ᠰᠢᠨᠬᠤᠸᠠ ᠬᠤᠷᠢᠶᠠᠨ ᠤ ᠥᠪᠥᠷ ᠮᠤᠩᠭᠤᠯ ᠤᠨ ᠬᠤᠪᠢᠶᠠᠷᠢ ᠬᠤᠷᠢᠶᠠᠨ ᠤ ᠲᠠᠷᠤᠭ᠎ᠠ ᠯᠢ ᠷᠧᠨ ᠬᠤ᠋ ᠮᠠᠨ ᠤ ᠬᠤᠰᠢᠭᠤᠨ ᠳᠤ ᠪᠠᠶᠢᠴᠭᠠᠨ ᠰᠤᠳᠤᠯᠤᠯᠳᠠ ᠰᠤᠷᠪᠤᠯᠵᠢᠯᠠᠭ᠎ᠠ ᠭᠢᠭᠰᠡᠨ ᠪᠠᠶᠢᠨ᠎ᠠ
ᠨᠡᠶᠢᠲᠡᠯᠡᠭᠰᠡᠨ ᠴᠠᠭ᠄
2018-06-19
    ᠣᠶᠢᠷ᠎ᠡ ᠶᠢᠨ ᠡᠳᠦᠷ᠂ ᠰᠢᠨᠬᠤᠸᠠ ᠬᠤᠷᠢᠶᠠᠨ ᠤ ᠥᠪᠥᠷ ᠮᠤᠩᠭᠤᠯ ᠤᠨ ᠬᠤᠪᠢᠶᠠᠷᠢ ᠬᠤᠷᠢᠶᠠᠨ ᠤ ᠲᠠᠷᠤᠭ᠎ᠠ ᠯᠢ ᠷᠧᠨ ᠬᠤ᠋ ᠮᠠᠨ ᠤ ᠬᠤᠰᠢᠭᠤᠨ ᠳᠤ ᠢᠷᠠᠵᠤ ᠰᠥᠯᠳᠠ ᠰᠤᠮᠤ᠂ ᠰᠢᠷᠬᠤᠰᠤᠨ ᠪᠠᠯᠭᠠᠰᠤ᠂ ᠤᠯᠠᠭᠠᠠᠳᠤᠯᠤᠭᠠᠢ ᠪᠠᠯᠭᠠᠰᠤ᠂ ᠥᠥᠰᠢᠨᠵᠤᠤ ᠪᠠᠯᠭᠠᠰᠤ ᠪᠠᠷ ᠭᠥᠨᠵᠡᠭᠡᠶᠢᠷᠠᠨ ᠮᠤᠤᠠᠤᠰᠤ ᠶᠢᠨ ᠡᠯᠡᠰᠣᠨ ᠤ ᠵᠠᠰᠠᠯᠳᠠ ᠶᠢᠨ ᠲᠤᠷᠰᠢᠯᠭ᠎ᠠ ᠪᠤᠯᠤᠨ ᠠᠮᠢ ᠠᠬᠤᠢ ᠶᠢᠨ ᠥᠷ᠎ᠠ ᠪᠥᠳᠥᠭᠡᠯ ᠵᠢᠴᠢ ᠡᠯᠠᠰᠤ ᠶᠢ ᠰᠠᠷᠭᠡᠶᠢᠯᠠᠨ ᠤᠶᠢᠵᠢᠭᠤᠯᠤᠯᠳᠠ ᠬᠢᠭᠰᠡᠨ ᠵᠢᠱᠢᠶᠠᠴᠢ ᠭᠥᠮᠤᠰ ᠢ ᠰᠤᠷᠪᠣᠯᠵᠢᠯᠡᠵᠣ ᠪᠠᠶᠢᠴᠭᠠᠨ ᠰᠤᠳᠤᠯᠤᠯᠳᠠ ᠭᠢᠭᠰᠡᠨ ᠪᠠᠶᠢᠨ᠎ᠠ᠃ ᠬᠤᠳᠠ ᠶᠢᠨ ᠤᠯᠤᠰ ᠲᠥᠷᠥ ᠶᠢᠨ ᠵᠥᠪᠯᠡᠭᠯᠡᠨ ᠤ ᠲᠡᠳ᠋ ᠲᠠᠷᠢᠭᠦᠯᠡᠭᠴᠢ ᠬᠤᠰᠢᠭᠤ ᠨᠠᠮ ᠤᠨ ᠬᠤᠷᠢᠶᠠᠨ ᠤ ᠱᠥᠵᠢ ᠵᠢᠷᠭᠠᠯᠳᠤ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠴᠢᠶᠤᠤ ᠶᠥᠨ ᠯᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠵᠤᠤ ᠶᠥᠩ ᠹᠧᠩ ᠨᠠᠷ ᠪᠠᠷᠠᠳᠠᠨ ᠪᠠᠶᠢᠴᠠᠭᠠᠪᠠ     ᠯᠢ ᠷᠧᠨ ᠬᠤ᠋ ᠨᠠᠷ ᠰᠥᠯᠳᠠ ᠰᠤᠮᠤᠨ ᠤ ᠱᠠᠷᠯᠢᠭ ᠭᠠᠴᠠᠭᠠᠨ ᠤ ᠤᠩᠭᠤᠨ ᠰᠢᠯᠢ ᠮᠠᠯ ᠲᠠᠷᠢᠶᠠᠯᠠᠩ ᠤᠨ ᠠᠰᠢᠭ ᠰᠢᠮ᠎ᠠ ᠶᠢᠨ ᠪᠥᠳᠥᠭᠡᠭᠳᠡᠭᠦᠨ ᠤ ᠨᠡᠭᠡᠭᠡᠯᠳᠠ ᠶᠢᠨ ᠭᠢᠵᠠᠭᠠᠷᠳᠤ ᠺᠤᠮᠫᠨᠠᠢ᠂ ᠥᠪᠤᠷ ᠮᠤᠩᠭᠤᠯ ᠤᠨ ᠴᠢᠪᠠᠭᠠᠨ ᠣᠶᠢᠯᠡᠰ ᠤᠨ ᠰᠢᠨᠵᠢᠯᠡᠭᠡ ᠮᠠᠷᠭᠡᠵᠢᠯ ᠤᠨ ᠭᠢᠵᠠᠭᠠᠷᠳᠤ ᠺᠤᠮᠫᠠᠨᠢ ᠪᠠᠷ ᠬᠦᠷᠴᠣ ᠮᠤᠤᠠᠤᠰᠤ ᠶᠢᠨ ᠡᠯᠡᠰᠤᠨ ᠴᠢᠪᠠᠭᠠᠨ ᠲᠠᠷᠢᠮᠠᠯ ᠤᠨ ᠲᠥᠷᠥᠯ ᠵᠥᠢᠯ ᠳᠤ ᠪᠠᠶᠢᠴᠠᠭᠠᠨ ᠰᠤᠳᠤᠯᠤᠯᠳᠠ ᠰᠤᠷᠪᠤᠯᠵᠢᠯᠠᠭ᠎ᠠ ᠬᠢᠭᠰᠡᠨ ᠪᠠᠶᠢᠨ᠎ᠠ᠃ ᠲᠤᠰ ᠬᠤᠶᠠᠷ ᠺᠤᠮᠫᠠᠨᠢ ᠶᠢᠨ ᠬᠢᠨ ᠤ ᠲᠤᠬᠠᠢ ᠶᠢᠨ ᠭᠠᠵᠠᠷ ᠲᠤ ᠪᠠᠨ ᠲᠤᠭᠢᠷᠠᠭᠤᠯᠤᠨ ᠡᠯᠡᠰᠤᠨ ᠭᠠᠵᠠᠷ ᠤᠨ ᠴᠢᠪᠠᠭᠠᠨ ᠠᠵᠤ ᠥᠢᠯᠡᠰ ᠢ ᠭᠥᠭᠵᠢᠭᠦᠯᠵᠤ᠂ ᠠᠮᠢ ᠠᠬᠤᠢ ᠪᠠᠷ ᠡᠯᠡᠰᠤ ᠶᠢ ᠵᠠᠰᠠᠵᠤ᠂ ᠡᠯᠡᠰᠤ ᠶᠢ ᠨᠤᠭᠤᠭᠠᠷᠠᠭᠤᠯᠵᠤ᠂ ᠡᠯᠡᠰᠤᠷᠭᠡᠭᠵᠢᠭᠦ ᠶᠢ ᠰᠠᠷᠭᠡᠶᠢᠯᠡᠭᠰᠠᠨ ᠰᠢᠨ᠎ᠠ ᠠᠷᠭ᠎ᠠ ᠵᠠᠮ ᠪᠤᠯᠤᠨ ᠠᠵᠤ ᠠᠬᠤᠢ  ᠂ ᠠᠮᠢ ᠠᠬᠤᠢ᠂ ᠨᠠᠶᠢᠭᠡᠮ ᠤᠨ ᠥᠷ᠎ᠠ ᠠᠰᠢᠭ ᠶᠢᠨ ᠲᠤᠬᠠᠢ ᠨᠠᠷᠢᠨ ᠤᠶᠢᠯᠭᠠᠵᠤ᠂ ᠲᠠᠳᠠᠨ ᠤ ᠨᠤᠳᠤᠭ ᠪᠠᠯᠴᠢᠭᠡᠷ ᠢ ᠤᠯᠠᠨ ᠵᠥᠢᠯ ᠤᠨ ᠠᠷᠭ᠎ᠠ ᠪᠠᠷ ᠥᠨᠳᠤᠷ ᠥᠷ᠎ᠠ ᠠᠰᠢᠭ ᠲᠠᠢ ᠠᠰᠢᠭᠯᠠᠨ ᠡᠵᠡᠩᠨᠡᠭᠰᠠᠨ ᠢ ᠮᠠᠭᠳᠠᠨ ᠰᠠᠶᠢᠰᠢᠶᠠᠭᠰᠠᠨ ᠪᠠᠶᠢᠨ᠎ᠠ᠃     ᠯᠢ ᠷᠧᠨ ᠬᠤ᠋ ᠨᠡᠷ ᠰᠢᠷᠬᠤᠰᠤᠨ ᠪᠠᠯᠭᠠᠰᠤᠨ ᠤ ᠡᠯᠡᠰᠤ ᠶᠢ ᠵᠠᠰᠠᠭᠰᠠᠨ ᠪᠥᠭᠦ ᠤᠯᠤᠰ ᠤᠨ ᠭᠥᠳᠡᠯᠮᠤᠷᠢ ᠶᠢᠨ ᠵᠢᠱᠢᠶᠠᠴᠢ ᠶᠢᠨ ᠢᠤᠢ ᠵᠧᠨ ᠤ ᠤᠶᠢᠵᠢᠭᠤᠯᠤᠯᠳᠠ ᠶᠢᠨ ᠭᠥᠷᠢᠶᠠᠯᠠᠩ ᠤᠨ ᠤᠶᠢᠵᠢᠭᠤᠯᠤᠯᠳᠠ ᠶᠢᠨ ᠰᠠᠭᠤᠷᠢᠨ ᠭᠠᠵᠠᠷ  ᠢᠶᠠᠷ ᠭᠥᠨᠵᠡᠭᠡᠶᠢᠷᠠᠨ ᠶᠢᠨ ᠢᠤᠢ ᠵᠧᠨ ᠤ ᠨᠢᠭᠡ ᠭᠡᠷ ᠤᠨ ᠬᠢᠨ ᠤ ᠤᠷᠴᠢᠮ ᠤᠨ ᠵᠢᠯ ᠤᠨ ᠥᠢᠯᠡᠳᠪᠤᠷᠢᠯᠠᠯ ᠠᠮᠢᠳᠤᠷᠠᠯ ᠤᠨ ᠪᠠᠶᠢᠳᠠᠯ ᠢ ᠣᠶᠢᠯᠠᠭᠠᠭᠰᠠᠨ ᠤ ᠬᠠᠮᠳᠤ ᠲᠠᠭᠦᠨ ᠢ ᠴᠢᠷᠮᠠᠶᠢᠭᠰᠠᠨ ᠲᠡᠭᠡᠷ᠎ᠡ ᠪᠠᠨ ᠴᠢᠷᠮᠠᠶᠢᠵᠤ᠂ ᠭᠥᠳᠡᠯᠮᠤᠷᠢ ᠶᠢᠨ ᠵᠢᠱᠢᠶᠠᠴᠢ ᠶᠢᠨ ᠢᠷᠠᠭᠤ ᠠᠯᠳᠠᠷ ᠪᠠᠨ ᠨᠠᠨᠳᠢᠩᠨᠡᠨ ᠭᠥᠳᠡᠯᠮᠤᠷᠢ ᠶᠢᠨ ᠵᠢᠱᠢᠶᠠᠴᠢ ᠶᠢᠨ ᠵᠤᠷᠢᠭ ᠰᠠᠨᠠᠭ᠎ᠠ ᠪᠠ ᠲᠠᠭᠤᠷᠢᠶᠠᠯ ᠲᠠᠭᠠᠭᠤᠯᠤᠭᠴᠢ ᠶᠢᠨ ᠥᠢᠯᠡᠳᠤᠯ ᠢᠶᠠᠨ ᠪᠠᠳᠠᠷᠠᠭᠤᠯᠤᠨ ᠨᠠᠩ ᠤᠯᠠᠨ ᠭᠥᠮᠤᠰ ᠢ ᠲᠠᠶᠢᠴᠢᠯᠠᠨ ᠲᠠᠭᠠᠭᠤᠯᠵᠤ ᠡᠯᠡᠰᠤ ᠶᠢ ᠰᠠᠷᠭᠡᠶᠢᠯᠠᠨ ᠵᠠᠰᠠᠵᠣ ᠣᠶᠢᠵᠢᠭᠤᠯᠬᠤ ᠡᠩᠨᠡᠭᠡᠨ ᠳᠤ ᠤᠷᠤᠭᠤᠯᠬᠤ ᠶᠢ ᠵᠤᠷᠢᠭᠵᠢᠭᠤᠯᠵᠠᠢ᠂    ᠲᠤᠬᠠᠢ ᠶᠢᠨ ᠭᠠᠵᠠᠷ ᠲᠤ ᠰᠤᠷᠪᠤᠯᠵᠢᠯᠠᠭ᠎ᠠ ᠪᠠ ᠰᠤᠯᠢᠯᠴᠠᠭ᠎ᠠ ᠭᠢᠭᠦ ᠪᠠᠷ ᠲᠠᠮᠵᠢᠭᠠᠳ ᠯᠢ ᠷᠧᠨ ᠬᠤ᠋ ᠠᠴᠠ ᠮᠠᠨ  ᠤ ᠬᠤᠰᠢᠭᠤᠨ ᠤ ᠪᠤᠭᠢᠷᠳᠤᠯ ᠥᠭᠡᠢ ᠭᠥᠭᠵᠢᠯᠳᠠ ᠶᠢ ᠪᠠᠷᠢᠮᠳᠠᠯᠠᠨ ᠠᠮᠢ ᠠᠬᠤᠢ ᠶᠢᠨ ᠪᠥᠳᠥᠭᠡᠨ ᠪᠠᠶᠢᠭᠤᠯᠤᠯᠳᠠ ᠶᠢᠨ ᠰᠠᠭᠤᠷᠢ  ᠢᠨᠵᠧᠨᠧᠷᠢᠩ ᠪᠠ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠲᠠᠷᠢᠭᠦᠨ ᠤ ᠠᠷᠭ᠎ᠠ ᠲᠤᠷᠰᠢᠯᠭ᠎ᠠ ᠶᠢ ᠮᠠᠭᠳᠠᠨ ᠰᠠᠶᠢᠰᠢᠶᠠᠭᠰᠠᠨ ᠤ ᠬᠠᠮᠳᠤ ᠬᠤᠵᠢᠮ ᠡᠨᠡᠭᠦ ᠲᠠᠷᠢᠭᠦᠨ ᠤ ᠠᠷᠭ᠎ᠠ ᠲᠤᠷᠰᠢᠯᠭ᠎ᠠ ᠢ ᠢᠯᠠᠭᠦᠭᠡᠨ ᠣᠬᠠᠭᠤᠯᠣᠨ ᠮᠡᠳᠡᠭᠡᠯᠡᠵᠤ᠂ ᠡᠯᠡᠰᠤ ᠶᠢ ᠰᠠᠷᠭᠡᠶᠢᠯᠠᠨ ᠵᠠᠰᠠᠬᠤ ᠳᠤ ᠲᠤᠯᠢ ᠪᠤᠯᠭᠠᠬᠤ ᠬᠡᠷᠡᠭᠳᠡᠢ ᠭᠡᠵᠤ ᠢᠯᠠᠷᠭᠡᠶᠢᠯᠡᠵᠠᠢ  ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号