6 ᠰᠠᠷ᠎ᠠ ᠶᠢᠨ 14 ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠤᠷᠤᠯᠠᠭᠴᠢ ᠬᠤᠲᠠ ᠶᠢᠨ | ᠲᠠᠷᠤᠭ᠎ᠠ ᠰᠡᠴᠡᠨᠪᠢᠯᠢᠭ ᠨᠦᠬᠦᠷ ᠮᠠᠨ ᠤ ᠬᠤᠰᠢᠭᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠬᠢᠬᠡᠳ ᠠᠶᠤᠯᠬᠦᠢ | ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠤᠳᠤᠯᠤᠯᠳᠠ ᠬᠢᠭᠰᠡᠨ ᠪᠠᠶᠢᠨ᠎ᠠ᠃ ᠬᠤᠲᠠ ᠶᠢᠨ ᠨᠡᠬᠦᠷᠡᠰᠦᠨ ᠤ | ᠦᠢᠯᠡᠰ ᠤᠨ ᠬᠠᠮᠢᠶᠠᠷᠤᠯᠳᠠ ᠶᠢᠨ ᠲᠤᠪᠴᠢᠶᠠᠨ ᠤ ᠲᠠᠷᠤᠭ᠎ᠠ ᠦ᠋ ᠵᠢᠶᠠᠨ ᠰᠢᠶᠦ᠋ᠨ᠂ ᠬᠤᠰᠢᠭᠤ ᠨᠠᠮ ᠤᠨ ᠬᠤᠷᠢᠶᠠᠨ | ᠤ ᠳᠡᠳ᠋ ᠱᠦᠵᠢ ᠬᠤᠰᠢᠭᠤ ᠲᠠᠷᠤᠭ᠎ᠠ ᠴᠢᠶᠤᠤ ᠶᠦᠨ ᠯᠢ᠂ ᠬᠤᠰᠢᠭᠤ ᠤᠳᠤᠷᠢᠳᠤᠯᠭ᠎ᠠ ᠵᠸᠦ ᠱᠤᠸᠠᠢ ᠵᠢᠴᠢ | ᠬᠤᠯᠪᠤᠭᠳᠠᠯ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠳᠠᠳ ᠪᠠᠷᠠᠳᠠᠨ ᠪᠠᠶᠢᠴᠠᠭᠠᠪᠠ᠃ | ᠰᠡᠴᠡᠨᠪᠢᠯᠢᠭ ᠨᠦᠬᠦᠷ ᠵᠦᠩ ᠲᠢᠶᠡᠨ ᠾᠧ ᠴᠤᠸᠠᠩ ᠺᠤᠮᠫᠠᠨᠢ ᠶᠢᠨ ᠮᠦᠩᠭᠡᠴᠢᠨ ᠨᠡᠬᠦᠷᠡᠰᠦᠨ ᠠᠭᠤᠷᠬᠠᠢ | ᠬᠢᠬᠡᠳ ᠦᠪᠣᠷ ᠮᠣᠩᠭᠤᠯ ᠤᠨ ᠪᠠᠷᠠᠭᠤᠨ ᠬᠡᠰᠡᠭ ᠤᠨ ᠣᠷᠣᠨ ᠠᠴᠠ ᠳᠣᠮᠳᠠᠳᠣ ᠣᠷᠣᠨ ᠬᠦᠷᠬᠦ ᠲᠡᠮᠦᠷ ᠵᠠᠮ ᠤᠨ | ᠪᠦᠲᠦᠬᠡᠨ ᠪᠠᠶᠢᠭᠤᠯᠤᠯᠳᠠ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠨᠡᠬᠦᠷᠡᠰᠦᠨ ᠠᠭᠤᠷᠬᠠᠢ | ᠶᠢᠨ ᠲᠦᠯᠦᠪᠵᠢᠬᠦᠯᠬᠡ ᠪᠦᠲᠦᠬᠡᠨ ᠪᠠᠶᠢᠭᠤᠯᠤᠯᠳᠠ᠂ ᠦᠢᠯᠡᠳᠪᠦᠷᠢᠯᠡᠯ᠂ ᠲᠡᠭᠡᠭᠡᠪᠦᠷᠢᠯᠡᠯᠳᠡ᠂ ᠪᠤᠵᠠᠷ ᠤᠰᠤᠨ ᠤ | ᠰᠶᠢᠳᠪᠦᠷᠢᠯᠡᠯᠳᠡ᠂ ᠲᠡᠮᠦᠷ ᠵᠠᠮ ᠤᠨ ᠲᠦᠯᠦᠪᠵᠢᠬᠦᠯᠬᠡ ᠪᠦᠲᠦᠬᠡᠨ ᠪᠠᠶᠢᠭᠤᠯᠤᠯᠳᠠ᠂ ᠪᠠᠷᠢᠯᠭ᠎ᠠ ᠶᠢᠨ ᠬᠠᠮᠢᠶᠠᠷᠤᠯᠳᠠ | ᠵᠡᠷᠭᠡ ᠪᠠᠶᠢᠳᠠᠯ ᠢ ᠨᠠᠷᠢᠨ ᠤᠶᠢᠯᠠᠭᠠᠵᠤ᠂ ᠠᠵᠤ ᠠᠬᠤᠶᠢᠯᠠᠯ ᠬᠢᠬᠡᠳ ᠲᠦᠷᠦᠯ ᠵᠦᠢᠯ ᠤᠨ ᠬᠠᠷᠢᠭᠤᠴᠠᠯᠭᠠᠳᠠᠨ ᠤ | ᠬᠠᠷᠢᠭᠤ ᠮᠡᠳᠡᠬᠦᠯᠦᠯᠳᠡ ᠶᠢ ᠰᠤᠨᠤᠰᠴᠣ᠂ ᠬᠤᠰᠢᠭᠤ ᠪᠠ ᠠᠵᠤ ᠠᠬᠤᠶᠢᠯᠠᠯ ᠤᠨ ᠬᠢᠨ ᠤ ᠪᠤᠬᠢᠷᠳᠤᠯ ᠢ ᠰᠡᠷᠬᠡᠶᠢᠯᠡᠨ | ᠵᠠᠰᠠᠬᠤ ᠪᠠ ᠠᠶᠤᠯᠬᠦᠢ ᠦᠢᠯᠡᠳᠪᠦᠷᠢᠯᠡᠯ ᠤᠨ ᠠᠵᠢᠯ ᠳᠤ ᠪᠤᠳᠠᠲᠤ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃ | ᠰᠡᠴᠡᠨᠪᠢᠯᠢᠭ ᠴᠢᠬᠤᠯᠠᠴᠢᠯᠠᠬᠤ ᠳᠤ ᠪᠠᠨ ᠤᠯᠤᠰ ᠲᠦᠷᠦ ᠶᠢᠨ ᠵᠤᠭᠰᠤᠴᠠ ᠪᠠᠨ ᠳᠡᠭᠡᠭᠰᠢᠯᠡᠬᠦᠯᠦᠨ ︽ | ᠲᠦᠷᠪᠡᠨ ᠤᠬᠠᠮᠰᠠᠷ︾ ᠢ ᠪᠠᠳᠤᠳᠬᠠᠨ ᠪᠤᠬᠢᠷᠳᠤᠯ ᠢ ᠰᠡᠷᠬᠡᠶᠢᠯᠡᠨ ᠵᠠᠰᠠᠬᠤ ᠬᠢᠬᠡᠳ ᠠᠶᠤᠯᠬᠦᠢ ᠦᠢᠯᠡᠳᠪᠦᠷᠢᠯᠡᠯ ᠤᠨ | ᠠᠵᠢᠯ ᠢ ᠴᠢᠬᠤᠯᠠᠴᠢᠯᠠᠨ ᠦᠵᠡᠵᠦ᠂ ᠬᠦᠮᠦᠨ ᠪᠦᠬᠦᠨ ᠤᠷᠴᠢᠨ ᠠᠬᠤᠢ ᠢ ᠬᠠᠮᠠᠭᠠᠯᠠᠬᠤ ᠤᠬᠠᠮᠰᠠᠷ ᠬᠢᠬᠡᠳ ᠠᠮᠤᠷ | ᠲᠦᠪᠰᠢᠨ ᠤ ᠤᠬᠠᠮᠰᠠᠷ ᠢ ᠪᠦᠷᠢᠯᠳᠦᠬᠦᠯᠦᠨ ᠪᠤᠬᠢᠷᠳᠤᠯ ᠦᠬᠡᠢ ᠬᠦᠭᠵᠢᠯᠳᠡ᠂ ᠠᠮᠤᠷ ᠲᠦᠪᠰᠢᠨ ᠬᠦᠭᠵᠢᠯᠳᠡ ᠶᠢ | ᠪᠡᠶᠡᠯᠡᠬᠦᠯᠬᠦ ᠬᠡᠷᠡᠭᠲᠠᠢ᠃ ᠪᠤᠬᠢᠷᠳᠤᠯ ᠢ ᠰᠡᠷᠬᠡᠶᠢᠯᠡᠨ ᠵᠠᠰᠠᠬᠤ ᠬᠢᠬᠡᠳ ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠳᠠ | ᠶᠢ ᠴᠢᠩᠭᠠᠳᠬᠠᠨ ᠡᠬᠢ ᠡᠬᠦᠰᠦᠯ ᠠᠴᠠ ᠨᠢ ᠭᠠᠷᠳᠠᠨ ᠠᠯᠬᠤᠮ ᠪᠦᠷᠢ ᠴᠢᠩᠭ᠎ᠠ ᠠᠳᠬᠤᠵᠣ ᠬᠠᠷᠢᠭᠤᠴᠠᠯᠭ᠎ᠠ ᠡᠬᠦᠷᠭᠡ | ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠠᠢ᠃ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠨ | ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠢᠬᠤᠯᠠᠴᠢᠯᠠᠨ ᠦᠵᠡᠵᠦ᠂ ᠠᠰᠠᠭᠤᠳᠠᠯ ᠢ ᠡᠷᠢᠨ | ᠭᠠᠷᠭᠠᠵᠤ᠂ ᠦᠬᠡᠷᠡᠴᠢᠯᠠᠨ ᠵᠠᠰᠠᠬᠤ ᠠᠵᠢᠯ ᠢ ᠱᠠᠭᠠᠷᠳᠠᠯᠭ᠎ᠠ ᠶᠤᠰᠤᠭᠠᠷ ᠪᠡᠶᠡᠯᠡᠬᠦᠯᠬᠦ ᠬᠡᠷᠡᠭᠲᠠᠢ᠃ ᠵᠠᠮ ᠤᠨ ᠲᠤᠭᠤᠰᠤ | ᠳᠡᠭᠳᠡᠬᠦ ᠠᠰᠠᠭᠤᠳᠠᠯ ᠢ ᠰᠠᠶᠢᠳᠤᠷ ᠰᠶᠢᠳᠪᠦᠷᠢᠯᠡᠵᠦ᠂ ᠪᠤᠬᠢᠷᠳᠤᠯ ᠢ ᠰᠡᠷᠬᠡᠶᠢᠯᠡᠬᠦ ᠬᠡᠷᠡᠭᠲᠠᠢ᠃ ᠪᠠᠷᠢᠯᠭ᠎ᠠ ᠶᠢᠨ ᠭᠠᠵᠠᠷ | ᠤᠨ ᠲᠦᠷᠢᠮᠵᠢᠭᠰᠡᠨ ᠬᠠᠮᠢᠶᠠᠷᠤᠯᠳᠠ ᠶᠢ ᠴᠢᠩᠭᠠᠳᠬᠠᠨ ᠪᠤᠬᠢᠷᠳᠤᠯ ᠦᠬᠡᠢ᠂ ᠠᠶᠤᠯᠬᠦᠢ ᠪᠠᠷᠢᠯᠭ᠎ᠠ ᠶᠢ ᠪᠠᠳᠤᠯᠠᠬᠤ | ᠬᠡᠷᠡᠭᠲᠠᠢ᠃ ᠪᠠᠶᠢᠭᠤᠯᠤᠯ ᠤᠨ ᠲᠤᠭᠳᠠᠴᠠ ᠶᠢ ᠵᠦᠭᠰᠢᠷᠡᠬᠦᠯᠦᠨ᠂ ᠴᠤᠭᠴᠠᠵᠢᠭᠤᠯᠤᠭᠰᠠᠨ ᠬᠠᠮᠢᠶᠠᠷᠤᠯᠳᠠ ᠶᠢ ᠪᠦᠬᠦ | ᠲᠠᠯ᠎ᠠ ᠪᠠᠷ ᠲᠦᠯᠬᠢᠨ ᠠᠬᠢᠭᠤᠯᠵᠤ᠂ ᠪᠤᠬᠢᠷᠳᠤᠯ ᠢ ᠰᠡᠷᠬᠡᠶᠢᠯᠡᠨ ᠵᠠᠰᠠᠬᠤ ᠬᠢᠬᠡᠳ ᠠᠶᠤᠯᠬᠦᠢ ᠦᠢᠯᠡᠳᠪᠦᠷᠢᠯᠡᠯ ᠤᠨ | ᠦᠷ᠎ᠡ ᠪᠦᠲᠦᠮᠵᠢ ᠶᠢ ᠪᠠᠳᠤᠯᠠᠬᠤ ᠬᠡᠷᠡᠭᠲᠠᠢ ᠬᠡᠵᠡᠢ᠃ |