ᠡᠳ᠋ ᠤᠨ ᠵᠠᠰᠠᠭ᠂ ᠣᠯᠣᠰ ᠶᠢᠨ ᠭᠠᠶᠢᠯᠢ᠂ ᠭᠠᠵᠠᠷ ᠣᠷᠣᠨ ᠤ | ᠭᠠᠶᠢᠯᠢ᠂ ᠮᠦᠩᠬᠦᠨ ᠬᠦᠢᠯᠬᠡᠬᠡᠨ ᠵᠡᠷᠭᠡ ᠰᠠᠯᠠᠭ᠎ᠠ ᠮᠦᠴᠢᠷ ᠤᠨ ᠳᠠᠰᠤᠭ ᠤᠨ ᠳᠠᠷᠤᠭ᠎ᠠ ᠠᠴᠠ ᠳᠡᠭᠡᠭᠰᠢᠬᠢ ᠳᠣᠰᠢᠶᠠᠯ | ᠲᠠᠢ ᠺᠠᠳ᠋ᠷᠴᠣᠳ᠂ ᠰᠣᠪᠣᠷᠭ᠎ᠠ ᠠᠵᠣ ᠠᠬᠤᠢ ᠶᠢᠨ ᠨᠡᠬᠡᠬᠡᠯᠳᠡ ᠶᠢᠨ ᠣᠷᠣᠨ ᠤ ᠡᠳ᠋ ᠤᠨ ᠵᠠᠰᠠᠭ ᠤᠨ ᠳᠣᠪᠴᠢᠶ᠎ᠠ᠂ | ᠰᠣᠪᠣᠷᠭ᠎ᠠ ᠠᠵᠣ ᠠᠬᠤᠢ ᠶᠢᠨ ᠨᠡᠬᠡᠬᠡᠯᠳᠡ ᠶᠢᠨ ᠣᠷᠣᠨ ᠤ ᠣᠯᠣᠰ ᠶᠢᠨ ᠭᠠᠶᠢᠯᠢ ᠶᠢᠨ ᠬᠤᠪᠢᠶᠠᠷᠢ ᠳᠣᠪᠴᠢᠶᠠᠨ ᠤ | ᠬᠠᠷᠢᠭᠤᠴᠠᠯᠭᠠᠳᠠᠨ᠂ ᠡᠯ᠎ᠡ ᠰᠣᠮᠣ ᠪᠠᠯᠭᠠᠰᠣᠨ ᠤ ᠡᠳ᠋ ᠶᠢᠨ ᠵᠠᠰᠠᠭ ᠤᠨ ᠭᠠᠵᠠᠷ ᠤᠨ ᠳᠠᠷᠤᠭ᠎ᠠ ᠬᠤᠷᠠᠯ ᠳᠤ | ᠣᠷᠣᠯᠴᠠᠪᠠ᠃ | ᠬᠤᠷᠠᠯ ᠠᠴᠠ ᠱᠠᠭᠠᠷᠳᠠᠬᠤ ᠳᠠᠭᠠᠨ ᠣᠳᠣᠬᠠᠨ ᠪᠠ ᠬᠤᠶᠢᠰᠢᠳᠡ ᠶᠢᠨ ᠬᠡᠰᠡᠭ ᠬᠤᠭᠤᠴᠠᠭᠠᠨ ᠳᠤ ︽ ᠭᠤᠷᠪᠠᠨ | ᠶᠡᠭᠡ ᠪᠣᠭᠤᠮᠳᠠ ᠰᠢᠪᠳᠣᠯᠬᠤ ᠳᠠᠶᠢᠯᠠᠯᠳᠣᠭᠠᠨ︾ ᠤ ᠢᠯᠭᠤᠮ ᠠᠮᠵᠢᠯᠳᠠ ᠶᠢ ᠣᠯᠬᠤ ᠶᠢᠨ ᠳᠦᠯᠦᠬᠡ ᠡᠯ᠎ᠡ ᠭᠠᠵᠠᠷ | ᠣᠷᠣᠨ᠂ ᠡᠯ᠎ᠡ ᠰᠠᠯᠠᠭ᠎ᠠ ᠮᠦᠴᠢᠷ ᠤᠨ ᠬᠢᠨ ᠦᠵᠡᠯ ᠰᠠᠨᠠᠭ᠎ᠠ ᠳᠠᠨᠢᠯᠳᠠ ᠪᠠᠨ ᠳᠡᠭᠡᠭᠰᠢᠯᠡᠬᠦᠯᠵᠦ᠂ ︽ᠳᠦᠷᠪᠡᠨ | ᠣᠬᠠᠮᠰᠠᠷ︾ ᠢ ᠴᠢᠩᠭᠠᠳᠬᠠᠨ᠂ ︽ᠳᠦᠷᠪᠡᠨ ᠢᠲᠡᠭᠡᠯ︾ ᠢᠶᠠᠨ ᠪᠠᠳᠣᠳᠬᠠᠵᠣ᠂ ᠳᠡᠭᠡᠷ᠎ᠡ ᠱᠠᠳᠣᠨ ᠤ ︽ᠭᠤᠷᠪᠠᠨ | ᠶᠡᠭᠡ ᠪᠣᠭᠤᠮᠳᠠ ᠰᠢᠪᠳᠣᠯᠬᠤ ᠳᠠᠶᠢᠯᠠᠯᠳᠣᠭᠠᠨ︾ ᠤ ᠢᠯᠭᠤᠮ ᠠᠮᠵᠢᠯᠳᠠ ᠶᠢ ᠣᠯᠵᠣ᠂ ᠴᠢᠨᠠᠷ ᠰᠠᠶᠢᠲᠠᠢ | ᠬᠦᠭᠵᠢᠯᠲᠡ ᠶᠢ ᠠᠬᠢᠭᠤᠯᠬᠤ ᠠᠵᠢᠯ ᠤᠨ ᠱᠠᠭᠠᠷᠳᠠᠯᠭ᠎ᠠ ᠶᠢᠨ ᠳᠣᠭᠤᠷᠢᠨ ᠳᠤ ᠢᠳᠡᠪᠬᠢᠵᠢᠯ ᠢᠶᠠᠨ ᠪᠠᠳᠠᠷᠠᠭᠤᠯᠵᠣ᠂ | ᠦᠷᠬᠦᠯᠵᠢᠯᠡᠨ ᠴᠢᠷᠮᠠᠶᠢᠵᠣ᠂ ᠰᠢᠨ᠎ᠡ ᠴᠠᠭ ᠦᠶ᠎ᠡ ᠶᠢᠨ ᠡᠳ᠋ ᠤᠨ ᠵᠠᠰᠠᠭ ᠭᠠᠶᠢᠯᠢ ᠶᠢᠨ ᠶᠠᠪᠣᠳᠠᠯ ᠮᠦᠩᠬᠦᠨ | ᠬᠦᠢᠯᠬᠡᠬᠡᠨ ᠤ ᠠᠵᠢᠯ ᠤᠨ ᠰᠢᠨ᠎ᠡ ᠠᠶᠠᠨ ᠢ ᠡᠬᠢᠯᠡᠬᠦᠯᠬᠦ ᠬᠡᠷᠡᠭᠳᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠦᠴᠢᠷ ᠴᠢᠬᠤᠯᠠ ᠶᠡᠭᠡ ᠲᠥᠭᠰᠢᠭᠦᠷᠢ ᠶᠢ ᠰᠡᠷᠭᠡᠶᠢᠯᠡᠵᠤ ᠰᠢᠢᠳᠪᠤᠷᠢᠯᠡᠬᠦ ᠵᠢᠯ ᠤᠨ ᠬᠠᠷᠠᠯᠳᠠ ᠡᠬᠦᠷᠭᠡ ᠶᠢᠨ | ᠳᠣᠭᠤᠷᠢᠨ ᠳᠤ ᠦᠨᠳᠦᠰᠦᠨ ᠠᠵᠢᠯ ᠢ ᠪᠦᠬᠦ ᠳᠠᠯ᠎ᠠ ᠪᠠᠷ ᠰᠠᠶᠢᠳᠣᠷ ᠬᠢᠵᠦ᠂ ᠵᠣᠬᠢᠴᠠᠭᠤᠯᠣᠨ ᠰᠢᠢᠳᠪᠤᠷᠢᠯᠡᠬᠦ ᠲᠦᠪ | ᠢ ᠵᠣᠬᠢᠶᠠᠨ ᠪᠠᠶᠢᠭᠤᠯᠵᠣ᠂ ᠬᠠᠣᠯᠢ ᠪᠣᠰᠣ ᠪᠠᠷ ᠪᠡᠯᠡ ᠴᠣᠭᠯᠠᠭᠤᠯᠣᠭᠰᠠᠨ ᠬᠡᠷᠡᠭ ᠢ ᠦᠳᠲᠡᠷ ᠲᠦᠷᠭᠡᠨ | ᠰᠢᠢᠳᠪᠣᠷᠢᠯᠡᠵᠣ᠂ ᠭᠠᠵᠠᠷ ᠣᠷᠣᠨ ᠤ ᠮᠦᠩᠬᠦᠨ ᠬᠦᠢᠯᠬᠡᠬᠡᠨ ᠤ ᠲᠦᠭᠰᠢᠬᠦᠷᠢ ᠶᠢ ᠦᠨᠡᠨᠬᠦ ᠰᠡᠷᠬᠡᠶᠢᠯᠡᠬᠦ ᠬᠡᠷᠡᠭᠲᠡᠢ᠂ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠣᠳᠣᠯᠭ᠎ᠠ | ᠰᠢᠢᠳᠪᠣᠷᠢ ᠶᠢ ᠳᠣᠣᠱᠯᠠᠭᠤᠯᠣᠨ ᠬᠡᠷᠡᠭᠵᠢᠬᠦᠯᠵᠦ᠂ ᠬᠦᠴᠢᠷᠳᠡᠯ ᠢ ᠢᠯᠠᠨ ᠳᠠᠪᠠᠵᠣ᠂ ᠨᠡᠩ ᠣᠷᠬᠢᠯᠦᠮᠠ ᠬᠠᠯᠠᠭᠤᠨ | ᠰᠡᠳᠬᠢᠯᠬᠡ ᠪᠠ ᠬᠠᠷᠢᠭᠤᠴᠠᠯᠭᠠᠲᠣ ᠣᠪᠣᠷ ᠢᠶᠠᠷ ᠮᠠᠷᠠᠶᠢᠨ ᠠᠵᠢᠯᠯᠠᠵᠣ᠂ ᠡᠳ᠋ ᠤᠨ ᠵᠠᠰᠠᠭ ᠭᠠᠶᠢᠯᠢ ᠶᠢᠨ ᠶᠠᠪᠣᠳᠠᠯ | ᠮᠦᠩᠬᠦᠨ ᠬᠦᠢᠯᠬᠡᠬᠡᠨ ᠤ ᠠᠵᠢᠯ ᠢ ᠰᠢᠨ᠎ᠡ ᠨᠢᠬᠡᠨ ᠳᠡᠭᠳᠡᠷ ᠲᠤ ᠭᠠᠷᠭᠠᠵᠣ᠂ ᠪᠦᠬᠦ ᠬᠤᠰᠢᠭᠤᠨ ᠤ ᠠᠵᠣ ᠠᠬᠤᠢ | ᠨᠡᠶᠢᠬᠡᠮ ᠤᠨ ᠴᠢᠨᠠᠷ ᠰᠠᠶᠢᠳᠡᠢ ᠬᠦᠭᠵᠢᠯᠲᠡ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠬᠦᠯᠬᠦ ᠬᠡᠷᠡᠭᠳᠡᠢ | ᠬᠡᠵᠡᠢ᠃ | ᠬᠤᠷᠠᠯ ᠠᠴᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ᠂ 2018 ᠣᠨ ᠤ ᠪᠦᠬᠦ | ᠬᠤᠳᠠ ᠶᠢᠨ ᠡᠳ᠋ ᠤᠨ ᠵᠠᠰᠠᠭ ᠭᠠᠶᠢᠯᠢ ᠶᠢᠨ ᠶᠠᠪᠣᠳᠠᠯ ᠤᠨ ᠠᠵᠢᠯ ᠤᠨ ᠬᠤᠷᠠᠯ᠂ ᠪᠦᠬᠦ ᠬᠤᠳᠠ ᠶᠢᠨ ︽ ᠭᠤᠷᠪᠠᠨ | ᠶᠡᠭᠡ ᠪᠣᠭᠤᠮᠳᠠ ᠰᠢᠪᠳᠣᠯᠬᠤ ᠳᠠᠶᠢᠯᠠᠯᠳᠣᠭᠠᠨ︾ ᠵᠢᠴᠢ ᠠᠶᠣᠯᠬᠦᠢ ᠦᠢᠯᠡᠳᠪᠦᠷᠢᠯᠡᠯ ᠤᠨ ᠳᠣᠬᠢᠷᠠᠭᠤᠯᠣᠯᠲᠠ ᠶᠢᠨ | ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠵᠣ᠂ ᠦᠨᠦ ᠵᠢᠯ ᠤᠨ 1-5 ᠰᠠᠷ᠎ᠠ ᠶᠢᠨ ᠪᠦᠬᠦ ᠬᠤᠰᠢᠭᠤᠨ | ᠤ ᠡᠳ᠋ ᠤᠨ ᠵᠠᠰᠠᠭ ᠭᠠᠶᠢᠯᠢ ᠶᠢᠨ ᠶᠠᠪᠣᠳᠠᠯ ᠮᠦᠩᠬᠦᠨ ᠬᠦᠢᠯᠬᠡᠬᠡᠨ ᠤ ᠠᠵᠢᠯ ᠢ ᠳ᠋ᠦᠩᠨᠡᠵᠦ᠂ ᠳᠠᠷᠠᠭᠠᠴᠢ ᠶᠢᠨ ᠠᠵᠢᠯ | ᠢᠶᠠᠨ ᠪᠠᠶᠢᠷᠢᠯᠠᠭᠤᠯᠣᠭᠰᠠᠨ ᠪᠠᠶᠢᠨ᠎ᠠ᠃ | |